ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《12.4》᠎ᠤ ᠤᠯᠤᠰ ᠎ᠤᠨ ᠦᠨᠳᠦᠰᠦᠨ ᠬᠠᠤᠯᠢ ᠵᠢᠨ ᠡᠳᠦᠷ (ᠪᠥᠬᠥ ᠤᠯᠤᠰ᠎ᠤᠨ ᠬᠠᠤᠯᠢ ᠳᠦᠷᠢᠮ᠎ᠤᠨ ᠤᠬᠠᠭᠤᠯᠭ᠎ᠠ ᠵᠢᠨ ᠡᠳᠦᠷ) ᠦᠪᠦᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠬᠠᠤᠯᠢ ᠳᠦᠷᠢᠮ᠎ᠤᠨ ᠤᠬᠠᠭᠤᠯᠭ᠎ᠠ ᠵᠢᠨ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄ 2019-12-17

     12 ᠳ᠋ᠤᠭ᠋ᠠᠷ ᠰᠠᠷ᠎ᠠ ᠵᠢᠨ 4᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ 2019 ᠣᠨ᠎ᠤ 《12.4》᠎ᠤ ᠪᠦᠬᠦ ᠤᠯᠤᠰ ᠎ᠤᠨ ᠦᠨᠳᠦᠰᠦᠨ ᠬᠠᠤᠯᠢ ᠵᠢᠨ ᠡᠳᠦᠷ (ᠪᠥᠬᠥ ᠤᠯᠤᠰ ᠎ᠤᠨ ᠬᠠᠤᠯᠢ ᠳᠦᠷᠢᠮ᠎ᠤᠨ ᠤᠬᠠᠭᠤᠯᠭ᠎ᠠ ᠵᠢᠨ ᠡᠳᠦᠷ) ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠬᠠᠤᠯᠢ ᠳᠦᠷᠢᠮ᠎ᠤᠨ ᠤᠬᠠᠭᠤᠯᠤᠯ᠎ᠤᠨ ᠠᠵᠢᠯᠯᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠎ᠤᠨ ᠭᠣᠤᠯ ᠬᠤᠷᠠᠯ᠎ᠤᠨ ᠲᠠᠯᠠᠪᠠᠢ ᠵᠢᠴᠢ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠮᠦᠽᠧᠶ ᠵᠢᠨ ᠬᠦᠷᠢᠶᠡᠯᠡᠩ᠎ᠤᠨ ᠬᠤᠪᠢᠶᠠᠷᠢ ᠬᠤᠷᠠᠯ᠎ᠤᠨ ᠲᠠᠯᠠᠪᠠᠢ᠎ᠳᠤ   ᠵᠡᠷᠭᠡ᠎ᠪᠠᠷ ᠶᠠᠪᠣᠭᠳᠠᠭᠣᠯᠪᠠ  ᠃
      ᠲᠣᠰ ᠣᠳᠠᠭ᠋ᠠᠨ᠎ᠤ ᠰᠣᠶᠣᠯ ᠪᠠ ᠵᠢᠭᠣᠯᠴᠢᠯᠡᠯ᠎ᠤᠨ ᠰᠢᠰᠲ᠋ᠧᠮ᠎ᠤᠨ ᠬᠠᠤᠯᠢ ᠳᠦᠷᠢᠮ᠎ᠤᠨ ᠤᠬᠠᠭᠤᠯᠭ᠎ᠠ ᠵᠢᠨ ᠠᠵᠢᠯᠯᠠᠭ᠎ᠠ᠎ᠨᠢ 《ᠰᠣᠶᠣᠯ᠎ᠤᠨ ᠢᠲᠡᠭᠡᠯ᠎ᠢ ᠪᠠᠳᠣᠵᠢᠭᠣᠯᠵᠣ᠂   ᠵᠢᠭᠣᠯᠴᠢᠯᠡᠯ᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠵᠦ᠂ ᠬᠠᠤᠯᠢ ᠳᠦᠷᠢᠮ᠎ᠤᠨ ᠵᠣᠷᠢᠭ ᠰᠠᠨᠠᠭ᠎ᠠ ᠵᠢ   ᠶᠡᠬᠡ᠎ᠪᠠᠷ ᠪᠠᠳᠠᠷᠠᠭᠤᠯᠵᠤ᠂ ᠠᠭᠤᠤ ᠶᠡᠬᠡ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠦᠶ᠎ᠡ》   ᠭᠡᠬᠦ ᠠᠭᠣᠯᠭ᠎ᠠ᠎ᠪᠠᠷ ᠭᠣᠤᠯ ᠰᠡᠳᠦᠪ ᠪᠣᠯᠭ᠋ᠠᠵᠤ᠂ ᠮᠠᠨ᠎ᠤ ᠤᠯᠤᠰ ᠎ᠤᠨ ᠵᠢᠷᠭᠤᠳᠤᠭ᠋ᠠᠷ ᠣᠳᠠᠭ᠋ᠠᠨ᠎ᠤ ᠦᠨᠳᠦᠰᠦᠨ ᠬᠠᠤᠯᠢ ᠵᠢᠨ ᠡᠳᠦᠷ ᠬᠦᠷᠴᠦ ᠢᠷᠡᠬᠦ ᠲᠠᠰᠢᠷᠠᠮ ᠵᠶ᠋ᠠᠷ᠂ ᠬᠠᠤᠯᠢ ᠳᠦᠷᠢᠮ᠎ᠤᠨ ᠵᠣᠷᠢᠭ ᠰᠠᠨᠠᠭ᠎ᠠ ᠵᠢ ᠤᠯᠠᠮ ᠴᠢᠨᠠᠭᠰᠢᠳᠠ ᠪᠠᠳᠠᠷᠠᠭᠤᠯᠵᠤ᠂ ᠠᠷᠠᠳ ᠢᠷᠭᠡᠳ᠎ᠲᠤ ᠬᠠᠤᠯᠢ ᠵᠢ ᠵᠢᠷᠤᠮᠯᠠᠨ ᠬᠠᠤᠯᠢ ᠵᠢ ᠰᠠᠬᠢᠬᠤ ᠮᠡᠳᠡᠯᠭᠡ ᠵᠢ ᠲᠦᠭᠡᠮᠡᠯᠵᠢᠭᠦᠯᠵᠦ᠂ ᠰᠣᠶᠣᠯ ᠪᠠ ᠵᠢᠭᠣᠯᠴᠢᠯᠡᠯ᠎ᠤᠨ ᠬᠠᠤᠯᠢ ᠳᠦᠷᠢᠮ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠤᠬᠠᠭᠤᠯᠵᠤ᠂ ᠬᠠᠤᠯᠢ ᠴᠠᠭ᠋ᠠᠵᠠ ᠵᠢ ᠵᠢᠷᠤᠮᠯᠠᠨ ᠬᠠᠤᠯᠢ ᠵᠢ ᠰᠠᠬᠢᠵᠤ ᠬᠠᠤᠯᠢ ᠵᠢ ᠬᠡᠷᠡᠭᠯᠡᠬᠦ ᠰᠦᠷ ᠵᠢᠪᠬᠤᠭ᠎ᠠ ᠵᠢ ᠪᠣᠶ ᠪᠣᠯᠭ᠋ᠠᠪᠠ᠃
      ᠲᠤᠬᠠᠶ ᠵᠢᠨ ᠲᠠᠯᠠᠪᠠᠢ᠎ᠳᠤ ᠤᠬᠠᠭᠤᠯᠭ᠎ᠠ ᠵᠢᠨ ᠳᠡᠯᠭᠡᠨ ᠦᠵᠡᠭᠦᠯᠬᠦ ᠰᠠᠮᠪᠠᠷ᠎ᠠ᠂ ᠤᠬᠠᠭᠤᠯᠭ᠎ᠠ ᠵᠢᠨ ᠪᠢᠴᠢᠭᠡᠰᠦ ᠡᠯᠭᠦᠬᠦ᠂ ᠤᠬᠠᠭᠤᠯᠭ᠎ᠠ ᠵᠢᠨ ᠳᠡᠪᠲᠡᠷ ᠲᠠᠷᠬᠠᠭ᠋ᠠᠬᠤ ᠵᠢᠴᠢ ᠬᠠᠤᠯᠢ ᠴᠠᠭ᠋ᠠᠵᠠ ᠵᠢᠨ   ᠵᠦᠪᠯᠡᠯᠭᠡ ᠥᠭᠬᠦ᠂ ᠲᠤᠬᠠᠶ ᠵᠢᠨ ᠲᠠᠯᠠᠪᠠᠢ᠎ᠳᠤ ᠲᠠᠢ᠌ᠯᠪᠦᠷᠢᠯᠠᠯᠲᠠ ᠬᠢᠬᠦ ᠵᠡᠷᠭᠡ ᠣᠯᠠᠨ ᠲᠦᠮᠡᠨ᠎ᠤ ᠠᠮᠠᠷᠬᠠᠨ ᠬᠦᠯᠢᠶᠡᠨ ᠠᠪᠬᠤ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ ᠳᠡᠢ᠌ᠯᠬᠦ ᠬᠡᠯᠪᠡᠷᠢ᠎ᠪᠠᠷ ᠤᠬᠠᠭᠤᠯᠭ᠎ᠠ   ᠦᠷᠨᠢᠭᠦᠯᠪᠡ᠃ ᠢᠯᠠᠩᠭᠤᠶ᠎ᠠ ᠵᠢᠭᠤᠯᠴᠢᠯᠠᠯ᠎ᠤᠨ ᠬᠠᠤᠯᠢ ᠵᠢ ᠬᠡᠷᠬᠢᠨ ᠭᠡᠷᠡᠭᠵᠢᠭᠦᠯᠬᠦ᠂ ᠬᠡᠷᠡᠭᠯᠡᠭᠴᠢᠳ᠎ᠤᠨ ᠡᠷᠬᠡ ᠠᠰᠢᠭ᠎ᠤᠨ ᠬᠠᠮᠠᠭ᠋ᠠᠯᠠᠯᠲᠠ ᠵᠢᠨ ᠬᠠᠤᠯᠢ ᠵᠢ ᠬᠡᠷᠬᠢᠨ ᠬᠡᠷᠡᠭᠯᠡᠨ ᠬᠠᠤᠯᠢ ᠶᠣᠰᠣᠭ᠋ᠠᠷ ᠡᠷᠬᠡ᠎ᠪᠠᠨ ᠬᠠᠮᠠᠭ᠋ᠠᠯᠠᠬᠤ ᠪᠠ ᠰᠣᠶᠣᠯ᠎ᠤᠨ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠡᠮᠬᠢ ᠵᠢᠷᠤᠮ᠎ᠢ ᠵᠢᠷᠤᠮᠵᠢᠭᠤᠯᠬᠤ ᠵᠡᠷᠭᠡ ᠲᠠᠯ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠥᠷᠭᠡᠨ ᠵᠶ᠋ᠠᠷ ᠤᠬᠠᠭᠤᠯᠪᠠ᠃ ᠡᠭᠦᠨ᠎ᠤ ᠬᠠᠮᠲᠤ   ᠪᠥᠬᠥ ᠤᠯᠤᠰ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠢᠯᠡᠴᠢᠯᠡᠨ ᠮᠡᠳᠡᠭᠦᠯᠬᠦ ᠤᠲᠠᠰᠤ12318᠂ ᠤᠯᠤᠰ᠎ᠤᠨ ᠵᠢᠭᠤᠯᠴᠢᠯᠠᠯ᠎ᠤᠨ   ᠦᠢ᠍ᠯᠡᠴᠢᠯᠡᠭᠡᠨ᠎ᠤ ᠤᠲᠠᠰᠤ12301 ᠵᠢ ᠨᠡᠶ᠋ᠢᠲᠡᠯᠡᠵᠦ᠂ ᠰᠣᠶᠣᠯ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠠᠭ᠋ᠠᠯᠳᠤᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ ᠬᠡᠪᠴᠢᠶ᠎ᠡ ᠪᠠ ᠢᠯᠡᠴᠢᠯᠡᠨ ᠮᠡᠳᠡᠭᠦᠯᠬᠦ ᠠᠭᠤᠯᠭ᠎ᠠ ᠵᠢ ᠲᠣᠳᠣᠷᠬᠠᠶ᠋ᠢᠯᠠᠵᠤ᠂ ᠪᠥᠬᠥ ᠠᠷᠠᠳ᠎ᠤᠨ ᠬᠠᠤᠯᠢ ᠵᠢ ᠰᠠᠬᠢᠵᠤ ᠬᠠᠤᠯᠢ ᠵᠢ ᠬᠡᠷᠡᠭᠯᠡᠬᠦ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠪᠠᠶᠠᠯᠢᠭᠵᠢᠭᠤᠯᠪᠠ᠃
      ᠲᠣᠰ ᠣᠳᠠᠭ᠋ᠠᠨ᠎ᠤ ᠤᠬᠠᠭᠤᠯᠭ᠎ᠠ ᠵᠢᠨ ᠠᠵᠢᠯᠯᠠᠭ᠎ᠠ ᠳᠤᠮᠳᠠ᠂ ᠥᠪᠥᠷ ᠮᠣᠩᠭᠣᠯ᠎ᠤᠨ ᠨᠣᠮ᠎ᠤᠨ ᠰᠠᠩ᠎ᠠᠴᠠ ᠬᠠᠤᠯᠢ ᠴᠠᠭ᠋ᠠᠵᠠ ᠵᠢᠨ ᠲᠠᠶ᠋ᠢᠯᠤᠮᠵᠢ ᠬᠢᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠠᠤᠯᠢ ᠳᠦᠷᠢᠮ᠎ᠤᠨ ᠠᠵᠢᠯ᠎ᠤᠨ ᠵᠥᠪᠯᠡᠯ᠎ᠤᠨ ᠨᠡᠢ᠌ᠬᠡᠮ᠎ᠤᠨ ᠬᠠᠤᠯᠢ ᠳᠦᠷᠢᠮ᠎ᠤᠨ ᠭᠠᠵᠠᠷ᠎ᠤᠨ ᠳᠠᠷᠤᠭ᠎ᠠ ᠲᠤᠤ ᡁᠢ ᠴᠢᠶᠠᠩ᠎ᠢ ᠤᠷᠢᠵᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠳᠦᠷᠢᠮ》᠎ᠳᠤ ᠲᠠᠶ᠋ᠢᠯᠤᠮᠵᠢ ᠬᠢᠯᠭᠡᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠳᠦᠷᠢᠮ》 ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠳᠦᠷᠢᠮ᠎ᠤᠨ ᠪᠠᠶ᠋ᠢᠭᠤᠯᠤᠯᠲᠠ ᠵᠢᠨ ᠲᠡᠤᠬᠡᠨ ᠶᠠᠪᠤᠴᠠ᠎ᠳᠤ᠎ᠬᠢ ᠠᠩᠬᠠᠳᠠᠭᠴᠢ ᠤᠳᠬ᠎ᠠ ᠤᠷᠠᠯᠢᠭ᠎ᠤᠨ ᠪᠦᠯᠬᠦᠮ ᠨᠡᠢ᠍ᠢ᠍ᠲᠡ ᠵᠢᠨ ᠪᠠᠢ᠌ᠭᠣᠯᠣᠯᠲᠠ᠂ ᠬᠠᠮᠠᠭ᠋ᠠᠯᠠᠯᠲᠠ᠂ ᠬᠥᠭᠵᠢᠯᠲᠡ ᠵᠢᠨ ᠠᠰᠠᠭᠤᠳᠠᠯ᠎ᠢ ᠰᠢᠢ᠍ᠳᠪᠦᠷᠢᠯᠡᠬᠦ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠣᠯᠤᠨ᠎ᠠ᠂   ᠮᠦᠨ ᠴᠣ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠍ᠢ᠍ᠲᠡ ᠵᠢᠨ ᠰᠣᠶᠣᠯ᠎ᠤᠨ ᠪᠠᠶ᠋ᠢᠭᠤᠯᠤᠯᠲᠠ ᠵᠢᠨ ᠴᠢᠬᠤᠯᠠ ᠦᠷ᠎ᠡ ᠪᠦᠲᠦᠭᠡᠯ ᠶᠣᠮ᠃ ᠲᠣᠰ ᠳᠦᠷᠢᠮ᠎ᠢ ᠨᠡᠶ᠋ᠢᠲᠡᠯᠡᠨ ᠬᠡᠷᠡᠭᠵᠢᠭᠦᠯᠦᠭᠰᠡᠨ᠎ᠨᠢ ᠤᠯᠠᠭ᠋ᠠᠨᠮᠥ᠋ᠴᠢᠷ ᠬᠠᠤᠯᠢ ᠶᠣᠰᠣᠭ᠋ᠠᠷ ᠪᠦᠲᠦᠭᠡᠨ   ᠪᠠᠢ᠌ᠭᠣᠯᠣᠭᠳᠠᠵᠣ᠂   ᠬᠦᠭᠵᠢᠭᠦᠯᠦᠯᠲᠡ ᠵᠢᠨ ᠰᠢᠨ᠎ᠡ ᠴᠠᠭ   ᠦᠶ᠎ᠡ᠎ᠳᠤ ᠳᠠᠪᠰᠢᠨ ᠣᠷᠣᠭᠰᠠᠨ᠎ᠢ ᠬᠠᠷᠠᠭᠤᠯᠵᠤ   ᠪᠠᠢ᠌ᠨ᠎ᠠ᠃
      ᠲᠣᠰ ᠤᠳᠠᠭ᠋ᠠᠨ᠎ᠤ ᠠᠵᠢᠯᠯᠠᠭ᠎ᠠ ᠵᠢᠨ ᠬᠤᠭᠤᠴᠠᠭ᠋ᠠᠨ᠎ᠳᠤ ᠪᠠᠶᠠᠯᠢᠭ ᠰᠠᠶ᠋ᠢᠬᠠᠨ ᠤᠬᠠᠭᠤᠯᠭ᠎ᠠ ᠵᠢᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠬᠦ ᠪᠣᠯᠤᠨ᠎ᠠ᠃ ᠤᠬᠠᠭᠤᠯᠭ᠎ᠠ ᠵᠢᠨ ᠪᠦᠷᠬᠦᠴᠡ ᠵᠢ ᠪᠦᠬᠦ ᠲᠠᠯ᠎ᠠ᠎ᠪᠠᠷ ᠥᠷᠭᠡᠳᠬᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠯᠪᠠᠨ ᠰᠦᠯᠵᠢᠶ᠎ᠡ᠂ ᠸᠢᠴᠠᠲ᠎ᠤᠨ ᠣᠯᠠᠨ ᠨᠡᠢ᠍ᠢ᠍ᠲᠡ ᠵᠢᠨ ᠳ᠋ᠤᠭ᠋ᠠᠷ ᠵᠡᠷᠭᠡ ᠰᠢᠨ᠎ᠡ ᠵᠠᠭᠤᠴᠢᠯᠠᠭᠤᠷ᠎ᠤᠨ ᠲᠠᠪᠴᠠᠩ᠎ᠨᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠎ᠤᠨ ᠣᠯᠠᠨ ᠨᠡᠢ᠍ᠢ᠍ᠲᠡ ᠵᠢᠨ ᠰᠣᠶᠣᠯ᠎ᠤᠨ   ᠦᠢ᠍ᠯᠡᠴᠢᠯᠡᠭᠡᠨ᠎ᠤ ᠲᠠᠪᠴᠠᠩ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠎ᠤᠨ ᠣᠯᠠᠨ ᠨᠡᠢ᠍ᠢ᠍ᠲᠡ ᠵᠢᠨ ᠨᠣᠮ᠎ᠤᠨ ᠰᠠᠩ᠎ᠤᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠎ᠤᠨ ᠵᠢᠭᠤᠯᠴᠢᠯᠠᠯ᠎ᠤᠨ ᠬᠠᠤᠯᠢ》᠂ 《ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠬᠠᠮᠢᠶᠠᠷᠤᠯᠲᠠ ᠵᠢᠨ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠳᠦᠷᠢᠮ》 ᠵᠡᠷᠭᠡ ᠰᠣᠶᠣᠯ ᠪᠠ ᠵᠢᠭᠤᠯᠴᠢᠯᠠᠯ᠎ᠤᠨ ᠬᠠᠤᠯᠢ ᠴᠠᠭ᠋ᠠᠵᠠ   ᠬᠠᠤᠯᠢ ᠲᠣᠭᠲᠠᠭ᠋ᠠᠯ᠎ᠢ ᠲᠦᠪᠯᠡᠷᠡᠭᠦᠯᠦᠨ ᠣᠬᠠᠭᠣᠯᠵᠣ᠂   ᠵᠢᠭᠤᠯᠴᠢᠯᠠᠭᠴᠢᠳ᠂ ᠣᠯᠠᠨ ᠨᠡᠶ᠋ᠢᠲᠡ᠎ᠳᠤ ᠰᠣᠶᠣᠯ ᠵᠢᠭᠤᠯᠴᠢᠯᠠᠯ᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠪᠦᠬᠦ ᠲᠠᠯ᠎ᠠ᠎ᠪᠠᠷ ᠬᠦᠨ ᠭᠦᠨᠵᠡᠭᠡᠶ ᠪᠥᠭᠡᠳ ᠨᠠᠷᠢᠯᠢᠭ ᠲᠣᠳᠣᠷᠬᠠᠢ ᠲᠠᠢ᠌ᠯᠪᠦᠷᠢᠯᠠᠨ ᠶᠠᠷᠢᠵᠤ᠂ ᠰᠣᠶᠣᠯ ᠵᠢᠭᠤᠯᠴᠢᠯᠠᠯ᠎ᠤᠨ ᠬᠠᠤᠯᠢ᠎ᠪᠠᠷ ᠵᠠᠰᠠᠬᠤ ᠵᠣᠷᠢᠭ ᠰᠠᠨᠠᠭ᠎ᠠ ᠵᠢ ᠬᠦᠴᠦᠯᠡᠨ ᠠᠬᠢᠭᠤᠯᠤᠨ᠎ᠠ  ᠃




                                  ᠠᠵᠢᠯᠯᠠᠭ᠋ᠠᠨ᠎ᠤ ᠲᠤᠬᠠᠶ ᠵᠢᠨ   ᠲᠠᠯᠠᠪᠠᠢ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2020《ᠶᠡᠷᠦᠩᠬᠡᠢ ᠰᠠᠢ᠌ᠳ᠎ᠲᠤ᠎ᠪᠠᠨ ᠬᠡᠯᠡᠬᠦ ᠦᠭᠡ》ᠰᠦᠯᠵᠢᠶᠡᠨ ᠢᠷᠭᠡᠳ᠎ᠤᠨ ᠰᠠᠨᠠᠯ ᠵᠦᠪᠯᠡᠯᠭᠡ ᠵᠢ ᠡᠯᠰᠡᠬᠦ ᠠᠵᠢᠯᠯᠠᠭ᠎ᠠ
《ᠭᠡᠰᠡᠷ》 ᠤᠯᠤᠰ ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠵᠢᠮᠪᠠᠵᠠᠮᠰᠤ 2019 ᠣᠨ᠎ᠤ 《ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨ᠎ᠤ ᠰᠣᠳᠣᠨ ᠬᠥᠮᠦᠨ》 ᠵᠶ᠋ᠠᠷ ᠦᠨᠡᠯᠡᠭᠳᠡᠪᠡ
ᠤᠯᠤᠰ᠎ᠤᠨ ᠲᠡᠷᠢᠭᠦᠯᠡᠭᠴᠢ ᠰᠢ ᠵᠢᠨ ᠫᠢᠩ 2020 ᠤᠨ᠎ᠤ ᠰᠢᠨ᠎ᠡ ᠵᠢᠯ᠎ᠤᠨ ᠪᠠᠶᠠᠷ᠎ᠤᠨ ᠦᠭᠡ ᠨᠡᠢ᠌ᠲᠡᠯᠡᠪᠡ
ᠳᠠᠭᠤᠤ ᠵᠢᠨ ᠨᠤᠲ ᠲᠡᠭᠳᠡᠨ ᠦᠰᠦᠷᠬᠢᠯᠡᠵᠦ ᠬᠠᠭᠤᠴᠢᠨ ᠵᠢᠯ ᠵᠶ᠋ᠠᠨ ᠦᠳᠡᠨ᠎ᠡ᠂ 2020 ᠣᠨ᠎ᠤ ᠦᠨᠳᠦᠰᠦᠲᠡᠨ᠎ᠤ ᠣᠷᠾᠸᠰᠲᠷ ᠬᠥᠭᠵᠢᠮ᠎ᠤᠨ ᠰᠢᠨ᠎ᠡ ᠵᠢᠯ᠎ᠤᠨ ᠳᠠᠭᠤᠤ ᠬᠥᠭᠵᠢᠮ᠎ᠤᠨ ᠦᠳᠡᠰᠢᠯᠡᠭᠡ 《ᠤᠮᠠᠷᠠᠲᠤ ᠬᠢᠯᠢ ᠵᠢᠨ ᠮᠠᠭᠲᠠᠭ᠋ᠠᠯ ᠳᠠᠭᠤᠤ》 ᠵᠢ ᠤᠯᠠᠭ᠋ᠠᠨ ᠲᠢᠶᠠᠲᠷ᠎ᠲᠤ ᠲᠣᠭᠯᠠᠪᠠ
2020 ᠣᠨ᠎ᠤ ᠰᠢᠨ᠎ᠡ ᠤᠨ᠎ᠤ ᠳᠠᠭᠤᠤ ᠬᠥᠭᠵᠢᠮ᠎ᠤᠨ ᠦᠳᠡᠰᠢᠯᠡᠭᠡ ᠤᠯᠠᠭ᠋ᠠᠨ ᠲᠢᠶᠠᠲᠷ᠎ᠲᠤ ᠶᠠᠪᠣᠭᠳᠠᠪᠠ
 
            