
11 ᠳ᠋ᠦ᠍ᠭᠡᠷ ᠰᠠᠷ᠎ᠠ ᠵᠢᠨ 15 — 17᠎ᠤ ᠡᠳᠦᠷ ᠪᠣᠯᠲᠠᠯ᠎ᠠ᠂ 2019 ᠣᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠠᠷᠠᠯᠵᠢᠶᠠᠨ᠎ᠤ ᠴᠤᠭᠯᠠᠭ᠋ᠠᠨ ᠺᠦᠨᠮᠢᠩ᠎ᠳᠤ ᠡᠬᠢᠯᠡᠪᠡ᠃ ᠳᠤᠮᠳᠠᠳᠤ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠰᠠᠶ᠋ᠢᠳ ᠯᠦᠸᠸ ᠱᠣ᠌ ᠭᠠᠩ ᠵᠢᠴᠢ ᠰᠠᠮᠤᠶᠠ ᠵᠢᠨ ᠲᠤᠰᠠᠭ᠋ᠠᠷ ᠲᠣᠭᠲᠠᠨᠢᠭᠰᠠᠨ ᠤᠯᠤᠰ᠎ᠤᠨ ᠵᠢᠭᠤᠯᠴᠢᠯᠠᠯ᠎ᠤᠨ ᠶᠠᠮᠤᠨ᠎ᠤ ᠰᠠᠶ᠋ᠢᠳ ᠰᠠᠯᠠ · ᠹᠠᠲ᠋ᠠ · ᠫᠢᠨᠠᠲ᠋ᠢ᠂ ᠲᠤᠩᠭ᠎ᠠ ᠸᠠᠩᠲᠤ ᠤᠯᠤᠰ᠎ᠤᠨ ᠰᠠᠭᠤᠷᠢ ᠲᠥᠬᠥᠭᠡᠷᠦᠮᠵᠢ ᠪᠠ ᠵᠢᠭᠤᠯᠴᠢᠯᠠᠯ᠎ᠤᠨ ᠰᠠᠶ᠋ᠢᠳ ᠠᠺᠡᠰᠢᠲ᠋ᠠ · ᠯᠠᠦ᠋ᠯᠠᠦ᠋᠂ᠲᠠᠢ ᠤᠯᠤᠰ᠎ᠤᠨ ᠵᠢᠭᠤᠯᠴᠢᠯᠠᠯ ᠪᠡᠶ᠎ᠡ ᠵᠢᠨ ᠲᠠᠮᠢᠷ᠎ᠤᠨ ᠶᠠᠮᠤᠨ᠎ᠤ ᠰᠠᠶ᠋ᠢᠳ ᠫᠢᠫᠠ · ᠯᠠᠴᠠᠵᠢᠫᠠᠭ᠋ᠠᠨ ᠨᠠᠷ ᠡᠬᠢᠯᠡᠯᠲᠡ ᠵᠢᠨ ᠶᠣᠰᠣᠯᠠᠯ ᠪᠠ ᠡᠯ᠎ᠡ ᠣᠷᠳᠣᠨ᠎ᠢ ᠲᠣᠭᠣᠷᠢᠨ ᠦᠵᠡᠬᠦ ᠬᠦᠳᠡᠯᠭᠡᠭᠡᠨ᠎ᠳᠤ ᠣᠷᠣᠯᠴᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ 11 ᠠᠶ᠋ᠢᠮᠠᠭ ᠬᠣᠲᠠ᠂ ᠠᠰᠲᠤᠨᠢ ᠲᠦᠯᠦᠪᠯᠡᠭᠰᠡᠨ 2 ᠬᠣᠲᠠ ᠵᠢᠨ ᠰᠣᠶᠣᠯ ᠵᠢᠭᠤᠯᠴᠢᠯᠠᠯ᠎ᠤᠨ ᠰᠠᠯᠠᠭ᠎ᠠ ᠮᠦᠴᠢᠷ ᠵᠢᠴᠢ 30 ᠭᠠᠷᠤᠶ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠦᠵᠡᠰᠬᠦᠯᠡᠩ᠎ᠳᠤ ᠣᠷᠤᠯᠴᠠᠪᠠ᠃

ᠦᠵᠡᠰᠬᠦᠯᠡᠩ᠎ᠤᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠰᠦᠷᠯᠢᠭ ᠰᠠᠢ᠌ᠬᠠᠨ ᠥᠪᠥᠷ ᠮᠣᠩᠭᠣᠯ · ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ》 ᠵᠶ᠋ᠠᠷ ᠭᠣᠤᠯ ᠰᠡᠳᠦᠪ ᠪᠣᠯᠭ᠋ᠠᠨ ᠦᠵᠡᠰᠬᠦᠯᠡᠩ᠎ᠤᠨ ᠲᠠᠢ᠌ᠰᠠ᠎ᠪᠠᠨ ᠵᠢᠷᠤᠵᠤ ᠲᠦᠯᠦᠪᠯᠡᠨ ᠵᠠᠰᠠᠵᠤ ᠴᠢᠮᠡᠵᠡᠢ᠃ ᠳ᠋ᠸᠨᠭ᠎ᠲᠦ ᠬᠠᠶ᠋ᠢᠷᠴᠠᠭ᠎ᠤᠨ ᠦᠵᠡᠭᠦᠯᠦᠯᠭᠡ ᠲᠡᠯᠭᠡᠬᠦ᠂ ᠲᠠᠲᠠᠮᠠᠬᠠᠢ ᠴᠠᠬᠤ᠂ ᠱᠠᠯᠠᠳᠠᠭᠰᠠᠨ ᠺᠠᠷᠲ᠋ᠣᠨ ᠬᠡᠦᠬᠡᠯᠳᠡᠢ᠂ ᠰᠣᠶᠣᠯ ᠵᠢᠭᠤᠯᠴᠢᠯᠠᠯ᠎ᠤᠨ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠲᠠᠨᠢᠯᠴᠠᠭᠤᠯᠭ᠎ᠠ ᠵᠢᠨ ᠬᠤᠷᠠᠯ ᠬᠢᠬᠦ᠂ ᠲᠤᠬᠠᠶ ᠵᠢᠨ ᠲᠠᠯᠠᠪᠠᠢ᠎ᠠᠴᠠ ᠯᠠᠪᠯᠠᠭ᠎ᠠ ᠠᠪᠬᠤ᠂ ᠪᠦᠲᠦᠭᠡᠭᠳᠡᠬᠦᠨ᠎ᠤ ᠱᠤᠭᠤᠮ᠎ᠤᠨ ᠲᠠᠨᠢᠯᠴᠠᠭᠤᠯᠭ᠎ᠠ ᠬᠢᠬᠦ᠂ ᠣᠨᠴᠠᠯᠢᠭᠲᠤ ᠵᠢᠭᠤᠯᠴᠢᠯᠠᠯ᠎ᠤᠨ ᠲᠠᠸᠠᠷ᠎ᠢ ᠳᠡᠯᠭᠡᠨ ᠪᠣᠷᠣᠯᠠᠭᠤᠯᠬᠤ᠂ ᠵᠢᠭᠤᠯᠴᠢᠯᠠᠯ᠎ᠤᠨ ᠠᠮᠲᠠᠲᠤ ᠢᠳᠡᠭᠡᠨ᠎ᠢ ᠠᠮᠲᠠᠯᠠᠨ ᠰᠣᠨᠢᠷᠬᠠᠬᠤ ᠵᠡᠷᠭᠡ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠲᠠᠮᠵᠢᠭᠤᠯᠤᠨ ᠦᠵᠡᠰᠬᠦᠯᠡᠩ᠎ᠳᠤ ᠣᠷᠤᠯᠴᠠᠭᠰᠠᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠺᠦᠨᠮᠢᠩ ᠬᠣᠲᠠ ᠵᠢᠨ ᠵᠢᠭᠤᠯᠴᠢᠯᠠᠭᠴᠢ ᠠᠷᠠᠳ ᠲᠦᠮᠡᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠦᠨ ᠵᠤᠵᠠᠭ᠋ᠠᠨ ᠰᠣᠶᠣᠯ᠎ᠤᠨ ᠦᠨᠳᠦᠰᠦ ᠰᠠᠭᠤᠷᠢ ᠪᠠ ᠡᠯᠪᠡᠭ ᠪᠠᠶᠠᠯᠢᠭ ᠵᠢᠭᠤᠯᠴᠢᠯᠠᠯ᠎ᠤᠨ ᠡᠬᠢ ᠪᠠᠶᠠᠯᠢᠭ᠎ᠢ ᠳᠡᠯᠭᠡᠨ ᠦᠵᠡᠭᠦᠯᠵᠡᠶ᠃ ᠡᠭᠦᠨ᠎ᠤ ᠬᠠᠮᠲᠤ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠱᠤᠭᠤᠮ᠎ᠤᠨ ᠪᠦᠲᠦᠭᠡᠭᠳᠡᠬᠦᠨ ᠵᠶ᠋ᠡᠨ ᠭᠣᠤᠯᠳᠠᠯᠭ᠎ᠠ᠎ᠲᠠᠢ ᠲᠠᠨᠢᠯᠴᠠᠭᠤᠯᠪᠠ᠃ ᠲᠣᠰ ᠬᠤᠭᠤᠴᠠᠭ᠋ᠠᠨ᠎ᠤ ᠵᠢᠭᠤᠯᠴᠢᠯᠠᠯ᠎ᠤᠨ ᠠᠷᠠᠯᠵᠢᠶᠠᠨ᠎ᠤ ᠴᠤᠭᠯᠠᠭ᠋ᠠᠨ᠎ᠳᠤ 《ᠬᠠᠮᠤᠭ᠎ᠤᠨ ᠰᠠᠶ᠋ᠢᠨ ᠵᠣᠬᠢᠶᠠᠨ ᠪᠠᠶ᠋ᠢᠭᠤᠯᠤᠯᠲᠠ ᠵᠢᠨ ᠱᠠᠩᠨᠠᠯ》᠂ 《ᠬᠠᠮᠤᠭ᠎ᠤᠨ ᠰᠠᠶ᠋ᠢᠨ ᠦᠵᠡᠰᠬᠦᠯᠡᠩ᠎ᠤᠨ ᠲᠠᠢ᠌ᠰᠠ ᠵᠢᠨ ᠱᠠᠩᠨᠠᠯ》᠎ᠢ ᠢᠷᠠᠭᠤ ᠠᠯᠳᠠᠷᠲᠠᠢ᠎ᠪᠠᠷ ᠬᠦᠷᠲᠡᠪᠡ᠃

ᠲᠣᠰ ᠤᠳᠠᠭ᠎ᠠ ᠵᠢᠨ ᠦᠵᠡᠰᠬᠦᠯᠡᠩ ᠶᠡᠷᠦᠩᠬᠡᠶ 9 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠵᠢ ᠡᠵᠡᠯᠡᠵᠦ᠂ 3800 ᠭᠠᠷᠤᠶ ᠪᠠᠷᠢᠮᠵᠢᠶᠠᠲᠤ ᠦᠵᠡᠭᠦᠯᠦᠯᠭᠡ ᠵᠢᠨ ᠪᠠᠢ᠌ᠷᠢ᠎ᠲᠠᠢ ᠶᠤᠮ᠂ 75 ᠤᠯᠤᠰ ᠪᠣᠯᠤᠨ ᠭᠠᠵᠠᠷ ᠣᠷᠣᠨ᠎ᠤ 700 ᠭᠠᠷᠤᠶ ᠭᠠᠳᠠᠭ᠋ᠠᠳᠤ ᠵᠢᠨ ᠬᠤᠳᠠᠯᠳᠤᠨ ᠠᠪᠤᠭᠴᠢᠳ ᠬᠤᠷᠠᠯ᠎ᠳᠤ ᠣᠷᠤᠯᠴᠠᠪᠠ᠂ ᠭᠤᠷᠪᠠᠨ ᠡᠳᠦᠷ᠎ᠲᠤ ᠨᠡᠢ᠍ᠢ᠍ᠲᠡ 8 ᠲᠦᠮᠡᠨ ᠬᠥᠮᠦᠨ ᠤᠳᠠᠭ᠎ᠠ ᠲᠣᠭᠣᠷᠢᠨ ᠦᠵᠡᠵᠡᠢ᠃ ᠥᠪᠥᠷ ᠮᠣᠩᠭᠣᠯ᠎ᠤᠨ ᠦᠵᠡᠭᠦᠯᠦᠯᠭᠡ ᠵᠢᠨ ᠪᠠᠢ᠌ᠷᠢ᠎ᠨᠢ ᠬᠠᠪᠤᠷ ᠵᠤᠨ ᠨᠠᠮᠤᠷ ᠡᠪᠦᠯ ᠳᠥᠷᠪᠡᠨ ᠤᠯᠠᠷᠢᠯ᠎ᠤᠨ ᠡᠭᠡᠯᠵᠢᠶ᠎ᠡ ᠰᠣᠯᠢᠭᠳᠠᠯ᠎ᠤᠨ ᠭᠤᠶᠤ ᠦᠵᠡᠮᠵᠢ᠎ᠪᠠᠷ ᠪᠦᠬᠦᠶ᠋ᠢᠯᠡ ᠦᠵᠡᠭᠦᠯᠦᠯᠭᠡ᠎ᠪᠠᠨ ᠰᠢᠵᠢᠮᠯᠡᠬᠦᠪᠠᠷ ᠲᠦᠯᠦᠪᠯᠡᠨ ᠵᠤᠬᠢᠶᠠᠵᠤ᠂ ᠵᠢᠷᠤᠭ ᠦᠰᠦᠭ ᠪᠣᠯᠤᠨ ᠪᠣᠲᠠᠲᠤ ᠪᠣᠳᠠᠰ᠎ᠤᠨ ᠤᠶᠠᠯᠳᠤᠯ ᠵᠶ᠋ᠡᠷ ᠲᠠᠮᠵᠢᠭᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨᠰᠢ ᠪᠠᠷᠠᠭᠤᠨᠰᠢ 2400 ᠺᠢᠯᠣᠮᠧᠲᠷ᠂ ᠡᠮᠦᠨᠡᠰᠢ ᠤᠮᠠᠷᠠᠰᠢ 1700 ᠺᠢᠯᠣᠮᠧᠲᠷ᠎ᠤᠨ ᠦᠵᠡᠮᠵᠢ ᠵᠢᠨ ᠣᠷᠣᠨ᠎ᠢ ᠳᠡᠯᠭᠡᠨ ᠦᠵᠡᠭᠦᠯᠪᠡ᠂ ᠠᠷᠠᠳ᠎ᠤᠨ ᠵᠠᠩ ᠦᠢ᠍ᠯᠡ᠂ ᠬᠠᠭᠤᠴᠢᠨ᠎ᠤ ᠦᠯᠡᠳᠡᠭᠳᠡᠯ᠎ᠠᠴᠠ ᠲᠠᠯ᠎ᠠ ᠨᠤᠲᠤᠭ᠂ ᠡᠯᠡᠰᠦ ᠮᠠᠩᠬ᠎ᠠ᠂ ᠨᠠᠭᠤᠷ ᠴᠥᠭᠥᠷᠥᠮ᠂ ᠣᠢ ᠰᠢᠭᠤᠶ ᠬᠦᠷᠲᠡᠯ᠎ᠡ ᠦᠵᠡᠭᠴᠢᠳ᠎ᠲᠤ ᠨᠢᠭᠡᠨ ᠪᠥᠬᠥ ᠲᠠᠯ᠎ᠠ ᠵᠢᠨ᠂ ᠪᠣᠰᠣᠭ᠎ᠠ ᠴᠣᠭᠴᠠᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠢᠯᠡᠳᠭᠡᠨ ᠭᠠᠷᠭ᠋ᠠᠵᠠᠢ᠃
ᠲᠤᠬᠠᠶ ᠵᠢᠨ ᠲᠠᠯᠠᠪᠠᠢ ᠵᠢᠨ ᠲᠠᠶ᠋ᠢᠰᠠᠨ ᠳᠤ᠂ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠠᠴᠠ ᠢᠷᠡᠭᠰᠡᠨ ᠲᠣᠭᠯᠠᠭᠴᠢᠳ ᠤᠷᠲᠤ ᠵᠢᠨ ᠳᠠᠭᠤᠤ᠂ ᠠᠶᠠᠭ᠋ᠠᠨ ᠪᠥᠵᠢᠭ ᠪᠤᠯᠤᠨ ᠳᠥᠷᠪᠡᠨ ᠤᠲᠠᠰᠤᠲᠤ ᠬᠤᠭᠤᠷ᠂ ᠮᠣᠷᠢᠨ ᠬᠤᠭᠤᠷ᠎ᠤᠨ ᠬᠥᠭᠵᠢᠮ ᠵᠡᠷᠭᠡ ᠲᠤᠭᠯᠠᠯᠲᠠ ᠭᠠᠷᠭ᠋ᠠᠵᠤ᠂ ᠦᠪᠡᠷᠮᠢᠴᠡ ᠰᠤᠳᠤᠨ ᠲᠣᠭᠯᠠᠯᠲᠠ᠎ᠪᠠᠷ ᠵᠶ᠋ᠠᠨ ᠪᠤᠰᠤᠳ ᠮᠤᠵᠢ ᠬᠤᠲᠠ ᠵᠢᠨ ᠮᠠᠰᠢ ᠤᠯᠠᠨ ᠵᠢᠭᠤᠯᠴᠢᠯᠠᠭᠴᠢᠳ᠎ᠤᠨ ᠠᠩᠬᠠᠷᠤᠯ᠎ᠢ ᠥᠪᠥᠷ ᠮᠣᠩᠭᠣᠯ᠎ᠤᠨ ᠦᠵᠡᠭᠦᠯᠦᠯᠭᠡ ᠵᠢᠨ ᠲᠤᠭᠤᠷᠢᠭ ᠲᠤ ᠪᠠᠨ ᠲᠠᠲᠠᠪᠠ᠃

ᠲᠤᠬᠠᠶ ᠵᠢᠨ ᠲᠠᠯᠠᠪᠠᠢ ᠵᠢᠨ ᠲᠠᠶ᠋ᠢᠰᠠᠨ ᠳᠤ᠂ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠠᠴᠠ ᠢᠷᠡᠭᠰᠡᠨ ᠲᠣᠭᠯᠠᠭᠴᠢᠳ ᠤᠷᠲᠤ ᠵᠢᠨ ᠳᠠᠭᠤᠤ᠂ ᠠᠶᠠᠭ᠋ᠠᠨ ᠪᠥᠵᠢᠭ ᠪᠤᠯᠤᠨ ᠳᠥᠷᠪᠡᠨ ᠤᠲᠠᠰᠤᠲᠤ ᠬᠤᠭᠤᠷ᠂ ᠮᠣᠷᠢᠨ ᠬᠤᠭᠤᠷ᠎ᠤᠨ ᠬᠥᠭᠵᠢᠮ ᠵᠡᠷᠭᠡ ᠲᠤᠭᠯᠠᠯᠲᠠ ᠭᠠᠷᠭ᠋ᠠᠵᠤ᠂ ᠦᠪᠡᠷᠮᠢᠴᠡ ᠰᠤᠳᠤᠨ ᠲᠣᠭᠯᠠᠯᠲᠠ᠎ᠪᠠᠷ ᠵᠶ᠋ᠠᠨ ᠪᠤᠰᠤᠳ ᠮᠤᠵᠢ ᠬᠤᠲᠠ ᠵᠢᠨ ᠮᠠᠰᠢ ᠤᠯᠠᠨ ᠵᠢᠭᠤᠯᠴᠢᠯᠠᠭᠴᠢᠳ᠎ᠤᠨ ᠠᠩᠬᠠᠷᠤᠯ᠎ᠢ ᠥᠪᠥᠷ ᠮᠣᠩᠭᠣᠯ᠎ᠤᠨ ᠦᠵᠡᠭᠦᠯᠦᠯᠭᠡ ᠵᠢᠨ ᠲᠤᠭᠤᠷᠢᠭ ᠲᠤ ᠪᠠᠨ ᠲᠠᠲᠠᠪᠠ᠃

ᠪᠦᠲᠦᠭᠡᠭᠳᠡᠭᠦᠨ᠎ᠤ ᠦᠵᠡᠰᠬᠦᠯᠡᠩ᠎ᠤᠨ ᠲᠣᠭᠣᠷᠢᠭ᠎ᠲᠤ᠂ ᠪᠦᠬᠦ ᠣᠷᠣᠨ᠎ᠤ ᠡᠯ᠎ᠡ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠥᠪᠡᠷᠮᠢᠴᠡ ᠣᠨᠴᠠᠯᠢᠭ ᠵᠶ᠋ᠠᠨ ᠳᠣᠪᠣᠶ᠋ᠢᠯᠭ᠋ᠠᠵᠤ᠂ ᠦᠵᠡᠭᠦᠯᠦᠯᠭᠡ ᠵᠢᠨ ᠰᠢᠨ᠎ᠡ ᠵᠢ ᠡᠭᠦᠳᠴᠦ᠂ ᠪᠦᠬᠦ ᠣᠷᠣᠨ᠎ᠤ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠰᠣᠶᠣᠯ ᠵᠢᠭᠤᠯᠴᠢᠯᠠᠯ ᠤᠨ ᠲᠠᠸᠠᠷ ᠪᠣᠯᠤᠨ ᠳᠤᠷᠠᠰᠬᠠᠯ ᠤᠨ ᠪᠤᠳᠠᠰ ᠤᠨ ᠵᠢᠷᠤᠵᠤ ᠲᠥᠯᠥᠪᠯᠡᠬᠦ ᠪᠠᠢ᠌ᠭᠤᠯᠤᠮᠵᠢ᠂ ᠢᠳᠡᠭᠡᠨ᠎ᠤ ᠵᠦᠢ᠍ᠯ ᠦᠢ᠍ᠯᠡᠳᠪᠦᠷᠢᠯᠡᠨ ᠪᠤᠷᠤᠯᠠᠭᠤᠯᠬᠤ ᠬᠤᠳᠠᠯᠳᠤᠭ᠋ᠠᠴᠢᠨ ᠵᠡᠷᠭᠡ ᠰᠢᠯᠢᠳᠡᠭ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ 50 ᠭᠠᠷᠤᠶ ᠵᠦᠢ᠍ᠯ᠎ᠤᠨ ᠰᠣᠶᠣᠯ ᠵᠢᠭᠤᠯᠴᠢᠯᠠᠯ᠎ᠤᠨ ᠪᠦᠲᠦᠭᠡᠭᠳᠡᠭᠦᠨ ᠦᠵᠡᠰᠬᠦᠯᠡᠩ᠎ᠳᠤ ᠣᠷᠣᠯᠴᠠᠪᠠ᠃ ᠣᠨᠴᠠᠭ᠋ᠠᠢ ᠭᠠᠵᠠᠷ ᠣᠷᠣᠨ᠎ᠤ ᠣᠨᠴᠠᠯᠢᠭ ᠪᠦᠬᠦᠢ ᠵᠢᠭᠤᠯᠴᠢᠯᠠᠯ᠎ᠤᠨ ᠪᠦᠲᠦᠭᠡᠭᠳᠡᠬᠦᠨ᠎ᠨᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠢᠭᠤᠯᠴᠢᠯᠠᠭᠴᠢᠳ᠎ᠤᠨ ᠲᠠᠭ᠋ᠠᠰᠢᠶᠠᠯ᠎ᠢ ᠣᠯᠵᠤ᠂ ᠥᠪᠥᠷ ᠮᠣᠩᠭᠣᠯ᠎ᠤᠨ ᠴᠢᠨᠠᠷ ᠰᠠᠶ᠋ᠢᠲᠠᠶ ᠣᠨᠴᠠᠯᠢᠭᠲᠤ ᠢᠳᠡᠭᠡᠨ ᠪᠠ ᠰᠣᠶᠣᠯ᠎ᠤᠨ ᠪᠦᠲᠦᠭᠡᠭᠳᠡᠬᠦᠨ᠂ ᠵᠢᠱ᠌ᠢᠶᠡᠯᠡᠪᠡᠯ᠄ ᠴᠠᠭ᠋ᠠᠨ ᠢᠳᠡᠭᠡ᠂ ᠦᠬᠡᠷ᠎ᠤᠨ ᠮᠢᠬ᠎ᠠ ᠵᠢᠨ ᠪᠤᠷᠴᠠ᠂ ᠦᠨᠳᠦᠰᠦᠲᠡᠨ᠎ᠤ ᠵᠠᠰᠠᠯ ᠵᠢᠮᠰᠡᠭ᠂ ᠨᠠᠭ᠋ᠠᠳᠤᠮ᠎ᠤᠨ ᠥᠯᠵᠡᠶ ᠪᠡᠯᠭᠡᠲᠦ ᠪᠣᠳᠠᠰ ᠵᠡᠷᠭᠡ᠎ᠨᠢ ᠴᠥᠭᠡᠨ ᠪᠤᠰᠤ ᠵᠢᠭᠤᠯᠴᠢᠯᠠᠭᠴᠢᠳ ᠪᠠ ᠦᠵᠡᠭᠦᠯᠦᠯᠭᠡ᠎ᠳᠤ ᠣᠷᠣᠯᠴᠠᠭᠰᠠᠳ᠎ᠤᠨ ᠪᠠᠬᠠᠷᠬᠠᠯ ᠢ ᠲᠠᠲᠠᠵᠤ ᠪᠠᠢ᠌ᠪᠠ ᠃
ᠲᠣᠰ ᠤᠳᠠᠭ᠎ᠠ ᠵᠢᠨ ᠦᠵᠡᠰᠬᠦᠯᠡᠩ᠎ᠤᠨ ᠴᠤᠭᠯᠠᠭ᠋ᠠᠨ᠎ᠳᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠠᠰᠠ ᠪᠦᠬᠦ ᠣᠷᠣᠨ᠎ᠤ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠰᠣᠶᠣᠯ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ 10 ᠠᠵᠢᠯᠲᠠᠨ᠎ᠢ ᠦᠵᠡᠰᠬᠦᠯᠡᠩ᠎ᠳᠤ ᠣᠷᠣᠯᠴᠠᠭᠤᠯᠵᠤ᠂ ᠠᠢ᠌ᠮᠠᠭ ᠬᠣᠲᠠ ᠵᠢᠨ ᠵᠶ᠋ᠠᠨ ᠳᠠᠭ᠋ᠠᠭᠤᠯᠭ᠎ᠠ ᠳᠣᠤᠷ᠎ᠠ᠂ ᠡᠯ᠎ᠡ ᠮᠣᠵᠢ ᠬᠣᠲᠠ᠎ᠯᠤᠭ᠎ᠠ ᠣᠯᠤᠯᠲᠠ᠎ᠪᠠᠨ ᠰᠣᠯᠢᠯᠴᠠᠵᠤ᠂ ᠬᠢᠯᠢ ᠵᠢᠨ ᠭᠠᠳᠠᠨᠠᠬᠢ ᠵᠢᠭᠤᠯᠴᠢᠯᠠᠭᠴᠢᠳ᠎ᠲᠤ ᠰᠣᠶᠣᠯ ᠵᠢᠭᠤᠯᠴᠢᠯᠠᠯ᠎ᠤᠨ ᠡᠬᠢ ᠪᠠᠶᠠᠯᠢᠭ ᠵᠶ᠋ᠠᠨ ᠲᠠᠨᠢᠯᠴᠠᠭᠤᠯᠤᠭᠰᠠᠨ ᠪᠠᠢ᠌ᠨ᠎ᠠ᠃ ᠭᠤᠷᠪᠠᠨ ᠡᠳᠦᠷ᠎ᠤᠨ ᠦᠵᠡᠭᠦᠯᠦᠯᠭᠡ᠎ᠨᠢ ᠲᠥᠯᠥᠭᠡᠯᠡᠭᠴᠢᠳ᠎ᠲᠤ ᠬᠢᠯᠢ ᠵᠢᠨ ᠳᠤᠲᠤᠨ᠎ᠠ ᠭᠠᠳᠠᠨᠠᠬᠢ ᠵᠢᠭᠤᠯᠴᠢᠯᠠᠯ᠎ᠤᠨ ᠪᠦᠲᠦᠭᠡᠭᠳᠡᠬᠦᠨ᠎ᠤ ᠴᠦᠬᠡᠨ ᠪᠤᠰᠤ ᠵᠠᠬ᠎ᠠ ᠳᠡᠯᠭᠡᠭᠦᠷ᠎ᠤᠨ ᠪᠠᠢ᠌ᠳᠠᠯ ᠪᠠ ᠲᠤᠷᠰᠢᠯᠭ᠎ᠠ ᠵᠢ ᠡᠵᠡᠮᠰᠢᠭᠦᠯᠦᠭᠰᠡᠨ ᠪᠠᠢ᠌ᠨ᠎ᠠ᠃
