ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠦᠵᠡᠰᠭᠦᠯᠡᠩᠲᠤ ᠰᠠᠢ᠌ᠬᠠᠨ ᠦᠪᠦᠷ ᠮᠤᠩᠭᠤᠯ》 2019 ᠤᠨ᠎ᠤ ᠪᠡᠭᠡᠵᠢᠩ᠎ᠤᠨ ᠲᠡᠯᠡᠬᠡᠢ ᠵᠢᠨ ᠦᠵᠡᠰᠭᠦᠯᠡᠩ᠎ᠤᠨ ᠴᠤᠭᠯᠠᠭ᠋ᠠᠨ᠎ᠤ 《ᠦᠪᠦᠷ ᠮᠤᠩᠭᠤᠯ᠎ᠤᠨ ᠭᠤᠤᠯ ᠰᠡᠳᠤᠪᠲᠤ ᠠᠵᠢᠯᠯᠠᠭ᠎ᠠ ᠵᠢᠨ ᠡᠳᠦᠷ》 ᠲᠢᠩᠬᠢᠮ᠎ᠤᠨ ᠳᠠᠷᠤᠭ᠎ᠠ ᠡᠾᠸ ᡁᠢ ᠯᠢᠶᠠᠩ ᠭᠤᠤᠯ ᠠᠭᠤᠯᠭ᠎ᠠ ᠵᠢᠨ ᠲᠠᠨᠢᠯᠴᠠᠭᠤᠯᠬᠤ ᠬᠤᠷᠠᠯ ᠬᠢᠭᠰᠡᠨ ᠪᠠᠢ᠌ᠨ᠎ᠠ
ᠨᠡᠶᠢᠲᠡᠯᠡᠭᠰᠡᠨ ᠴᠠᠭ᠄ 2019-08-21

     5 ᠰᠠᠷ᠎ᠠ ᠵᠢᠨ16᠎ᠤ ᠡᠲᠦᠷ᠂ 2019 ᠤᠨ᠎ᠤ ᠪᠡᠭᠡᠵᠢᠩ᠎ᠤᠨ ᠲᠡᠯᠡᠬᠡᠢ ᠵᠢᠨ ᠦᠵᠡᠰᠭᠦᠯᠡᠩ᠎ᠤᠨ ᠴᠤᠭᠯᠠᠭ᠋ᠠᠨ᠎ᠤ 《ᠦᠪᠦᠷ ᠮᠤᠩᠭᠤᠯ᠎ᠤᠨ ᠭᠤᠤᠯ ᠰᠡᠳᠤᠪᠲᠤ ᠠᠵᠢᠯᠯᠠᠭ᠎ᠠ ᠵᠢᠨ ᠡᠳᠦᠷ》   ᠪᠡᠭᠡᠵᠢᠩ᠎ᠤᠨ ᠲᠡᠯᠡᠬᠡᠢ ᠵᠢᠨ ᠴᠡᠴᠡᠷᠯᠢᠭ᠎ᠤᠨ ᠦᠵᠡᠰᠭᠦᠯᠡᠩ᠎ᠤᠨ ᠴᠤᠭᠯᠠᠭ᠋ᠠᠨ᠎ᠤ ᠬᠦᠷᠢᠶᠡᠯᠡᠩ ᠲᠤᠭᠤᠷᠢᠭ᠎ᠲᠤ ᠡᠬᠢᠯᠡᠵᠦ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠲᠡᠳ᠋ ᠱᠦᠵᠢ᠂ ᠦᠪᠡᠷᠲᠡᠭᠡᠨ ᠵᠠᠰᠠᠬᠤ ᠤᠷᠤᠨ᠎ᠤ ᠲᠡᠷᠢᠭᠦᠯᠡᠭᠴᠢ ᠪᠤᠤ ᠰᠢᠶᠤᠤ ᠯᠢᠨ ᠶᠤᠰᠤᠯᠠᠯ᠎ᠳᠤ ᠤᠷᠤᠯᠴᠠᠭᠰᠠᠨ ᠪᠦᠭᠡᠳ 《ᠦᠪᠦᠷ ᠮᠤᠩᠭᠤᠯ᠎ᠤᠨ ᠭᠤᠤᠯ ᠰᠡᠳᠤᠪᠲᠤ ᠠᠵᠢᠯᠯᠠᠭ᠎ᠠ ᠵᠢᠨ ᠡᠳᠦᠷ》 ᠡᠬᠢᠯᠡᠭᠰᠡᠨ᠎ᠢ ᠵᠠᠷᠯᠠᠵᠠᠢ᠃ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ᠎ᠤᠨ ᠲᠠᠷᠤᠭ᠎ᠠ ᠡᠾᠸ ᡁᠢ ᠯᠢᠶᠠᠩ  《ᠦᠵᠡᠰᠭᠦᠯᠡᠩᠲᠤ ᠰᠠᠢ᠌ᠬᠠᠨ ᠦᠪᠦᠷ ᠮᠤᠩᠭᠤᠯ》   ᠭᠡᠭᠦ ᠰᠡᠳᠦᠪ ᠵᠶ᠋ᠠᠷ ᠰᠤᠶᠤᠯ ᠵᠢᠭᠤᠯᠴᠢᠯᠠᠯ᠎ᠤᠨ ᠲᠠᠨᠢᠯᠴᠠᠭᠤᠯᠭ᠎ᠠ ᠬᠢᠭᠰᠡᠨ᠎ᠨᠢ ᠲᠤᠮᠳᠠᠲᠤ ᠤᠯᠤᠰ᠎ᠤᠨ ᠤᠮᠠᠷᠠᠲᠤ ᠤᠷᠤᠨ᠎ᠤ ᠡᠨᠡ ᠬᠦ᠌   ᠭᠤᠶᠤ ᠭᠡᠭᠡᠨᠴᠢᠷ ᠤᠮᠠᠷᠠᠲᠤ ᠵᠢᠨ ᠪᠦᠰᠡ ᠵᠢ ᠪᠦᠬᠦ ᠲᠡᠯᠡᠬᠡᠢ᠎ᠳᠤ ᠲᠡᠯᠭᠡᠨ ᠦᠵᠡᠭᠦᠯᠦᠭᠰᠡᠨ ᠪᠠᠢ᠌ᠨ᠎ᠠ᠃

                                          ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ

                                          ᠨᠠᠮ᠎ᠤᠨ   ᠬᠤᠷᠢᠶᠠᠨ᠎ᠤ ᠲᠡᠳ᠋ ᠱᠦᠵᠢ᠂ ᠦᠪᠡᠷᠲᠡᠭᠡᠨ

                                          ᠵᠠᠰᠠᠬᠤ ᠤᠷᠤᠨ᠎ᠤ ᠲᠡᠷᠢᠭᠦᠯᠡᠭᠴᠢ ᠪᠤᠤ ᠰᠢᠶᠤᠤ ᠯᠢᠨ

                                          ᠶᠤᠰᠤᠯᠠᠯ᠎ᠳᠤ ᠣᠷᠤᠯᠴᠠᠭᠰᠠᠨ ᠪᠦᠭᠡᠳ ᠬᠦᠳᠡᠯᠭᠡᠭᠡᠨ

                                          ᠡᠬᠢᠯᠡᠭᠰᠡᠨ᠎ᠢ ᠵᠠᠷᠯᠠᠵᠠᠢ


      ᠡᠾᠸ ᡁᠢ ᠯᠢᠶᠠᠩ ᠳᠠᠷᠤᠭ᠎ᠠ ᠲᠠᠨᠢᠯᠴᠠᠭᠤᠯᠬᠤ᠎ᠳᠤ᠎ᠪᠠᠨ᠂ ᠦᠪᠦᠷ ᠮᠤᠩᠭᠤᠯ ᠲᠠᠩᠰᠤᠭ ᠰᠠᠢ᠌ᠬᠠᠨ ᠲᠠᠯ᠎ᠠ   ᠨᠤᠲᠤᠭ᠂   ᠴᠡᠭᠡᠵᠢ ᠲᠡᠨᠢᠢ᠍ᠵᠤ ᠰᠡᠳᠬᠢᠯ ᠠᠭᠤᠵᠢᠷᠠᠮ᠎ᠠ ᠤᠢ ᠰᠢᠭᠤᠢ᠂ ᠰᠡᠳᠬᠢᠯᠭᠡ ᠤᠷᠬᠢᠯᠤᠭᠤᠯᠤᠮ᠎ᠠ   ᠡᠯᠡᠰᠦᠨ ᠴᠦᠯ᠂ ᠤᠯᠠᠨ ᠶᠠᠩᠵᠤ ᠵᠢᠨ ᠬᠡᠪ ᠨᠠᠮᠪᠠᠲᠤ ᠭᠠᠢ᠌ᠬᠠᠮᠰᠢᠭᠲᠤ ᠭᠠᠵᠠᠷ ᠰᠢᠨᠵᠢᠯᠡᠭᠡᠨ᠎ᠤ ᠦᠵᠡᠭᠳᠡᠯ᠂ ᠦᠩᠭᠡ ᠢᠯᠭ᠋ᠠᠷᠠᠮ᠎ᠠ ᠦᠨᠦᠷ ᠠᠩᠬᠢᠯᠤᠮ᠎ᠠ ᠤᠵᠡᠰᠭᠦᠯᠡᠩᠲᠦ ᠰᠠᠢ᠌ᠬᠠᠨ ᠲᠦᠷᠪᠡᠨ ᠤᠯᠠᠷᠢᠯ᠂ ᠦᠨᠢ ᠤᠳᠠᠭ᠋ᠠᠨ ᠲᠦᠪᠯᠡᠭᠦᠨ ᠶᠡᠬᠡᠮᠰᠦᠭ ᠲᠡᠦᠬᠡᠲᠦ ᠰᠤᠶᠤᠯ᠂ ᠰᠡᠳᠬᠢᠯ ᠲᠤᠭᠳᠤᠯᠤᠮ᠎ᠠ ᠪᠠᠭ᠋ᠠᠲᠤᠷᠴᠤᠳ᠎ᠤᠨ ᠦᠯᠢᠭᠡᠷ᠂ ᠦᠨᠢᠷ ᠪᠠᠶᠠᠯᠢᠭ ᠬᠤᠪᠢᠰᠬᠠᠯ᠎ᠤᠨ ᠡᠬᠢ ᠰᠤᠷᠪᠤᠯᠵᠢ   ᠬᠢᠭᠡᠳ ᠮᠢᠩᠭ᠋ᠠᠨ ᠵᠢᠯ ᠤᠯᠠᠮᠵᠢᠯᠠᠭᠳᠠᠭᠰᠠᠨ ᠵᠠᠩ ᠦᠢ᠍ᠯᠡ᠎ᠲᠠᠢ  ᠃ ᠮᠤᠷᠢ᠎ᠪᠠᠨ ᠤᠨᠤᠭ᠋ᠠᠳ ᠲᠠᠯ᠎ᠠ᠎ᠪᠠᠷ ᠲᠤᠭᠤᠷᠢᠨ᠂ ᠮᠠᠯᠴᠢᠨ᠎ᠤ ᠳᠠᠭᠤᠤ᠎ᠪᠠᠨ ᠰᠤᠨᠤᠰᠤᠨ ᠦᠵᠡᠮᠵᠢ ᠰᠤᠨᠢᠷᠬᠠᠨ᠎ᠠ   ᠭᠡᠭᠴᠢ᠎ᠪᠠᠷ ᠦᠪᠦᠷ ᠮᠤᠩᠭᠤᠯ᠎ᠤᠨ ᠠᠷᠠᠳ ᠲᠦᠮᠡᠨ ᠤᠯᠤᠰ᠎ᠤᠨ ᠲᠤᠲᠤᠭ᠋ᠠᠲᠤ ᠭᠠᠳᠠᠭ᠋ᠠᠲᠤ ᠵᠢᠨ ᠵᠤᠴᠢᠳ᠎ᠤᠨ ᠬᠦᠷᠦᠯᠴᠡᠨ ᠢᠷᠡᠬᠦ ᠵᠢ ᠴᠢᠩ ᠰᠡᠳᠬᠢᠯ᠎ᠠᠴᠠ᠎ᠪᠠᠨ ᠤᠷᠢᠵᠤ ᠪᠠᠢ᠌ᠨ᠎ᠠ ᠭᠡᠯ᠎ᠡ᠃



                                          ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ

                                          ᠰᠤᠶᠤᠯ ᠪᠠ ᠵᠢᠭᠤᠯᠴᠢᠯᠠᠯ᠎ᠤᠨ ᠲᠢᠩᠬᠢᠮ᠎ᠤᠨ ᠲᠠᠷᠤᠭ᠎ᠠ

                                          ᠡᠾᠸ ᡁᠢ ᠯᠢᠶᠠᠩ   ᠭᠤᠤᠯ ᠰᠡᠳᠤᠪᠲᠤ

                                          ᠲᠠᠨᠢᠯᠴᠠᠭᠤᠯᠭ᠎ᠠ ᠬᠢᠵᠦ ᠪᠠᠢ᠌ᠨ᠎ᠠ

      ᠮᠡᠳᠡᠭᠡᠯᠡᠭᠰᠡᠨ ᠵᠶ᠋ᠠᠷ᠂ 2019 ᠤᠨ᠎ᠤ ᠪᠡᠭᠡᠵᠢᠩ᠎ᠤᠨ ᠲᠡᠯᠡᠬᠡᠢ ᠵᠢᠨ ᠦᠵᠡᠰᠭᠦᠯᠡᠩ᠎ᠤᠨ ᠴᠤᠭᠯᠠᠭ᠋ᠠᠨ᠎ᠤ 《ᠦᠪᠦᠷ ᠮᠤᠩᠭᠤᠯ᠎ᠤᠨ ᠭᠤᠤᠯ ᠰᠡᠳᠦᠪᠲᠦ ᠠᠵᠢᠯᠯᠠᠭ᠋ᠠᠨ᠎ᠤ ᠡᠲᠦᠷ》᠎ᠤᠨ ᠲᠤᠬᠠᠢ ᠵᠢᠨ ᠲᠠᠯᠠᠪᠠᠢ᠎ᠳᠤ᠂ ᠦᠪᠦᠷ ᠮᠤᠩᠭᠤᠯ᠎ᠤᠨ ᠮᠸᠩ   ᠼᠤᠤ ᠨᠡᠷᠡᠮᠵᠢᠲᠤ ᠠᠮᠢ ᠠᠬᠤᠢ ᠵᠢᠨ ᠤᠷᠴᠢᠨ ᠲᠤᠭᠤᠷᠢᠨ (ᠪᠦᠯᠦᠭᠯᠡᠯ)᠎ᠤ ᠬᠤᠪᠢᠴᠠᠭ᠋ᠠᠲᠤ ᠬᠢᠵᠠᠭ᠋ᠠᠷᠲᠤ ᠺᠤᠮᠫᠠᠨᠢ᠂ ᠢ ᠯᠢ ᠡᠬᠢ ᠪᠠᠶᠠᠯᠢᠭ᠎ᠤᠨ ᠪᠦᠯᠦᠭᠯᠡᠯ᠂ 《ᠦᠪᠦᠷ ᠮᠤᠩᠭᠤᠯ᠎ᠤᠨ ᠦᠨᠦᠷ ᠠᠮᠳᠠ》 ᠵᠡᠷᠭᠡ   ᠪᠠᠢ᠌ᠭᠤᠯᠭ᠎ᠠ ᠨ ᠨᠢᠭᠡᠴᠢ᠎ᠠᠴᠠ ᠲᠠᠨᠢᠯᠴᠠᠭᠤᠯᠭ᠎ᠠ ᠬᠢᠭᠰᠡᠨ᠎ᠤ ᠳᠠᠭ᠋ᠠᠤ ᠠᠷᠪᠠᠨ ᠵᠢᠷᠭᠤᠳᠤᠭ᠋ᠠᠷ ᠤᠳᠠᠭ᠋ᠠᠨ᠎ᠤ ᠮᠤᠩᠭᠤᠯ ᠦᠨᠲᠦᠰᠦᠲᠡᠨ᠎ᠤ ᠬᠤᠪᠴᠠᠰᠤ ᠵᠠᠰᠠᠯ᠎ᠤᠨ ᠤᠷᠠᠯᠢᠭ᠎ᠤᠨ ᠨᠠᠢ᠌ᠷ ᠵᠢᠴᠢ ᠮᠤᠩᠭᠤᠯ ᠦᠨᠲᠦᠰᠦᠲᠡᠨ᠎ᠤ ᠬᠤᠪᠴᠠᠰᠤ ᠵᠠᠰᠠᠯ᠎ᠤᠨ ᠤᠷᠤᠯᠳᠤᠭ᠋ᠠᠨ᠎ᠤ ᠰᠤᠨᠢᠨ ᠮᠡᠳᠡᠭᠡᠨ᠎ᠤ ᠨᠡᠢ᠌ᠳᠡᠯᠡᠯ ᠬᠢᠭᠰᠡᠨ ᠪᠠᠢ᠌ᠨ᠎ᠠ᠃



                                            ᠠᠬᠤᠢ ᠲᠠᠯᠠᠪᠠᠢ


ᠢᠷᠡᠯᠲᠡ᠄
          
ᠬᠠᠮᠢᠶ᠎ᠡ ᠪᠦᠬᠦᠢ ᠰᠣᠨᠢᠨ
ᠦᠪᠦᠷ ᠮᠤᠡᠭᠭᠤᠯ᠎ᠤᠨ ᠰᠤᠶᠤᠯ ᠵᠢᠭᠤᠯᠴᠢᠯᠠᠯ᠎ᠤᠨ ᠳᠡᠯᠭᠡᠷᠡᠬᠦᠯᠦᠨ ᠳᠠᠨᠢᠯᠴᠠᠭᠤᠯᠬᠤ ᠬᠦᠳᠡᠯᠭᠡᠭᠡᠨ ᠰᠢᠡᠭᠭ᠋ᠠᠫᠤᠷ᠎ᠲᠤ ᠬᠦᠷᠦᠯ᠎ᠡ
ᠦᠪᠡᠷᠲᠡᠭᠡᠨ ᠵᠠᠰᠠᠬᠤ ᠣᠷᠤᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠠᠽᠢᠶ᠎ᠠ ᠲᠢᠪ᠎ᠤᠨ ᠰᠣᠶᠣᠯ ᠵᠢᠭᠤᠯᠴᠢᠯᠠᠯ᠎ᠤᠨ ᠦᠵᠡᠰᠭᠦᠯᠡᠩ᠎ᠳᠤ ᠣᠷᠤᠯᠴᠠᠪᠠ
ᠦᠪᠦᠷ ᠮᠤᠩᠭᠤᠯ᠎ᠤᠨ ᠪᠦᠲᠦᠭᠡᠯᠴᠢ 《72 ᠴᠠᠭ》 ᠦᠪᠡᠷᠲᠡᠭᠡᠨ ᠲᠡᠷᠭᠡ ᠵᠢᠯᠤᠭᠤᠳᠤᠨ ᠠᠶᠠᠯᠠᠬᠤ ᠵᠢᠭᠤᠯᠴᠢᠯᠠᠯ᠎ᠤᠨ ᠨᠡᠶ᠋ᠢᠲᠡᠯᠡᠬᠦ ᠬᠤᠷᠠᠯ ᠵᠢᠴᠢ ᠥᠪᠥᠷ ᠮᠣᠩᠭᠣᠯ᠎ᠤᠨ ᠵᠤᠨ᠎ᠤ ᠵᠢᠭᠤᠯᠴᠢᠯᠠᠯ᠎ᠤᠨ ᠲᠠᠨᠢᠯᠴᠠᠭᠤᠯᠭ᠎ᠠ ᠵᠢᠨ ᠬᠤᠷᠠᠯ ᠪᠡᠭᠡᠵᠢᠩ᠎ᠳᠤ ᠶᠠᠪᠤᠭᠳᠠᠪᠠ
2019 ᠤᠨ᠎ᠤ ᠭᠤᠷᠪᠠᠳᠤᠭ᠋ᠠᠷ ᠬᠤᠭᠤᠴᠠᠭ᠋ᠠᠨ᠎ᠤ ᠵᠢᠭᠤᠯᠴᠢᠯᠠᠯ᠎ᠤᠨ ᠦᠢ᠍ᠯᠡᠰ ᠵᠶ᠋ᠠᠷ ᠶᠠᠳᠠᠭᠤ ᠵᠢ ᠳᠡᠳᠬᠦᠬᠦ ᠪᠤᠯᠪᠠᠰᠤᠷᠠᠯ᠎ᠤᠨ ᠠᠡᠭᠬᠢ ᠬᠦᠬᠡᠬᠤᠲᠠ᠎ᠳᠤ ᠡᠬᠢᠯᠡᠪᠡ
ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠪᠦᠬᠦ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠶ ᠠᠵᠢᠯᠯᠠᠭ᠋ᠠᠨ᠎ᠤ ᠪᠠᠢ᠌ᠷᠢᠯᠠᠭᠤᠯᠤᠯᠲᠠ ᠵᠢᠨ ᠲᠧᠯᠸᠢᠰ ᠬᠣᠷᠠᠯ᠎ᠳᠤ ᠣᠷᠣᠯᠴᠠᠪᠠ
 
            