5 ᠰᠠᠷ᠎ᠠ ᠵᠢᠨ19᠎ᠤ ᠡᠲᠦᠷ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ᠂ ᠬᠢᠩᠭ᠋ᠠᠨ ᠠᠢ᠌ᠮᠠᠭ᠎ᠤᠨ ᠵᠠᠬᠢᠷᠭ᠎ᠠ ᠬᠠᠮᠲᠤ᠎ᠪᠠᠷ ᠭᠤᠤᠯᠯᠠᠨ ᠡᠷᠬᠢᠯᠡᠭᠰᠡᠨ2019 ᠤᠨ᠎ᠤ 《ᠲᠤᠮᠳᠠᠲᠤ ᠤᠯᠤᠰ᠎ᠤᠨ ᠵᠢᠭᠤᠯᠴᠢᠯᠠᠯ᠎ᠤᠨ ᠡᠲᠦᠷ》᠎ᠤᠨ ᠦᠪᠦᠷ ᠮᠤᠩᠭᠤᠯ᠎ᠳᠤ᠎ᠬᠢ ᠬᠤᠪᠢᠶᠠᠷᠢ ᠲᠠᠯᠠᠪᠠᠢ ᠵᠢᠨ ᠠᠵᠢᠯᠯᠠᠭ᠎ᠠ ᠪᠤᠯᠬᠤ ᠷᠠᠰᠢᠶᠠᠨ᠎ᠤ ᠬᠤᠷᠴᠠ ᠤᠯᠠᠭ᠋ᠠᠨ ᠴᠡᠴᠡᠭ᠎ᠤᠨ ᠨᠠᠢ᠌ᠷ ᠦᠪᠡᠳᠡᠭᠰᠢ ᠶᠡᠬᠡ᠎ᠪᠠᠷ ᠡᠬᠢᠯᠡᠪᠡ ᠃ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ ᠵᠢᠨ ᠵᠦᠪᠯᠡᠯᠭᠡᠨ᠎ᠤ ᠲᠡᠳ᠋ ᠲᠡᠷᠢᠭᠦᠯᠡᠭᠴᠢ ᠵᠸᠩ ᠹᠦ᠋ ᠲᠢᠶᠠᠨ᠂ ᠦᠪᠦᠷ ᠮᠤᠩᠭᠤᠯ᠎ᠤᠨ ᠰᠤᠶᠤᠯ ᠪᠠ ᠵᠢᠭᠤᠯᠴᠢᠯᠠᠯ᠎ᠤᠨ ᠲᠢᠩᠬᠢᠮ᠎ᠤᠨ ᠲᠤᠭᠤᠷᠢᠨ ᠪᠠᠢ᠌ᠴᠠᠭ᠋ᠠᠭᠴᠢ ᠵᠦ᠍ ᠯᠢ ᠫᠢᠩ᠂ ᠬᠢᠩᠭ᠋ᠠᠨ ᠠᠢ᠌ᠮᠠᠭ᠎ᠤᠨ ᠵᠠᠬᠢᠷᠭ᠎ᠠ ᠵᠢᠨ ᠠᠢ᠌ᠮᠠᠭ᠎ᠤᠨ ᠲᠡᠳ᠋ ᠲᠠᠷᠤᠭ᠎ᠠ ᠰᠦᠨ ᠳ᠋ᠧ ᠮᠢᠨ ᠵᠡᠷᠭᠡ ᠤᠳᠤᠷᠢᠳᠤᠯᠭ᠎ᠠ ᠨᠠᠢ᠌ᠷ ᠡᠬᠢᠯᠡᠬᠦ ᠶᠤᠰᠤᠯᠠᠯ᠎ᠳᠤ ᠤᠷᠤᠯᠴᠠᠨ᠂ ᠵᠸᠩ ᠹᠦ᠋ ᠲᠢᠶᠠᠨ ᠲᠡᠳ᠋ ᠲᠡᠷᠢᠭᠦᠯᠡᠭᠴᠢ᠎ᠠᠴᠠ2019 ᠤᠨ᠎ᠤ 《ᠲᠤᠮᠳᠠᠲᠤ ᠤᠯᠤᠰ᠎ᠤᠨ ᠵᠢᠭᠤᠯᠴᠢᠯᠠᠯ᠎ᠤᠨ ᠡᠲᠦᠷ》᠎ᠤᠨ ᠦᠪᠦᠷ ᠮᠤᠩᠭᠤᠯ᠎ᠳᠤ᠎ᠬᠢ ᠬᠤᠪᠢᠶᠠᠷᠢ ᠲᠠᠯᠠᠪᠠᠢ ᠵᠢᠨ ᠠᠵᠢᠯᠯᠠᠭ᠎ᠠ ᠪᠤᠯᠬᠤ ᠷᠠᠰᠢᠶᠠᠨ᠎ᠤ ᠬᠤᠷᠴᠠ ᠤᠯᠠᠭ᠋ᠠᠨ ᠴᠡᠴᠡᠭ᠎ᠤᠨ ᠨᠠᠢ᠌ᠷ ᠡᠬᠢᠯᠡᠭᠰᠡᠨ᠎ᠢ ᠵᠠᠷᠯᠠᠪᠠ᠃
ᠲᠤᠰ ᠤᠳᠠᠭ᠎ᠠ ᠭᠤᠤᠯᠳᠠᠭᠤ 《ᠲᠤᠮᠳᠠᠲᠤ ᠤᠯᠤᠰ᠎ᠤᠨ ᠵᠢᠭᠤᠯᠴᠢᠯᠠᠯ᠎ᠤᠨ ᠡᠲᠦᠷ》 ᠤᠨ ᠰᠢᠷᠢᠰ ᠬᠦᠳᠡᠯᠭᠡᠭᠡᠨ ᠵᠶ᠋ᠠᠷ ᠳᠠᠮᠵᠢᠨ᠂ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠠᠷᠠᠳ ᠲᠤ ᠠᠰᠢᠭᠲᠠᠢ ᠠᠵᠢᠯᠠᠭ᠋ᠠᠨᠳᠤ ᠤᠷᠤᠯᠴᠠᠬᠤ ᠵᠢ ᠵᠤᠷᠢᠭᠵᠢᠭᠤᠯᠤᠨ᠂ ᠤᠨᠴᠠᠯᠢᠭᠲᠦ ᠪᠦᠲᠦᠭᠡᠭᠳᠡᠭᠦᠨ ᠵᠶ᠋ᠠᠨ ᠪᠠᠶᠠᠯᠢᠭᠵᠢᠭᠤᠯᠤᠨ᠂ ᠤᠯᠠᠮ ᠨᠢᠭᠡ ᠠᠯᠬᠤᠮ ᠤᠬᠠᠭᠤᠯᠤᠨ ᠲᠡᠯᠭᠡᠷᠡᠭᠦᠯᠵᠤ᠂ ᠨᠡᠢ᠌ᠲᠡ ᠵᠢᠨ ᠦᠢ᠍ᠯᠡᠴᠢᠯᠡᠭᠡ᠎ᠪᠠᠨ ᠲᠡᠭᠦᠯᠳᠡᠷᠵᠢᠭᠦᠯᠦᠨ᠂ ᠵᠢᠭᠤᠯᠴᠢᠯᠠᠯ᠎ᠤᠨ ᠠᠮᠦᠷ ᠲᠦᠪᠰᠢᠨ᠎ᠢ ᠴᠢᠩᠭ᠋ᠠᠳᠬᠠᠨ᠂ ᠪᠤᠯᠪᠠᠰᠤᠨ ᠵᠢᠭᠤᠯᠴᠢᠯᠠᠯ᠂ ᠢᠳᠡᠭᠡᠮᠵᠢᠲᠦ ᠵᠢᠭᠤᠯᠴᠢᠯᠠᠯ᠎ᠢ ᠰᠠᠨᠠᠭ᠋ᠠᠴᠢᠯᠠᠪᠠ᠃
ᠡᠬᠢᠯᠡᠯᠳᠡ ᠵᠢᠨ ᠶᠤᠰᠤᠯᠠᠯ᠎ᠳᠤ᠂ 《ᠦᠷᠦ ᠵᠢᠷᠦᠬᠡᠨ᠎ᠤ ᠲᠦᠷᠪᠡᠨ ᠤᠯᠠᠷᠢᠯ᠂ ᠦᠵᠡᠰᠭᠦᠯᠡᠩᠲᠦ ᠰᠠᠢ᠌ᠬᠠᠨ ᠲᠤᠮᠳᠠᠲᠤ ᠤᠯᠤᠰ》ᠦᠪᠦᠷ ᠮᠤᠩᠭᠤᠯ᠎ᠤᠨ ᠦᠪᠡᠷᠲᠡᠭᠡᠨ ᠮᠠᠰᠢᠨ ᠵᠢᠯᠤᠭᠤᠳᠤᠨ ᠠᠶᠠᠯᠠᠬᠤ ᠬᠤᠪᠢᠰᠬᠠᠯᠲᠤ ᠵᠢᠭᠤᠯᠴᠢᠯᠠᠯ᠎ᠤᠨ ᠡᠷᠢᠯᠴᠢᠨ᠎ᠳᠤ ᠲᠤᠭ ᠤᠯᠭᠤᠵᠤ᠂ ᠬᠦᠳᠡᠯᠮᠦᠷᠢ ᠵᠢᠨ ᠵᠢᠱ᠌ᠢᠶᠡᠴᠢ᠂ ᠪᠠᠭᠰᠢ᠂ ᠤᠢ ᠰᠢᠭᠤᠢ ᠵᠢᠨ ᠦᠢ᠍ᠯᠡᠰ᠂ ᠤᠷᠴᠢᠨ ᠲᠤᠭᠤᠷᠢᠨ᠎ᠤ ᠠᠷᠢᠭᠤᠨ ᠴᠡᠪᠡᠷ᠎ᠤᠨ ᠦᠢ᠍ᠯᠡᠰ ᠵᠡᠷᠭᠡ ᠠᠵᠢᠯ ᠲᠦᠷᠦᠯ᠎ᠤᠨ ᠲᠡᠷᠢᠭᠦᠨ᠎ᠤ ᠠᠵᠢᠯᠳᠠᠳ ᠪᠠ ᠲᠠᠩᠰᠠᠯᠠᠭᠰᠠᠨ ᠶᠠᠳᠠᠭᠤ ᠬᠦᠴᠢᠷᠲᠡᠯ᠎ᠲᠠᠢ ᠡᠷᠦᠬᠡ ᠵᠢᠨ ᠲᠦᠯᠦᠭᠡᠯᠡᠭᠴᠢᠳ᠎ᠲᠤ ᠦᠵᠡᠮᠵᠢ ᠵᠢᠨ ᠤᠷᠤᠨ᠎ᠤ ᠪᠢᠯᠸᠲ ᠬᠦᠷᠭᠡᠨ᠂ ᠤᠯᠠᠭ᠋ᠠᠨᠮᠦ᠋ᠴᠢᠷ᠎ᠤᠨ ᠲᠤᠭᠯᠠᠯᠳᠠ ᠬᠡᠭᠡᠳ 《ᠭᠢᠯᠠᠰᠬᠠᠨ ᠠᠭᠱ᠌ᠠᠨ》 ᠦᠵᠡᠭᠦᠯᠦᠯᠬᠡ ᠶᠠᠪᠤᠭᠳᠠᠭᠤᠯᠤᠭᠰᠠᠨ ᠶᠤᠮ᠃ ᠡᠬᠢᠯᠡᠯᠳᠡ ᠵᠢᠨ ᠶᠤᠰᠤᠯᠠᠯ᠎ᠤᠨ ᠳᠠᠷᠠᠭ᠎ᠠ ᠵᠸᠩ ᠹᠦ᠋ ᠲᠢᠶᠠᠨ ᠲᠡᠳ᠋ ᠲᠡᠷᠢᠭᠦᠯᠡᠭᠴᠢ ᠦᠪᠡᠷᠲᠡᠭᠡᠨ ᠵᠠᠰᠠᠬᠤ ᠤᠷᠤᠨ ᠵᠢᠴᠢ ᠡᠯ᠎ᠡ ᠠᠢ᠌ᠮᠠᠭ ᠬᠤᠳᠠ ᠵᠢᠨ ᠭᠤᠤᠯ ᠰᠡᠳᠤᠪᠲᠤ ᠦᠵᠡᠭᠦᠯᠦᠯᠭᠡ ᠵᠢᠨ ᠲᠠᠪᠴᠠᠩ ᠬᠢᠭᠡᠳ ᠬᠢᠩᠭ᠋ᠠᠨ ᠠᠢ᠌ᠮᠠᠭ᠎ᠤᠨ ᠡᠯ᠎ᠡ ᠬᠤᠰᠢᠭᠤ ᠰᠢᠶᠠᠨ᠎ᠤ ᠦᠵᠡᠭᠦᠯᠦᠯᠭᠡ ᠵᠢᠨ ᠲᠠᠪᠴᠠᠩ ᠵᠶ᠋ᠠᠷ ᠲᠤᠭᠤᠷᠢᠨ ᠦᠵᠡᠵᠦ᠂ ᠡᠯ᠎ᠡ ᠠᠢ᠌ᠮᠠᠭ ᠬᠤᠲᠠ ᠵᠢᠨ ᠤᠨᠴᠠᠯᠢᠭᠲᠦ ᠵᠢᠭᠤᠯᠴᠢᠯᠠᠯ᠎ᠤᠨ ᠡᠬᠢ ᠪᠠᠶᠠᠯᠢᠭ᠂ ᠵᠢᠭᠤᠯᠴᠢᠯᠠᠯ᠎ᠤᠨ ᠤᠨᠴᠠ ᠭᠠᠷᠤᠯᠲᠠ ᠪᠠ ᠠᠷᠠᠳ ᠲᠤ ᠠᠰᠢᠭᠲᠠᠢ ᠲᠦᠷᠦ ᠵᠢᠨ ᠪᠤᠳᠤᠯᠭ᠋ᠠᠨᠳᠤ ᠨᠠᠷᠢᠯᠢᠭ ᠤᠢ᠌ᠯᠠᠭ᠋ᠠᠯᠲᠠ ᠬᠢᠭᠰᠡᠨ ᠵᠶ᠋ᠠᠷ ᠪᠠᠷᠠᠬᠤ ᠦᠭᠡᠢ ᠲᠤᠬᠠᠢ ᠵᠢᠨ ᠭᠠᠵᠠᠷ᠎ᠤᠨ ᠤᠨᠴᠠᠯᠢᠭᠲᠦ ᠵᠢᠭᠤᠯᠴᠢᠯᠠᠯ᠎ᠤᠨ ᠪᠦᠲᠦᠭᠡᠭᠳᠡᠭᠦᠨ ᠪᠠ ᠲᠠᠷᠢᠶᠠᠯᠠᠩ ᠤᠨ ᠲᠤᠰᠠᠯᠠᠬᠤ ᠠᠵᠦ ᠠᠬᠤᠢ ᠵᠢᠨ ᠪᠦᠲᠦᠭᠡᠭᠳᠡᠭᠦᠨ᠂ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠭᠦᠨ ᠵᠢᠴᠢ ᠦᠨᠲᠦᠰᠦᠲᠡᠨ᠎ᠤ ᠤᠨᠴᠠᠯᠢᠭᠲᠦ ᠢᠳᠡᠭᠡᠨ᠎ᠤ ᠳᠡᠯᠭᠡᠨ ᠦᠵᠡᠭᠦᠯᠭᠦ ᠲᠠᠪᠴᠠᠩ᠎ᠢ ᠲᠤᠭᠤᠷᠢᠨ ᠦᠵᠡᠵᠦ᠂ ᠰᠤᠶᠤᠯ ᠵᠢᠭᠤᠯᠴᠢᠯᠠᠯ᠎ᠤᠨ ᠪᠦᠲᠦᠭᠡᠭᠳᠡᠭᠦᠨ᠎ᠢ ᠪᠤᠯᠪᠠᠰᠤᠷᠠᠭᠤᠯᠤᠨ ᠦᠢ᠍ᠯᠡᠳᠬᠦ᠂ ᠪᠤᠷᠤᠯᠠᠭᠤᠯᠬᠤ ᠪᠠᠢ᠌ᠳᠠᠯ᠎ᠢ ᠠᠰᠠᠭᠤᠨ ᠯᠠᠪᠯᠠᠬᠤ ᠵᠢᠨ ᠬᠠᠮᠲᠤ ᠰᠤᠨᠢᠨ ᠮᠡᠳᠡᠭᠡᠨ᠎ᠤ ᠵᠠᠭᠤᠴᠢᠯᠠᠭᠤᠷ᠎ᠤᠨ ᠨᠦᠬᠦᠳ᠎ᠲᠤ ᠦᠪᠦᠷ ᠮᠤᠩᠭᠤᠯ᠎ᠤᠨ ᠦᠨᠢᠷ ᠪᠠᠶᠠᠯᠢᠭ ᠰᠤᠶᠤᠯ ᠵᠢᠭᠤᠯᠴᠢᠯᠠᠯ᠎ᠤᠨ ᠡᠬᠢ ᠪᠠᠶᠠᠯᠢᠭ᠎ᠢ ᠲᠠᠨᠢᠯᠴᠠᠭᠤᠯᠪᠠ᠃
ᠠᠷᠠᠳ ᠤᠯᠠᠨ᠎ᠤ ᠰᠤᠶᠤᠯ ᠵᠢᠭᠤᠯᠴᠢᠯᠠᠯ᠎ᠤᠨ ᠬᠦᠳᠡᠯᠭᠡᠭᠡᠨ᠎ᠳᠤ ᠢᠳᠡᠪᠬᠢᠲᠠᠢ ᠤᠷᠤᠯᠴᠠᠬᠤᠢ ᠵᠤᠷᠢᠭᠵᠢᠭᠤᠯᠤᠨ᠂ ᠠᠷᠠᠳ᠎ᠤᠨ ᠠᠮᠢᠳᠤᠷᠠᠯ᠎ᠢ ᠪᠠᠶᠠᠯᠢᠭᠵᠢᠭᠤᠯᠬᠤ ᠵᠢᠨ ᠲᠦᠯᠦᠭᠡ᠂ ᠠᠵᠢᠯᠯᠠᠭ᠋ᠠᠨ᠎ᠤ ᠬᠤᠭᠤᠴᠠᠭ᠋ᠠᠨ᠎ᠳᠤ ᠪᠠᠰᠠ ᠷᠠᠰᠢᠶᠠᠨ᠎ᠤ ᠲᠡᠯᠡᠬᠡᠢ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠫᠠᠢ᠌ᠰᠠ ᠰᠡᠬᠦᠬᠦ ᠶᠤᠰᠤᠯᠠᠯ ᠂ ᠬᠢᠩᠭ᠋ᠠᠨ᠎ᠤ ᠤᠯᠠᠮᠵᠢᠯᠠᠯᠲᠤ ᠰᠤᠶᠤᠯ᠎ᠤᠨ ᠤᠷ᠎ᠠ ᠮᠡᠷᠭᠡᠵᠢᠯ᠎ᠤᠨ ᠦᠵᠡᠭᠦᠯᠦᠯᠭᠡ ᠵᠢᠴᠢ ᠬᠢᠩᠭ᠋ᠠᠨ᠎ᠤ ᠪᠡᠯᠡᠭ᠎ᠤᠨ ᠲᠡᠯᠭᠡᠨ ᠪᠤᠷᠤᠯᠠᠭᠤᠯᠬᠤ ᠬᠦᠳᠡᠯᠭᠡᠭᠡᠨ᠂ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠪᠠ ᠬᠦᠭᠵᠢᠯᠲᠡ ᠵᠢᠨ ᠰᠤᠳᠤᠯᠤᠨ ᠶᠠᠷᠢᠯᠴᠠᠬᠤ ᠬᠤᠷᠠᠯ᠂ ᠨᠤᠭᠤᠭ᠋ᠠᠨ᠎ᠳᠤ ᠭᠠᠷᠤᠨ ᠬᠤᠸᠠᠷ ᠴᠡᠴᠡᠭ ᠰᠤᠨᠢᠷᠬᠠᠭᠰᠠᠨ ᠭᠡᠷᠡᠯ ᠵᠢᠷᠤᠭ᠎ᠤᠨ ᠤᠷᠤᠯᠳᠤᠭ᠋ᠠᠨ᠂ ᠬᠠᠪᠤᠷ᠎ᠤᠨ ᠬᠤᠷᠴᠠ ᠤᠯᠠᠭ᠋ᠠᠨ ᠴᠡᠴᠡᠭ᠎ᠢ ᠶᠠᠪᠠᠭ᠋ᠠᠨ ᠵᠶ᠋ᠠᠷ ᠰᠤᠨᠢᠷᠬᠠᠬᠤ ᠬᠦᠳᠡᠯᠭᠡᠭᠡᠨ ᠭᠡᠬᠦ ᠮᠡᠲᠦ ᠵᠢᠨ ᠤᠯᠠᠨ ᠬᠡᠯᠪᠡᠷᠢ ᠵᠢᠨ ᠭᠤᠤᠯ ᠰᠡᠲᠦᠪᠲᠦ ᠬᠦᠳᠡᠯᠭᠡᠭᠡᠨ ᠡᠷᠬᠢᠯᠡᠭᠰᠡᠨ ᠪᠠᠢ᠌ᠨ᠎ᠠ᠃ ᠡᠭᠦᠨ᠎ᠠᠴᠠ ᠭᠠᠳᠠᠨ᠎ᠠ ᠪᠠᠰᠠ ᠪᠡᠭᠡᠵᠢᠩ᠂ ᠬᠢᠷᠢᠨ ᠮᠤᠵᠢ ᠵᠢᠨ ᠰᠦᠩᠶᠤᠸᠠᠨ᠂ ᠮᠦᠭᠳᠡᠨ᠂ ᠲᠦᠩ ᠬᠤᠸᠠ᠂ ᠲᠦᠩᠯᠢᠶᠤᠤ᠎ᠠᠴᠠ ᠢᠷᠡᠭᠰᠡᠨ5 ᠴᠤᠪᠤᠭ᠎ᠠ ᠵᠢᠭᠤᠯᠴᠢᠯᠠᠯ᠎ᠤᠨ ᠲᠤᠰᠬᠠᠢ ᠭᠠᠯᠲᠤ ᠲᠡᠷᠭᠡ᠎ᠪᠠᠷ 1880 ᠭᠠᠷᠤᠢ ᠵᠢᠭᠤᠯᠴᠢᠯᠠᠭᠴᠢᠳ 5 ᠰᠠᠷ᠎ᠠ ᠵᠢᠨ17 —18᠎ᠤ ᠡᠳᠦᠷ ᠬᠦᠷᠦᠯᠴᠡᠨ ᠢᠷᠡᠵᠦ᠂ ᠲᠤᠰ ᠤᠳᠠᠭ᠋ᠠᠨ᠎ᠤ ᠬᠦᠳᠡᠯᠭᠡᠭᠡᠨ᠎ᠳᠤ ᠬᠦᠷ ᠬᠦᠭᠵᠢᠶᠡᠨ ᠨᠡᠮᠡᠷᠢᠯᠡᠭᠰᠡᠨ ᠪᠠᠢ᠌ᠨ᠎ᠠ᠃


ᠠᠬᠤᠢ ᠲᠠᠯᠠᠪᠠᠢ