
ᠨᠠᠢ᠍ᠮᠠᠨ ᠰᠠᠷ᠎ᠠ ᠵᠢᠨ ᠰᠢᠯᠢ ᠵᠢᠨ ᠭᠣᠤᠯ᠎ᠤᠨ ᠲᠠᠯ᠎ᠠ ᠨᠤᠲᠤᠭ᠎ᠲᠤ ᠨᠣᠮᠢᠨ ᠨᠣᠭᠣᠭ᠋ᠠᠨ ᠡᠪᠡᠰᠦ ᠴᠡᠴᠡᠭ ᠮᠢᠷᠠᠯᠵᠠᠨ ᠳᠡᠯᠭᠡᠷᠡᠨ᠎ᠡ᠃ 8 ᠰᠠᠷ᠎ᠠ ᠵᠢᠨ 3᠎ᠤ ᠡᠳᠦᠷ᠂ 2019 《ᠥᠷᠭᠡᠨ ᠠᠭᠤᠳᠠᠮ ᠲᠠᠯ᠎ᠠ ᠨᠤᠲᠤᠭ ᠦᠯᠡᠮᠵᠢ ᠵᠢᠨ ᠮᠠᠭᠲᠠᠭ᠋ᠠᠯ᠎ᠲᠤ ᠰᠢᠯᠢ ᠵᠢᠨ ᠭᠣᠤᠯ》 ᠨᠠᠭ᠋ᠠᠳᠤᠮ᠎ᠤᠨ ᠶᠡᠬᠡ ᠬᠤᠷᠠᠯ᠎ᠤᠨ ᠡᠬᠢᠯᠡᠯᠲᠡ ᠵᠢᠨ ᠶᠣᠰᠣᠯᠠᠯ ᠰᠢᠯᠢᠩᠬᠣᠲᠠ ᠵᠢᠨ ᠨᠠᠭ᠋ᠠᠳᠤᠮ᠎ᠤᠨ ᠬᠤᠷᠠᠯ᠎ᠤᠨ ᠲᠠᠯᠠᠪᠠᠢ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦ᠋ ᠰᠢᠶᠣᠤ ᠯᠢᠨ ᠨᠠᠭ᠋ᠠᠳᠤᠮ ᠡᠬᠢᠯᠡᠭᠰᠡᠨ᠎ᠢ ᠵᠠᠷᠯᠠᠪᠠ᠃ ᠣᠯᠠᠨ ᠤᠯᠤᠰ ᠤᠨ ᠺᠦᠩᠽᠢ ᠵᠢᠨ ᠰᠤᠷᠭ᠋ᠠᠯᠲᠠᠨ᠎ᠤ ᠬᠣᠯᠪᠣᠭ᠋ᠠᠲᠤ ᠬᠤᠷᠠᠯ᠎ᠤᠨ ᠳᠠᠷᠤᠭ᠎ᠠ᠂ ᠲᠥᠪ᠎ᠤᠨ ᠲᠥᠷᠦ ᠵᠢᠨ ᠪᠣᠳᠣᠯᠭ᠎ᠠ ᠰᠤᠳᠤᠯᠬᠤ ᠲᠠᠰᠤᠭ ᠪᠣᠯᠤᠨ ᠲᠥᠪ᠎ᠤᠨ ᠲᠤᠯᠭᠤᠷ ᠪᠢᠴᠢᠭ ᠰᠤᠳᠤᠯᠬᠤ ᠲᠠᠰᠤᠭ᠎ᠤᠨ ᠤᠤᠯ᠎ᠤᠨ ᠡᠷᠬᠢᠯᠡᠭᠴᠢ ᠲᠤᠩ ᠸᠸᠨ ᠱᠧᠩ᠂ ᠪᠦᠬᠦ ᠤᠯᠤᠰ ᠤᠨ ᠤᠯᠤᠰ ᠲᠥᠷᠦ ᠵᠢᠨ ᠵᠥᠪᠯᠡᠯᠭᠡᠨ᠎ᠤ ᠬᠥᠮᠦᠨ ᠠᠮᠠ ᠡᠬᠢ ᠪᠠᠶᠠᠯᠢᠭ ᠣᠷᠴᠢᠨ ᠲᠣᠭᠣᠷᠢᠨ᠎ᠤ ᠵᠥᠪᠯᠡᠯ᠎ᠤᠨ ᠳᠡᠳ᠋ ᠡᠷᠬᠢᠯᠡᠭᠴᠢ ᠷᠧᠨ ᠶᠠ ᠫᠢᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠸᠠᠩ ᠵᠦᠩ ᠾᠧ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠴᠡᠴᠡᠭ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠦ ᠵᠢᠨ ᠵᠥᠪᠯᠡᠯᠭᠡᠨ᠎ᠤ ᠤᠤᠯ᠎ᠤᠨ ᠳᠡᠳ᠋ ᠲᠡᠷᠢᠭᠦᠯᠡᠭᠴᠢ ᠸᠠᠩ ᠬᠤᠸᠠᠨ ᠴᠧᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠦ ᠵᠢᠨ ᠵᠥᠪᠯᠡᠯᠭᠡᠨ᠎ᠤ ᠤᠤᠯ᠎ᠤᠨ ᠳᠡᠳ᠋ ᠲᠡᠷᠢᠭᠦᠯᠡᠭᠴᠢ ᠡᠤ ᠪᠦᠦ ᠾᠧᠩ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠍ᠯᠠᠩ᠎ᠤᠨ ᠪᠦᠷᠢᠯᠳᠦᠬᠦᠨ᠂ ᠨᠠᠷᠢᠨ ᠪᠢᠴᠢᠭ᠎ᠤᠨ ᠳᠠᠷᠤᠭ᠎ᠠ ᠪᠦᠦ ᠵᠧᠨ ᠢᠦᠶ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃ ᠰᠢᠯᠢ ᠵᠢᠨ ᠭᠣᠤᠯ ᠠᠶ᠋ᠢᠮᠠᠭ᠎ᠤᠨ ᠨᠠᠮ᠎ᠤᠨ ᠬᠣᠷᠢᠶᠠᠨ᠎ᠤ ᠱᠦᠵᠢ ᠯᠦᠸᠧ ᠬᠤ᠌ ᠬᠤᠷᠠᠯ ᠡᠬᠢᠯᠡᠬᠦ ᠦᠭᠡ ᠬᠡᠯᠡᠵᠦ᠂ ᠰᠢᠯᠢ ᠵᠢᠨ ᠭᠣᠤᠯ ᠠᠶ᠋ᠢᠮᠠᠭ᠎ᠤᠨ ᠨᠠᠮ᠎ᠤᠨ ᠬᠣᠷᠢᠶᠠᠨ᠎ᠤ ᠳᠡᠳ᠋ ᠱᠦᠵᠢ᠂ ᠠᠢ᠌ᠮᠠᠭ ᠤᠨ ᠳᠠᠷᠤᠭ᠎ᠠ ᠾᠦᠸᠸ ᠵᠤᠤ ᠯᠢᠶᠠᠩ ᠡᠬᠢᠯᠡᠯᠲᠡ ᠵᠢᠨ ᠶᠣᠰᠣᠯᠠᠯ᠎ᠢ ᠡᠷᠬᠢᠯᠡᠪᠡ᠃ ᠰᠢᠯᠢ ᠵᠢᠨ ᠭᠣᠤᠯ ᠠᠶ᠋ᠢᠮᠠᠭ᠎ᠤᠨ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ ᠤᠨ ᠬᠣᠷᠢᠶ᠎ᠠ᠂ ᠵᠠᠬᠢᠷᠭ᠎ᠠ᠂ ᠤᠯᠤᠰ ᠲᠥᠷᠥ ᠵᠢᠨ ᠵᠥᠪᠯᠡᠯᠭᠡᠨ᠎ᠤ ᠤᠳᠤᠷᠢᠳᠬᠤ ᠪᠠᠭ᠎ᠤᠨ ᠪᠦᠷᠢᠯᠳᠦᠬᠦᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃
2019 《ᠥᠷᠭᠡᠨ ᠠᠭᠤᠳᠠᠮ ᠲᠠᠯ᠎ᠠ ᠨᠤᠲᠤᠭ ᠦᠯᠡᠮᠵᠢ ᠵᠢᠨ ᠮᠠᠭᠲᠠᠭ᠋ᠠᠯ᠎ᠲᠤ ᠰᠢᠯᠢ ᠵᠢᠨ ᠭᠣᠤᠯ》 ᠰᠢᠯᠢ ᠵᠢᠨ ᠭᠤᠤᠯ ᠠᠶ᠋ᠢᠮᠠᠭ᠎ᠤᠨ ᠨᠠᠭ᠋ᠠᠳᠤᠮ ᠤᠨ ᠬᠤᠷᠠᠯ ᠪᠣᠯ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠡᠯᠭᠡᠯᠡᠬᠦ ᠴᠢᠬᠤᠯᠠ ᠠᠵᠢᠯᠯᠠᠭ᠎ᠠ ᠪᠣᠯᠤᠨ᠎ᠠ᠃ ᠡᠬᠢᠯᠡᠯᠲᠡ ᠵᠢᠨ ᠶᠣᠰᠣᠯᠠᠯ᠎ᠨᠢ ᠳᠤᠮᠳᠠᠳᠤ ᠤᠯᠤᠰ ᠤᠨ ᠬᠦᠯᠦᠭ ᠤᠨ ᠨᠡᠢ᠌ᠰᠯᠡᠯ ᠤᠨ ᠮᠣᠷᠢᠨ ᠠᠩᠭᠢ᠂ ᠡᠷ᠎ᠡ ᠵᠢᠨ ᠭᠤᠷᠪᠠᠨ ᠨᠠᠭ᠋ᠠᠳᠤᠮ᠎ᠤᠨ ᠠᠩᠭᠢ᠂ ᠦᠨᠳᠦᠰᠦᠲᠡᠨ ᠤ ᠤᠨᠴᠠᠯᠢᠭ ᠤᠨ᠎ᠬᠢᠨ ᠤ ᠠᠩᠬᠢ᠂ ᠰᠢᠶᠠᠨ ᠬᠣᠲᠠ ᠲᠣᠭᠣᠷᠢᠭ ᠪᠣᠯᠤᠨ ᠠᠶ᠋ᠢᠮᠠᠭ᠎ᠤᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠠᠩᠭᠢ᠂ ᠵᠢᠭᠤᠯᠴᠢᠯᠠᠭᠴᠢᠳ᠎ᠤᠨ ᠡᠩᠨᠡᠭᠡ ᠵᠡᠷᠭᠡ 5 ᠠᠩᠭᠢ ᠲᠠᠯᠠᠪᠠᠢ᠎ᠳᠤ ᠣᠷᠣᠵᠤ᠂ ᠤᠷᠠᠨ ᠰᠠᠶ᠋ᠢᠬᠠᠨ᠎ᠤ ᠲᠣᠭᠯᠠᠯᠲᠠ ᠵᠢᠨ ᠳᠤᠮᠳᠠ ᠢᠷᠠᠭᠤ ᠰᠣᠨᠣᠰᠬᠤᠯᠠᠩᠲᠠᠢ ᠮᠣᠩᠭᠣᠯ ᠤᠷᠲᠤ ᠵᠢᠨ ᠳᠠᠭᠤᠤ᠂ ᠰᠡᠳᠬᠢᠯᠭᠡ ᠲᠡᠭᠦᠯᠳᠡᠷ ᠮᠣᠷᠢᠨ ᠬᠤᠭᠤᠷ᠎ᠤᠨ ᠲᠣᠭᠯᠠᠯᠲᠠ᠂ ᠭᠤᠢ᠌ᠲᠠ ᠰᠠᠢ᠌ᠬᠠᠨ ᠳᠠᠭᠤᠤ ᠪᠥᠵᠢᠭ᠎ᠤᠨ ᠲᠣᠭᠯᠠᠯᠲᠠ᠎ᠨᠢ ᠡᠬᠢᠯᠡᠯᠲᠡ ᠵᠢᠨ ᠶᠣᠰᠣᠯᠠᠯ᠎ᠢ ᠲᠠᠰᠤᠷᠠᠯᠲᠠ ᠦᠭᠡᠢ ᠤᠷᠭᠢᠯᠠᠭᠤᠯᠵᠤ ᠪᠠᠢ᠌ᠯ᠎ᠠ᠃ ᠬᠥᠳᠡᠯᠭᠡᠭᠡᠨ᠎ᠤ ᠡᠬᠢᠨ᠎ᠤ ᠬᠤᠭᠤᠴᠠᠭ᠋ᠠᠨ᠎ᠳᠤ᠂ ᠨᠠᠭ᠋ᠠᠳᠤᠮ᠎ᠤᠨ ᠬᠤᠷᠠᠯ᠎ᠤᠨ ᠭᠠᠯ ᠪᠠᠮᠪᠠᠷ ᠬᠣᠶᠠᠷ ᠰᠠᠷ᠎ᠠ ᠭᠠᠷᠤᠶ ᠵᠢᠨ ᠬᠤᠭᠤᠴᠠᠭ᠋ᠠᠨ᠎ᠳᠤ ᠰᠢᠯᠢ ᠵᠢᠨ ᠭᠣᠣᠯ ᠠᠶ᠋ᠢᠮᠠᠭ᠎ᠤᠨ 13 ᠬᠣᠰᠢᠭᠤ ᠰᠢᠶᠠᠨ ᠬᠣᠲᠠ (ᠲᠣᠭᠣᠷᠢᠭ) ᠵᠢᠨ ᠥᠷᠲᠡᠭᠡᠨ᠎ᠤ ᠠᠷᠤ᠎ᠳᠤ ᠳᠠᠮᠵᠢᠭᠳᠠᠵᠤ᠂ 8 ᠰᠠᠷ᠎ᠠ ᠵᠢᠨ 3᠎ᠤ ᠡᠳᠦᠷ 2019 《ᠥᠷᠭᠡᠨ ᠠᠭᠤᠳᠠᠮ ᠲᠠᠯ᠎ᠠ ᠨᠤᠲᠤᠭ ᠦᠯᠡᠮᠵᠢ ᠵᠢᠨ ᠮᠠᠭᠲᠠᠭ᠋ᠠᠯ᠎ᠲᠤ ᠰᠢᠯᠢ ᠵᠢᠨ ᠭᠣᠤᠯ 》 ᠨᠠᠭ᠋ᠠᠳᠤᠮ᠎ᠤᠨ ᠭᠣᠤᠯ ᠬᠤᠷᠠᠯ᠎ᠤᠨ ᠲᠠᠯᠠᠪᠠᠢ᠎ᠳᠤ ᠴᠤᠭᠯᠠᠷᠠᠪᠠ᠃ 13 ᠬᠣᠰᠢᠭᠤ ᠰᠢᠶᠠᠨ ᠬᠣᠲᠠ (ᠲᠣᠭᠣᠷᠢᠭ) ᠵᠢᠨ ᠭᠠᠯ ᠪᠠᠮᠪᠠᠷᠴᠢᠨ ᠨᠠᠭ᠋ᠠᠳᠤᠮ᠎ᠤᠨ ᠭᠣᠤᠯ ᠬᠤᠷᠠᠯ᠎ᠤᠨ ᠲᠠᠯᠠᠪᠠᠢ᠎ᠳᠤ ᠠᠷᠢᠭᠤᠨ ᠭᠠᠯ ᠳᠠᠮᠵᠢᠭᠤᠯᠬᠤ ᠵᠢᠨ ᠬᠠᠮᠲᠤ ᠠᠷᠢᠭᠤᠨ ᠭᠠᠯ ᠠᠰᠠᠭ᠋ᠠᠵᠤ᠂ ᠲᠣᠰ ᠤᠳᠠᠭ᠋ᠠᠨ᠎ᠤ ᠨᠠᠭ᠋ᠠᠳᠤᠮ᠎ᠤᠨ ᠤᠷᠤᠯᠳᠤᠭ᠋ᠠᠨ᠎ᠢ ᠵᠢᠩᠬᠢᠨᠢ᠎ᠪᠠᠷ ᠶᠠᠪᠤᠭᠳᠠᠭᠤᠯᠪᠠ᠃
ᠲᠣᠰ ᠤᠳᠠᠭ᠋ᠠᠨ᠎ᠤ ᠨᠠᠭ᠋ᠠᠳᠤᠮ᠎ᠨᠢ 3 ᠡᠳᠦᠷ ᠶᠠᠪᠤᠭᠳᠠᠵᠤ᠂ ᠭᠣᠤᠯ ᠬᠤᠷᠠᠯ᠎ᠤᠨ ᠲᠠᠯᠠᠪᠠᠢ᠎ᠳᠤ ᠪᠥᠭᠡ ᠪᠠᠷᠢᠯᠳᠤᠬᠤ᠂ ᠰᠤᠷ ᠬᠠᠷᠪᠤᠬᠤ᠂ ᠮᠣᠷᠢ ᠣᠷᠣᠯᠳᠤᠬᠤ ᠵᠡᠷᠭᠡ ᠠᠵᠢᠯᠯᠠᠭ᠎ᠠ ᠵᠢᠴᠢ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠮᠣᠩᠭᠣᠯ ᠦᠨᠳᠦᠰᠦᠲᠡᠨ᠎ᠤ ᠬᠤᠪᠴᠠᠰᠤ ᠵᠠᠰᠠᠯ᠎ᠤᠨ ᠤᠷᠠᠯᠢᠭ᠎ᠤᠨ ᠨᠠᠶ᠋ᠢᠷ ᠵᠢᠴᠢ ᠰᠢᠯᠢ ᠵᠢᠨ ᠭᠣᠤᠯ ᠠᠶ᠋ᠢᠮᠠᠭ᠎ᠤᠨ ᠮᠣᠩᠭᠣᠯ ᠦᠨᠳᠦᠰᠦᠲᠡᠨ᠎ᠤ ᠬᠤᠪᠴᠠᠰᠤ ᠵᠠᠰᠠᠯ᠎ᠤᠨ ᠤᠷᠤᠯᠳᠤᠭ᠋ᠠᠨ᠎ᠤ ᠬᠤᠪᠢᠶᠠᠷᠢ ᠤᠷᠤᠯᠳᠤᠭ᠋ᠠᠨ᠂ ᠬᠣᠶᠠᠳᠤᠭ᠋ᠠᠷ ᠬᠤᠭᠤᠴᠠᠭ᠋ᠠᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠶ᠋ᠢᠷ᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠡᠯᠭᠡᠯᠡᠬᠦ — 《ᠬᠤᠪᠢᠰᠬᠠᠯᠲᠤ ᠤᠳᠤᠮᠰᠢᠯ᠎ᠢ ᠤᠯᠠᠮᠵᠢᠯᠠᠵᠤ᠂ ᠡᠭᠦᠷᠢᠳᠡ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ ᠪᠣᠯᠬᠤ》 ᠤᠯᠠᠭ᠋ᠠᠨᠮᠥ᠋ᠴᠢᠷ᠎ᠤᠨ ᠭᠣᠤᠯ ᠰᠡᠳᠦᠪᠲᠦ ᠭᠡᠷᠡᠯ ᠵᠢᠷᠤᠭ᠎ᠤᠨ ᠦᠵᠡᠰᠬᠦᠯᠡᠩ ᠵᠡᠷᠭᠡ ᠰᠢᠷᠢᠰ ᠠᠵᠢᠯᠯᠠᠭ᠎ᠠ ᠪᠣᠶ᠃
ᠨᠤᠭᠤᠭ᠋ᠠᠨ ᠲᠠᠯ᠎ᠠ ᠵᠢᠨ ᠳᠤᠮᠳᠠᠭᠤᠷ᠂ ᠠᠵᠢᠨᠠᠶ ᠬᠦᠯᠦᠭ ᠳᠠᠪᠬᠢᠯᠳᠤᠨ᠂ ᠮᠠᠯᠴᠢᠨ ᠠᠷᠠᠳ᠎ᠤᠨ ᠳᠠᠭᠤᠤ ᠬᠠᠩᠭᠢᠨᠠᠨ᠎ᠠ᠃ ᠰᠢᠯᠢ ᠵᠢᠨ ᠭᠣᠤᠯ᠎ᠤᠨ ᠲᠠᠯ᠎ᠠ ᠨᠤᠲᠤᠭ ᠥᠷᠭᠡᠨ ᠠᠭᠤᠳᠠᠮ ᠬᠤᠢ᠌ᠮᠤᠷ ᠲᠤ ᠪᠠᠨ ᠲᠠᠨ ᠢ ᠤᠷᠢᠨ ᠵᠠᠯᠠᠵᠤ ᠪᠠᠢ᠌ᠨᠠᠮ᠃ ᠲᠠ ᠬᠥᠬᠡ ᠲᠩᠷᠢ ᠨᠣᠮᠢᠨ ᠲᠠᠯ᠎ᠠ ᠵᠢᠨ ᠳᠤᠮᠳᠠ ᠵᠢᠷᠭ᠋ᠠᠵᠤ᠂ ᠲᠠᠯ᠎ᠠ ᠨᠤᠲᠤᠭ᠎ᠤᠨ ᠠᠷᠠᠳ ᠲᠦᠮᠡᠨ ᠤ ᠵᠠᠩ ᠠᠭ᠋ᠠᠯᠢᠨᠳᠤ ᠰᠣᠭᠲᠣᠭᠤᠷᠠᠵᠤ᠂ ᠤᠷᠠᠯᠢᠭ᠎ᠤᠨ ᠦᠪᠡᠳᠡᠭᠰᠢ ᠨᠠᠶ᠋ᠢᠷ᠎ᠲᠤ ᠪᠠᠶᠠᠰᠴᠤ᠂ ᠠᠷᠢᠭᠤᠨ ᠳᠠᠷᠬᠠᠨ ᠤᠪᠤᠭ᠋ᠠᠨ ᠳᠡᠭᠡᠷ᠎ᠡ ᠨᠢᠭᠡᠨ ᠴᠢᠯᠠᠭᠤ ᠨᠡᠮᠡᠵᠦ᠂ ᠥᠷᠭᠡᠨ ᠠᠭᠤᠳᠠᠮ ᠲᠠᠯ᠎ᠠ ᠨᠤᠲᠤᠭ ᠤᠨ ᠤᠷᠳᠤ ᠵᠢᠨ ᠳᠠᠭᠤᠨ ᠳᠤ ᠳᠤᠭᠳᠤᠯᠵᠤ᠂ ᠲᠩᠷᠢ ᠭᠠᠵᠠᠷ᠎ᠤᠨ ᠶᠠᠷᠢᠯᠴᠠᠭ᠎ᠠ ᠵᠢ ᠤᠬᠠᠵᠤ᠂ ᠲᠣᠭᠣᠰᠣᠲᠤ ᠶᠢᠷᠲᠢᠨᠴᠦ ᠠᠴᠠ ᠠᠷᠢᠭᠤᠰᠤᠨ᠂ ᠰᠡᠳᠬᠢᠯ᠎ᠤᠨ ᠪᠣᠯᠵᠣᠭ᠎ᠠ᠎ᠪᠠᠨ ᠣᠯᠵᠤ᠂ ᠲᠩᠷᠢ ᠭᠠᠵᠠᠷ᠎ᠤᠨ ᠡᠶ᠎ᠡ ᠵᠣᠬᠢᠴᠠᠯ᠎ᠢ ᠡᠳ᠋ᠯᠡᠵᠦ ᠪᠣᠯᠤᠨ᠎ᠠ᠃