8 ᠳ᠋ᠤᠭ᠋ᠠᠷ ᠰᠠᠷ᠎ᠠ ᠵᠢᠨ ᠲᠠᠯ᠎ᠠ ᠨᠤᠲᠤᠭ ᠡᠪᠡᠰᠦ ᠪᠡᠯᠴᠢᠭᠡᠷ ᠦᠩ ᠰᠢᠮᠡᠯᠢᠭ᠂ ᠤᠷᠢᠬᠠᠨ ᠰᠠᠯᠬᠢ ᠨᠢᠭᠣᠷᠢ ᠢᠯᠪᠢᠨ᠎ᠡ᠂ 8 ᠳ᠋ᠤᠭ᠋ᠠᠷ ᠰᠠᠷ᠎ᠠ ᠵᠢᠨ ᠲᠠᠯ᠎ᠠ ᠨᠤᠲᠤᠭ ᠡᠯᠪᠡᠭ ᠬᠤᠷᠢᠶᠠᠯᠲᠠ ᠪᠠᠨ ᠳᠠᠯᠠᠯᠣᠵᠣ᠂ ᠮᠠᠯᠴᠢᠨ ᠳᠦᠮᠡᠨ᠎ᠤ ᠴᠢᠷᠠᠢ ᠪᠠᠶᠠᠷ ᠬᠦᠷ ᠵᠶ᠋ᠠᠷ ᠪᠢᠯᠬᠠᠨ᠎ᠠ᠃ 8 ᠰᠠᠷ᠎ᠠ ᠵᠢᠨ 17᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢ ᠶᠢᠰᠦᠳᠦᠭᠡᠷ ᠣᠳᠠᠭ᠋ᠠᠨ᠎ᠤ ᠵᠢᠭᠤᠯᠴᠢᠯᠠᠯ᠎ᠤᠨ ᠨᠠᠭ᠋ᠠᠳᠤᠮ ᠤᠯᠠᠭ᠋ᠠᠨᠴᠠᠪ ᠬᠣᠲᠠ ᠵᠢᠨ ᠭᠡᠭᠡᠨᠲᠠᠯ᠎ᠠ ᠵᠢᠨ ᠲᠠᠯ᠎ᠠ ᠨᠤᠲᠤᠭ᠎ᠲᠤ ᠦᠪᠡᠳᠡᠭᠰᠢ ᠶᠡᠬᠡ᠎ᠪᠠᠷ ᠡᠬᠢᠯᠡᠪᠡ ᠃

ᠡᠬᠢᠯᠡᠯᠳᠡ ᠵᠢᠨ ᠶᠣᠰᠣᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠧᠩ ᠬᠣᠩ ᠹᠠᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠱ᠌ᠢ ᠮᠦᠸᠸ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠡᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠡᠭᠤᠨ ᠱᠦᠵᠢ᠂ ᠲᠢᠩᠬᠢᠮ᠎ᠤᠨ ᠳᠠᠷᠤᠭ᠎ᠠ ᠾᠧ ᡁᠢ ᠯᠢᠶᠠᠩ᠂ ᠲᠢᠩᠬᠢᠮ᠎ᠤᠨ ᠳᠡᠳ᠋ ᠳᠠᠷᠤᠭ᠎ᠠ ᠢᠤᠢ ᡁᠢ ᠭᠦᠸᠸ᠂ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ ᠳ᠋ᠦ᠋ ᠰᠢᠤᠸᠠᠢ ᠵᠢᠶᠦ᠋ᠨ᠂ ᠬᠣᠲᠠ ᠵᠢᠨ ᠳᠠᠷᠤᠭ᠎ᠠ ᠹᠧᠶ ᠳ᠋ᠦᠩ ᠪᠢᠨ ᠵᠡᠷᠭᠡ ᠤᠳᠤᠷᠢᠳᠤᠯᠭ᠎ᠠ ᠪᠣᠯᠤᠨ ᠬᠦᠨᠳᠦᠲᠦ ᠵᠣᠴᠢᠳ ᠠᠵᠢᠯᠯᠠᠭ᠎ᠠ᠎ᠳᠤ ᠣᠷᠣᠯᠴᠠᠵᠠᠶ᠃ ᠲᠢᠩᠬᠢᠮ᠎ᠤᠨ ᠳᠠᠷᠤᠭ᠎ᠠ ᠾᠧ ᡁᠢ ᠯᠢᠶᠠᠩ ᠡᠬᠢᠯᠡᠯᠲᠡ ᠵᠢᠨ ᠶᠣᠰᠣᠯᠠᠯ᠎ᠢ ᠡᠷᠬᠢᠯᠡᠵᠦ᠂ ᠹᠧᠶ ᠳ᠋ᠦᠩ ᠪᠢᠨ ᠬᠣᠲᠠ ᠵᠢᠨ ᠳᠠᠷᠤᠭ᠎ᠠ ᠪᠠᠶᠠᠷ᠎ᠤᠨ ᠦᠭᠡ ᠬᠡᠯᠡᠵᠦ᠂ ᠳᠡᠳ᠋ ᠲᠡᠷᠢᠭᠦᠯᠡᠭᠴᠢ ᠵᠧᠩ ᠬᠣᠩ ᠹᠠᠨ ᠨᠠᠭ᠋ᠠᠳᠤᠮ ᠡᠬᠢᠯᠡᠭᠰᠡᠨ᠎ᠢ ᠵᠠᠷᠯᠠᠪᠠ ᠃

ᠳᠡᠳ᠋ ᠲᠡᠷᠢᠭᠦᠯᠡᠭᠴᠢ ᠵᠧᠩ ᠬᠣᠩ ᠹᠠᠨ
ᠨᠠᠭ᠋ᠠᠳᠤᠮ ᠡᠬᠢᠯᠡᠭᠰᠡᠨ᠎ᠢ ᠵᠠᠷᠯᠠᠪᠠ

ᠲᠢᠩᠬᠢᠮ᠎ᠤᠨ ᠳᠠᠷᠤᠭ᠎ᠠ ᠾᠧ ᡁᠢ ᠯᠢᠶᠠᠩ
ᠨᠠᠭ᠋ᠠᠳᠤᠮ᠎ᠤᠨ ᠬᠤᠷᠠᠯ᠎ᠢ ᠡᠷᠭᠢᠯᠡᠪᠡ
ᠵᠢᠭᠤᠯᠴᠢᠯᠠᠯ᠎ᠤᠨ ᠨᠠᠭ᠋ᠠᠳᠤᠮ ᠪᠣᠯ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠪᠠᠶ᠋ᠢᠭᠤᠯᠤᠭᠰᠠᠨ ᠵᠢᠭᠤᠯᠴᠢᠯᠠᠯ᠎ᠤᠨ ᠪᠠᠶᠠᠷ ᠳᠤᠷᠠᠰᠬᠠᠯ᠎ᠤᠨ ᠠᠵᠢᠯᠯᠠᠭ᠎ᠠ ᠪᠣᠯᠤᠨ᠎ᠠ᠃ ᠲᠣᠰ ᠬᠤᠭᠤᠴᠠᠭ᠋ᠠᠨ᠎ᠤ ᠨᠠᠭ᠋ᠠᠳᠤᠮ᠎ᠨᠢ 《ᠦᠵᠡᠰᠬᠦᠯᠡᠩᠲᠦ ᠰᠠᠢ᠍ᠬᠠᠨ ᠥᠪᠥᠷ ᠮᠣᠩᠭᠣᠯ᠎ᠤᠨ ᠵᠣᠯ ᠵᠢᠷᠭ᠋ᠠᠯᠲᠤ ᠨᠠᠭ᠋ᠠᠳᠤᠮ》 ᠵᠶ᠋ᠠᠷ ᠭᠣᠤᠯ ᠰᠡᠳᠦᠪ ᠪᠣᠯᠭ᠋ᠠᠵᠤ᠂ ᠪᠠᠶᠠᠯᠢᠭ ᠰᠠᠢ᠌ᠬᠠᠨ ᠠᠵᠢᠯᠯᠠᠭ᠎ᠠ᠎ᠨᠢ ᠴᠠᠭ ᠦᠶ᠎ᠡ᠂ ᠦᠨᠳᠦᠰᠦᠲᠡᠨ ᠪᠣᠯᠤᠨ ᠠᠷᠠᠳ᠎ᠤᠨ ᠵᠠᠩ ᠵᠠᠩᠰᠢᠯ ᠰᠣᠯᠪᠢᠴᠠᠨ ᠭᠢᠯᠠᠯᠵᠠᠭᠰᠠᠨ ᠰᠣᠶᠣᠯ᠎ᠤᠨ ᠣᠬᠢ ᠰᠣᠳᠣ ᠵᠢ ᠰᠢᠩᠭᠡᠭᠡᠭᠰᠡᠨ ᠪᠠᠶ᠋ᠢᠨ᠎ᠠ᠃ ᠨᠢᠭᠡ᠎ᠳᠤ᠂ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠬᠦ ᠭᠣᠤᠯ ᠰᠡᠳᠦᠪ᠎ᠢ ᠭᠦᠢ᠍ᠴᠡᠳ ᠳᠣᠪᠣᠶ᠋ᠢᠯᠭ᠋ᠠᠨ᠎ᠠ᠃ 《ᠤᠭ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ ᠵᠶ᠋ᠠᠷ ᠵᠢᠯᠣᠭᠣᠳᠤᠯᠭ᠎ᠠ ᠪᠣᠯᠭ᠋ᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠴᠤᠭ ᠵᠢᠪᠬᠤᠭ᠎ᠠ᠎ᠪᠠᠨ ᠢᠮᠠᠭᠲᠠ ᠪᠠᠳᠠᠷᠠᠭᠤᠯᠵᠤ᠂ 《ᠦᠵᠡᠰᠬᠦᠯᠡᠩᠲᠦ ᠰᠠᠢ᠍ᠬᠠᠨ ᠥᠪᠥᠷ ᠮᠣᠩᠭᠣᠯ ᠦᠵᠡᠰᠬᠦᠯᠡᠩᠲᠦ ᠰᠠᠢ᠍ᠬᠠᠨ ᠦᠵᠡᠮᠵᠢ ᠵᠢᠨ ᠣᠷᠣᠨ》 ᠤ ᠨᠠᠮ᠎ᠤᠨ ᠲᠥᠪ ᠬᠣᠷᠢᠶᠠᠨ᠎ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ 70 ᠵᠢᠯ᠎ᠤᠨ ᠲᠤᠷᠰᠢ ᠰᠢᠷᠭ᠋ᠠᠭᠤ ᠬᠠᠲᠠᠭᠤᠵᠢᠯᠲᠠᠶ ᠲᠡᠮᠡᠴᠡᠵᠦ ᠪᠠᠢ᠌ᠭ᠋ᠠᠳ ᠣᠯᠤᠭᠰᠠᠨ ᠭᠡᠷᠡᠯ ᠰᠠᠴᠤᠷᠠᠩᠭᠤᠶ ᠦᠷ᠎ᠡ ᠪᠦᠲᠦᠭᠡᠯ᠎ᠢ ᠳᠡᠯᠭᠡᠨ ᠦᠵᠡᠭᠦᠯᠦᠨ᠎ᠡ᠃ ᠬᠣᠶᠠᠷ᠎ᠲᠤ᠂ ᠲᠠᠯ᠎ᠠ ᠨᠤᠲᠤᠭ᠎ᠤᠨ ᠰᠣᠶᠣᠯ᠎ᠤᠨ ᠬᠥᠭᠵᠢᠯ ᠪᠠᠳᠠᠷᠠᠯ᠎ᠢ ᠢᠯᠡᠷᠡᠭᠦᠯᠦᠨ᠎ᠡ᠃ ᠨᠠᠭ᠋ᠠᠳᠤᠮ᠎ᠤᠨ ᠬᠤᠭᠤᠴᠠᠭ᠋ᠠᠨ᠎ᠳᠤ ᠭᠣᠢ᠌ᠳᠠ ᠰᠠᠢ᠍ᠬᠠᠨ ᠠᠵᠢᠯᠯᠠᠭ᠎ᠠ ᠥᠷᠨᠢᠭᠦᠯᠵᠦ᠂ ᠭᠣᠸ᠎ᠠ ᠰᠠᠢ᠌ᠬᠠᠨ ᠤᠷᠠᠨ ᠰᠠᠶ᠋ᠢᠬᠠᠨ᠎ᠤ ᠲᠣᠭᠯᠠᠯᠲᠠ᠂ 《ᠮᠣᠩᠭᠣᠯ ᠨᠠᠶ᠋ᠢᠷ》᠎ᠤᠨ ᠤᠢ᠌ᠯᠠᠭ᠋ᠠᠯᠲᠠ᠂ ᠤᠯᠠᠭ᠋ᠠᠨᠮᠥ᠋ᠴᠢᠷ᠎ᠤᠨ ᠳᠠᠭᠤᠤ ᠪᠥᠵᠢᠭ᠎ᠤᠨ ᠲᠣᠭᠣᠷᠢᠨ ᠲᠣᠭᠯᠠᠯᠲᠠ᠂ ᠮᠣᠩᠭᠣᠯ ᠬᠤᠪᠴᠠᠰᠤ ᠵᠠᠰᠠᠯ᠎ᠤᠨ ᠭᠤᠢ᠌ᠲᠠ ᠰᠠᠢ᠌ᠬᠠᠨ ᠲᠣᠭᠯᠠᠯᠲᠠ ᠭᠡᠳ ᠠᠯᠢ᠎ᠨᠢ ᠴᠤ᠌ ᠭᠡᠰᠡᠨ ᠴᠥᠮ ᠰᠣᠶᠣᠯ ᠵᠢᠭᠣᠯᠴᠢᠯᠡᠯ᠎ᠤᠨ ᠠᠭᠤᠰᠤᠯᠴᠠᠯ᠎ᠤᠨ ᠰᠢᠨ᠎ᠡ ᠭᠢᠯᠠᠰ ᠴᠡᠭ ᠪᠣᠯᠤᠨ᠎ᠠ᠃ ᠥᠷᠭᠡᠨ ᠣᠯᠠᠨ ᠮᠠᠯᠴᠢᠨ ᠲᠠᠷᠢᠶᠠᠴᠢᠨ ᠪᠣᠯᠤᠨ ᠵᠤᠭ᠋ᠠᠴᠠᠭᠰᠠᠳ᠎ᠤᠨ ᠪᠥᠭᠡ ᠪᠠᠷᠢᠯᠳᠤᠬᠤ᠂ ᠮᠣᠷᠢ ᠣᠷᠣᠯᠳᠤᠬᠤ᠂ ᠰᠤᠷ ᠬᠠᠷᠪᠤᠬᠤ ᠵᠡᠷᠭᠡ 《ᠡᠷ᠎ᠡ ᠵᠢᠨ ᠭᠤᠷᠪᠠᠨ ᠨᠠᠭ᠋ᠠᠳᠤᠮ》᠎ᠨᠢ ᠮᠥᠨ ᠲᠣᠰ ᠬᠤᠭᠤᠴᠠᠭ᠋ᠠᠨ᠎ᠤ ᠵᠢᠭᠣᠯᠴᠢᠯᠡᠯ᠎ᠤᠨ ᠨᠠᠢ᠌ᠷ᠎ᠤᠨ ᠵᠠᠩᠭᠢᠯᠠᠭ᠎ᠠ ᠵᠢᠨ ᠲᠥᠷᠥᠯ ᠵᠦᠢ᠍ᠯ ᠪᠣᠯᠤᠨ᠎ᠠ᠃ ᠭᠤᠷᠪᠠ᠎ᠳᠤ᠂ ᠵᠢᠭᠣᠯᠴᠢᠯᠡᠯ᠎ᠤᠨ ᠣᠨᠴᠠᠯᠢᠭ ᠰᠢᠨᠵᠢ ᠢᠯᠭ᠋ᠠᠮᠠ ᠳᠣᠳᠣᠷᠬᠠᠢ᠃ ᠨᠠᠭ᠋ᠠᠳᠤᠮ᠎ᠤᠨ ᠬᠤᠷᠠᠯ᠎ᠨᠢ ᠲᠠᠯ᠎ᠠ ᠨᠤᠲᠤᠭ᠎ᠤᠨ ᠤᠯᠠᠮᠵᠢᠯᠠᠯᠲᠤ ᠪᠠᠶᠠᠷ ᠳᠤᠷᠠᠰᠬᠠᠯ᠎ᠤᠨ ᠡᠳᠦᠷ ᠪᠣᠯᠤᠭᠰᠠᠨ᠎ᠤ ᠬᠤᠪᠢ᠎ᠳᠤ᠂ ᠤᠯᠠᠮᠵᠢᠯᠠᠯ ᠪᠠ ᠰᠢᠨ᠎ᠡ ᠵᠢ ᠡᠭᠦᠳᠬᠦ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠡᠳᠦᠷ ᠪᠦᠷᠢ ᠵᠢᠨ ᠨᠠᠭ᠋ᠠᠳᠤᠮ᠎ᠤᠨ ᠬᠤᠷᠠᠯ ᠵᠶ᠋ᠠᠷ ᠳᠠᠮᠵᠢᠵᠣ᠂ ᠵᠤᠭ᠋ᠠᠴᠠᠭᠰᠠᠳ ᠣᠪᠣᠭ᠎ᠠ ᠳᠠᠬᠢᠬᠤ᠂ ᠮᠣᠩᠭᠣᠯ ᠭᠡᠷ ᠪᠠᠷᠢᠬᠤ᠂ ᠳᠡᠭᠡᠰᠦ ᠲᠠᠮᠤᠬᠤ ᠵᠡᠷᠭᠡ ᠠᠷᠠᠳ᠎ᠤᠨ ᠵᠠᠩ ᠦᠢ᠍ᠯᠡ ᠵᠢᠨ ᠠᠵᠢᠯᠯᠠᠭ᠎ᠠ ᠵᠢ ᠰᠣᠨᠢᠷᠬᠠᠬᠤ᠎ᠪᠠᠷ ᠪᠠᠷᠠᠬᠤ ᠥᠬᠡᠶ᠂ ᠮᠣᠩᠭᠣᠯ ᠬᠤᠪᠴᠠᠰᠤ ᠵᠠᠰᠠᠯ᠎ᠤᠨ ᠦᠵᠡᠭᠦᠯᠦᠯᠭᠡ ᠪᠠ ᠥᠪᠡᠷᠮᠢᠴᠡ ᠣᠨᠴᠠᠯᠢᠭ᠎ᠲᠠᠢ ᠠᠳᠤᠭᠤᠨ ᠰᠣᠶᠣᠯ᠎ᠤᠨ ᠦᠵᠡᠭᠦᠯᠦᠯᠭᠡ ᠵᠡᠷᠭᠡ ᠵᠢ ᠰᠣᠨᠢᠷᠬᠠᠵᠤ ᠪᠣᠯᠤᠨ᠎ᠠ; ᠰᠦ᠎ᠲᠠᠢ ᠴᠠᠢ ᠴᠢᠨᠠᠬᠣ᠂ ᠮᠢᠬ᠎ᠠ ᠴᠢᠨᠠᠬᠣ᠂ ᠴᠠᠭ᠋ᠠᠨ ᠢᠳᠡᠭᠡ ᠬᠢᠬᠦ ᠵᠡᠷᠭᠡ ᠵᠦᠢ᠍ᠯ ᠪᠦᠷᠢ ᠵᠢᠨ ᠠᠵᠢᠯᠯᠠᠭ᠎ᠠ᠎ᠳᠤ ᠣᠷᠣᠯᠴᠠᠭ᠋ᠠᠳ᠂ ᠦᠨᠢᠷ ᠪᠠᠶᠠᠯᠢᠭ ᠠᠭᠣᠯᠭ᠎ᠠ ᠪᠦᠬᠦᠢ ᠨᠠᠢ᠌ᠷ ᠨᠠᠭ᠋ᠠᠳᠣᠮ᠎ᠤᠨ ᠠᠭᠣᠷ ᠠᠮᠢᠰᠬᠣᠯ᠎ᠢ ᠠᠮᠲᠠᠷᠬᠠᠨ ᠰᠣᠨᠢᠷᠬᠠᠵᠣ ᠂ ᠪᠡᠶᠡᠴᠢᠯᠡᠨ ᠣᠶ᠋ᠢᠯᠠᠭ᠋ᠠᠵᠤ ᠪᠣᠯᠤᠨ᠎ᠠ᠃ ᠵᠢᠱ᠌ᠢᠯᠲᠡ᠎ᠪᠠᠷ 3 ᠡᠳᠦᠷ᠎ᠤᠨ ᠬᠤᠭᠤᠴᠠᠭ᠋ᠠᠨ᠎ᠳᠤ 10 ᠲᠦᠮᠡ ᠭᠠᠷᠤᠶ ᠬᠥᠮᠦᠨ ᠬᠣᠷᠠᠨ ᠴᠣᠭᠯᠠᠷᠠᠬᠣ ᠲᠦᠯᠦᠪᠳᠡᠢ᠃

ᠤᠷᠤᠯᠳᠤᠭ᠋ᠠᠨ᠎ᠤ ᠠᠬᠣᠢ ᠲᠠᠯᠠᠪᠠᠢ
ᠲᠣᠰ ᠬᠤᠭᠤᠴᠠᠭ᠋ᠠᠨ᠎ᠤ ᠨᠠᠭ᠋ᠠᠳᠤᠮ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠠᠴᠢᠶᠠᠯᠠᠪᠤᠷᠢ ᠪᠠᠶ᠋ᠢᠵᠤ᠂ ᠨᠢᠭᠡᠨᠲᠡ ᠤᠯᠤᠰ ᠤᠨ ᠳᠣᠲᠣᠭ᠋ᠠᠳᠤ ᠭᠠᠳᠠᠭ᠋ᠠᠳᠤ ᠵᠢᠨ ᠵᠢᠭᠤᠯᠴᠢᠯᠠᠭᠴᠢᠳ᠎ᠤᠨ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠢ ᠪᠥᠬᠥ ᠲᠠᠯ᠎ᠠ᠎ᠪᠠᠷ ᠣᠶ᠋ᠢᠯᠠᠭ᠋ᠠᠬᠤ᠂ ᠪᠡᠶᠡᠴᠢᠯᠡᠨ ᠣᠶ᠋ᠢᠯᠠᠭ᠋ᠠᠬᠤ ᠴᠣᠩᠬᠣ ᠪᠣᠯᠵᠠᠶ; 《ᠰᠦᠷᠯᠢᠭ ᠰᠠᠢ᠌ᠬᠠᠨ ᠥᠪᠥᠷ ᠮᠣᠩᠭᠣᠯ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ》᠎ᠢ ᠴᠣᠭᠴᠠᠯᠠᠭᠰᠠᠨ ᠰᠣᠶᠣᠯ ᠵᠢᠭᠣᠯᠴᠢᠯᠡᠯ᠎ᠤᠨ ᠴᠢᠬᠤᠯᠠ ᠲᠥᠷᠥᠯ ᠲᠡᠮᠳᠡᠭ ᠪᠣᠯᠤᠨ᠎ᠠ; ᠥᠪᠥᠷ ᠮᠣᠩᠭᠣᠯ᠎ᠢ ᠤᠯᠤᠰ ᠤᠨ ᠳᠣᠲᠣᠭ᠋ᠠᠳᠤ ᠭᠠᠳᠠᠭ᠋ᠠᠳᠤ ᠵᠢᠨ ᠨᠠᠷᠠᠲᠤ ᠵᠢᠭᠣᠯᠴᠢᠯᠡᠯ᠎ᠤᠨ ᠵᠣᠷᠢᠯᠳᠡ ᠵᠢᠨ ᠭᠠᠵᠠᠷ ᠪᠣᠯᠭ᠋ᠠᠨ ᠪᠦᠲᠦᠭᠡᠨ ᠪᠠᠶ᠋ᠢᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠳᠤ ᠬᠦᠴᠦᠨ ᠨᠡᠮᠡᠷᠢᠯᠡᠬᠦ᠂ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠡᠯᠭᠡᠯᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃