
2019 ᠣᠨ᠎ᠤ 5 ᠰᠠᠷ᠎ᠠ ᠵᠢᠨ 16᠎ᠤ ᠡᠳᠦᠷ᠎ᠠᠴᠠ 5 ᠰᠠᠷ᠎ᠠ ᠵᠢᠨ 18 ᠤ ᠡᠳᠦᠷ᠎ᠤᠨ ᠬᠤᠭᠤᠷᠤᠨᠳᠤ 《ᠠᠽᠢᠶ᠎ᠠ ᠲᠢᠪ᠎ᠤᠨ ᠰᠣᠶᠣᠯ ᠵᠢᠭᠤᠯᠴᠢᠯᠠᠯ᠎ᠤᠨ ᠦᠵᠡᠰᠭᠦᠯᠡᠩ》 ᠪᠡᠭᠡᠵᠢᠩ᠎ᠤᠨ ᠪᠦᠬᠦ ᠤᠯᠤᠰ᠎ᠤᠨ ᠲᠠᠷᠢᠶᠠᠯᠠᠩ᠎ᠤᠨ ᠦᠵᠡᠰᠭᠦᠯᠡᠩ᠎ᠤᠨ ᠣᠷᠳᠤᠨ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠲᠤᠰ ᠤᠳᠠᠭ᠋ᠠᠨ᠎ᠤ ᠦᠵᠡᠰᠭᠦᠯᠡᠩ᠎ᠢ ᠰᠣᠶᠣᠯ ᠪᠠ ᠵᠢᠭᠤᠯᠴᠢᠯᠠᠯ᠎ᠤᠨ ᠶᠠᠮᠤᠨ᠎ᠠᠴᠠ ᠭᠤᠤᠯᠯᠠᠨ ᠡᠷᠬᠢᠯᠡᠵᠦ᠂ ᠪᠡᠭᠡᠵᠢᠩ᠎ᠤᠨ ᠰᠢᠩ ᠯᠢᠦᠢ ᠤᠯᠠᠨ ᠤᠯᠤᠰ᠎ᠤᠨ ᠮᠡᠳᠡᠭᠡ ᠵᠠᠭᠤᠴᠢᠯᠠᠭᠤᠷ᠎ᠤᠨ ᠬᠢᠵᠠᠭ᠋ᠠᠷᠲᠤ ᠺᠤᠮᠫᠠᠨᠢ᠎ᠠᠴᠠ ᠳᠠᠭ᠋ᠠᠭ᠋ᠠᠴᠢᠯᠠᠨ ᠶᠠᠪᠤᠭᠳᠠᠭᠤᠯᠵᠠᠢ᠃ ᠦᠪᠡᠷᠲᠡᠭᠡᠨ ᠵᠠᠰᠠᠬᠤ ᠣᠷᠤᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠪᠦᠬᠦ ᠣᠷᠤᠨ᠎ᠤ 12 ᠠᠢ᠌ᠮᠠᠭ ᠬᠤᠲᠠ ᠵᠢᠨ ᠰᠣᠶᠣᠯ ᠵᠢᠭᠤᠯᠴᠢᠯᠠᠯ᠎ᠤᠨ ᠰᠠᠯᠠᠭ᠎ᠠ ᠮᠦᠴᠢᠷ᠂ 35 ᠰᠢᠯᠢᠳᠡᠭ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠢ ᠵᠤᠬᠢᠶᠠᠨ ᠪᠠᠢ᠌ᠭᠤᠯᠵᠤ ᠲᠤᠰ ᠤᠳᠠᠭ᠋ᠠᠨ᠎ᠤ ᠦᠵᠡᠰᠭᠦᠯᠡᠩᠳᠤ ᠣᠷᠤᠯᠴᠠᠭᠤᠯᠤᠭᠰᠠᠨ ᠮᠦᠷᠲᠡᠭᠡᠨ ᠦᠨᠳᠦᠰᠦᠲᠡᠨ᠎ᠤ ᠤᠨᠴᠠᠯᠢᠭ᠎ᠲᠠᠢ ᠤᠷᠠᠨ ᠰᠠᠢ᠌ᠬᠠᠨ᠎ᠤ ᠲᠤᠭᠯᠠᠯᠲᠠ ᠵᠢ ᠵᠤᠬᠢᠶᠠᠨ ᠪᠠᠢ᠌ᠭᠤᠯᠵᠤ ᠦᠵᠡᠰᠭᠦᠯᠡᠩ᠎ᠤᠨ ᠴᠤᠭᠯᠠᠭ᠋ᠠᠨ ᠳᠡᠭᠡᠷ᠎ᠡ ᠲᠤᠭᠯᠠᠭᠤᠯᠤᠭᠰᠠᠨᠨᠢ ᠦᠵᠡᠭᠴᠢᠳ᠎ᠤᠨ ᠠᠩᠬᠠᠷᠤᠯ᠎ᠢ ᠳᠠᠳᠠᠨ ᠰᠣᠨᠢᠷᠬᠠᠭᠤᠯᠵᠤ᠂ ᠬᠦᠮᠦᠰ ᠭᠡᠷᠡᠯ ᠵᠢᠷᠤᠭ ᠲᠠᠲᠠᠵᠤ ᠳᠤᠷᠠᠰᠬᠠᠯ ᠦᠯᠡᠳᠡᠭᠡᠵᠦ ᠪᠠᠢ᠌ᠭᠰᠠᠨ ᠪᠦᠭᠡᠳ ᠡᠯ᠎ᠡ ᠲᠦᠷᠦᠯ᠎ᠤᠨ ᠤᠬᠠᠭᠤᠯᠭ᠎ᠠ ᠵᠢᠨ ᠳᠡᠪᠲᠡᠷ᠎ᠢ 2000 ᠭᠠᠷᠤᠢ ᠬᠤᠪᠢ ᠲᠠᠷᠬᠠᠭ᠋ᠠᠪᠠ᠃
《ᠠᠽᠢᠶ᠎ᠠ ᠲᠢᠪ᠎ᠤᠨ ᠰᠣᠶᠣᠯ ᠵᠢᠭᠤᠯᠴᠢᠯᠠᠯ᠎ᠤᠨ ᠦᠵᠡᠰᠭᠦᠯᠡᠩ》 ᠪᠤᠯ 《ᠠᠽᠢᠶ᠎ᠠ ᠲᠢᠪ᠎ᠤᠨ ᠪᠤᠯᠪᠠᠰᠤᠨ ᠶᠠᠷᠢᠯᠴᠠᠭ᠎ᠠ ᠵᠢᠨ ᠶᠡᠬᠡ ᠬᠤᠷᠠᠯ》᠎ᠤᠨ ᠪᠦᠲᠦᠴᠡ ᠳᠤᠤᠷᠠᠬᠢ ᠴᠢᠬᠤᠯᠠ ᠪᠦᠷᠢᠯᠳᠦᠭᠦᠨ ᠬᠡᠰᠡᠭ ᠪᠤᠯᠤᠨ᠎ᠠ᠃ ᠠᠽᠢᠶ᠎ᠠ ᠲᠢᠪ᠎ᠤᠨ ᠪᠤᠯᠪᠠᠰᠣᠨᠤ ᠶᠠᠷᠢᠯᠴᠠᠭ᠎ᠠ ᠵᠢᠨ ᠣᠯᠠᠨ ᠡᠰᠢᠴᠢᠯᠡᠭᠰᠡᠨ ᠠᠷᠭ᠎ᠠ ᠵᠠᠮ ᠵᠢ ᠪᠦᠲᠦᠭᠡᠨ ᠪᠠᠢ᠌ᠭᠤᠯᠬᠤ᠎ᠪᠠᠷ ᠳᠠᠮᠵᠢᠭᠤᠯᠵᠤ᠂ ᠳᠡᠯᠡᠬᠡᠢ ᠳ᠋ᠠᠬᠢᠨ᠎ᠳᠤ ᠴᠣ᠋ ᠰᠢᠨ᠎ᠡ᠂ ᠪᠦᠷᠢᠨ ᠪᠦᠲᠦᠨ ᠠᠽᠢᠶ᠎ᠠ ᠲᠢᠪ᠎ᠤᠨ ᠪᠤᠯᠪᠠᠰᠤᠨ᠂ ᠰᠣᠶᠣᠯ ᠪᠠ ᠵᠢᠭᠤᠯᠴᠢᠯᠠᠯ᠎ᠤᠨ ᠲᠦᠷᠢ ᠲᠦᠷᠬᠦ ᠵᠢ ᠳᠡᠯᠭᠡᠨ ᠦᠵᠡᠭᠦᠯᠵᠦ᠂ ᠶᠡᠬᠡ ᠬᠤᠷᠠᠯ᠎ᠤᠨ ᠠᠵᠤ ᠦᠢ᠍ᠯᠡᠰ᠎ᠤᠨ ᠳᠠᠪᠬᠤᠷᠭ᠎ᠠ ᠵᠢᠨ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠠᠬᠢᠭᠤᠯᠤᠨ᠎ᠠ᠃
ᠶᠠᠮᠤᠨ᠎ᠤ ᠳᠠᠷᠤᠭ᠎ᠠ ᠯᠦᠸᠸ ᠱᠦ᠍ ᠭᠠᠩ ᠣᠷᠳᠤᠨ᠎ᠤ ᠨᠡᠭᠡᠭᠡᠯᠲᠡ ᠵᠢᠨ ᠶᠣᠰᠤᠯᠠᠯ ᠳᠡᠭᠡᠷ᠎ᠡ 《ᠠᠽᠢᠶ᠎ᠠ ᠲᠢᠪ᠎ᠤᠨ ᠰᠣᠶᠣᠯ ᠵᠢᠭᠤᠯᠴᠢᠯᠠᠯ᠎ᠤᠨ ᠦᠵᠡᠰᠭᠦᠯᠡᠩ》 ᠰᠢ ᠵᠢᠨ ᠫᠢᠩ ᠲᠡᠷᠢᠭᠦᠯᠡᠭᠴᠢ ᠵᠢᠨ ᠠᠽᠢᠶ᠎ᠠ ᠲᠢᠪ᠎ᠤᠨ ᠡᠯ᠎ᠡ ᠤᠯᠤᠰ᠎ᠤᠨ ᠪᠤᠯᠪᠠᠰᠤᠨ᠎ᠤ ᠶᠠᠷᠢᠯᠴᠠᠭ᠎ᠠ ᠵᠢᠨ ᠲᠤᠬᠠᠢ ᠰᠠᠨᠠᠭ᠋ᠠᠴᠢᠯᠠᠭ᠎ᠠ ᠵᠢ ᠴᠢᠩᠭ᠋ᠠᠳᠬᠠᠵᠤ᠂ ᠲᠤᠮᠳᠠᠲᠤ ᠤᠯᠤᠰ ᠪᠠ ᠠᠽᠢᠶ᠎ᠠ ᠲᠢᠪ᠎ᠤᠨ ᠡᠯ᠎ᠡ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠬᠦᠭᠵᠢᠯᠲᠡ ᠵᠢᠨ ᠬᠠᠮᠤᠭ᠎ᠤᠨ ᠰᠢᠨ᠎ᠡ ᠦᠷ᠎ᠡ ᠪᠦᠲᠦᠮᠵᠢ ᠵᠢ ᠲᠡᠯᠭᠡᠨ ᠦᠵᠡᠭᠦᠯᠵᠦ᠂ ᠦᠵᠡᠭᠴᠢᠳ᠎ᠲᠤ ᠠᠽᠢᠶ᠎ᠠ ᠲᠢᠪ᠎ᠤᠨ ᠰᠣᠶᠣᠯ ᠪᠠ ᠵᠢᠭᠤᠯᠴᠢᠯᠠᠯ᠎ᠤᠨ ᠳᠠᠳᠠᠬᠤ ᠬᠦᠴᠦᠨ᠎ᠢ ᠨᠡᠩ ᠭᠦᠨᠵᠡᠭᠡᠢ ᠣᠢ᠌ᠯᠠᠭ᠋ᠠᠭᠤᠯᠵᠤ᠂ ᠰᠣᠶᠣᠯ ᠪᠠ ᠵᠢᠭᠤᠯᠴᠢᠯᠠᠯ᠎ᠤᠨ ᠲᠤᠰᠬᠠᠢ ᠮᠡᠷᠭᠡᠵᠢᠯ᠎ᠤᠨ ᠬᠦᠮᠦᠰ᠎ᠲᠤ ᠳᠠᠪᠴᠠᠩ ᠪᠠᠢ᠌ᠭᠤᠯᠤᠨ ᠦᠭᠴᠦ᠂ ᠲᠡᠳᠡ ᠨᠡᠷ᠎ᠤᠨ ᠠᠽᠢᠶ᠎ᠠ ᠲᠢᠪ᠎ᠤᠨ ᠡᠯ᠎ᠡ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠭᠤᠤᠯᠯᠠᠬᠤ ᠡᠬᠢ ᠪᠠᠶᠠᠯᠢᠭ ᠪᠠ ᠠᠵᠤ ᠦᠢ᠍ᠯᠡᠰ᠎ᠤᠨ ᠬᠠᠨᠳᠤᠰᠢ ᠵᠢ ᠨᠡᠩ ᠬᠦᠨᠵᠡᠭᠡᠢ ᠣᠢ᠌ᠯᠠᠭ᠋ᠠᠭᠤᠯᠵᠤ᠂ ᠣᠯᠠᠨ ᠣᠯᠣᠰ᠎ᠤᠨ ᠠᠵᠢᠯ ᠦᠢ᠍ᠯᠡᠰ᠎ᠤᠨ ᠬᠠᠮᠲᠤᠷᠠᠯᠴᠠᠭ᠎ᠠ ᠵᠢ ᠠᠬᠢᠭᠤᠯᠤᠨ᠂ ᠠᠽᠢᠶ᠎ᠠ ᠲᠢᠪ᠎ᠤᠨ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠨᠡᠩ ᠭᠦᠨᠵᠡᠭᠡᠢ ᠳᠠᠪᠬᠤᠷᠭ᠎ᠠ᠂ ᠨᠡᠩ ᠦᠷᠭᠡᠨ ᠬᠦᠷᠢᠶ᠎ᠡ ᠴᠠᠷᠠᠭ᠋ᠠᠨ᠎ᠳᠤ᠎ᠬᠢ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠲᠦᠯᠬᠢᠨ ᠠᠬᠢᠭᠤᠯᠵᠤ᠂ ᠠᠽᠢᠶ᠎ᠠ ᠲᠢᠪ᠎ᠤᠨ ᠡᠯ᠎ᠡ ᠤᠯᠤᠰ᠎ᠤᠨ ᠨᠦᠬᠦᠷᠰᠡᠭ ᠬᠠᠷᠢᠴᠠᠭ᠎ᠠ ᠵᠢ ᠨᠢᠭᠲᠠᠷᠠᠭᠤᠯᠬᠤ᠎ᠳᠤ ᠪᠠᠢ᠌ᠨ᠎ᠠ ᠭᠡᠵᠡᠢ᠃
ᠦᠪᠡᠷᠲᠡᠭᠡᠨ ᠵᠠᠰᠠᠬᠤ ᠣᠷᠤᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠲᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠢᠤᠢ ᡁᠢ ᠭᠦᠸᠸ ᠲᠤᠰ ᠤᠳᠠᠭ᠋ᠠᠨ᠎ᠤ ᠦᠵᠡᠰᠭᠦᠯᠡᠩ᠎ᠤᠨ ᠣᠷᠳᠤᠨ᠎ᠤ ᠨᠡᠭᠡᠭᠡᠯᠲᠡ ᠵᠢᠨ ᠶᠣᠰᠣᠯᠠᠯ᠎ᠳᠤ ᠣᠷᠤᠯᠴᠠᠵᠤ᠂ ᠦᠪᠦᠷ ᠮᠤᠩᠭᠤᠯ᠎ᠤᠨ ᠭᠤᠤᠯ ᠰᠡᠳᠦᠪᠲᠦ ᠦᠵᠡᠰᠭᠦᠯᠡᠩ᠎ᠤᠨ ᠠᠬᠤᠢ ᠲᠠᠯᠠᠪᠠᠢ ᠵᠢ ᠲᠤᠭᠤᠷᠢᠨ ᠦᠵᠡᠭᠰᠡᠨ ᠪᠦᠭᠡᠳ ᠳᠤᠮᠳᠠᠲᠤ ᠤᠯᠤᠰ᠎ᠤᠨ ᠵᠢᠭᠤᠯᠴᠢᠯᠠᠯ᠎ᠤᠨ ᠰᠣᠨᠢᠨ᠎ᠤ ᠲᠤᠰᠬᠠᠢ ᠰᠣᠷᠪᠤᠯᠵᠢᠯᠠᠭ᠎ᠠ ᠪᠠ ᠦᠪᠦᠷ ᠮᠤᠩᠭᠤᠯ᠎ᠤᠨ ᠷᠠᠳᠢᠣ᠋ ᠲᠸᠯᠸᠢᠰ ᠬᠤᠷᠢᠶ᠎ᠠ᠂ ᠦᠪᠦᠷ ᠮᠤᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ ᠵᠢᠨ ᠰᠣᠷᠪᠤᠯᠵᠢᠯᠠᠭ᠎ᠠ ᠵᠢ ᠬᠦᠯᠢᠶᠡᠪᠡ᠃ ᠢᠤᠢ ᡁᠢ ᠭᠦᠸᠸ ᠲᠢᠩᠬᠢᠮ᠎ᠤᠨ ᠳᠡᠳ᠋ ᠳᠠᠷᠤᠭ᠎ᠠ᠎ᠠᠴᠠ᠄ 《ᠲᠤᠰ ᠤᠳᠠᠭ᠋ᠠᠨ᠎ᠤ ᠦᠵᠡᠰᠭᠦᠯᠡᠩᠳᠤ ᠰᠢᠯᠢᠳᠡᠭ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠢ ᠵᠤᠬᠢᠶᠠᠨ ᠪᠠᠢ᠌ᠭᠤᠯᠵᠤ᠂ ᠰᠢᠯᠢᠳᠡᠭ ᠦᠨᠳᠦᠰᠦᠲᠡᠨ᠎ᠤ ᠳᠠᠭᠤᠤ ᠪᠦᠵᠢᠭ᠎ᠤᠨ ᠲᠤᠭᠯᠠᠭᠴᠢᠳᠢ ᠤᠷᠢᠵᠤ᠂ ᠭᠠᠳᠠᠭ᠋ᠠᠳᠤ᠎ᠳᠤ 〈ᠰᠦᠷᠯᠢᠭ ᠰᠠᠢ᠌ᠬᠠᠨ ᠦᠪᠦᠷ ᠮᠤᠩᠭᠤᠯ ᠦᠵᠡᠰᠭᠦᠯᠡᠩᠲᠦ ᠰᠠᠢ᠌ᠬᠠᠨ ᠦᠵᠡᠮᠵᠢ ᠵᠢᠨ ᠱᠤᠭᠤᠮ〉᠎ᠤᠨ ᠣᠨᠴᠠᠭ᠋ᠠᠢ ᠳᠠᠳᠠᠬᠤ ᠬᠦᠴᠦᠨ ᠪᠠ ᠦᠪᠡᠷᠲᠡᠭᠡᠨ ᠵᠠᠰᠠᠬᠤ ᠣᠷᠤᠨ᠎ᠤ ᠰᠣᠶᠣᠯ ᠪᠠ ᠵᠢᠭᠤᠯᠴᠢᠯᠠᠯ᠎ᠤᠨ ᠬᠠᠮᠤᠭ᠎ᠤᠨ ᠰᠢᠨ᠎ᠡ ᠦᠷ᠎ᠡ ᠪᠦᠲᠦᠮᠵᠢ ᠵᠢ ᠭᠦᠢ᠍ᠴᠡᠳ ᠲᠡᠯᠭᠡᠨ ᠦᠵᠡᠭᠦᠯᠵᠦ᠂ ᠵᠢᠭᠤᠯᠴᠢᠯᠠᠭᠴᠢᠳ᠎ᠤᠨ ᠢᠷᠡᠯᠲᠡ ᠵᠢᠨ ᠵᠠᠬ᠎ᠠ ᠲᠡᠯᠭᠡᠭᠦᠷ᠎ᠢ ᠤᠯᠠᠮ ᠨᠢᠭᠡ ᠠᠯᠬᠤᠮ ᠪᠠᠲᠤᠵᠢᠭᠤᠯᠵᠤ᠂ ᠰᠣᠶᠣᠯ ᠪᠠ ᠵᠢᠭᠤᠯᠴᠢᠯᠠᠯ᠎ᠤᠨ ᠳᠠᠳᠠᠬᠤ ᠬᠦᠴᠦᠨ᠎ᠢ ᠳᠡᠭᠡᠭᠰᠢᠯᠡᠭᠦᠯᠵᠦ᠂ ᠰᠣᠶᠣᠯ ᠪᠠ ᠵᠢᠭᠤᠯᠴᠢᠯᠠᠯ᠎ᠤᠨ ᠨᠡᠷᠡᠲᠦ ᠳᠡᠮᠳᠡᠭ᠎ᠤᠨ ᠨᠦᠯᠦᠭᠡᠯᠡᠬᠦ ᠬᠦᠴᠦᠨ᠎ᠢ ᠦᠷᠭᠡᠳᠭᠡᠵᠦ᠂ ᠰᠣᠶᠣᠯ ᠪᠠ ᠵᠢᠭᠤᠯᠴᠢᠯᠠᠯ᠎ᠤᠨ ᠰᠣᠯᠢᠯᠴᠠᠭ᠎ᠠ ᠬᠠᠮᠲᠤᠷᠠᠯᠴᠠᠭ᠎ᠠ᠂ ᠲᠤᠯᠢᠳᠠᠯ᠎ᠢ ᠴᠢᠩᠭ᠋ᠠᠳᠬᠠᠵᠤ᠂ ᠰᠣᠶᠣᠯ ᠪᠠ ᠵᠢᠭᠤᠯᠴᠢᠯᠠᠯ᠎ᠤᠨ ᠪᠦᠲᠦᠭᠡᠭᠳᠡᠭᠦᠨ᠎ᠤ ᠰᠢᠨ᠎ᠡ ᠵᠢ ᠡᠭᠦᠳᠬᠦ ᠪᠠ ᠴᠢᠨᠠᠷ ᠴᠢᠨᠰᠠᠭ᠎ᠠ ᠰᠠᠢ᠌ᠲᠠᠢ᠎ᠪᠠᠷ ᠬᠦᠭᠵᠢᠬᠦ ᠵᠢ ᠲᠦᠯᠬᠢᠨ ᠠᠬᠢᠭᠤᠯᠤᠨ᠎ᠠ》 ᠭᠡᠵᠡᠢ᠃
ᠲᠤᠰ ᠤᠳᠠᠭ᠋ᠠᠨ᠎ᠤ ᠦᠵᠡᠰᠭᠦᠯᠡᠩ᠎ᠤᠨ ᠬᠤᠷᠠᠯ ᠳᠡᠭᠡᠷ᠎ᠡ᠂ ᠦᠪᠦᠷ ᠮᠤᠩᠭᠤᠯ᠎ᠤᠨ ᠦᠵᠡᠭᠦᠯᠦᠯᠭᠡ ᠵᠢᠨ ᠲᠠᠯᠠᠪᠠᠢ ᠦᠪᠡᠷᠮᠢᠴᠡ ᠰᠠᠢ᠌ᠬᠠᠨ ᠲᠦᠷᠰᠦ᠎ᠲᠠᠢ᠂ ᠭᠠᠵᠠᠷ ᠣᠷᠤᠨ᠎ᠤ ᠣᠴᠠᠯᠢᠭ᠎ᠲᠠᠢ ᠪᠠᠢ᠌ᠵᠤ᠂ ᠡᠯᠪᠡᠭ ᠪᠠᠶᠠᠯᠢᠭ ᠣᠯᠠᠨ ᠡᠰᠢᠴᠢᠯᠡᠭᠰᠡᠨ ᠮᠤᠩᠭᠤᠯ ᠦᠨᠳᠦᠰᠦᠲᠡᠨ᠎ᠤ ᠤᠯᠠᠮᠵᠢᠯᠠᠯᠲᠤ ᠰᠣᠶᠣᠯ᠎ᠢ ᠳᠡᠯᠭᠡᠨ ᠦᠵᠡᠭᠦᠯᠪᠡ᠃ ᠦᠵᠡᠭᠦᠯᠦᠯᠭᠡ ᠵᠢᠨ ᠲᠠᠯᠠᠪᠠᠢ᠎ᠳᠤ ᠬᠦᠬᠡᠬᠤᠲᠠ᠂ ᠪᠤᠭᠤᠲᠤ᠂ ᠤᠯᠠᠭ᠋ᠠᠨᠴᠠᠪ᠂ ᠰᠢᠯᠢ ᠵᠢᠨ ᠭᠤᠤᠯ᠂ ᠪᠠᠶᠠᠨᠨᠠᠭᠤᠷ ᠵᠡᠷᠭᠡ ᠤᠯᠠᠨ ᠭᠠᠵᠠᠷ᠎ᠤᠨ ᠵᠢᠭᠤᠯᠴᠢᠯᠠᠯ᠎ᠤᠨ ᠦᠵᠡᠮᠵᠢ ᠵᠢᠨ ᠤᠷᠤᠨ᠂ ᠰᠣᠶᠣᠯ ᠵᠢᠭᠤᠯᠴᠢᠯᠠᠯ᠎ᠤᠨ ᠲᠠᠸᠠᠷ ᠪᠠ ᠳᠤᠷᠠᠰᠬᠠᠯ᠎ᠤᠨ ᠪᠤᠳᠠᠰ ᠲᠦᠰᠦᠪᠯᠡᠬᠦ ᠪᠠᠢ᠌ᠭᠤᠯᠤᠮᠵᠢ᠂ ᠢᠳᠡᠭᠡᠨ᠎ᠤ ᠵᠦᠢ᠍ᠯ᠎ᠢ ᠦᠢ᠍ᠯᠡᠳᠪᠦᠷᠢᠯᠡᠨ ᠪᠤᠷᠤᠯᠠᠭᠤᠯᠬᠤ ᠬᠤᠳᠠᠯᠳᠤᠭ᠋ᠠᠴᠢᠨ ᠵᠡᠷᠭᠡ 35 ᠰᠢᠯᠢᠳᠡᠭ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠂ 200 ᠭᠠᠷᠤᠢ ᠵᠦᠢ᠍ᠯ᠎ᠤᠨ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠢ ᠴᠤᠭᠯᠠᠷᠠᠭᠤᠯᠪᠠ᠃ ᠦᠵᠡᠰᠭᠦᠯᠡᠩ᠎ᠤᠨ ᠬᠤᠷᠠᠯ᠎ᠤᠨ ᠠᠬᠤᠢ ᠲᠠᠯᠠᠪᠠᠢ᠎ᠳᠤ᠂ ᠪᠦᠬᠦᠳᠡᠭᠡᠷ ᠲᠤᠰ ᠤᠳᠠᠭ᠋ᠠᠨ᠎ᠤ ᠰᠣᠶᠣᠯ ᠵᠢᠭᠤᠯᠴᠢᠯᠠᠯ᠎ᠤᠨ ᠦᠪᠡᠳᠡᠭᠰᠢ ᠲᠠᠢ᠌ᠯᠠᠯᠭᠠᠳᠤ ᠰᠣᠭᠲᠤᠭᠤᠷᠠᠵᠤ᠂ ᠦᠪᠦᠷ ᠮᠤᠩᠭᠤᠯ᠎ᠤᠨ ᠰᠢᠯᠢᠳᠡᠭ ᠦᠨᠳᠦᠰᠦᠲᠡᠨ᠎ᠤ ᠳᠠᠭᠤᠤ ᠪᠦᠵᠢᠭ᠎ᠤᠨ ᠲᠤᠭᠯᠠᠯᠲᠠ ᠪᠠ ᠮᠤᠷᠢᠨ ᠬᠤᠭᠤᠷ᠎ᠤᠨ ᠬᠦᠭᠵᠢᠮ᠎ᠤᠨ ᠳᠠᠳᠠᠬᠤ ᠬᠦᠴᠦᠨ᠎ᠨᠢ ᠡᠯ᠎ᠡ ᠲᠠᠯ᠎ᠠ ᠵᠢᠨ ᠮᠠᠭᠲᠠᠭ᠋ᠠᠯ ᠰᠠᠢ᠌ᠰᠢᠶᠠᠯ᠎ᠢ ᠤᠯᠵᠤ᠂ ᠮᠤᠩᠭᠤᠯ ᠦᠨᠳᠦᠰᠦᠲᠡᠨ᠎ᠤ ᠰᠣᠶᠣᠯ ᠵᠢᠭᠤᠯᠴᠢᠯᠠᠯ᠎ᠤᠨ ᠡᠯ᠎ᠡ ᠲᠦᠷᠦᠯ᠎ᠤᠨ ᠲᠠᠸᠠᠷ ᠪᠠ ᠢᠳᠡᠭᠡᠨ᠎ᠨᠢ ᠡᠯ᠎ᠡ ᠭᠠᠵᠠᠷ᠎ᠠᠴᠠ ᠬᠦᠷᠦᠯᠴᠡᠨ ᠢᠷᠡᠭᠰᠡᠨ ᠵᠤᠴᠢᠳ᠎ᠢ ᠬᠠᠯᠠᠭᠤᠨ ᠵᠶ᠋ᠠᠷ ᠤᠭᠲᠤᠵᠤ᠂ ᠤᠯᠤᠰ᠎ᠤᠨ ᠲᠤᠳᠤᠭ᠋ᠠᠲᠤ ᠭᠠᠳᠠᠭ᠋ᠠᠳᠤ ᠵᠢᠨ 20000 ᠭᠠᠷᠤᠢ ᠵᠢᠭᠤᠯᠴᠢᠯᠠᠭᠴᠢᠳ᠎ᠤᠨ ᠠᠩᠬᠠᠷᠤᠯ᠎ᠢ ᠲᠠᠳᠠᠵᠠᠢ᠃
ᠲᠤᠰ ᠤᠳᠠᠭ᠋ᠠᠨ᠎ᠤ ᠦᠵᠡᠰᠭᠦᠯᠡᠩ ᠪᠠᠰᠠ ᠰᠣᠶᠣᠯ ᠪᠠ ᠵᠢᠭᠤᠯᠴᠢᠯᠠᠯ᠎ᠤᠨ ᠲᠤᠰᠬᠠᠢ ᠰᠡᠳᠦᠪᠲᠦ ᠦᠵᠡᠭᠦᠯᠦᠯᠭᠡ᠂ ᠰᠣᠶᠣᠯ᠎ᠤᠨ ᠲᠤᠭᠯᠠᠯᠲᠠ᠂ ᠵᠢᠭᠤᠯᠴᠢᠯᠠᠯ᠎ᠤᠨ ᠬᠤᠳᠠᠯᠳᠤᠭ᠋ᠠᠴᠢᠳ᠎ᠤᠨ ᠶᠡᠬᠡ ᠬᠤᠷᠠᠯ᠂ ᠰᠣᠶᠣᠯ ᠵᠢᠭᠤᠯᠴᠢᠯᠠᠯ᠎ᠤᠨ ᠪᠦᠲᠦᠭᠡᠭᠲᠡᠭᠦᠨ᠎ᠤ ᠶᠠᠷᠢᠯᠴᠠᠭ᠎ᠠ᠂ ᠳᠡᠯᠡᠬᠡᠢ ᠵᠢᠨ ᠰᠣᠶᠣᠯ᠎ᠤᠨ ᠦᠪ᠎ᠤᠨ ᠭᠡᠷᠡᠯ ᠵᠢᠷᠤᠭ᠎ᠤᠨ ᠲᠡᠯᠭᠡᠨ ᠦᠵᠡᠭᠦᠯᠦᠯᠭᠡ᠂ ᠡᠵᠡᠨ ᠵᠤᠴᠢᠨ ᠤᠯᠤᠰ ᠵᠢᠴᠢ ᠭᠤᠤᠯ ᠰᠡᠳᠦᠪᠲᠦ ᠬᠤᠲᠠ ᠵᠢ ᠲᠠᠨᠢᠯᠴᠠᠭᠤᠯᠬᠤ ᠵᠡᠷᠭᠡ ᠭᠡᠯᠪᠡᠷᠢ᠎ᠪᠠᠷ ᠳᠠᠮᠵᠢᠭᠤᠯᠵᠤ᠂ ᠳᠤᠮᠲᠠᠲᠤ ᠤᠯᠤᠰ ᠪᠠ ᠠᠽᠢᠶ᠎ᠠ ᠲᠢᠪ᠎ᠤᠨ ᠡᠯ᠎ᠡ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠬᠦᠭᠵᠢᠯᠲᠡ ᠵᠢᠨ ᠰᠢᠨ᠎ᠡ ᠦᠷ᠎ᠡ ᠪᠦᠲᠦᠮᠵᠢ ᠵᠢ ᠲᠡᠯᠭᠡᠨ ᠦᠵᠡᠭᠦᠯᠵᠦ᠂ ᠤᠯᠤᠰ᠎ᠤᠨ ᠲᠤᠳᠤᠭ᠋ᠠᠲᠤ ᠭᠠᠳᠠᠭ᠋ᠠᠲᠤ ᠵᠢᠨ ᠪᠤᠳᠠᠲᠤ ᠬᠦᠴᠦᠨ᠎ᠲᠠᠢ ᠬᠤᠳᠠᠯᠳᠤᠨ ᠠᠪᠤᠭᠴᠢ ᠪᠠ ᠬᠤᠳᠠᠯᠳᠤᠭᠴᠢ ᠵᠢᠨ ᠠᠩᠬᠠᠷᠤᠯ᠎ᠢ ᠲᠠᠳᠠᠵᠤ ᠬᠤᠷᠠᠯ ᠪᠠ ᠳᠡᠯᠭᠡᠨ ᠦᠵᠡᠭᠦᠯᠭᠡ᠎ᠳᠤ ᠣᠷᠤᠯᠴᠠᠭᠤᠯᠵᠤ᠂ ᠦᠵᠡᠭᠦᠯᠦᠯᠭᠡ ᠵᠢᠨ ᠠᠭᠤᠯᠭ᠎ᠠ ᠪᠠᠶᠠᠯᠢᠭ᠂ ᠰᠣᠶᠣᠯ ᠵᠢᠭᠤᠯᠴᠢᠯᠠᠯ ᠨᠢᠭᠲᠠ ᠤᠶᠠᠯᠳᠤᠵᠤ᠂ ᠳᠤᠮᠳᠠᠲᠤ ᠵᠢᠨ ᠰᠣᠶᠣᠯ ᠪᠠ ᠠᠽᠢᠶ᠎ᠠ ᠲᠢᠪ᠎ᠤᠨ ᠪᠣᠰᠤᠳ ᠤᠯᠤᠰ᠎ᠤᠨ ᠰᠣᠶᠣᠯ᠎ᠤᠨ ᠰᠣᠯᠢᠯᠴᠠᠭ᠎ᠠ ᠵᠢᠨ ᠲᠤᠯᠢᠳᠠᠯ᠎ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠳᠤᠮᠲᠠᠲᠤ ᠤᠯᠤᠰ ᠪᠠ ᠠᠽᠢᠶ᠎ᠠ ᠲᠢᠪ᠎ᠤᠨ ᠤᠯᠤᠰ᠎ᠤᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠤᠶᠠᠯᠳᠤᠨ ᠬᠦᠭᠵᠢᠬᠦ ᠵᠢ ᠠᠬᠢᠭᠤᠯᠪᠠ᠃