ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠣᠯᠴᠢᠯᠡᠯ᠎ᠤᠨ ᠲᠢᠩᠬᠢᠮ 《ᠤᠭ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠤᠨ ᠤᠳᠤᠷᠢᠳᠬᠤ ᠳᠤᠭᠤᠢ᠍ᠯᠠᠩ᠎ᠤᠨ 3 ᠳ᠋ᠤᠭ᠋ᠠᠷ ᠤᠳᠠᠭ᠎ᠠ ᠵᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2019-08-23

   7 ᠳ᠋ᠤᠭ᠋ᠠᠷ ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠤᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠭᠤᠷᠪᠠᠳᠤᠭ᠋ᠠᠷ ᠤᠳᠠᠭ᠎ᠠ ᠵᠢᠨ ᠬᠤᠷᠠᠯ ᠬᠤᠷᠠᠯᠳᠤᠭᠤᠯᠪᠠ᠂ ᠬᠤᠷᠠᠯ᠎ᠠᠴᠠ ᠱᠠᠭ᠋ᠠᠷᠳᠠᠭᠰᠠᠨ᠎ᠨᠢ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠢ᠍ᠳᠠᠪᠤᠷᠢᠵᠢᠭᠤᠯᠬᠤ᠂ 《ᠤᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠢ ᠥᠷᠨᠢᠭᠦᠯᠬᠦ᠎ᠪᠠᠷ ᠣᠳᠣᠬᠠᠨ᠎ᠤ ᠠᠵᠢᠯ ᠵᠶ᠋ᠠᠨ ᠪᠣᠯᠭ᠋ᠠᠵᠤ᠂ ᠠᠵᠢᠯ ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ ᠲᠤᠰᠬᠠᠶ ᠴᠡᠭᠴᠡᠯᠡᠨ ᠵᠠᠰᠠᠬᠤ ᠵᠢ ᠭᠦᠨᠵᠡᠭᠡᠶ ᠥᠷᠨᠢᠭᠦᠯᠵᠦ᠂ ᠠᠰᠠᠭᠤᠳᠠᠯ᠎ᠢ ᠪᠠᠢ᠍ᠴᠠᠭ᠋ᠠᠨ ᠦᠵᠡᠬᠦ᠂ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠠᠳᠬᠤᠬᠤ ᠬᠡᠷᠡᠭᠲᠡᠶ ᠭᠡᠵᠡᠶ᠃
    ᠬᠤᠷᠠᠯ ᠳᠡᠭᠡᠷ᠎ᠡ᠂ ᠲᠢᠩᠬᠢᠮ᠎ᠤᠨ ᠤᠳᠤᠷᠢᠳᠤᠯᠭ᠎ᠠ ᠲᠦᠷᠦᠭᠦᠯᠡᠨ ᠠᠰᠠᠭᠤᠳᠠᠯ᠎ᠢ ᠪᠠᠢ᠌ᠴᠠᠭ᠋ᠠᠨ ᠦᠵᠡᠵᠦ᠂   ᠠᠰᠠᠭᠤᠳᠠᠯ᠎ᠤᠨ ᠦᠨᠳᠦᠰᠦ ᠰᠤᠷᠪᠤᠯᠵᠢ᠎ᠨᠢ ᠬᠠᠮᠢᠭ᠎ᠠ ᠪᠠᠢ᠌ᠬᠣ ᠵᠢ ᠭᠦᠨᠵᠡᠭᠡᠢ ᠵᠠᠳᠠᠯᠵᠣ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠲᠠᠢ ᠬᠠᠷᠭᠤᠭᠤᠯᠵᠤ᠂ ᠲᠥᠪ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠎ᠲᠠᠢ ᠬᠠᠷᠭᠤᠭᠤᠯᠵᠤ᠂ ᠨᠠᠮ᠎ᠤᠨ ᠳᠦᠷᠢᠮ ᠲᠣᠭᠳᠠᠭ᠋ᠠᠯ᠎ᠤᠨ ᠪᠠᠷᠢᠮᠵᠢᠶ᠎ᠠ ᠎ᠲᠠᠢ ᠬᠠᠷᠭᠤᠭᠤᠯᠵᠤ᠂ ᠠᠷᠠᠳ ᠣᠯᠠᠨ᠎ᠤ ᠰᠢᠨ᠎ᠡ ᠬᠦᠰᠡᠯ ᠡᠷᠡᠮᠡᠯᠵᠡᠯ᠎ᠲᠠᠢ ᠬᠠᠷᠭᠤᠭᠤᠯᠵᠤ᠂ ᠰᠣᠷᠣᠯᠴᠠᠯᠭ᠎ᠠ ᠵᠢᠨ ᠦᠷ᠎ᠡ ᠪᠦᠲᠦᠮᠵᠢ᠂ ᠭᠤᠷᠪᠠᠨ ᠶᠡᠬᠡ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠂ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠬᠥᠭᠵᠢᠯᠲᠡ᠂ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠠᠰᠢᠭᠯᠠᠬᠤ᠂ ᠰᠣᠶᠣᠯ   ᠵᠢᠭᠣᠯᠴᠢᠯᠡᠯ᠎ᠤᠨ   ᠴᠢᠨᠠᠷᠯᠢᠭ ᠬᠥᠭᠵᠢᠯᠲᠡ ᠵᠡᠷᠭᠡ ᠣᠯᠠᠨ ᠲᠠᠯ᠎ᠠ᠎ᠠᠴᠠ ᠠᠰᠠᠭᠤᠳᠠᠯ᠎ᠢ ᠡᠷᠢᠵᠦ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭ᠋ᠠᠵᠤ᠂   ᠠᠰᠠᠭᠤᠳᠠᠯ᠎ᠢ ᠲᠡᠷᠢᠭᠦᠯᠡᠨ ᠰᠢᠢ᠍ᠳᠪᠦᠷᠢᠯᠡᠵᠣ᠂ ᠬᠦᠴᠢᠷ ᠠᠰᠠᠭᠤᠳᠠᠯ᠎ᠢ   ᠰᠢᠪᠳᠣᠯᠣᠨ᠂ ᠭᠣᠤᠯ ᠰᠡᠳᠦᠪᠲᠦ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠠᠬᠢᠭᠤᠯᠪᠠ᠃ ᠡᠯ᠎ᠡ ᠭᠠᠵᠠᠷ᠂   ᠲᠠᠰᠣᠭ ᠬᠡᠯᠲᠡᠰ ᠪᠣᠯᠤᠨ ᠰᠢᠭᠤᠳ ᠬᠠᠷᠢᠶ᠎ᠠ ᠨᠢᠭᠡᠴᠡ ᠵᠢᠨ ᠬᠠᠷᠢᠭᠤᠴᠠᠯᠭ᠋ᠠᠲᠠᠨ ᠴᠤ᠌ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠠᠴᠠ᠎ᠪᠠᠨ ᠡᠭᠦᠰᠴᠦ᠂ ᠭᠣᠤᠯ ᠰᠡᠳᠦᠪᠲᠦ ᠬᠥᠮᠦᠵᠢᠯ᠎ᠲᠠᠢ ᠤᠶᠠᠯᠳᠤᠭᠤᠯᠤᠨ᠂ ᠥᠪᠡᠷ᠎ᠤᠨ ᠪᠡᠶ᠎ᠡ᠎ᠪᠠᠨ ᠭᠦᠨᠵᠡᠭᠡᠶ ᠪᠠᠶ᠋ᠢᠴᠠᠭ᠋ᠠᠵᠤ᠂ ᠭᠣᠤᠯ ᠰᠡᠳᠦᠪᠲᠦ ᠬᠥᠮᠦᠵᠢᠯ᠎ᠤᠨ ᠱᠠᠭ᠋ᠠᠷᠳᠠᠯᠭ᠎ᠠ᠎ᠯᠤᠭ᠎ᠠ ᠪᠠᠰᠠ ᠵᠥᠷᠢᠶ᠎ᠡ᠎ᠲᠠᠢ   ᠪᠠᠢ᠌ᠭ᠎ᠠ ᠭᠠᠵᠠᠷ  ᠂ ᠲᠠᠰᠣᠭ ᠬᠡᠯᠳᠡᠰ᠎ᠤᠨ ᠨᠢᠭᠡᠴᠡ᠂ ᠨᠠᠮ᠎ᠤᠨ ᠡᠭᠦᠷ᠂ ᠬᠤᠪᠢ ᠬᠥᠮᠦᠨ᠎ᠤ ᠠᠰᠠᠭᠤᠳᠠᠯ᠎ᠢ   ᠬᠢᠨᠠᠨ   ᠦᠵᠡᠵᠦ᠂ ᠪᠠᠶ᠋ᠢᠴᠠᠭ᠋ᠠᠨ ᠲᠣᠳᠣᠷᠠᠭᠣᠯᠬᠣ ᠬᠡᠷᠡᠭᠲᠡᠶ᠃
    ᠲᠢᠩᠬᠢᠮ᠎ᠤᠨ ᠳᠠᠷᠤᠭ᠎ᠠ ᠾᠧ ᡁᠢ ᠯᠢᠶᠠᠩ ᠬᠠᠮᠤᠭ ᠰᠡᠭᠦᠯ᠎ᠳᠤ ᠴᠢᠬᠤᠯᠠᠴᠢᠯᠠᠭᠰᠠᠨ᠎ᠨᠢ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠦᠵᠡᠯ ᠰᠠᠨᠠᠭ᠎ᠠ ᠲᠠᠨᠢᠯᠲᠠ᠎ᠪᠠᠨ ᠦᠷᠭᠦᠯᠵᠢᠯᠡᠨ ᠭᠦᠨᠵᠡᠭᠡᠶ᠋ᠢᠷᠡᠭᠦᠯᠵᠦ᠂ ᠰᠤᠷᠤᠯᠴᠠᠯᠭ᠎ᠠ ᠬᠥᠮᠦᠵᠢᠯ᠎ᠢ ᠢᠮᠠᠭᠲᠠ   ᠲᠣᠭᠣᠰᠢᠯᠠᠭᠣᠯᠵᠣ᠂ ᠭᠣᠤᠯ ᠰᠡᠳᠦᠪ ᠭᠣᠤᠯ   ᠱᠤᠭᠣᠮ᠎ᠢ ᠳᠣᠪᠣᠶ᠋ᠢᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠣᠶᠣᠯ ᠪᠠ ᠵᠤᠭ᠋ᠠᠴᠠᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ᠎ᠢ   ᠵᠢᠭ᠋ᠠᠨ ᠵᠢᠯᠣᠭᠣᠳᠴᠣ᠂ ᠲᠣᠭᠲᠠᠭ᠋ᠠᠯ᠎ᠤᠨ ᠭᠠᠷᠴᠠᠭ᠎ᠢ   ᠦᠷᠭᠦᠯᠵᠢᠯᠡᠨ ᠰᠤᠳᠤᠯᠤᠨ ᠤᠩᠰᠢᠵᠤ᠂ ᠶᠡᠷᠦᠩᠬᠡᠶ ᠱᠦᠵᠢ ᠰᠢ ᠵᠢᠨ ᠫᠢᠩ᠎ᠤᠨ ᠬᠠᠮᠤᠭ᠎ᠤᠨ ᠰᠢᠨ᠎ᠡ ᠴᠢᠬᠤᠯᠠ ᠶᠠᠷᠢᠶ᠎ᠠ ᠵᠢ᠎ᠲᠠᠭᠠᠨ ᠰᠤᠷᠤᠯᠴᠠᠵᠤ᠂ ᠤᠭ ᠵᠣᠬᠢᠶᠠᠯ᠎ᠢ ᠤᠩᠰᠢᠵᠤ᠂ ᠤᠭ ᠵᠣᠬᠢᠶᠠᠯ᠎ᠢ ᠰᠤᠷᠤᠯᠴᠠᠵᠤ᠂ ᠤᠭ ᠶᠣᠰᠣ ᠵᠢ ᠣᠶ᠋ᠢᠯᠠᠭ᠋ᠠᠵᠤ᠂ ᠭᠣᠤᠯ ᠰᠡᠳᠦᠪᠲᠦ ᠬᠥᠮᠦᠵᠢᠯ᠎ᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠬᠦ ᠬᠡᠷᠡᠭᠲᠡᠶ᠃
    ᠴᠢᠬᠤᠯᠠ ᠶᠡᠬᠡ ᠠᠴᠢ ᠬᠣᠯᠪᠣᠭᠳᠠᠯ᠎ᠤᠨ ᠲᠤᠬᠠᠶ ᠲᠠᠨᠢᠯᠲᠠ᠂ ᠨᠠᠮ᠎ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠵᠢᠨ ᠲᠤᠬᠠᠶ ᠲᠠᠨᠢᠯᠲᠠ ᠵᠢ ᠭᠦᠨᠵᠡᠭᠡᠶ᠋ᠢᠷᠡᠭᠦᠯᠵᠦ᠂ ᠨᠠᠮ᠎ᠳᠤ ᠲᠤᠯᠭ᠋ᠠᠷᠠᠵᠤ   ᠪᠠᠢ᠌ᠭ᠎ᠠ ᠠᠶᠤᠯ ᠲᠦᠭᠰᠢᠭᠦᠷᠢ ᠵᠢᠨ ᠰᠢᠯᠭ᠋ᠠᠯᠲᠠ ᠵᠢᠨ ᠲᠤᠬᠠᠶ ᠲᠠᠨᠢᠯᠲᠠ ᠵᠢ ᠭᠦᠨᠵᠡᠭᠡᠶ᠋ᠢᠷᠡᠭᠦᠯᠦᠨ᠎ᠡ᠃ ᠠᠰᠠᠭᠤᠳᠠᠯ᠎ᠢ ᠯᠠᠪᠳᠠᠭᠤᠨ ᠪᠠᠲᠤᠲᠠᠶ ᠭᠦᠨᠵᠡᠭᠡᠶ ᠪᠠᠶ᠋ᠢᠴᠠᠭ᠋ᠠᠨ ᠦᠵᠡᠵᠦ᠂ ᠪᠠᠶ᠋ᠢᠴᠠᠭ᠋ᠠᠨ ᠰᠤᠳᠤᠯᠤᠯᠲᠠ ᠬᠢᠬᠦ ᠪᠠ ᠰᠤᠷᠤᠯᠴᠠᠬᠤ᠎ᠲᠠᠢ ᠤᠶᠠᠯᠳᠤᠭᠤᠯᠤᠨ᠂ ᠨᠠᠮ᠎ᠤᠨ ᠳᠦᠷᠢᠮ ᠲᠣᠭᠳᠠᠭ᠋ᠠᠯ᠎ᠲᠠᠢ ᠬᠠᠷᠢᠴᠠᠭᠤᠯᠤᠨ᠂ ᠥᠪᠡᠷ᠎ᠢ᠎ᠪᠠᠨ ᠪᠠᠭᠲᠠᠭ᠋ᠠᠵᠤ᠂ ᠲᠤᠰᠢᠶᠠᠯ ᠬᠠᠷᠢᠭᠤᠴᠠᠯᠭ᠎ᠠ᠎ᠪᠠᠨ ᠪᠠᠭᠲᠠᠭ᠋ᠠᠵᠤ᠂ ᠠᠵᠢᠯ ᠵᠶ᠋ᠠᠨ ᠪᠠᠭᠲᠠᠭ᠋ᠠᠵᠤ᠂ ᠦᠪᠡᠷ᠎ᠢ᠎ᠪᠠᠨ ᠬᠢᠨᠡᠨ᠂ ᠥᠪᠡᠷ᠎ᠢ᠎ᠪᠠᠨ ᠪᠠᠶ᠋ᠢᠴᠠᠭ᠋ᠠᠨ ᠦᠵᠡᠵᠦ᠂   ᠠᠰᠠᠭᠤᠳᠠᠯ᠎ᠢ ᠦᠨᠡᠨ ᠬᠦ᠌   ᠣᠨᠣᠪᠴᠢᠳᠡᠢ ᠡᠷᠢᠨ ᠭᠠᠷᠭ᠋ᠠᠵᠣ᠂ ᠦᠨᠳᠦᠰᠦ ᠰᠤᠷᠪᠤᠯᠵᠢ ᠵᠢ᠎ᠨᠢ ᠭᠦᠨ ᠠᠭᠤᠳᠠᠯᠵᠤ᠂ ᠴᠢᠷᠮᠠᠶ᠋ᠢᠬᠤ ᠴᠢᠭᠯᠡᠯ ᠪᠠ ᠰᠠᠶ᠋ᠢᠵᠢᠷᠠᠭᠤᠯᠬᠤ ᠠᠷᠭ᠎ᠠ ᠬᠡᠮᠵᠢᠶ᠎ᠡ᠎ᠪᠠᠨ ᠲᠣᠳᠣᠷᠬᠠᠶ ᠪᠣᠯᠭ᠋ᠠᠬᠤ ᠬᠡᠷᠡᠭᠲᠡᠶ᠃ ᠤᠳᠤᠷᠢᠳᠬᠤ ᠺᠠᠳ᠋ᠷᠴᠤᠳ ᠲᠦᠷᠦᠭᠦᠯᠡᠨ ᠪᠠᠶ᠋ᠢᠴᠠᠭ᠋ᠠᠵᠤ᠂ ᠲᠦᠷᠦᠭᠦᠯᠡᠨ ᠰᠠᠶ᠋ᠢᠵᠢᠷᠠᠭᠤᠯᠵᠤ᠂ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠭ᠋ᠠᠭᠤᠯᠤᠨ᠂ ᠦᠯᠢᠭᠡᠷ ᠵᠢᠱ᠌ᠢᠶ᠎ᠡ ᠦᠵᠡᠭᠦᠯᠬᠦ ᠬᠡᠷᠡᠭᠲᠡᠶ᠃ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠢᠳᠡᠪᠬᠢᠲᠡᠢ ᠠᠬᠢᠭᠤᠯᠵᠤ᠂ ᠪᠣᠳᠠᠲᠠᠶ ᠠᠰᠠᠭᠤᠳᠠᠯ᠎ᠢ ᠰᠢᠢ᠍ᠳᠪᠦᠷᠢᠯᠡᠬᠦ ᠵᠢ ᠠᠩᠬᠠᠷᠴᠤ᠂ ᠴᠢᠩᠭ᠎ᠠ ᠪᠠᠷᠢᠮᠵᠢᠶ᠎ᠠ᠂ ᠪᠣᠳᠠᠲᠠᠶ ᠠᠷᠭ᠎ᠠ ᠬᠡᠮᠵᠢᠶ᠎ᠡ᠎ᠪᠠᠷ ᠴᠡᠭᠴᠡᠯᠡᠨ ᠰᠠᠶ᠋ᠢᠵᠢᠷᠠᠭᠤᠯᠬᠤ ᠵᠢ ᠴᠢᠩᠭ᠎ᠠ ᠠᠳᠬᠤᠵᠤ᠂ ᠲᠤᠰᠬᠠᠶ ᠴᠡᠭᠴᠡᠯᠡᠨ ᠵᠠᠰᠠᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠰᠠᠭᠤᠳᠠᠯ᠎ᠢ   ᠰᠢᠢ᠍ᠳᠪᠦᠷᠢᠯᠡᠬᠦ ᠦᠭᠡᠢ ᠪᠣᠯ ᠰᠤᠯᠠᠷᠠᠬᠤ ᠦᠭᠡᠢ᠂   ᠰᠢᠢ᠍ᠳᠪᠦᠷᠢᠯᠡᠬᠦ ᠦᠭᠡᠢ ᠪᠣᠯ ᠲᠠᠯᠪᠢᠬᠤ ᠦᠭᠡᠢ᠂ ᠣᠯᠠᠨ ᠲᠦᠮᠡᠨ ᠮᠡᠳᠡᠷᠡᠬᠦ ᠦᠭᠡᠢ ᠪᠣᠯ ᠵᠣᠭᠰᠣᠬᠤ ᠦᠭᠡᠢ ᠪᠠᠶ᠋ᠢᠬᠤ ᠵᠢ ᠪᠡᠶᠡᠯᠡᠭᠦᠯᠵᠦ᠂ ᠥᠩᠭᠡᠨ ᠲᠠᠯ᠎ᠠ ᠎ᠪᠠᠷ᠎ᠨᠢ ᠯᠡ ᠴᠡᠭᠴᠡᠯᠡᠨ ᠰᠠᠶ᠋ᠢᠵᠢᠷᠠᠭᠤᠯᠬᠤ᠂ ᠬᠤᠳᠠᠯ ᠬᠠᠭᠤᠷᠮᠠᠭ ᠵᠶ᠋ᠠᠷ ᠴᠡᠭᠴᠡᠯᠡᠨ ᠰᠠᠶ᠋ᠢᠵᠢᠷᠠᠭᠤᠯᠬᠤ᠂ ᠴᠠᠭ᠋ᠠᠰᠤᠨ ᠳᠡᠭᠡᠷ᠎ᠡ ᠯᠡ ᠴᠡᠭᠴᠡᠯᠡᠨ ᠰᠠᠶ᠋ᠢᠵᠢᠷᠠᠭᠤᠯᠬᠤ ᠵᠢ ᠡᠷᠡᠰ ᠰᠡᠷᠭᠡᠶ᠋ᠢᠯᠡᠬᠦ ᠬᠡᠷᠡᠭᠲᠡᠶ᠃ ᠲᠢᠩᠬᠢᠮ᠎ᠤᠨ ᠭᠣᠤᠯ ᠰᠡᠳᠦᠪᠲᠦ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠡᠯ᠎ᠡ ᠨᠢᠭᠡᠴᠡ᠂ ᠡᠯ᠎ᠡ ᠭᠠᠵᠠᠷ  ᠂ ᠲᠠᠰᠣᠭ   ᠬᠡᠯᠳᠡᠰ᠎ᠤᠨ ᠪᠠᠶ᠋ᠢᠴᠠᠭ᠋ᠠᠵᠤ ᠭᠠᠷᠭ᠋ᠠᠭᠰᠠᠨ ᠴᠡᠭᠴᠡᠯᠡᠨ ᠰᠠᠶ᠋ᠢᠵᠢᠷᠠᠭᠤᠯᠬᠤ ᠠᠰᠠᠭᠤᠳᠠᠯ᠎ᠢ ᠦᠨᠳᠦᠰᠦᠯᠡᠨ   ᠵᠦᠢ᠍ᠯ ᠪᠦᠷᠢ ᠵᠢ ᠲᠡᠰ ᠳᠠᠷᠠᠭ᠋ᠠᠯᠠᠨ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠲᠥᠰᠦᠯ ᠲᠣᠭᠲᠠᠭ᠋ᠠᠬᠤ ᠵᠢ ᠵᠢᠯᠣᠭᠣᠳᠤᠨ   ᠱᠠᠭ᠋ᠠᠷᠳᠠᠨ᠎ᠠ; ᠡᠯ᠎ᠡ ᠨᠢᠭᠡᠴᠡ᠂ ᠡᠯ᠎ᠡ ᠭᠠᠵᠠᠷ ᠠᠯᠪᠠᠨ ᠭᠡᠷ᠎ᠲᠤ ᠦᠷᠭᠦᠯᠵᠢᠯᠡᠨ ᠭᠦᠨᠵᠡᠭᠡᠶ᠋ᠢᠷᠡᠨ ᠬᠢᠨᠠᠨ ᠵᠢᠯᠣᠭᠣᠳᠴᠤ᠂ ᠪᠠᠢ᠌ᠴᠠᠭ᠋ᠠᠯᠲᠠ ᠥᠷᠨᠢᠭᠦᠯᠵᠦ᠂ ᠴᠢᠩᠭ᠎ᠠ ᠬᠢᠨᠠᠯᠲᠠ ᠲᠠᠯᠪᠢᠬᠤ᠂ ᠴᠢᠩᠭ᠎ᠠ ᠬᠢᠨᠠᠨ ᠵᠢᠯᠣᠭᠣᠳᠬᠤ ᠵᠢ ᠪᠠᠷᠢᠮᠲᠠᠯᠠᠵᠤ᠂ ᠠᠷᠭ᠎ᠠ ᠬᠡᠮᠵᠢᠶ᠎ᠡ ᠨᠢᠭᠡᠪᠦᠷᠢ᠂ ᠡᠭᠦᠷᠭᠡ ᠨᠢᠭᠡᠪᠦᠷᠢ ᠵᠢ   ᠳᠣᠢ᠌ᠯᠪᠣᠷᠢᠳᠡᠢ ᠨᠠᠢ᠍ᠳᠠᠪᠤᠷᠢᠵᠢᠭᠤᠯᠬᠤ᠂   ᠳᠣᠢ᠌ᠯᠪᠣᠷᠢᠳᠡᠢ ᠴᠡᠭᠴᠡᠯᠡᠨ ᠰᠠᠶ᠋ᠢᠵᠢᠷᠠᠭᠤᠯᠬᠤ ᠵᠢ ᠪᠠᠲᠤᠯᠠᠬᠤ ᠬᠡᠷᠡᠭᠲᠡᠶ; ᠡᠯ᠎ᠡ ᠵᠦᠢ᠍ᠯ᠎ᠤᠨ ᠠᠵᠢᠯ ᠵᠶ᠋ᠠᠨ ᠤᠷᠢᠳᠴᠢᠯᠠᠨ ᠲᠥᠯᠥᠪᠯᠡᠵᠦ᠂ ᠭᠣᠤᠯ ᠰᠡᠳᠦᠪᠲᠦ ᠬᠥᠮᠦᠵᠢᠯ᠎ᠤᠨ ᠦᠷ᠎ᠡ ᠪᠦᠲᠦᠮᠵᠢ ᠵᠢ ᠴᠠᠭ ᠲᠤᠬᠠᠶ᠎ᠳᠤᠨᠢ ᠳ᠋ᠦᠩᠨᠡᠵᠦ᠂ ᠠᠷᠠᠳᠴᠢᠯᠠᠭᠰᠠᠨ ᠠᠮᠢᠳᠤᠷᠠᠯ᠎ᠤᠨ   ᠬᠤᠷᠠᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ᠎ᠳᠤ   ᠪᠦᠷᠢᠨ ᠪᠡᠯᠡᠳᠬᠡᠯ ᠬᠢᠵᠦ᠂ ᠪᠠᠳᠣ ᠰᠠᠭᠤᠷᠢ ᠲᠠᠯᠪᠢᠬᠤ ᠬᠡᠷᠡᠭᠲᠡᠶ᠃

                                                              ᠬᠤᠷᠠᠯ᠎ᠤᠨ ᠠᠬᠤᠶ ᠲᠠᠯᠠᠪᠠᠢ

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ ᠎ᠤᠨ ᠣᠢ ᠵᠢ ᠪᠡᠯᠭᠡᠯᠡᠬᠦ 2019 《ᠥᠷᠭᠡᠨ ᠠᠭᠤᠳᠠᠮ ᠲᠠᠯ᠎ᠠ ᠨᠤᠲᠤᠭ ᠦᠯᠡᠮᠵᠢ ᠵᠢᠨ ᠮᠠᠭᠲᠠᠭ᠋ᠠᠯᠲᠤ ᠰᠢᠯᠢ ᠵᠢᠨ ᠭᠤᠤᠯ》 ᠨᠠᠭ᠋ᠠᠳᠤᠮ᠎ᠤᠨ ᠬᠤᠷᠠᠯ ᠪᠤᠯᠪᠠ
《ᠡᠰᠡᠷᠭᠦ ᠲᠠᠯ᠎ᠠ ᠵᠢᠨ ᠨᠡᠶ᠋ᠢᠲᠡᠯᠢᠭ ᠵᠢᠱ᠌ᠢᠶ᠎ᠡ》 ᠵᠢᠨ ᠰᠡᠷᠡᠮᠵᠢᠯᠡᠭᠦᠯᠬᠦ ᠦᠢ᠍ᠯᠡᠳᠦᠯ᠎ᠢ ᠪᠠᠳᠠᠷᠠᠭᠤᠯᠵᠤ᠂ ᠡᠪ ᠬᠠᠮᠲᠤ ᠵᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠬᠢᠴᠢᠶᠡᠩᠭᠦᠢ᠌ᠯᠡᠨ ᠵᠢᠷᠤᠮᠯᠠᠬᠤ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ 《ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠤᠨ ᠰᠡᠷᠡᠮᠵᠢᠯᠡᠭᠦᠯᠬᠦ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢ ᠶᠢᠰᠦᠳᠦᠭᠡᠷ ᠤᠳᠠᠭ᠋ᠠᠨ᠎ᠤ ᠵᠢᠭᠤᠯᠴᠢᠯᠠᠯ᠎ᠤᠨ ᠨᠠᠭ᠋ᠠᠳᠤᠮ ᠦᠪᠡᠳᠡᠭᠰᠢ ᠶᠡᠬᠡ᠎ᠪᠠᠷ ᠡᠬᠢᠯᠡᠪᠡ
ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠵᠢᠭᠤᠯᠴᠢᠯᠠᠯ᠎ᠤᠨ ᠬᠦᠲᠦᠴᠢ ᠵᠢᠨ ᠤᠷᠤᠯᠳᠤᠭ᠋ᠠᠨ ᠠᠮᠵᠢᠯᠲᠠ᠎ᠲᠠᠢ ᠦᠨᠳᠦᠷᠯᠡᠨ᠂ ᠦᠪᠦᠷ ᠮᠤᠩᠭᠤᠯ᠎ᠤᠨ ᠤᠷᠤᠯᠴᠠᠭᠴᠢ ᠸᠠᠩ ᠽᠢ ᠰᠢᠤᠸᠠᠨ ᠮᠦᠩᠭᠦᠨ ᠮᠸᠳᠠᠯ ᠬᠦᠷᠲᠡᠪᠡ
ᠦᠵᠡᠰᠬᠦᠯᠡᠩᠲᠦ ᠰᠠᠢ᠍ᠬᠠᠨ ᠤᠮᠠᠷᠠᠲᠤ ᠬᠢᠯᠢ — ᠤᠯᠤᠰ᠎ᠤᠨ ᠪᠠᠶᠠᠷ᠎ᠤᠨ 70 ᠵᠢᠯ᠎ᠤᠨ ᠣᠢ ᠵᠢ ᠪᠡᠯᠭᠡᠯᠡᠬᠦ ᠥᠪᠥᠷ ᠮᠣᠩᠭᠣᠯ᠎ᠤᠨ ᠦᠵᠡᠮᠵᠢᠳᠦ ᠰᠠᠢ᠌ᠬᠠᠨ ᠴᠢᠮᠡᠭᠯᠡᠯᠳᠦ ᠮᠠᠰᠢᠨ ᠲᠡᠷᠭᠡᠨ᠎ᠤ ᠬᠦᠬᠡᠬᠣᠳᠡ᠎ᠳᠤ᠎ᠬᠢ ᠦᠵᠡᠰᠬᠦᠯᠡᠩ》᠎ᠤᠨ ᠨᠡᠭᠡᠭᠡᠯᠲᠡ ᠵᠢᠨ ᠶᠣᠰᠣᠯᠠᠯ ᠵᠢᠴᠢ ᠬᠥᠬᠢᠭᠦᠯᠦᠨ ᠰᠠᠶ᠋ᠢᠰᠢᠶᠠᠬᠤ ᠬᠤᠷᠠᠯ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠶᠠᠪᠤᠭᠳᠠᠪᠠ
 
            