ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠡᠰᠡᠷᠭᠦ ᠲᠠᠯ᠎ᠠ ᠵᠢᠨ ᠨᠡᠶ᠋ᠢᠲᠡᠯᠢᠭ ᠵᠢᠱ᠌ᠢᠶ᠎ᠡ》 ᠵᠢᠨ ᠰᠡᠷᠡᠮᠵᠢᠯᠡᠭᠦᠯᠬᠦ ᠦᠢ᠍ᠯᠡᠳᠦᠯ᠎ᠢ ᠪᠠᠳᠠᠷᠠᠭᠤᠯᠵᠤ᠂ ᠡᠪ ᠬᠠᠮᠲᠤ ᠵᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠬᠢᠴᠢᠶᠡᠩᠭᠦᠢ᠌ᠯᠡᠨ ᠵᠢᠷᠤᠮᠯᠠᠬᠤ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ 《ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠤᠨ ᠰᠡᠷᠡᠮᠵᠢᠯᠡᠭᠦᠯᠬᠦ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄ 2019-08-23

     8 ᠳ᠋ᠤᠭ᠋ᠠᠷ ᠰᠠᠷ᠎ᠠ ᠵᠢᠨ 5᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠪᠥᠬᠥ ᠨᠠᠮ᠎ᠤᠨ ᠭᠡᠰᠢᠭᠦᠨ ᠺᠠᠳ᠋ᠷ᠂ ᠠᠵᠢᠯᠲᠠᠨ᠂ ᠰᠢᠭᠤᠳ ᠬᠠᠷᠢᠶ᠎ᠠ ᠨᠢᠭᠡᠴᠢ ᠵᠢᠨ ᠳᠤᠮᠳᠠ᠎ᠳᠤ᠎ᠬᠢ ᠺᠠᠳ᠋ᠷ᠂ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠡᠯ᠎ᠡ ᠨᠠᠮ᠎ᠤᠨ ᠡᠭᠦᠷ᠎ᠤᠨ ᠱᠦᠵᠢ᠂ ᠭᠡᠰᠢᠭᠦᠨ 160 ᠭᠠᠷᠤᠶ ᠬᠥᠮᠥᠨ᠎ᠢ ᠵᠣᠬᠢᠶᠠᠨ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠦᠢ᠍ᠯᠡᠳᠦᠭᠰᠡᠨ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ 《ᠤᠭ ᠰᠠᠨᠠᠭ᠋ᠠᠨ᠎ᠤ ᠬᠤᠪᠢᠷᠠᠯᠲᠠ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ᠌ᠷ᠎ᠠ᠎ᠳᠤ ᠪᠠᠶ᠋ᠢᠴᠠᠭ᠋ᠠᠨ ᠰᠢᠢ᠍ᠳᠪᠦᠷᠢᠯᠡᠭᠰᠡᠨ ᠬᠡᠷᠡᠭ᠎ᠤᠨ ᠰᠡᠷᠡᠮᠵᠢ ᠵᠢᠨ ᠲᠡᠮᠳᠡᠭᠯᠡᠯ》᠎ᠢ ᠲᠥᠪᠯᠡᠷᠡᠭᠦᠯᠦᠨ ᠦᠵᠡᠭᠦᠯᠪᠡ᠃  
      ᠲᠣᠰ ᠤᠳᠠᠭ᠎ᠠ ᠵᠢᠨ ᠰᠡᠷᠡᠮᠵᠢᠯᠡᠭᠦᠯᠬᠦ ᠬᠥᠮᠦᠵᠢᠯ᠎ᠢ ᠵᠣᠬᠢᠶᠠᠨ ᠪᠠᠢ᠌ᠭᠤᠯᠤᠨ ᠦᠷᠨᠢᠭᠦᠯᠦᠭᠰᠡᠨ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 《ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠤᠨ ᠨᠢᠭᠡᠨ ᠴᠢᠬᠤᠯᠠ ᠠᠭᠤᠯᠭ᠎ᠠ ᠪᠣᠯᠤᠨ᠎ᠠ᠃ ᠡᠰᠡᠷᠬᠦ ᠲᠠᠯ᠎ᠠ ᠵᠢᠨ ᠨᠡᠢ᠌ᠲᠡᠯᠢᠭ ᠵᠢᠱ᠌ᠢᠶ᠎ᠡ ᠵᠢᠨ ᠬᠦᠮᠦᠵᠢᠯ ᠵᠶ᠋ᠠᠷ ᠳᠠᠮᠵᠢᠭᠤᠯᠵᠤ᠂ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠭᠡᠰᠢᠭᠦᠨ ᠺᠠᠳ᠋ᠷ ᠠᠵᠢᠯᠲᠠᠨ᠎ᠳᠤ ᠭᠦᠨᠵᠡᠭᠡᠢ ᠰᠡᠷᠡᠮᠵᠢᠯᠡᠭᠦᠯᠵᠦ᠂ ᠨᠠᠮ᠎ᠤᠨ ᠵᠤᠷᠢᠯᠲᠠ ᠵᠢ ᠪᠠᠲᠤ ᠴᠡᠭᠡᠵᠢᠯᠡᠭᠦᠯᠵᠦ᠂ ᠶᠤᠰᠤ ᠲᠦᠷᠢᠮ᠎ᠤᠨ ᠬᠤᠷᠢᠭ᠎ᠠ ᠱᠤᠭᠤᠮ᠎ᠢ ᠪᠠᠲᠤ ᠰᠠᠬᠢᠭᠤᠯᠵᠤ᠂ ᠲᠡᠳᠡ ᠨᠡᠷ᠎ᠤᠨ ᠥᠪᠡᠷ᠎ᠢ᠎ᠪᠠᠨ ᠱᠠᠭ᠋ᠠᠷᠳᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠵᠥᠪ ᠶᠢᠷᠲᠢᠨᠴᠦ ᠵᠢᠨ ᠦᠵᠡᠯᠲᠡ᠂ ᠠᠮᠢᠳᠤᠷᠠᠯ᠎ᠤᠨ ᠦᠵᠡᠯᠲᠡ᠂ ᠥᠷᠲᠡᠭ᠎ᠤᠨ ᠦᠵᠡᠯᠲᠡ ᠵᠢ ᠪᠣᠶ ᠪᠣᠯᠭ᠋ᠠᠵᠤ᠂ ᠬᠦᠰᠡᠯᠡᠩ ᠢᠲᠡᠭᠡᠯ ᠪᠢᠰᠢᠷᠡᠯ ᠵᠶ᠋ᠠᠨ ᠨᠡᠩ ᠴᠢᠨᠠᠭᠰᠢᠳᠠ ᠪᠠᠲᠤᠳᠬᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠰᠡᠷᠡᠮᠵᠢ ᠵᠢᠨ ᠬᠤᠩᠬᠤ ᠵᠢ ᠪᠠᠶ᠋ᠢᠩᠭᠤ ᠳᠤᠤᠭ᠋ᠠᠷᠭ᠋ᠠᠵᠤ᠂ ᠦᠵᠡᠯ ᠰᠠᠨᠠᠭ᠎ᠠ ᠶᠣᠰᠣ ᠰᠤᠷᠲᠠᠬᠤᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠤᠭᠴᠠᠯᠠᠬᠤ ᠵᠢ ᠬᠦᠮᠦᠵᠢᠭᠦᠯᠦᠨ ᠳᠠᠭ᠋ᠠᠭᠤᠯᠤᠨ᠎ᠠ᠃
      ᠦᠵᠡᠵᠦ ᠳᠠᠭᠤᠰᠤᠭᠰᠠᠨ᠎ᠤ ᠳᠠᠷᠠᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠲᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ   ᠪᠠᠢ᠌ᠴᠠᠭ᠋ᠠᠬᠤ ᠳᠤᠭᠤᠢ᠍ᠯᠠᠩ᠎ᠤᠨ ᠳᠠᠷᠤᠭ᠎ᠠ ᠮᠠ ᠸᠠᠨ ᠲᠢᠶᠠᠨ ᠲᠢᠩᠬᠢᠮ᠎ᠤᠨ ᠨᠠᠮ᠎ᠤᠨ ᠤᠳᠤᠷᠢᠳᠬᠤ ᠲᠤᠭᠤᠢ᠌ᠯᠠᠩ᠎ᠤᠨ᠎ᠬᠢᠨ᠎ᠢ ᠲᠦᠯᠦᠭᠡᠯᠡᠵᠦ ᠱᠠᠭ᠋ᠠᠷᠳᠠᠯᠭ᠎ᠠ ᠳᠤᠷᠠᠳᠴᠤ᠂ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠵᠢᠴᠢ ᠠᠵᠢᠯᠲᠠᠳ ᠳᠡᠷᠭᠡᠳᠡᠬᠢ ᠶᠠᠪᠤᠳᠠᠯ ᠵᠶ᠋ᠠᠷ ᠵᠶ᠋ᠠᠨ ᠬᠠᠵᠠᠭᠤᠳᠠᠬᠢ ᠬᠦᠮᠦᠨ ᠵᠶ᠋ᠠᠨ ᠰᠤᠷᠭ᠋ᠠᠨ ᠬᠥᠮᠦᠵᠢᠭᠦᠯᠬᠦ ᠵᠢ ᠪᠠᠷᠢᠮᠲᠠᠯᠠᠵᠤ᠂ ᠡᠰᠡᠷᠭᠦ ᠲᠠᠯ᠎ᠠ ᠵᠢᠨ ᠨᠡᠶ᠋ᠢᠲᠡᠯᠢᠭ ᠵᠢᠱ᠌ᠢᠶ᠎ᠡ ᠵᠢᠨ ᠰᠡᠷᠡᠮᠵᠢᠯᠡᠭᠦᠯᠦᠨ ᠬᠥᠮᠦᠵᠢᠭᠦᠯᠬᠦ ᠦᠢ᠍ᠯᠡᠳᠦᠯ᠎ᠢ ᠦᠨᠡᠨ ᠬᠦ᠌ ᠪᠠᠳᠠᠷᠠᠭᠤᠯᠬᠤ ᠬᠡᠷᠡᠭᠲᠡᠶ ᠭᠡᠪᠡ᠃ ᠨᠠᠮ᠎ᠤᠨ ᠳᠦᠷᠢᠮ᠂ ᠨᠠᠮ᠎ᠤᠨ ᠳᠦᠷᠢᠮ ᠲᠤᠭᠲᠠᠭ᠋ᠠᠯ᠎ᠲᠠᠢ ᠬᠠᠷᠭᠤᠭᠤᠯᠤᠨ ᠵᠥᠷᠢᠶ᠎ᠡ᠎ᠪᠠᠨ ᠡᠷᠢᠵᠦ᠂ ᠨᠢᠭᠡ ᠲᠠᠯ᠎ᠠ᠎ᠪᠠᠷ ᠰᠤᠷᠤᠯᠴᠠᠵᠤ᠂ ᠨᠢᠭᠡ ᠲᠠᠯ᠎ᠠ᠎ᠪᠠᠷ ᠬᠠᠷᠭᠤᠭᠤᠯᠵᠤ᠂ ᠨᠢᠭᠡ ᠲᠠᠯ᠎ᠠ᠎ᠪᠠᠷ ᠪᠠᠢ᠌ᠴᠠᠭ᠋ᠠᠨ ᠦᠵᠡᠵᠦ᠂ ᠨᠢᠭᠡ ᠲᠠᠯ᠎ᠠ᠎ᠪᠠᠷ ᠴᠡᠭᠴᠡᠯᠡᠨ ᠰᠠᠶ᠋ᠢᠵᠢᠷᠠᠭᠤᠯᠬᠤ ᠵᠢ ᠪᠠᠷᠢᠮᠲᠠᠯᠠᠵᠤ᠂ ᠬᠣᠷᠢᠭ᠎ᠠ ᠱᠤᠭᠤᠮ᠎ᠢ ᠪᠠᠲᠤ ᠰᠠᠬᠢᠵᠤ᠂ ᠵᠤᠪᠠᠨᠢᠬᠤ ᠤᠬᠠᠮᠰᠠᠷ᠂ ᠬᠠᠤᠯᠢ ᠲᠦᠷᠢᠮ᠎ᠤᠨ ᠤᠬᠠᠮᠰᠠᠷ ᠪᠠ ᠪᠢᠰᠢᠷᠡᠨ ᠬᠦᠨᠳᠦᠳᠭᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠦᠨᠡᠨᠴᠢ ᠰᠢᠳᠤᠷᠭᠤ ᠡᠷᠡᠰ ᠪᠠᠲᠤ᠂ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ᠎ᠪᠠᠨ ᠭᠦᠢ᠍ᠴᠡᠳᠭᠡᠬᠦ᠂ ᠬᠠᠤᠯᠢ ᠰᠠᠬᠢᠯᠭ᠎ᠠ ᠵᠢ ᠵᠢᠷᠤᠮᠯᠠᠬᠤ᠂ ᠠᠷᠢᠭᠤᠨ ᠴᠢᠭᠡᠴᠢ ᠪᠠᠶ᠋ᠢᠬᠤ ᠵᠢ ᠦᠨᠡᠨ ᠬᠦ᠌ ᠪᠡᠶᠡᠯᠡᠭᠦᠯᠵᠦ᠂ ᠤᠯᠤᠰ ᠲᠥᠷᠦ ᠵᠢᠨ ᠲᠤᠭᠲᠠᠯ ᠬᠦᠴᠦᠨ ᠵᠶ᠋ᠠᠨ ᠢᠮᠠᠭᠲᠠ ᠪᠠᠲᠤᠯᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠢᠮᠠᠭᠲᠠ ᠪᠠᠷᠢᠮᠲᠠᠯᠠᠵᠤ᠂ ᠤᠯᠤᠰ ᠲᠦᠷᠦ ᠵᠢᠨ ᠵᠤᠭᠰᠤᠴᠠ᠎ᠪᠠᠨ ᠪᠠᠷᠢᠮᠳᠠᠯᠠᠵᠤ᠂ ᠦᠨᠡᠨᠴᠢ ᠰᠢᠳᠤᠷᠭᠤ ᠪᠠᠢ᠌ᠬᠤ ᠵᠢ ᠦᠨᠡᠨ ᠬᠦ᠌ ᠪᠠᠲᠤᠯᠠᠵᠤ᠂ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠴᠦ᠂ ᠰᠢᠯᠢᠳᠡᠭ ᠰᠠᠶ᠋ᠢᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠵᠶ᠋ᠠᠷ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠤᠭᠲᠤᠬᠤ ᠬᠡᠷᠡᠭᠲᠡᠶ᠃



                                                  ᠹᠢᠯᠢᠮ ᠦᠵᠡᠵᠦ ᠪᠠᠢ᠌ᠭ᠎ᠠ ᠠᠬᠤᠢ ᠲᠠᠯᠠᠪᠠᠢ




                                                      ᠹᠢᠯᠢᠮ ᠦᠵᠡᠵᠦ ᠪᠠᠢ᠌ᠭ᠎ᠠ ᠠᠬᠤᠢ ᠲᠠᠯᠠᠪᠠᠢ
   

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢ ᠶᠢᠰᠦᠳᠦᠭᠡᠷ ᠤᠳᠠᠭ᠋ᠠᠨ᠎ᠤ ᠵᠢᠭᠤᠯᠴᠢᠯᠠᠯ᠎ᠤᠨ ᠨᠠᠭ᠋ᠠᠳᠤᠮ ᠦᠪᠡᠳᠡᠭᠰᠢ ᠶᠡᠬᠡ᠎ᠪᠠᠷ ᠡᠬᠢᠯᠡᠪᠡ
ᠲᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠵᠢᠭᠤᠯᠴᠢᠯᠠᠯ᠎ᠤᠨ ᠬᠦᠲᠦᠴᠢ ᠵᠢᠨ ᠤᠷᠤᠯᠳᠤᠭ᠋ᠠᠨ ᠠᠮᠵᠢᠯᠲᠠ᠎ᠲᠠᠢ ᠦᠨᠳᠦᠷᠯᠡᠨ᠂ ᠦᠪᠦᠷ ᠮᠤᠩᠭᠤᠯ᠎ᠤᠨ ᠤᠷᠤᠯᠴᠠᠭᠴᠢ ᠸᠠᠩ ᠽᠢ ᠰᠢᠤᠸᠠᠨ ᠮᠦᠩᠭᠦᠨ ᠮᠸᠳᠠᠯ ᠬᠦᠷᠲᠡᠪᠡ
ᠦᠵᠡᠰᠬᠦᠯᠡᠩᠲᠦ ᠰᠠᠢ᠍ᠬᠠᠨ ᠤᠮᠠᠷᠠᠲᠤ ᠬᠢᠯᠢ — ᠤᠯᠤᠰ᠎ᠤᠨ ᠪᠠᠶᠠᠷ᠎ᠤᠨ 70 ᠵᠢᠯ᠎ᠤᠨ ᠣᠢ ᠵᠢ ᠪᠡᠯᠭᠡᠯᠡᠬᠦ ᠥᠪᠥᠷ ᠮᠣᠩᠭᠣᠯ᠎ᠤᠨ ᠦᠵᠡᠮᠵᠢᠳᠦ ᠰᠠᠢ᠌ᠬᠠᠨ ᠴᠢᠮᠡᠭᠯᠡᠯᠳᠦ ᠮᠠᠰᠢᠨ ᠲᠡᠷᠭᠡᠨ᠎ᠤ ᠬᠦᠬᠡᠬᠣᠳᠡ᠎ᠳᠤ᠎ᠬᠢ ᠦᠵᠡᠰᠬᠦᠯᠡᠩ》᠎ᠤᠨ ᠨᠡᠭᠡᠭᠡᠯᠲᠡ ᠵᠢᠨ ᠶᠣᠰᠣᠯᠠᠯ ᠵᠢᠴᠢ ᠬᠥᠬᠢᠭᠦᠯᠦᠨ ᠰᠠᠶ᠋ᠢᠰᠢᠶᠠᠬᠤ ᠬᠤᠷᠠᠯ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠎ᠯᠤᠭ᠎ᠠ ᠪᠦᠬᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠪᠠ
ᠣᠯᠠᠭ᠋ᠠᠨᠮᠦ᠋ᠴᠢᠷ᠎ᠤᠨ᠎ᠬᠢᠨ ᠲᠠᠨ᠎ᠢ ᠳᠠᠭ᠋ᠠᠭᠣᠯᠣᠨ ᠰᠣᠨᠢᠷᠬᠠᠭᠣᠯᠬᠣ ᠦᠵᠡᠰᠭᠦᠯᠡᠩᠳᠦ ᠰᠠᠢ᠌ᠬᠠᠨ ᠦᠪᠦᠷ ᠮᠣᠩᠭᠣᠯ᠎ᠤᠨ ᠰᠣᠶᠣᠯ ᠵᠢᠭᠣᠯᠴᠢᠯᠡᠯ᠎ᠤᠨ ᠰᠢᠨ᠎ᠡ ᠵᠢ ᠡᠭᠦᠳᠬᠦ ᠵᠢ ᠲᠠᠨᠢᠯᠴᠠᠭᠣᠯᠬᠣ ᠠᠵᠢᠯᠯᠠᠭ᠎ᠠ ᠱᠠᠩᠬᠠᠢ᠎ᠳᠤ ᠶᠠᠪᠣᠭᠳᠠᠪᠠ
 
            