5 ᠰᠠᠷ᠎ᠠ ᠵᠢᠨ22᠎ᠤᠨ ᠡᠳᠦᠷ᠂ ᠮᠠᠨ᠎ᠤ ᠲᠢᠩᠬᠢᠮ᠎ᠠᠴᠠ ᠭᠣᠤᠯᠯᠠᠨ ᠡᠷᠬᠢᠯᠡᠭᠰᠡᠨ ᠦᠪᠦᠷ ᠮᠤᠩᠭᠤᠯ᠎ᠤᠨ ᠪᠦᠲᠦᠭᠡᠯᠴᠢ 《72 ᠴᠠᠭ》 ᠦᠪᠡᠷᠲᠡᠭᠡᠨ ᠲᠡᠷᠭᠡ ᠵᠢᠯᠤᠭᠤᠳᠤᠨ ᠠᠶᠠᠯᠠᠬᠤ ᠵᠢᠭᠤᠯᠴᠢᠯᠠᠯ᠎ᠤᠨ ᠨᠡᠶ᠋ᠢᠲᠡᠯᠡᠬᠦ ᠬᠤᠷᠠᠯ ᠵᠢᠴᠢ ᠥᠪᠥᠷ ᠮᠣᠩᠭᠣᠯ᠎ᠤᠨ ᠵᠤᠨ᠎ᠤ ᠵᠢᠭᠤᠯᠴᠢᠯᠠᠯ᠎ᠤᠨ ᠲᠠᠨᠢᠯᠴᠠᠭᠤᠯᠭ᠎ᠠ ᠵᠢᠨ ᠬᠤᠷᠠᠯ ᠪᠡᠭᠡᠵᠢᠩ᠎ᠳᠤ ᠬᠤᠷᠠᠯᠳᠤᠪᠠ᠃ ᠦᠪᠦᠷ ᠮᠤᠩᠭᠤᠯ᠎ᠤᠨ ᠪᠦᠲᠦᠭᠡᠯᠴᠢ ᠪᠤᠲᠤᠯ᠎ᠤᠨ 《72 ᠴᠠᠭ》 ᠦᠪᠡᠷᠲᠡᠭᠡᠨ ᠲᠡᠷᠭᠡ ᠵᠢᠯᠤᠭᠤᠳᠬᠤ᠎ᠨᠢ 《ᠵᠢᠭᠤᠯᠴᠢᠯᠠᠯ ᠪᠣᠯ ᠳᠠᠷᠤᠶ ᠠᠭᠤᠯᠵᠠᠯᠲᠠ》 ᠵᠢᠨ ᠠᠮᠢᠳᠤᠷᠠᠯ᠎ᠤᠨ ᠠᠷᠭ᠎ᠠ ᠬᠡᠯᠪᠡᠷᠢ ᠵᠢ ᠤᠯᠠᠮᠵᠢᠯᠠᠵᠤ᠂ ᠥᠪᠡᠷᠲᠡᠭᠡᠨ ᠲᠡᠷᠭᠡ ᠵᠢᠯᠣᠭᠣᠳᠴᠤ ᠵᠢᠭᠤᠯᠴᠢᠯᠠᠬᠤ ᠦᠢ᠍ᠯᠡᠳᠭᠦᠨ᠎ᠤ ᠪᠦᠲᠦᠭᠡᠯᠴᠢ ᠴᠢᠨᠠᠷ ᠪᠠ ᠥᠪᠡᠷᠮᠢᠴᠡ ᠣᠨᠴᠠᠯᠢᠭ᠎ᠢ ᠲᠣᠪᠣᠶ᠋ᠢᠯᠭ᠋ᠠᠵᠤ᠂ ᠵᠢᠭᠤᠯᠴᠢᠯᠠᠯ᠎ᠤᠨ ᠶᠠᠪᠤᠴᠠ᠎ᠳᠠᠬᠢ ᠬᠠᠶ᠋ᠢᠷ᠎ᠠ ᠰᠡᠳᠬᠢᠯᠭᠡ ᠪᠠ ᠶᠠᠰᠤ ᠴᠢᠨᠠᠷ᠎ᠤᠨ ᠬᠦᠷᠲᠡᠮᠵᠢ ᠵᠢᠨ ᠲᠥᠷᠥᠭᠳᠡᠯ᠎ᠢ ᠴᠢᠬᠤᠯᠠᠴᠢᠯᠠᠬᠤ ᠵᠢᠨ ᠬᠠᠮᠲᠤ 20 ᠵᠤᠷᠪᠤᠰ ᠥᠪᠥᠷ ᠮᠣᠩᠭᠣᠯ᠎ᠤᠨ ᠥᠪᠡᠷᠲᠡᠭᠡᠨ ᠲᠡᠷᠭᠡ ᠵᠢᠯᠣᠭᠣᠳᠬᠤ ᠵᠠᠮ ᠱᠤᠭᠤᠮ᠎ᠤᠨ ᠪᠦᠲᠦᠭᠡᠭᠳᠡᠬᠦᠨ᠎ᠢ ᠭᠠᠷᠭ᠋ᠠᠪᠠ᠃
ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠾᠧ ᡁᠢ ᠯᠢᠶᠠᠩ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠢᠤᠢ ᡁᠢ ᠭᠦᠸᠧ᠂ ᠪᠡᠭᠡᠵᠢᠩ᠎ᠤᠨ ᠤᠯᠠᠨ ᠦᠪᠡᠷᠲᠡᠭᠡᠨ ᠲᠡᠷᠭᠡ ᠵᠢᠯᠤᠭᠤᠳᠤᠨ ᠵᠢᠭᠤᠯᠴᠢᠯᠠᠬᠤ ᠺᠯᠦ᠋ᠪ ᠵᠢᠴᠢ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠲᠥᠯᠥᠭᠡᠯᠡᠭᠴᠢ ᠨᠡᠶ᠋ᠢᠲᠡ 160 ᠭᠠᠷᠤᠶ ᠬᠥᠮᠦᠨ ᠲᠤᠰ ᠤᠳᠠᠭ᠋ᠠᠨ᠎ᠤ ᠠᠵᠢᠯᠯᠠᠭ᠎ᠠ᠎ᠳᠤ ᠣᠷᠣᠯᠴᠠᠪᠠ᠃
ᠲᠢᠩᠬᠢᠮ᠎ᠤᠨ ᠳᠠᠷᠤᠭ᠎ᠠ ᠾᠧ ᡁᠢ ᠯᠢᠶᠠᠩ ᠪᠠᠶᠠᠷ᠎ᠤᠨ ᠦᠭᠡ᠎ᠳᠤ᠎ᠪᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠳᠡᠪᠢᠰᠬᠡᠷ ᠥᠷᠭᠡᠨ ᠠᠭᠤᠳᠠᠮ᠂ ᠬᠥᠷᠰᠢ ᠵᠡᠷᠭᠡᠯᠡᠳᠡᠭᠡ ᠮᠤᠵᠢ ᠣᠯᠠᠨ᠂ ᠪᠠᠶ᠋ᠢᠭ᠋ᠠᠯᠢ ᠵᠢᠨ ᠦᠵᠡᠮᠵᠢ ᠣᠯᠠᠨ ᠶᠠᠩᠵᠤ ᠵᠢᠨ᠂ ᠦᠨᠳᠦᠰᠦᠲᠡᠨ᠎ᠤ ᠰᠣᠶᠣᠯ ᠥᠪᠡᠷᠮᠢᠴᠡ ᠣᠨᠴᠠᠯᠢᠭ᠎ᠲᠠᠢ᠂ ᠣᠯᠠᠨ᠎ᠠᠴᠠ ᠣᠨᠴᠠᠭ᠋ᠠᠶ ᠡᠬᠢ ᠪᠠᠶᠠᠯᠢᠭ ᠶᠡᠬᠡ ᠨᠥᠬᠥᠴᠡᠯ ᠵᠢᠴᠢ ᠦᠪᠡᠷᠲᠡᠭᠡᠨ ᠲ᠋ᠡᠷᠭᠡ ᠵᠢᠯᠤᠭᠤᠳᠬᠤ ᠵᠠᠮ᠎ᠤᠨ ᠪᠠᠢ᠌ᠳᠠᠯ᠎ᠤᠨ ᠲᠠᠪᠠᠭᠤᠯᠢᠭ ᠨᠦᠬᠦᠴᠡᠯ᠎ᠨᠢ ᠥᠪᠥᠷ ᠮᠣᠩᠭᠣᠯ᠎ᠤᠨ ᠬᠥᠭᠵᠢᠯᠲᠡ ᠵᠢᠨ ᠣᠷᠣᠨ ᠵᠢᠴᠢ ᠡᠷᠭᠢᠨ ᠲᠣᠭᠣᠷᠢᠨ᠎ᠤ ᠦᠪᠡᠷᠲᠡᠭᠡᠨ ᠲᠡᠷᠭᠡ ᠵᠢᠯᠣᠭᠣᠳᠴᠤ ᠵᠤᠭ᠋ᠠᠴᠠᠭᠰᠠᠳ ᠲᠤ ᠪᠠᠶ᠋ᠢᠭ᠋ᠠᠯᠢ ᠵᠢᠨ ᠳᠠᠪᠠᠭᠤᠯᠢᠭ᠎ᠢ ᠤᠯᠭᠤᠵᠠᠢ᠃ 《72 ᠴᠠᠭ ᠥᠪᠥᠷ ᠮᠣᠩᠭᠣᠯ᠎ᠳᠤ ᠦᠪᠡᠷᠲᠡᠭᠡᠨ ᠲ᠋ᠡᠷᠭᠡ ᠵᠢᠯᠣᠭᠣᠳᠬᠤ》᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠴᠢ ᠡᠷᠭᠢᠨ ᠲᠣᠭᠣᠷᠢᠨ᠎ᠤ ᠮᠤᠵᠢ ᠣᠷᠣᠨ᠎ᠤ ᠲᠡᠷᠭᠡ᠎ᠲᠠᠢ ᠬᠦᠮᠦᠰ ᠵᠢᠴᠢ ᠦᠪᠡᠷᠲᠡᠭᠡᠨ ᠲ᠋ᠡᠷᠭᠡ ᠵᠢᠯᠣᠭᠣᠳᠴᠤ ᠵᠢᠭᠤᠯᠴᠢᠯᠠᠬᠤ ᠳᠤᠷᠠᠲᠠᠶ ᠬᠥᠮᠦᠰ᠎ᠲᠤ ᠬᠠᠩᠭ᠋ᠠᠭᠰᠠᠨ ᠭᠡᠷ᠎ᠤᠨ ᠬᠥᠮᠦᠰ ᠪᠠ ᠨᠠᠶ᠋ᠢᠵᠠ ᠨᠥᠬᠥᠳ᠎ᠲᠠᠢ᠎ᠪᠠᠨ ᠭᠠᠷᠠᠭ᠎ᠤᠨ ᠠᠮᠠᠷᠠᠯᠲᠠ᠎ᠪᠠᠨ ᠪᠠᠶᠠᠷ ᠬᠦᠷ᠎ᠲᠠᠢ ᠥᠩᠭᠡᠷᠡᠭᠦᠯᠵᠦ᠂ ᠤᠬᠤᠷ ᠬᠤᠭᠤᠴᠠᠭ᠋ᠠᠨ᠎ᠤ ᠠᠮᠠᠷᠠᠯᠲᠠ ᠵᠢ ᠬᠠᠮᠲᠤ᠎ᠪᠠᠷ ᠡᠳ᠋ᠯᠡᠬᠦ ᠵᠢᠨ ᠪᠠᠶᠠᠷ ᠪᠠᠬᠠᠳᠤᠯᠲᠤ ᠵᠦᠭᠯᠡᠭᠦᠷ ᠪᠣᠯᠤᠨ᠎ᠠ᠃
ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ᠂ ᠦᠪᠡᠷᠲᠡᠭᠡᠨ ᠮᠠᠰᠢᠨ ᠵᠢᠯᠣᠭᠣᠳᠬᠤ ᠡᠯᠧᠮᠧᠨ᠋ᠲ ᠪᠦᠬᠦᠢ ᠪᠦᠲᠦᠭᠡᠯᠴᠢ ᠴᠢᠨᠠᠷᠲᠠᠶ ᠬᠥᠳᠡᠯᠭᠡᠬᠦ ᠲᠥᠬᠥᠭᠡᠷᠦᠮᠵᠢ ᠵᠢ ᠠᠰᠢᠭᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《 ᠥᠪᠥᠷ ᠮᠣᠩᠭᠣᠯ᠎ᠤᠨ ᠪᠦᠲᠦᠭᠡᠯᠴᠢ ᠴᠢᠨᠠᠷᠲᠠᠶ 〈72 ᠴᠠᠭ〉᠎ᠤᠨ ᠥᠪᠡᠷᠲᠡᠭᠡᠨ ᠮᠠᠰᠢᠨ ᠵᠢᠯᠣᠭᠣᠳᠬᠤ ᠵᠢᠭᠤᠯᠴᠢᠯᠠᠯ᠎ᠤᠨ ᠤᠯᠠᠷᠢᠯ》᠎ᠢ ᠡᠬᠢᠯᠡᠭᠦᠯᠪᠡ᠂ ᠡᠨᠡ᠎ᠨᠢ 2019 ᠤᠨ᠎ᠤ ᠥᠪᠥᠷ ᠮᠣᠩᠭᠣᠯ᠎ᠤᠨ ᠵᠤᠨ᠎ᠤ ᠵᠢᠭᠤᠯᠴᠢᠯᠠᠯ᠎ᠤᠨ ᠡᠬᠢᠯᠡᠭᠰᠡᠨ᠎ᠢ ᠬᠠᠷᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠨᠢ 6 ᠰᠠᠷ᠎ᠠ ᠵᠢᠨ ᠵᠤᠭ᠋ᠠᠴᠠᠯ᠎ᠤᠨ ᠰᠢᠵᠢᠷ ᠠᠯᠲᠠᠨ ᠤᠯᠠᠷᠢᠯ᠎ᠢ ᠤᠭᠲᠤᠬᠤ ᠪᠣᠯᠤᠨ᠎ᠠ᠃ 《72 ᠴᠠᠭ ᠥᠪᠥᠷ ᠮᠣᠩᠭᠣᠯ᠎ᠳᠤ ᠦᠪᠡᠷᠲᠡᠭᠡᠨ ᠲ᠋ᠡᠷᠭᠡ ᠵᠢᠯᠣᠭᠣᠳᠬᠤ》 ᠬᠠᠮᠲᠤᠷᠠᠯᠴᠠᠭ᠋ᠠᠨ᠎ᠤ ᠬᠠᠨᠢᠲᠠᠨ᠎ᠤ ᠠᠮᠢ ᠠᠬᠤᠶ ᠵᠢᠨ ᠬᠦᠷᠢᠶ᠎ᠡ᠎ᠪᠠᠨ ᠴᠦ᠍ ᠲᠤᠬᠠᠶ ᠵᠢᠨ ᠲᠠᠯᠠᠪᠠᠶ᠎ᠳᠤ ᠨᠡᠶ᠋ᠢᠲᠡᠯᠡᠵᠦ᠂ ᠦᠪᠡᠷᠲᠡᠭᠡᠨ ᠮᠠᠰᠢᠨ ᠵᠢᠯᠣᠭᠣᠳᠬᠤ ᠺᠯᠦ᠋ᠪ᠂ ᠵᠢᠭᠤᠯᠴᠢᠯᠠᠯ᠎ᠤᠨ ᠬᠣᠯᠪᠣᠭ᠎ᠠ ᠵᠢᠴᠢ ᠵᠢᠭᠤᠯᠴᠢᠯᠠᠯ᠎ᠤᠨ ᠬᠤᠳᠠᠯᠳᠤᠭ᠋ᠠᠴᠢᠨ᠂ ᠵᠠᠭᠤᠴᠢᠯᠠᠭᠤᠷ ᠵᠡᠷᠭᠡ ᠬᠠᠮᠲᠤ᠎ᠪᠠᠷ ᠪᠠᠶ᠋ᠢᠭᠤᠯᠵᠤ᠂ ᠥᠪᠥᠷ ᠮᠣᠩᠭᠣᠯ᠎ᠤᠨ ᠦᠪᠡᠷᠲᠡᠭᠡᠨ ᠲᠡᠷᠭᠡ ᠵᠢᠯᠣᠭᠣᠳᠴᠤ ᠵᠤᠭ᠋ᠠᠴᠠᠬᠤ ᠠᠵᠤ ᠦᠢ᠍ᠯᠡᠰ᠎ᠤᠨ ᠬᠥᠭᠵᠢᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃
《72 ᠴᠠᠭ ᠥᠪᠥᠷ ᠮᠣᠩᠭᠣᠯ᠎ᠳᠤ ᠦᠪᠡᠷᠲᠡᠭᠡᠨ ᠲ᠋ᠡᠷᠭᠡ ᠵᠢᠯᠣᠭᠣᠳᠬᠤ》᠎ᠨᠢ ᠪᠦᠬᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠵᠢᠭᠤᠯᠴᠢᠯᠠᠯ᠎ᠤᠨ ᠲᠠᠲᠠᠬᠤ ᠮᠠᠲᠸᠷᠢᠶᠠᠯ ᠪᠣᠯᠭ᠋ᠠᠵᠤ᠂ ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢᠨ ᠰᠢᠨ᠎ᠡ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠬᠡᠷᠡᠭᠯᠡᠭᠡ ᠵᠢᠨ ᠳᠡᠰ ᠳᠡᠪᠰᠢᠬᠦ ᠰᠢᠨ᠎ᠡ ᠬᠠᠨᠳᠤᠰᠢ ᠵᠢ ᠬᠥᠲᠥᠯᠥᠨ ᠳᠠᠭ᠋ᠠᠭᠤᠯᠵᠤ᠂ ᠥᠪᠥᠷ ᠮᠣᠩᠭᠣᠯ᠎ᠤᠨ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃ 《72 ᠴᠠᠭ ᠥᠪᠥᠷ ᠮᠣᠩᠭᠣᠯ᠎ᠳᠤ ᠦᠪᠡᠷᠲᠡᠭᠡᠨ ᠲ᠋ᠡᠷᠭᠡ ᠵᠢᠯᠣᠭᠣᠳᠬᠤ 》 ᠨᠡᠷᠡᠲᠦ ᠳᠡᠮᠳᠡᠭ ᠪᠠᠰᠠ ᠵᠠᠯᠭ᠋ᠠᠭ᠎ᠠ᠎ᠪᠠᠷ ᠭᠣᠤᠯ ᠰᠡᠳᠦᠪᠲᠦ ᠵᠠᠮ᠎ᠤᠨ ᠪᠢᠴᠢᠭ᠂ ᠵᠢᠷᠤᠭ ᠦᠰᠦᠭᠲᠦ ᠸᠢᠳᠢᠣ᠋ ᠵᠡᠷᠭᠡ ᠵᠢ ᠨᠡᠶ᠋ᠢᠲᠡᠯᠡᠵᠦ᠂ ᠬᠠᠮ ᠵᠠᠭᠤᠴᠢᠯᠠᠭᠤᠷ᠎ᠤᠨ ᠲᠠᠪᠴᠠᠩ ᠵᠶ᠋ᠠᠷ ᠳᠠᠮᠵᠢᠭᠤᠯᠤᠨ ᠥᠷᠭᠡᠨ ᠳᠡᠯᠭᠡᠷ ᠵᠶ᠋ᠠᠷ ᠳᠠᠷᠬᠠᠭ᠋ᠠᠨ᠂ ᠭᠠᠳᠠᠭᠰᠢ ᠨᠡᠩ ᠣᠯᠠᠨ ᠡᠰᠢᠴᠢᠯᠡᠭᠰᠡᠨ ᠡᠯᠪᠡᠭ ᠪᠠᠶᠠᠯᠢᠭ ᠥᠪᠥᠷ ᠮᠣᠩᠭᠣᠯ᠎ᠤᠨ ᠵᠢᠭᠤᠯᠴᠢᠯᠠᠯ᠎ᠤᠨ ᠳᠦᠷᠢ ᠲᠥᠷᠬᠦ ᠵᠢ ᠱᠤᠭᠤᠵᠤ᠂ ᠭᠡᠷ᠎ᠤᠨ ᠬᠥᠮᠦᠰ ᠨᠠᠶ᠋ᠢᠵᠠ ᠨᠥᠬᠥᠳ᠎ᠲᠠᠢ᠎ᠪᠠᠨ ᠬᠠᠮᠲᠤ᠎ᠪᠠᠷ ᠥᠪᠥᠷ ᠮᠣᠩᠭᠣᠯ ᠵᠶ᠋ᠠᠷ ᠦᠪᠡᠷᠲᠡᠭᠡᠨ ᠲᠡᠷᠭᠡ ᠵᠢᠯᠣᠭᠣᠳᠬᠤ ᠪᠤᠶᠤ ᠨᠤᠲᠤᠭ᠎ᠲᠤ᠎ᠪᠠᠨ ᠦᠪᠡᠷᠲᠡᠭᠡᠨ ᠲᠡᠷᠭᠡ ᠵᠢᠯᠣᠭᠣᠳᠬᠤ ᠵᠢ ᠰᠠᠨᠠᠭ᠋ᠠᠴᠢᠯᠠᠵᠤ᠂ 72 ᠴᠠᠭ᠎ᠤᠨ ᠪᠠᠶᠠᠷ ᠪᠠᠶᠠᠰᠬᠤᠯᠠᠩᠲᠤ ᠴᠠᠭ ᠮᠥᠴᠡ ᠵᠢ ᠬᠠᠮᠲᠤ᠎ᠪᠠᠷ ᠡᠳ᠋ᠯᠡᠵᠦ᠂ ᠥᠪᠥᠷ ᠮᠣᠩᠭᠣᠯ᠎ᠤᠨ ᠭᠤᠢ᠌ᠲᠠ ᠰᠠᠢ᠌ᠬᠠᠨ ᠦᠵᠡᠮᠵᠢ ᠵᠢ ᠲᠠᠰᠤᠷᠠᠯᠲᠠ ᠤᠢ᠍ᠭᠡᠢ ᠬᠠᠶ᠋ᠢᠨ ᠰᠤᠷᠪᠤᠯᠵᠢᠯᠠᠵᠤ ᠢᠯᠡᠷᠡᠭᠦᠯᠬᠦ ᠪᠣᠯᠤᠨ᠎ᠠ᠃


ᠠᠬᠤᠢ ᠲᠠᠯᠠᠪᠠᠢ