ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠭᠡᠰᠡᠷ》 ᠤᠯᠤᠰ ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠵᠢᠮᠪᠠᠵᠠᠮᠰᠤ 2019 ᠣᠨ᠎ᠤ 《ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨ᠎ᠤ ᠰᠣᠳᠣᠨ ᠬᠥᠮᠦᠨ》 ᠵᠶ᠋ᠠᠷ ᠦᠨᠡᠯᠡᠭᠳᠡᠪᠡ
ᠨᠡᠶᠢᠲᠡᠯᠡᠭᠰᠡᠨ ᠴᠠᠭ᠄ 2020-01-16

     12 ᠳ᠋ᠤᠭ᠋ᠠᠷ ᠰᠠᠷ᠎ᠠ ᠵᠢᠨ 29᠎ᠤ ᠡᠳᠦᠷ᠂ ᠭᠤᠸᠠᠩᠮᠢᠩ ᠡᠳᠦᠷ᠎ᠤᠨ ᠰᠣᠨᠢᠨ᠂ ᠭᠤᠸᠠᠩᠮᠢᠩ ᠰᠦᠯᠵᠢᠶ᠎ᠡ ᠵᠢᠨ ᠵᠣᠬᠢᠶᠠᠨ ᠪᠠᠶ᠋ᠢᠭᠤᠯᠤᠭᠰᠠᠨ 2019 ᠣᠨ᠎ᠤ 《ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨ᠎ᠤ   ᠰᠣᠳᠣᠨ ᠬᠦᠮᠦᠨ》᠎ᠢ ᠰᠣᠩᠭᠣᠨ ᠲᠣᠳᠣᠷᠠᠭᠤᠯᠬᠤ ᠠᠵᠢᠯᠯᠠᠭ᠎ᠠ ᠵᠢ ᠪᠡᠭᠡᠵᠢᠩ᠎ᠳᠤ ᠠᠯᠪᠠᠨ ᠶᠣᠰᠤ᠎ᠪᠠᠷ ᠵᠠᠷᠯᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠭᠡᠰᠡᠷ》 ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠵᠢᠮᠪᠠᠵᠠᠮᠰᠤ 2019 ᠣᠨ᠎ᠤ 《ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨ᠎ᠤ   ᠰᠣᠳᠣᠨ ᠬᠥᠮᠦᠨ》 ᠵᠶ᠋ᠠᠷ ᠦᠨᠡᠯᠡᠭᠳᠡᠪᠡ᠃
      ᠵᠢᠮᠪᠠᠵᠠᠮᠰᠤ ᠨᠠᠰᠤᠲᠠᠨ ᠪᠣᠯ ᠣᠷᠴᠢᠨ ᠦᠶ᠎ᠡ ᠵᠢᠨ 《ᠭᠡᠰᠡᠷ》 ᠤᠷᠠᠯᠢᠭᠴᠢᠨ᠎ᠤ ᠲᠥᠯᠥᠭᠡᠯᠡᠭᠴᠢ ᠶᠤᠮ᠃ ᠬᠠᠷᠠᠬᠠᠨ ᠪᠠᠭ᠎ᠠ᠎ᠠᠴᠠ᠎ᠪᠠᠨ ᠪᠠᠭᠰᠢ᠎ᠠᠴᠠ᠎ᠪᠠᠨ ᠲᠤᠤᠯᠢᠰ᠎ᠤᠨ ᠬᠠᠢ᠌ᠯᠠᠨ ᠲᠠᠭᠤᠯᠠᠬᠤ ᠡᠷᠳᠡᠮ᠎ᠢ ᠰᠣᠷᠴᠠᠢ᠃   ᠲᠡᠷᠡ 《ᠭᠡᠰᠡᠷ》 ᠬᠠᠢ᠌ᠯᠠᠬᠤ᠎ᠳᠤ ᠮᠤᠨᠭ᠌ᠭᠤᠯ ᠦᠭᠡᠰ᠎ᠤᠨ ᠰᠠᠨᠭ᠌᠎ᠤᠨ ᠪᠠᠶᠠᠯᠢᠭ᠎ᠢ ᠭᠠᠢ᠌ᠬᠠᠭᠤᠯᠵᠤ᠂ ᠲᠠᠯ᠎ᠠ ᠨᠤᠲᠤᠭ᠎ᠤᠨ ᠦᠪᠡᠷᠮᠢᠴᠡ ᠰᠣᠶᠤᠯ ᠢᠷᠭᠡᠨᠰᠢᠯ᠎ᠤᠨ ᠬᠡᠪ ᠨᠠᠮᠪᠠ ᠵᠢ ᠢᠯᠡᠷᠡᠭᠦᠯᠪᠡ᠃ ᠲᠡᠭᠦᠨ᠎ᠢ ᠱᠠᠨᠭ᠌ᠨᠠᠬᠤ ᠨᠡᠷᠡᠰ᠎ᠲᠤ ᠲᠣᠳᠣᠷᠠᠭᠤᠯᠬᠤ᠎ᠳᠤ 《ᠲᠩᠷᠢ ᠴᠡᠯᠡᠢ᠌ᠨ᠂ ᠲᠠᠭᠤᠤ ᠴᠤᠤᠷᠢᠶᠠᠳᠤᠨ᠎ᠠ᠂ ᠵᠢᠷᠦᠬᠡ ᠰᠡᠳᠬᠢᠯ᠎ᠳᠤ᠎ᠨᠢ ᠦᠨᠳᠦᠰᠦᠲᠡᠨ᠎ᠤ᠎ᠪᠠᠨ ᠪᠠᠭ᠋ᠠᠲᠤᠷᠯᠢᠭ ᠲᠤᠤᠯᠢᠰ ᠵᠶ᠋ᠡᠨ ᠰᠠᠬᠢᠨ ᠬᠠᠮᠠᠭ᠋ᠠᠯᠠᠬᠤ ᠨᠠᠷᠠᠨ   ᠮᠠᠨᠳᠣᠨ᠎ᠠ; ᠦᠰᠦ᠎ᠨᠢ   ᠪᠤᠭᠤᠷᠤᠯᠳᠤᠭᠰᠠᠨ ᠴᠤ᠌᠂ ᠬᠠᠢ᠌ᠷ᠎ᠠ᠎ᠨᠢ ᠮᠦᠨᠭᠬᠡᠷᠡᠨ᠎ᠡ᠂ ᠬᠣᠣᠰ ᠭᠠᠷ᠎ᠨᠢ ᠰᠣᠶᠣᠯ᠎ᠤᠨ ᠠᠮᠢ ᠨᠠᠰᠤ ᠵᠢ ᠵᠠᠯᠭ᠋ᠠᠨ ᠦᠷᠭᠦᠯᠵᠢᠯᠡᠭᠦᠯᠬᠦ ᠬᠦᠰᠡᠯ ᠡᠷᠡᠮᠡᠯᠵᠡᠯ᠎ᠢ ᠬᠦᠭᠵᠢᠮᠳᠡᠨ᠎ᠡ》 ᠭᠡᠵᠦ ᠲᠦᠷᠰᠦᠯᠡᠪᠡ᠃ ᠣᠶ᠋ᠢᠯᠠᠭ᠋ᠠᠭᠰᠠᠨ ᠵᠶ᠋ᠠᠷ᠂ 2019 ᠣᠨ᠎ᠤ 《ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨ᠎ᠤ ᠰᠣᠳᠣᠨ ᠬᠥᠮᠦᠨ》᠎ᠢ ᠰᠣᠩᠭᠣᠨ ᠲᠣᠳᠣᠷᠠᠭᠤᠯᠬᠤ ᠠᠵᠢᠯᠯᠠᠭ᠋ᠠᠨ᠎ᠳᠤ ᠣᠢ᠌ᠷ᠎ᠠ ᠵᠢᠨ ᠵᠢᠯ᠎ᠤᠳ᠎ᠲᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ᠂ ᠬᠠᠮᠢᠶ᠎ᠠ ᠪᠦᠬᠦᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠤᠳᠤᠯᠤᠭᠴᠢ ᠪᠠ ᠤᠷᠠᠯᠢᠭᠴᠢᠨ ᠵᠡᠷᠭᠡ ᠵᠢ ᠪᠠᠭᠲᠠᠭ᠋ᠠᠨ ᠰᠢᠯᠭ᠋ᠠᠷᠠᠭᠤᠯᠳᠠᠭ ᠶᠤᠮ ᠪᠠᠢ᠌ᠨ᠎ᠠ᠃



                                ᠰᠣᠩᠭᠣᠨ ᠭᠠᠷᠭ᠋ᠠᠬᠤ ᠠᠵᠢᠯᠯᠠᠭ᠎ᠠ ᠵᠢᠨ ᠲᠤᠬᠠᠶ ᠵᠢᠨ ᠲᠠᠯᠠᠪᠠᠢ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ ᠎ᠢ ᠬᠠᠮᠠᠭ᠋ᠠᠯᠠᠬᠤ ᠲᠥᠪ
          
ᠬᠠᠮᠢᠶ᠎ᠡ ᠪᠦᠬᠦᠢ ᠰᠣᠨᠢᠨ
ᠤᠯᠤᠰ᠎ᠤᠨ ᠲᠡᠷᠢᠭᠦᠯᠡᠭᠴᠢ ᠰᠢ ᠵᠢᠨ ᠫᠢᠩ 2020 ᠤᠨ᠎ᠤ ᠰᠢᠨ᠎ᠡ ᠵᠢᠯ᠎ᠤᠨ ᠪᠠᠶᠠᠷ᠎ᠤᠨ ᠦᠭᠡ ᠨᠡᠢ᠌ᠲᠡᠯᠡᠪᠡ
ᠳᠠᠭᠤᠤ ᠵᠢᠨ ᠨᠤᠲ ᠲᠡᠭᠳᠡᠨ ᠦᠰᠦᠷᠬᠢᠯᠡᠵᠦ ᠬᠠᠭᠤᠴᠢᠨ ᠵᠢᠯ ᠵᠶ᠋ᠠᠨ ᠦᠳᠡᠨ᠎ᠡ᠂ 2020 ᠣᠨ᠎ᠤ ᠦᠨᠳᠦᠰᠦᠲᠡᠨ᠎ᠤ ᠣᠷᠾᠸᠰᠲᠷ ᠬᠥᠭᠵᠢᠮ᠎ᠤᠨ ᠰᠢᠨ᠎ᠡ ᠵᠢᠯ᠎ᠤᠨ ᠳᠠᠭᠤᠤ ᠬᠥᠭᠵᠢᠮ᠎ᠤᠨ ᠦᠳᠡᠰᠢᠯᠡᠭᠡ 《ᠤᠮᠠᠷᠠᠲᠤ ᠬᠢᠯᠢ ᠵᠢᠨ ᠮᠠᠭᠲᠠᠭ᠋ᠠᠯ ᠳᠠᠭᠤᠤ》 ᠵᠢ ᠤᠯᠠᠭ᠋ᠠᠨ ᠲᠢᠶᠠᠲᠷ᠎ᠲᠤ ᠲᠣᠭᠯᠠᠪᠠ
2020 ᠣᠨ᠎ᠤ ᠰᠢᠨ᠎ᠡ ᠤᠨ᠎ᠤ ᠳᠠᠭᠤᠤ ᠬᠥᠭᠵᠢᠮ᠎ᠤᠨ ᠦᠳᠡᠰᠢᠯᠡᠭᠡ ᠤᠯᠠᠭ᠋ᠠᠨ ᠲᠢᠶᠠᠲᠷ᠎ᠲᠤ ᠶᠠᠪᠣᠭᠳᠠᠪᠠ
ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ ᠦᠪᠤᠷ ᠮᠤᠩᠭᠤᠯ᠎ᠤᠨ ᠬᠠᠲᠤᠨ ᠭᠤᠤᠯ᠎ᠤᠨ ᠰᠤᠶᠤᠯ᠎ᠤᠨ ᠬᠠᠮᠠᠭ᠋ᠠᠯᠠᠯᠲᠠ ᠵᠢᠨ ᠤᠯᠠᠮᠵᠢᠯᠠᠯ᠎ᠢ ᠬᠦᠭᠵᠢᠬᠦᠯᠬᠦ ᠲᠦᠯᠦᠪᠵᠢᠭᠦᠯᠦᠯᠭᠡ ᠵᠢᠨ ᠪᠠᠢ᠌ᠷᠢᠯᠠᠭᠤᠯᠤᠯᠲᠠ ᠵᠢᠨ ᠶᠠᠷᠢᠯᠴᠠᠬᠤ ᠬᠤᠷᠠᠯ ᠬᠢᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠠᠩᠬᠠᠳᠤᠭ᠋ᠠᠷ ᠤᠳᠠᠭ᠋ᠠᠨ᠎ᠤ ᠨᠠᠮ᠎ᠤᠨ ᠭᠡᠰᠢᠭᠦᠨ᠎ᠤ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠠᠵᠢᠯᠴᠢᠨ᠎ᠤ ᠡᠪᠯᠡᠯ᠎ᠤᠨ ᠠᠩᠬᠠᠳᠤᠭ᠋ᠠᠷ ᠤᠳᠠᠭ᠋ᠠᠨ᠎ᠤ ᠭᠡᠰᠢᠭᠦᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠎ᠢ ᠬᠤᠷᠠᠯᠳᠤᠭᠤᠯᠪᠠ
 
            