
ᠰᠢᠨ᠎ᠡ ᠵᠢᠯ᠎ᠠᠴᠠ ᠡᠮᠤᠨᠡᠬᠡᠨ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠲᠦᠪ᠎ᠤᠨ ᠷᠠᠳᠢᠤ᠋ ᠲᠸᠯᠸᠢᠰ᠎ᠤᠨ ᠶᠡᠷᠤᠩᠬᠡᠢ ᠬᠤᠷᠢᠶ᠎ᠠ ᠪᠤᠯᠤᠨ ᠢᠨᠲᠸᠷ ᠰᠦᠯᠵᠢᠶ᠎ᠡ᠎ᠪᠠᠷ ᠳᠠᠮᠵᠢᠭᠤᠯᠤᠨ᠂2020 ᠤᠨ᠎ᠤ ᠰᠢᠨ᠎ᠡ ᠵᠢᠯ᠎ᠤᠨ ᠪᠠᠶᠠᠷ᠎ᠤᠨ ᠦᠭᠡ ᠨᠡᠢ᠌ᠲᠡᠯᠡᠪᠡ᠃
ᠰᠢᠨ᠎ᠡ ᠵᠢᠯ᠎ᠠᠴᠠ ᠡᠮᠤᠨᠡᠬᠡᠨ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠲᠦᠪ᠎ᠤᠨ ᠷᠠᠳᠢᠤ᠋ ᠲᠸᠯᠸᠢᠰ᠎ᠤᠨ ᠶᠡᠷᠤᠩᠬᠡᠢ ᠬᠤᠷᠢᠶ᠎ᠠ ᠪᠤᠯᠤᠨ ᠢᠨᠲᠸᠷ ᠰᠦᠯᠵᠢᠶ᠎ᠡ᠎ᠪᠠᠷ ᠳᠠᠮᠵᠢᠭᠤᠯᠤᠨ᠂2020 ᠤᠨ᠎ᠤ ᠰᠢᠨ᠎ᠡ ᠵᠢᠯ᠎ᠤᠨ ᠪᠠᠶᠠᠷ᠎ᠤᠨ ᠦᠭᠡ ᠨᠡᠢ᠌ᠲᠡᠯᠡᠪᠡ᠃ ᠪᠦᠬᠦ ᠠᠭᠤᠯᠭ᠎ᠠ᠎ᠨᠢ ᠲᠤᠤᠷᠠᠬᠢ ᠮᠡᠲᠤ᠄
2020 ᠤᠨ ᠤᠳᠠᠯ ᠦᠬᠡᠢ ᠬᠦᠷᠴᠤ ᠢᠷᠡᠬᠦ ᠪᠤᠯᠤᠯ᠎ᠠ᠂ ᠪᠢ ᠨᠠᠢ᠌ᠰᠯᠡᠯ ᠪᠡᠭᠡᠵᠢᠩ᠎ᠠᠴᠠ ᠲᠠ ᠪᠦᠬᠦᠨ᠎ᠳᠤ ᠰᠢᠨ᠎ᠡ ᠵᠢᠯ᠎ᠤᠨ ᠰᠠᠢ᠌ᠨ ᠰᠠᠢ᠌ᠬᠠᠨ ᠬᠦᠰᠡᠯ ᠵᠦᠩᠨᠡᠯ ᠲᠡᠪᠰᠢᠬᠦᠯᠵᠤ ᠪᠠᠢ᠌ᠨ᠎ᠠ!
2019 ᠤᠨ᠎ᠳᠤ᠂ ᠪᠢᠳᠡ ᠠᠷᠢᠭᠤᠨ ᠬᠦᠯᠤᠰᠦᠪᠠᠨ ᠤᠷᠤᠰᠬᠠᠨ ᠦᠯᠡᠮᠵᠢ ᠠᠮᠵᠢᠯᠲᠠ ᠤᠯᠵᠤ᠂ ᠪᠤᠳᠠᠲᠠᠢ ᠠᠵᠢᠯᠯᠠᠨ᠂ ᠯᠠᠪᠳᠠᠭᠤᠨ ᠪᠠᠳᠦ᠎ᠲᠠᠢ ᠤᠷᠤᠭᠰᠢᠯᠠᠪᠠ᠃ ᠴᠢᠨᠠᠷ ᠰᠠᠢ᠌ᠲᠠᠢ ᠬᠦᠭᠵᠢᠯᠲᠡ ᠳᠤᠭᠲᠠᠭᠤᠨ ᠵᠶ᠋ᠠᠷ ᠠᠬᠢᠵᠤ᠂ ᠮᠠᠨ᠎ᠤ ᠤᠯᠤᠰ᠎ᠤᠨ ᠤᠯᠤᠰ᠎ᠤᠨ ᠳᠤᠳᠦᠭ᠋ᠠᠳᠤ ᠵᠢᠨ ᠦᠢ᠍ᠯᠡᠳᠪᠦᠷᠢᠯᠡᠯ᠎ᠤᠨ ᠶᠡᠷᠤᠩᠬᠡᠢ ᠦᠷᠲᠡᠭ ᠵᠢᠱ᠌ᠢᠯᠲᠡ᠎ᠪᠠᠷ100 ᠳᠦᠮᠡᠨ ᠳ᠋ᠦᠩᠰᠢᠭᠤᠷ ᠲᠦᠭᠦᠷᠢᠭ ᠰᠢᠬᠠᠮ ᠠᠷᠠᠳ᠎ᠤᠨ ᠵᠤᠭᠤᠰ᠎ᠲᠤ ᠬᠦᠷᠴᠦ᠂ ᠬᠦᠮᠤᠨ ᠳᠤᠮᠳᠠᠴᠢ᠎ᠪᠠᠷ1 ᠳᠦᠮᠡᠨ ᠳ᠋ᠤᠯᠯᠠᠷ᠎ᠤᠨ ᠲᠡᠭᠲᠡᠷ᠎ᠲᠤ ᠭᠠᠷᠬᠤ ᠪᠤᠯᠤᠨ᠎ᠠ᠃ ᠭᠤᠷᠪᠠᠨ ᠶᠡᠬᠡ ᠪᠤᠭᠤᠮᠲᠠ ᠰᠢᠪᠳᠤᠯᠬᠤ ᠳᠠᠢ᠌ᠯᠠᠯᠳᠤᠭ᠋ᠠᠨ ᠵᠠᠩᠬᠢᠯᠠᠭ᠎ᠠ ᠵᠢᠨ ᠠᠬᠢᠯᠲᠠ᠎ᠲᠠᠢ ᠪᠤᠯᠪᠠ᠃ ᠪᠡᠭᠡᠵᠢᠩ ᠳᠢᠶᠠᠨᠵᠢᠨ ᠡᠾᠸᠪᠸᠢ ᠵᠢᠨ ᠬᠠᠮᠵᠢᠯᠴᠠᠭᠰᠠᠨ ᠬᠦᠭᠵᠢᠯᠲᠡ᠂ ᠬᠦᠬᠡᠮᠦ᠋ᠷᠡᠨ᠎ᠤ ᠠᠵᠤ ᠠᠬᠤᠢ ᠵᠢᠨ ᠪᠦᠰᠡ ᠵᠢᠨ ᠬᠦᠭᠵᠢᠯᠲᠡ᠂ ᠭᠣᠸᠠᠩᠳᠦ᠋ᠩ ᠰᠢᠶᠠᠩᠭ᠋ᠠᠩ ᠤᠤᠮᠸᠨ᠎ᠤ ᠲᠤᠮᠤ ᠪᠤᠯᠤᠩ᠎ᠤᠨ ᠤᠷᠤᠨ᠎ᠤ ᠪᠦᠳᠦᠭᠡᠨ ᠪᠠᠢ᠌ᠭᠤᠯᠤᠯᠲᠠ᠂ ᠬᠦᠬᠡᠮᠦ᠋ᠷᠡᠨ᠎ᠤ ᠭᠤᠷᠪᠠᠯᠵᠢᠨ ᠬᠤᠢ᠌ᠭ᠎ᠤᠨ ᠨᠢᠭᠡ ᠴᠤᠭᠴᠠᠵᠢᠭᠰᠠᠨ ᠬᠦᠭᠵᠢᠯᠲᠡ ᠲᠦᠷᠭᠡᠨ ᠠᠬᠢᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠦᠭᠵᠢᠯᠲᠡ ᠤᠯᠤᠰ᠎ᠤᠨ ᠪᠠᠢ᠌ᠯᠳᠤᠬᠤ ᠪᠤᠳᠤᠯᠭ᠎ᠠ ᠪᠤᠯᠵᠤ ᠲᠡᠪᠰᠢᠪᠡ᠃ ᠪᠦᠬᠦ ᠤᠯᠤᠰ᠎ᠤᠨ340 ᠰᠢᠬᠠᠮ ᠶᠠᠳᠠᠭᠤ ᠬᠦᠴᠢᠷᠳᠠᠯᠳᠠᠢ ᠰᠢᠶᠠᠨ᠎ᠢ ᠶᠠᠳᠠᠭᠤ᠎ᠠᠴᠠ ᠠᠩᠭᠢᠵᠢᠷᠠᠭᠤᠯᠵᠤ᠂1000 ᠲᠦᠮᠡ ᠭᠠᠷᠤᠢ ᠬᠦᠮᠤᠨ᠎ᠢ ᠶᠠᠳᠠᠭᠤ᠎ᠠᠴᠠ ᠠᠩᠬᠢᠵᠢᠷᠠᠭᠤᠯᠪᠠ᠃ ᠴᠠᠩ ᠡᠸ ᠳᠦᠷᠪᠡᠳᠤᠭᠡᠷ ᠨᠤᠮᠸᠷᠳᠤ ᠬᠦᠮᠤᠨ ᠲᠦᠷᠤᠯᠬᠢᠲᠡᠨᠤ ᠲᠡᠤᠬᠡᠨᠡ ᠠᠩᠬ᠎ᠠ ᠤᠳᠠᠭ᠎ᠠ ᠰᠠᠷᠠᠨ ᠪᠦᠮᠪᠤᠷᠴᠡᠭ᠎ᠤᠨ ᠠᠷᠤ ᠲᠠᠯ᠎ᠠ᠎ᠳᠤ ᠪᠠᠭᠤᠵᠤ᠂ ᠴᠠᠩ ᠵᠸᠩ ᠲᠠᠪᠤᠳᠤᠭ᠋ᠠᠷ ᠨᠤᠮᠸᠷᠳᠤ ᠠᠯᠤᠰ ᠭᠤᠷᠪᠠ ᠬᠦᠯᠭᠡ ᠳᠠᠢ᠌ᠷᠤᠯᠲᠤ ᠰᠤᠮᠤ ᠵᠢ ᠠᠮᠵᠢᠯᠲᠠ᠎ᠲᠠᠢ ᠬᠠᠷᠪᠤᠵᠤ᠂ ᠴᠠᠰᠤᠨ ᠯᠤᠤ ᠬᠤᠶᠠᠳᠤᠭ᠋ᠠᠷ ᠨᠤᠮᠸᠷᠲᠤ ᠡᠮᠤᠨᠡᠲᠤ ᠳᠦᠢ᠍ᠯ ᠵᠶ᠋ᠠᠷ ᠠᠩᠬ᠎ᠠ ᠠᠶᠠᠯᠠᠵᠤ᠂ ᠳᠤᠬᠢᠭᠤᠷ ᠳᠤᠯᠤᠭ᠋ᠠᠨ ᠤᠳᠤ ᠨᠡᠷᠡᠮᠵᠢᠲᠤ ᠠᠶᠠᠯᠠᠯ ᠵᠠᠮᠴᠢᠯᠠᠭ᠎ᠠ ᠵᠢᠨ ᠪᠦᠬᠦ ᠪᠦᠮᠪᠦᠷᠴᠡᠭ᠎ᠤᠨ ᠲᠤᠤᠷ ᠪᠦᠷᠢᠯᠳᠦᠭᠦᠯᠭᠦ ᠬᠤᠭᠤᠴᠠᠭ᠋ᠠᠨ᠎ᠳᠤ ᠤᠷᠤᠵᠤ᠂ 5G ᠬᠤᠳᠠᠯᠳᠤᠭ᠋ᠠᠨ᠎ᠤ ᠬᠡᠷᠡᠭᠯᠡᠭᠡ ᠳᠦᠷᠭᠡᠰᠴᠤ᠂ ᠪᠡᠭᠡᠵᠢᠩ᠎ᠤᠨ ᠳ᠋ᠠᠰᠢᠩ ᠤᠯᠠᠨ ᠤᠯᠤᠰ᠎ᠤᠨ ᠨᠢᠰᠭᠡᠯ᠎ᠤᠨ ᠪᠠᠭᠤᠳᠠᠯ 《ᠭᠠᠷᠤᠳᠢ ᠵᠢᠭᠦᠷ ᠵᠶ᠋ᠠᠨ ᠳᠡᠯᠭᠡᠪᠡ》 ᠁ ᠡᠳᠡᠭᠡᠷ ᠠᠮᠵᠢᠯᠲᠠ ᠪᠦᠳᠦᠮᠵᠢᠳᠤ ᠰᠢᠨ᠎ᠡ ᠴᠠᠭ ᠦᠶ᠎ᠡ ᠵᠢᠨ ᠡᠷᠠᠯᠭᠡᠭᠯᠡᠨ ᠲᠡᠮᠡᠴᠡᠭᠰᠡᠳ᠎ᠤᠨ ᠤᠶᠤᠨ ᠤᠬᠠᠭ᠋ᠠᠨ᠂ ᠬᠦᠴᠦ ᠬᠦᠯᠤᠰᠤ ᠰᠢᠩᠭᠡᠵᠤ᠂ ᠶᠡᠷᠤ ᠪᠤᠰᠤ ᠵᠢᠨ ᠳᠤᠮᠳᠠᠳᠤ ᠤᠯᠤᠰ᠎ᠤᠨ ᠴᠤᠭ ᠵᠢᠪᠬᠤᠭ᠎ᠠ᠂ ᠳᠤᠮᠳᠠᠳᠤ ᠤᠯᠤᠰ᠎ᠤᠨ ᠬᠦᠴᠤᠨ ᠴᠢᠳᠠᠯ᠎ᠢ ᠢᠯᠡᠷᠡᠬᠦᠯᠵᠡᠢ᠃
ᠨᠢᠭᠡ ᠵᠢᠯ᠎ᠤᠨ ᠲᠤᠷᠰᠢ᠂ ᠦᠭᠡᠷᠡᠴᠢᠯᠡᠯᠲᠡ ᠨᠡᠬᠡᠬᠡᠯᠲᠡ᠎ᠨᠢ ᠬᠦᠭᠵᠢᠯᠲᠡ ᠵᠢᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠬᠦᠭᠵᠢᠭᠡᠪᠡ᠃ ᠨᠠᠮ ᠪᠠ ᠳᠦᠷᠤ ᠵᠢᠨ ᠪᠠᠢ᠌ᠭᠤᠯᠤᠮᠵᠢ ᠵᠢᠨ ᠦᠭᠡᠷᠡᠴᠢᠯᠡᠯᠳᠡ ᠵᠢ ᠲᠡᠭᠦᠰ ᠠᠮᠵᠢᠯᠳᠠ᠎ᠲᠠᠢ ᠪᠡᠶᠡᠯᠡᠬᠦᠯᠪᠡ᠃ ᠨᠢᠭᠡ ᠪᠦᠯᠦᠭ ᠴᠢᠯᠤᠭᠡᠳᠤ ᠠᠷᠠᠯᠵᠢᠶᠠᠨ᠎ᠤ ᠳᠤᠷᠰᠢᠯᠲᠠ ᠵᠢᠨ ᠤᠷᠤᠨ᠎ᠤ ᠰᠢᠨ᠎ᠡ ᠤᠷᠤᠨ᠎ᠢ ᠨᠡᠮᠡᠵᠤ ᠪᠠᠢ᠌ᠭᠤᠯᠪᠠ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠡᠭᠦᠳᠤᠯᠲᠡ ᠵᠢᠨ ᠰᠲ᠋ᠤᠺ᠎ᠢ ᠤᠷᠤᠭᠰᠢᠲᠠᠢ᠎ᠪᠠᠷ ᠵᠠᠬ᠎ᠠ ᠲᠡᠯᠭᠡᠭᠦᠷ᠎ᠲᠤ ᠭᠠᠷᠭ᠋ᠠᠵᠤ ᠠᠷᠠᠯᠵᠢᠶᠠᠯᠠᠬᠤ ᠵᠢ ᠠᠬᠢᠭᠤᠯᠪᠠ᠃ ᠭᠠᠢ᠌ᠯᠢ ᠵᠢ ᠪᠠᠭ᠋ᠠᠰᠬᠠᠵᠤ ᠰᠤᠢ᠌ᠳᠭᠡᠯᠢ ᠪᠠᠭᠤᠷᠠᠭᠤᠯᠤᠭᠰᠠᠨ ᠶᠡᠷᠥᠩᠬᠡᠢ ᠬᠡᠮᠵᠢᠶ᠎ᠡ 2 ᠳᠦᠮᠡᠨ ᠳ᠋ᠦᠩᠰᠢᠭᠤᠷ ᠲᠦᠭᠦᠷᠢᠭ᠎ᠢ ᠲᠠᠪᠠᠪᠠ᠃ ᠬᠤᠪᠢ ᠬᠦᠮᠤᠨ᠎ᠤ ᠤᠷᠤᠯᠭ᠎ᠠ ᠵᠢᠨ ᠭᠠᠢ᠌ᠯᠢ ᠲᠠᠳᠠᠪᠦᠷᠢᠯᠠᠬᠤ ᠴᠡᠭ ᠳᠡᠭᠡᠭᠰᠢᠯᠡᠵᠤ᠂ ᠠᠷᠠᠳ ᠤᠯᠠᠨ᠎ᠤ ᠦᠷᠭᠦᠯᠵᠢ ᠬᠡᠷᠡᠭᠯᠡᠳᠡᠭ ᠮᠠᠰᠢ ᠤᠯᠠᠨ ᠡᠮ᠎ᠤᠨ ᠵᠤᠢ᠌ᠯᠠᠰᠤᠨ ᠦᠨ᠎ᠡ ᠬᠢᠮᠳᠠᠷᠠᠵᠤ᠂ ᠰᠦᠯᠵᠢᠶᠡᠨ᠎ᠤ ᠬᠤᠷᠳᠤᠴᠠ ᠵᠢ ᠳᠦᠷᠭᠡᠳᠭᠡᠨ ᠰᠦᠢ᠍ᠳᠭᠡᠯ᠎ᠢ ᠪᠠᠭᠤᠷᠠᠭᠤᠯᠵᠤ ᠳᠡᠯᠭᠡᠴᠡ ᠵᠢ ᠨᠡᠩ ᠳᠦᠷᠭᠡᠨ ᠰᠢᠨᠡᠳᠭᠡᠬᠦ ᠪᠤᠯᠵᠤ᠂ ᠬᠤᠭ ᠨᠤᠪᠰᠢ ᠵᠢ ᠳᠦᠷᠤᠯ ᠬᠤᠪᠢᠶᠠᠬᠤ ᠠᠵᠢᠯᠯᠠᠭ᠎ᠠ᠎ᠨᠢ ᠨᠡᠭᠦᠷᠡᠰᠦᠳᠦ᠋ᠷᠦᠭᠴᠢ ᠪᠠᠭ᠎ᠠ ᠠᠮᠢᠳᠤᠷᠠᠯ᠎ᠤᠨ ᠰᠢᠨ᠎ᠡ ᠴᠠᠭ ᠦᠶ᠎ᠡ ᠵᠢ ᠬᠦᠳᠦᠯᠦᠨ ᠳᠠᠭ᠋ᠠᠭᠤᠯᠪᠠ《ᠦᠨᠳᠦᠰᠦᠨ ᠱᠠᠳᠦᠨᠤ ᠳᠠᠷᠤᠭ᠋ᠠᠰᠤ ᠵᠢ ᠬᠦᠩᠭᠡᠷᠡᠬᠦᠯᠬᠦ ᠤᠨ》᠎ᠤ ᠠᠵᠢᠯᠯᠠᠭ᠎ᠠ᠎ᠨᠢ ᠦᠨᠳᠦᠰᠦᠨ ᠱᠠᠳᠦᠨᠤ ᠺᠠᠳ᠋ᠷ᠎ᠤᠨ ᠳᠠᠷᠤᠭ᠋ᠠᠰᠤ ᠵᠢ ᠬᠦᠩᠭᠡᠷᠡᠭᠦᠯᠪᠡ᠃ ᠬᠤᠪᠢᠯᠭ᠋ᠠᠨ ᠤᠷᠤᠨ᠎ᠤ ᠡᠬᠡ ᠭᠠᠵᠠᠷ᠎ᠢ ᠬᠠᠷᠠᠭ᠎ᠠ ᠰᠤᠩᠭ᠋ᠠᠨ ᠪᠠᠷᠠᠯᠠᠬᠤᠶ᠎ᠠ᠂ ᠰᠠᠷᠠᠭᠤᠯ ᠠᠭᠤᠳᠠᠮ ᠨᠤᠳᠤᠭ᠎ᠲᠤ ᠰᠢᠨ᠎ᠡ ᠬᠤᠪᠢᠷᠠᠯᠲᠠ ᠰᠢᠨ᠎ᠡ ᠳᠦᠷᠰᠤ ᠪᠠᠢ᠌ᠳᠠᠯ ᠵᠶ᠋ᠠᠷ ᠪᠢᠯᠬᠠᠨ᠎ᠠ᠃
ᠨᠢᠭᠡ ᠵᠢᠯ᠎ᠤᠨ ᠳᠤᠷᠰᠢ᠂ ᠤᠯᠤᠰ᠎ᠤᠨ ᠪᠠᠳᠤᠯᠠᠨ ᠬᠠᠮᠠᠭ᠋ᠠᠯᠠᠯᠲᠠ ᠪᠠ ᠴᠡᠷᠢᠭ ᠠᠩᠬᠢ ᠵᠢᠨ ᠦᠭᠡᠷᠡᠴᠢᠯᠡᠯᠲᠡ ᠯᠠᠪᠳᠠᠭᠤᠨ ᠪᠠᠳᠤᠳᠠᠢ ᠠᠬᠢᠵᠤ᠂ ᠠᠷᠠᠳ᠎ᠤᠨ ᠴᠡᠷᠢᠭ ᠠᠩᠬᠢ ᠰᠢᠨ᠎ᠡ ᠴᠠᠭ ᠦᠶ᠎ᠡ ᠵᠢᠨ ᠴᠡᠷᠢᠭ᠎ᠢ ᠬᠦᠴᠦᠷᠬᠡᠭᠵᠢᠬᠦᠯᠬᠦ ᠰᠢᠨ᠎ᠡ ᠳᠦᠷᠢ ᠪᠠᠢ᠌ᠳᠠᠯ᠎ᠢ ᠢᠯᠡᠷᠡᠭᠦᠯᠪᠠ᠃ ᠪᠢᠳᠡ ᠤᠯᠤᠰ᠎ᠤᠨ ᠪᠠᠶᠠᠷ᠎ᠤᠨ ᠴᠡᠷᠢᠭ᠎ᠤᠨ ᠵᠢᠭᠰᠠᠭ᠋ᠠᠯ ᠰᠢᠯᠭ᠋ᠠᠨ ᠦᠵᠡᠬᠦ ᠶᠤᠰᠤᠯᠠᠯ ᠶᠠᠪᠤᠭᠤᠯᠵᠤ᠂ ᠳᠠᠯᠠᠢ ᠵᠢᠨ ᠴᠡᠷᠢᠭ᠂ ᠠᠭ᠋ᠠᠷ᠎ᠤᠨ ᠴᠡᠷᠢᠭ ᠪᠠᠢ᠌ᠭᠤᠯᠤᠭᠳᠠᠭᠰᠠᠨ70 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ ᠦᠷᠨᠢᠬᠦᠯᠵᠤ᠂ ᠳᠤᠯᠤᠳᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠴᠡᠷᠢᠭ ᠬᠦᠮᠤᠨ᠎ᠤ ᠲᠠᠮᠢᠷ᠎ᠤᠨ ᠴᠤᠭᠯᠠᠭ᠋ᠠᠨ᠎ᠢ ᠡᠷᠬᠢᠯᠡᠪᠡ᠃ ᠠᠩᠬᠠᠳᠠᠭᠴᠢ ᠨᠢᠰᠭᠡᠯ᠎ᠤᠨ ᠰᠠᠭᠤᠷᠢ ᠤᠩᠭᠤᠴᠠ ᠵᠢ ᠵᠢᠩᠬᠢᠨᠢ᠎ᠪᠠᠷ ᠳᠤᠰᠢᠶᠠᠵᠤ ᠦᠭᠪᠡ᠃ ᠠᠷᠠᠳ ᠲᠦᠮᠡᠨ᠎ᠤ ᠬᠡᠤᠬᠡᠳ ᠳᠡᠭᠦᠦ ᠨᠠᠷ ᠴᠡᠷᠢᠭ ᠪᠤᠯ ᠬᠡᠵᠢᠶᠡᠳᠡ ᠡᠬᠡ ᠤᠯᠤᠰ ᠵᠶ᠋ᠠᠨ ᠪᠠᠳᠤᠯᠠᠨ ᠬᠠᠮᠠᠭ᠋ᠠᠯᠠᠬᠤ ᠬᠠᠳᠠᠨ ᠪᠠᠲᠤ ᠤᠷᠳᠤ ᠴᠠᠭ᠋ᠠᠨ ᠬᠡᠷᠡᠮ ᠮᠦᠨ᠂ ᠪᠢᠳᠡ ᠭᠡᠷ ᠤᠷᠤᠨ ᠵᠶ᠋ᠠᠨ ᠰᠠᠬᠢᠨ ᠬᠠᠮᠠᠭ᠋ᠠᠯᠠᠵᠤ ᠪᠠᠢ᠌ᠭ᠎ᠠ ᠰᠢᠳᠤᠷᠭᠤ ᠬᠠᠮᠠᠭ᠋ᠠᠯᠠᠭᠴᠢᠳᠲᠤᠪᠠᠨ ᠮᠠᠨᠳᠤᠴᠢᠯᠠᠯ ᠳᠡᠪᠰᠢᠬᠦᠯᠤᠶᠡ!
2019 ᠤᠨ᠎ᠤ ᠬᠠᠮᠤᠭ᠎ᠤᠨ ᠮᠠᠷᠳᠠᠭᠳᠠᠰᠢ ᠦᠭᠡᠢ ᠶᠠᠪᠤᠳᠠᠯ ᠭᠡᠪᠡᠯ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠵᠢ ᠦᠪᠡᠳᠡᠭᠰᠢ ᠶᠡᠬᠡ᠎ᠪᠠᠷ ᠪᠡᠯᠭᠡᠯᠡᠭᠰᠡᠨ ᠶᠠᠪᠤᠳᠠᠯ ᠪᠤᠯᠤᠨ᠎ᠡ᠃ ᠪᠢᠳᠡ ᠪᠦᠬᠦᠳᠡ ᠨᠠᠢ᠌ᠷᠠᠮᠳᠠᠬᠤ ᠤᠯᠤᠰ᠎ᠤᠨ ᠵᠶ᠋ᠠᠨ70 ᠵᠢᠯ᠎ᠤᠨ ᠭᠡᠷᠡᠯ ᠰᠠᠴᠤᠷᠠᠩᠭᠤᠢ ᠠᠮᠵᠢᠯᠲᠠ᠎ᠳᠤ ᠤᠤᠬᠠᠢ᠌ᠯᠠᠨ ᠤᠮᠤᠭᠰᠢᠵᠤ᠂ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠡᠷᠴᠢᠮᠯᠢᠭ ᠬᠦᠴᠦᠨ᠎ᠳᠤ ᠰᠡᠳᠭᠢᠯ ᠳᠤᠭᠳᠤᠯᠵᠤ ᠪᠠᠢ᠌ᠨ᠎ᠠ᠃ ᠴᠡᠷᠢᠭ᠎ᠤᠨ ᠵᠢᠭᠰᠠᠭ᠋ᠠᠯ᠎ᠤᠨ ᠰᠢᠯᠭ᠋ᠠᠯᠲᠠ᠎ᠳᠤ ᠤᠷᠤᠯᠴᠠᠭᠰᠠᠨ ᠵᠢᠭᠰᠠᠭ᠋ᠠᠯ᠎ᠤᠨ ᠡᠩᠨᠡᠭᠡ ᠰᠦᠷ ᠵᠢᠪᠬᠤᠭ᠎ᠠ᠎ᠲᠠᠢ᠂ ᠤᠯᠠᠨ ᠲᠦᠮᠡᠨ᠎ᠤ ᠵᠢᠭᠰᠠᠭ᠋ᠠᠯ ᠤᠷᠬᠢᠯᠤᠮ᠎ᠠ ᠰᠡᠳᠬᠢᠯᠭᠡ᠎ᠲᠠᠢ᠂ ᠲᠢᠶᠠᠨ ᠠᠨ ᠮᠸᠨ ᠠᠭᠤᠳᠠᠮ ᠲᠡᠯᠡᠪᠡᠢ ᠪᠠᠶᠠᠷ᠎ᠤᠨ ᠲᠠᠯᠠᠢ ᠪᠤᠯᠤᠨ ᠴᠠᠯᠬᠢᠯᠠᠵᠠᠢ᠃ ᠬᠦᠬᠡᠮᠦ᠋ᠷᠡᠨ᠎ᠤ ᠡᠮᠤᠨ᠎ᠡ ᠤᠮᠠᠷ᠎ᠠ ᠤᠯᠠᠭ᠋ᠠᠨ ᠦᠩᠭᠡ᠎ᠪᠠᠷ ᠴᠢᠮᠡᠭᠯᠡᠭᠳᠡᠵᠤ᠂ ᠬᠦᠮᠤᠰ᠎ᠤᠨ ᠴᠢᠷᠠᠢ᠎ᠳᠤ ᠤᠮᠤᠭᠰᠢᠯᠲᠤ ᠮᠦᠰᠢᠶᠡᠳᠤ ᠳᠤᠳᠤᠷᠠᠵᠤ ᠪᠠᠢ᠌ᠯ᠎ᠠ᠂《ᠪᠢ ᠡᠬᠡ ᠤᠯᠤᠰ᠎ᠲᠠᠢ᠎ᠪᠠᠨ》ᠭᠡᠬᠦ ᠳᠠᠭᠤᠤ ᠵᠢ ᠵᠠᠬᠡᠯᠢ ᠭᠤᠳᠤᠮᠵᠢ ᠳᠠᠶᠠᠭ᠋ᠠᠷ ᠳᠠᠭᠤᠯᠠᠵᠠᠭ᠋ᠠᠨᠠ᠃ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠠᠢ᠌ᠷ᠎ᠠ ᠰᠡᠳᠭᠢᠯᠭᠡ᠎ᠨᠢ ᠪᠢᠳᠡᠨ᠎ᠢ ᠬᠠᠯᠠᠭᠤᠨ ᠨᠢᠯᠪᠤᠰᠤ ᠠᠰᠠᠭᠷᠠᠭᠤᠯᠵᠤ᠂ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠵᠤᠷᠢᠭ ᠰᠠᠨᠠᠭ᠎ᠠ᠎ᠨᠢ ᠦᠨᠳᠦᠰᠦᠲᠡᠨ᠎ᠤ ᠨᠢᠷᠤᠭᠤ ᠲᠤᠯᠭ᠋ᠠᠭᠤᠷᠢ ᠵᠢ ᠴᠤᠭᠴᠠᠯᠠᠪᠠ᠃ ᠡᠨᠡ ᠪᠦᠬᠦᠨ᠎ᠨᠢ ᠰᠢᠨ᠎ᠡ ᠳᠤᠮᠳᠠᠳᠤ ᠤᠯᠤᠰ ᠵᠶ᠋ᠠᠨ ᠮᠠᠭᠳᠠᠨ ᠳᠠᠭᠤᠯᠠᠵᠤ᠂ ᠰᠢᠨ᠎ᠡ ᠴᠠᠭ ᠦᠶ᠎ᠡ᠎ᠳᠤ ᠡᠷᠡᠯᠭᠡᠭᠯᠡᠨ ᠲᠡᠮᠡᠴᠡᠬᠦ ᠤᠷᠤᠭᠰᠢᠯᠠᠯᠲᠠ ᠵᠢᠨ ᠬᠦᠴᠤ᠎ᠲᠤ ᠤᠷᠤᠰᠬᠠᠯ ᠪᠤᠯᠤᠨ ᠨᠢᠭᠲᠠᠷᠠᠵᠤ᠂ ᠪᠢᠳᠡᠨ᠎ᠳᠤ ᠬᠢᠵᠠᠭ᠋ᠠᠯᠠᠰᠢ ᠦᠭᠡᠢ ᠬᠦᠴᠦ ᠨᠠᠮᠠᠷᠢᠯᠡᠭᠰᠡᠨ ᠪᠠᠢ᠌ᠨ᠎ᠠ᠃
ᠨᠢᠭᠡ ᠵᠢᠯ᠎ᠤᠨ ᠲᠤᠷᠰᠢ᠂ ᠪᠢ ᠴᠦᠬᠡᠨ ᠪᠤᠰᠤ ᠭᠠᠵᠠᠷ ᠵᠶ᠋ᠠᠷ ᠶᠠᠪᠤᠯ᠎ᠠ᠂ ᠰᠢᠶᠦ᠋ᠩ ᠠᠨ ᠰᠢᠨ᠎ᠡ ᠲᠤᠭᠤᠷᠢᠭ᠎ᠤᠨ ᠵᠢᠷᠤᠭ ᠲᠦᠰᠤᠪ ᠠᠯᠭᠤᠷᠬᠠᠨ ᠳᠡᠯᠭᠡᠭᠳᠡᠵᠤ᠂ ᠳᠢᠶᠠᠨᠵᠢᠨ ᠭᠠᠷᠠᠮ ᠦᠷᠨᠢᠬᠦᠨ ᠬᠦᠭᠵᠢᠯᠲᠡ᠎ᠲᠠᠢ ᠪᠤᠯᠵᠤ᠂ ᠪᠡᠭᠡᠵᠢᠩ ᠬᠤᠲᠠ ᠵᠢᠨ ᠳᠡᠳ᠋ ᠳᠦᠪ ᠠᠮᠢᠵᠢᠷᠠᠯ᠎ᠤᠨ ᠬᠦᠴᠦᠨ ᠵᠶ᠋ᠠᠷ ᠪᠢᠯᠬᠠᠵᠤ᠂ ᠦᠪᠦᠷ ᠮᠤᠩᠭᠤᠯ᠎ᠤᠨ ᠲᠠᠯ᠎ᠠ ᠨᠤᠲᠤᠭ ᠦᠵᠡᠰᠭᠦᠯᠡᠩᠳᠤ ᠰᠠᠢ᠌ᠬᠠᠨ ᠪᠤᠯᠵᠤ᠂ ᠬᠠᠳᠦᠨ ᠭᠤᠤᠯ᠎ᠤᠨ ᠪᠠᠷᠠᠭᠤᠨ ᠬᠦᠨᠳᠡᠢ ᠮᠢᠩᠭ᠋ᠠᠨ ᠤᠨ᠎ᠢ ᠳᠤᠭᠤᠯᠵᠤ᠂ ᠦᠨᠢ ᠤᠳᠠᠭ᠋ᠠᠨ᠎ᠤ ᠲᠡᠦᠭᠡᠨ᠎ᠳᠤ ᠰᠢᠨ᠎ᠡ ᠠᠭᠤᠯᠭ᠎ᠠ ᠨᠠᠮᠠᠷᠢᠯᠠᠨ᠂ ᠮᠤᠷᠤᠯᠵᠠᠨ ᠤᠷᠤᠰᠬᠤ ᠬᠠᠳᠦᠨ ᠭᠤᠤᠯ᠎ᠤᠨ ᠠᠭ᠋ᠠᠷ᠎ᠨᠢ ᠲᠤᠩᠭ᠋ᠠᠯᠠᠭ᠂ ᠤᠰᠤ᠎ᠨᠢ ᠭᠦᠨ ᠴᠡᠩᠬᠡᠷᠯᠡᠵᠤ᠂ ᠬᠦᠴᠦᠳᠤ ᠳᠤᠯᠬᠢᠶᠠᠨ ᠬᠠᠶᠠᠯᠠᠨ᠎ᠠ᠂ ᠬᠤᠸᠠᠩ ᠫᠦ᠋ ᠵᠢᠶᠠᠩ ᠮᠦᠷᠡᠨ᠎ᠤ ᠬᠤᠶᠠᠷ ᠬᠦᠪᠡᠭᠡ᠎ᠪᠠᠷ ᠪᠠᠶᠠᠨ ᠲᠠᠩᠰᠤᠭ ᠠᠮᠢᠳᠦᠷᠠᠯ᠎ᠤᠨ ᠡᠭᠡᠰᠢᠭ ᠴᠤᠤᠷᠢᠶᠠᠳᠤᠨ᠎ᠠ ᠁ ᠡᠬᠡ ᠤᠯᠤᠰ᠎ᠤᠨ ᠨᠤᠲᠤᠭ ᠳᠡᠪᠢᠰᠭᠡᠷ᠎ᠲᠤ ᠦᠷᠨᠢᠩᠬᠦᠢ ᠬᠦᠭᠵᠢᠯ᠎ᠤᠨ ᠦᠵᠡᠮᠵᠢ ᠪᠠᠢ᠌ᠳᠠᠯ ᠪᠢᠯᠬᠠᠵᠤ ᠪᠠᠢ᠌ᠯ᠎ᠠ᠃ ᠪᠢ ᠳᠤᠮᠳᠠᠳᠤ ᠤᠯᠤᠰ᠎ᠤᠨ ᠬᠤᠪᠢᠰᠬᠠᠯ᠎ᠤᠨ ᠠᠶᠠᠨ ᠳᠠᠢ᠌ᠨ᠎ᠤ ᠵᠠᠮ ᠵᠶ᠋ᠠᠷ ᠤᠭ ᠰᠠᠨᠠᠭ᠎ᠠ᠎ᠪᠠᠨ ᠳᠠᠪᠲᠠᠨ ᠪᠤᠯᠪᠠᠰᠤᠷᠠᠭᠤᠯᠵᠤ ᠶᠠᠪᠤᠯ᠎ᠠ᠃ ᠵᠢᠶᠠᠩᠰᠢ ᠵᠢᠨ ᠢᠤᠢ ᠳ᠋ᠦ᠋ ᠵᠢᠨ ᠤᠯᠠᠭ᠋ᠠᠨ ᠴᠡᠷᠢᠭ᠎ᠤᠨ ᠤᠷᠲᠤ ᠵᠠᠮ᠎ᠤᠨ ᠠᠶᠠᠨ ᠳᠠᠢ᠌ᠨ᠎ᠳᠤ ᠴᠤᠭᠯᠠᠷᠠᠵᠤ ᠮᠤᠷᠳᠠᠭᠰᠠᠨ ᠭᠠᠵᠠᠷ᠎ᠠᠴᠠ ᠡᠾᠸᠨᠠᠨᠤ ᠰᠢᠨᠰᠢᠶᠠᠨᠳᠤᠬᠢ ᠬᠤᠪᠸᠢ ᠡᠾᠸᠨᠠᠨ ᠠᠨᠾᠦ᠋ᠢ ᠵᠢᠨ ᠰᠤᠪᠢᠶᠠᠳ ᠤᠷᠤᠨ᠎ᠤ ᠲᠦᠪ ᠬᠤᠲᠠ ᠵᠢᠨ ᠬᠤᠪᠢᠰᠬᠠᠯ᠎ᠤᠨ ᠮᠦᠽᠸᠢ᠎ᠳᠤ ᠬᠦᠷᠤᠯ᠎ᠡ᠂ ᠭᠠᠨᠰᠤ ᠵᠢᠨ ᠭᠤᠤᠲ᠋ᠠᠢᠳᠤᠬᠢ ᠪᠠᠷᠠᠭᠤᠨ ᠵᠠᠮ᠎ᠤᠨ ᠴᠡᠷᠢᠭ᠎ᠤᠨ ᠳᠤᠷᠠᠰᠬᠠᠯ᠎ᠤᠨ ᠬᠦᠰᠢᠶ᠎ᠡ᠎ᠠᠴᠠ ᠪᠡᠭᠡᠵᠢᠩ᠎ᠤᠨ ᠰᠢᠶᠠᠩᠱ᠌ᠠᠨᠤ ᠬᠤᠪᠢᠰᠬᠠᠯ᠎ᠤᠨ ᠳᠤᠷᠠᠰᠬᠠᠯ᠎ᠤᠨ ᠭᠠᠵᠠᠷ᠎ᠲᠤ ᠬᠦᠷᠤᠯ᠎ᠡ᠂ ᠬᠦᠷᠦᠭᠰᠡᠨ ᠭᠠᠵᠠᠷ ᠪᠤᠯᠭ᠋ᠠᠨ᠎ᠨᠢ ᠨᠠᠳᠠ ᠤᠯᠠᠨ ᠶᠠᠭᠤᠮ᠎ᠠ ᠵᠢ ᠪᠤᠳᠤᠭᠳᠠᠭᠤᠯᠵᠠᠢ᠃ ᠤᠭ ᠰᠠᠨᠠᠭ᠎ᠠ ᠪᠤᠯᠤᠨ ᠡᠭᠦᠷᠭᠡ ᠬᠠᠷᠢᠭᠤᠴᠠᠯᠭ᠎ᠠ ᠪᠤᠯ ᠪᠢᠳᠡᠨ᠎ᠤ ᠰᠢᠨ᠎ᠡ ᠴᠠᠭ ᠦᠶ᠎ᠡ ᠵᠢᠨ ᠤᠷᠲᠤ ᠵᠠᠮ᠎ᠤᠨ ᠠᠶᠠᠨ ᠳᠠᠢ᠌ᠨ᠎ᠢ ᠰᠠᠢ᠌ᠲᠤᠷ ᠠᠶᠠᠯᠠᠬᠤ ᠬᠢᠵᠠᠭ᠋ᠠᠯᠠᠰᠢ ᠦᠭᠡᠢ ᠬᠦᠳᠡᠯᠭᠡᠬᠦ ᠬᠦᠴᠦᠨ ᠮᠦᠨ᠃
ᠦᠩᠭᠡᠷᠡᠭᠰᠡᠨ᠎ᠲᠠᠢ ᠠᠳᠠᠯᠢ᠎ᠪᠠᠷ᠂ ᠪᠢ ᠬᠡᠳᠦᠢ ᠶᠠᠭ᠋ᠠᠷᠠᠤ ᠪᠠᠢ᠌ᠭᠰᠠᠨ ᠴᠦ᠍᠂ ᠴᠠᠭ ᠭᠠᠷᠭ᠋ᠠᠵᠤ ᠨᠤᠲᠤᠭ᠎ᠤᠨ ᠠᠬ᠎ᠠ ᠲᠡᠭᠦᠦ ᠨᠠᠷ᠎ᠤᠨ ᠳᠤᠮᠳᠠ ᠬᠦᠷᠴᠦ ᠡᠷᠭᠢᠨ ᠦᠵᠡᠳ᠋ᠩ ᠪᠠᠢ᠌ᠯ᠎ᠠ᠃ ᠤᠯᠠᠨ ᠵᠶ᠋ᠠᠷ ᠵᠶ᠋ᠠᠨ ᠨᠠᠳᠠ ᠰᠡᠳᠭᠢᠯ᠎ᠤᠨ ᠦᠭᠡ᠎ᠪᠠᠨ ᠤᠯᠠᠨ ᠶᠠᠷᠢᠭᠰᠠᠨ᠂ ᠪᠢ ᠰᠡᠳᠭᠢᠯ᠎ᠳᠡᠭᠡᠨ ᠪᠤᠳᠤᠭᠰᠠᠭ᠋ᠠᠷ ᠪᠤᠢ᠃ ᠶᠦᠨᠨᠠᠨ᠎ᠤ ᠬᠦᠩ ᠰᠢᠶᠠᠨ᠎ᠤ ᠳ᠋ᠦᠯᠦ᠋ᠩ ᠦᠨᠳᠦᠰᠦᠲᠡᠨ᠎ᠤ ᠤᠯᠠᠨ ᠲᠦᠮᠡᠨ᠂ ᠹᠦᠵᠢᠶᠠᠨ᠎ᠤ ᠱᠸᠤ ᠨᠢᠩ ᠰᠢᠶᠠᠨ᠎ᠤ ᠰᠢᠶᠠ ᠳ᠋ᠠᠩ ᠰᠢᠶᠠᠩ᠎ᠤᠨ ᠠᠬ᠎ᠠ ᠳᠡᠭᠦᠦ ᠨᠠᠷ᠂《ᠸᠠᠩ ᠵᠢᠶᠸ ᠵᠢᠨ ᠠᠩᠬᠢ》ᠵᠢᠨ ᠪᠦᠬᠦ ᠪᠠᠢ᠌ᠯᠳᠤᠭᠴᠢ᠂ ᠪᠡᠭᠡᠵᠢᠩ᠎ᠤᠨ ᠪᠡᠶ᠎ᠡ ᠵᠢᠨ ᠲᠠᠮᠢᠷ᠎ᠤᠨ ᠶᠡᠬᠡ ᠰᠤᠷᠭ᠋ᠠᠭᠤᠯᠢ ᠵᠢᠨ ᠠᠰᠫᠢᠷᠠᠨᠲ᠎ᠤᠨ ᠮᠠᠩᠯᠠᠢ᠌ᠴᠤᠤᠯᠤᠨ ᠠᠩᠬᠢ ᠵᠢᠨ ᠬᠠᠮᠳᠤ ᠰᠤᠷᠤᠭᠴᠢᠳ᠂ ᠤᠤᠮᠸᠨ᠎ᠤ ᠪᠢᠴᠢᠬᠠᠨ ᠨᠠᠢ᠌ᠵᠠ ᠨᠠᠷ ᠪᠤᠯᠤᠨ ᠠᠯᠪᠠᠨ ᠵᠢᠷᠤᠮ᠎ᠤᠨ ᠠᠵᠢᠯ ᠬᠢᠳᠡᠭ ᠨᠠᠰᠤᠲᠠᠨ ᠪᠦᠷ ᠨᠠᠳᠠ ᠵᠠᠬᠢᠳᠠᠯ ᠪᠢᠴᠢᠵᠠᠢ᠃ ᠪᠢ ᠬᠠᠷᠢᠭᠤ ᠵᠠᠬᠢᠳᠠᠯ᠎ᠳᠤ᠎ᠪᠠᠨ ᠤᠯᠠᠨ᠎ᠤ ᠤᠯᠤᠭᠰᠠᠨ ᠠᠮᠵᠢᠯᠲᠠ ᠵᠢ ᠨᠤᠳᠠᠯᠠᠵᠤ᠂ ᠪᠠᠰᠠ ᠰᠠᠢ᠌ᠨ ᠰᠠᠢ᠌ᠬᠠᠨ ᠬᠦᠰᠡᠯ ᠵᠦᠩᠨᠡᠯ ᠵᠶ᠋ᠠᠨ ᠢᠯᠡᠳᠭᠡᠯ᠎ᠡ᠃
ᠨᠢᠭᠡ ᠵᠢᠯ᠎ᠤᠨ ᠲᠤᠷᠰᠢ᠂ ᠮᠠᠰᠢ ᠤᠯᠠᠨ ᠬᠦᠮᠦᠨ ᠪᠤᠯᠤᠨ ᠤᠴᠢᠷ ᠪᠢᠳᠡᠨ᠎ᠢ ᠲᠤᠭᠳᠤᠯᠤᠭᠤᠯᠤᠯᠡ᠃ ᠨᠠᠰᠤᠨ ᠲᠤᠷᠰᠢᠲᠠ᠎ᠪᠠᠨ ᠨᠡᠷ᠎ᠡ ᠠᠯᠳᠠᠷ ᠵᠶ᠋ᠠᠨ ᠨᠢᠭᠤᠵᠤ᠂ ᠤᠭ ᠰᠠᠨᠠᠭ᠎ᠠ᠎ᠪᠠᠨ ᠦᠯᠤ ᠬᠤᠪᠢᠷᠠᠭᠤᠯᠤᠭᠰᠠᠨ ᠵᠠᠩ ᠹᠦ᠋ ᠴᠢᠩ᠂ ᠵᠠᠯᠠᠭᠤ ᠨᠠᠰᠤ ᠪᠠ ᠬᠠᠯᠠᠭᠤᠨ ᠠᠮᠢ᠎ᠪᠠᠨ ᠶᠠᠳᠠᠭᠤ᠎ᠠᠴᠠ ᠠᠩᠭᠢᠵᠢᠷᠠᠭᠤᠯᠬᠤ ᠤᠢ᠌ᠯᠠᠰᠲᠤ ᠵᠤᠷᠢᠭᠤᠯᠤᠭᠰᠠᠨ ᠬᠣᠸᠠᠩ ᠸᠸᠨ ᠰᠢᠤ᠂ ᠭᠠᠯ ᠤᠨᠲᠠᠷᠠᠭ᠋ᠠᠬᠤ ᠵᠢᠨ ᠲᠦᠯᠦᠭᠡ ᠠᠮᠢ ᠪᠡᠶ᠎ᠡ᠎ᠪᠠᠨ ᠵᠤᠷᠢᠭᠤᠯᠤᠭᠰᠠᠨ ᠰᠸᠴᠤᠸᠠᠨ᠎ᠤ ᠮᠦᠯᠢ ᠵᠢᠨ31 ᠳᠠᠢ᠌ᠴᠢᠨ ᠪᠠᠭ᠋ᠠᠲᠤᠷ᠂ ᠪᠡᠶ᠎ᠡ ᠴᠤᠭᠴᠠ᠎ᠪᠠᠷ ᠵᠶ᠋ᠠᠨ ᠳᠠᠢ᠌ᠴᠢᠨ ᠨᠠᠢ᠌ᠵᠠ᠎ᠪᠠᠨ ᠬᠠᠮᠠᠭ᠋ᠠᠯᠠᠭᠰᠠᠨ ᠳ᠋ᠦ᠋ ᠹᠦ᠋ ᠬᠦᠸᠸ᠂ ᠳᠡᠯᠡᠬᠡᠢ ᠵᠢᠨ ᠬᠤᠨᠲᠠᠭ᠋ᠠᠳᠤ ᠡᠮᠡᠭᠲᠠᠢ ᠵᠢᠨ ᠠᠯᠠᠭ᠋ᠠᠳᠠᠬᠤ ᠪᠦᠮᠪᠦᠭᠡ ᠵᠢᠨ ᠤᠷᠤᠯᠳᠤᠭ᠋ᠠᠨ᠎ᠳᠤ ᠳᠠᠷᠠᠭ᠋ᠠᠯᠠᠨ ᠠᠷᠪᠠᠨ ᠨᠢᠭᠡ ᠤᠳᠠᠭ᠎ᠠ ᠮᠠᠩᠯᠠᠢ᠌ᠯᠠᠭᠰᠠᠨ ᠡᠮᠡᠭᠲᠠᠢ ᠵᠢᠨ ᠠᠯᠠᠭ᠋ᠠᠳᠠᠬᠤ ᠪᠦᠮᠪᠦᠭᠡ ᠵᠢᠨ ᠠᠩᠬᠢ ᠁ ᠬᠠᠷᠠᠮᠰᠠᠯ ᠦᠭᠡᠢ ᠵᠢᠳᠬᠦᠵᠤ᠂ ᠬᠠᠷᠠᠮ ᠦᠭᠡᠢ ᠨᠠᠮᠠᠷᠢ ᠬᠠᠨᠳᠢᠪᠯᠠᠭᠰᠠᠨ ᠮᠠᠰᠢ ᠤᠯᠠᠨ ᠨᠡᠷᠡᠭᠦᠢ ᠪᠠᠭ᠋ᠠᠲᠤᠷᠴᠤᠳ᠂ ᠲᠡᠳᠡ ᠵᠢᠷ᠎ᠤᠨ ᠬᠦᠮᠤᠰ᠎ᠤᠨ ᠡᠭᠡᠯ ᠵᠢᠷ᠎ᠤᠨ ᠠᠵᠢᠯ ᠵᠶ᠋ᠠᠷ ᠵᠢᠷ᠎ᠤᠨ ᠪᠤᠰᠤ ᠠᠮᠢᠳᠤᠷᠠᠬᠤᠢ ᠵᠢᠨ ᠲᠡᠤᠬᠡ ᠵᠢ ᠪᠢᠴᠢᠭᠯᠡᠪᠡ᠃
2019 ᠤᠨ᠎ᠳᠤ᠂ ᠳᠤᠮᠳᠠᠳᠤ ᠤᠯᠤᠰ ᠦᠷᠭᠦᠯᠵᠢᠯᠡᠨ ᠨᠡᠭᠡᠭᠡᠯᠲᠡ ᠬᠢᠵᠦ ᠳᠡᠯᠡᠬᠡᠢ ᠳ᠋ᠠᠬᠢᠨ᠎ᠤ ᠨᠠᠢ᠌ᠵᠠ ᠨᠦᠬᠦᠳᠢ ᠪᠠᠶᠠᠷᠯᠠᠨ ᠤᠭᠲᠤᠪᠠ᠃ ᠪᠢᠳᠡ ᠬᠤᠶᠠᠳᠤᠭ᠋ᠠᠷ ᠬᠤᠭᠤᠴᠠᠭ᠋ᠠᠨ᠎ᠤ《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠬᠠᠮᠳᠤᠷᠠᠯᠴᠠᠭ᠋ᠠᠨ᠎ᠤ ᠲᠦᠷᠦᠭᠦᠴᠤᠳ᠎ᠤᠨ ᠶᠠᠷᠢᠶᠠᠨ᠎ᠤ ᠲᠠᠪᠴᠠᠩ᠂ ᠪᠡᠭᠡᠵᠢᠩ᠎ᠤᠨ ᠳᠡᠯᠡᠬᠡᠢ ᠵᠢᠨ ᠴᠡᠴᠡᠷᠯᠢᠭᠵᠢᠬᠦᠯᠬᠦ ᠮᠡᠷᠭᠡᠵᠢᠯ᠎ᠤᠨ ᠦᠵᠡᠰᠬᠦᠯᠡᠩ᠎ᠤᠨ ᠴᠤᠭᠯᠠᠭ᠋ᠠᠨ᠂ ᠠᠽᠢᠶ᠎ᠠ ᠵᠢᠨ ᠪᠤᠯᠪᠠᠰᠤᠨ᠎ᠤ ᠶᠠᠷᠢᠯᠴᠠᠭ᠋ᠠᠨ᠎ᠤ ᠬᠤᠷᠠᠯ᠂ ᠬᠤᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠤᠷᠤᠭᠤᠯᠣᠯᠲᠠ ᠵᠢᠨ ᠦᠵᠡᠰᠭᠦᠯᠡᠩ᠎ᠤᠨ ᠴᠤᠭᠯᠠᠭ᠋ᠠᠨ᠎ᠢ ᠭᠤᠤᠯᠯᠠᠨ ᠡᠷᠬᠢᠯᠡᠵᠤ᠂ ᠳᠡᠯᠡᠬᠡᠢ ᠳ᠋ᠠᠬᠢᠨ᠎ᠳᠤ ᠪᠤᠯᠪᠠᠰᠤᠨ᠂ ᠨᠡᠭᠡᠭᠡᠯᠲᠡᠲᠡᠢ᠂ ᠪᠠᠭᠲᠠᠭ᠋ᠠᠮᠵᠢᠲᠠᠢ ᠳᠤᠮᠳᠠᠳᠤ ᠤᠯᠤᠰ᠎ᠢ ᠢᠯᠡᠷᠡᠭᠦᠯᠪᠡ᠃ ᠪᠢ ᠮᠠᠰᠢ ᠤᠯᠠᠨ ᠤᠯᠤᠰ᠎ᠤᠨ ᠲᠡᠷᠢᠭᠦᠨ ᠪᠠ ᠵᠠᠰᠠᠭ᠎ᠤᠨ ᠤᠷᠳᠤᠨ᠎ᠤ ᠳᠦᠷᠦᠭᠦᠴᠦᠳᠲᠠᠢ ᠠᠭᠤᠯᠵᠠᠵᠤ᠂ ᠲᠤᠮᠳᠠᠳᠤ ᠤᠯᠤᠰ᠎ᠤᠨ ᠵᠤᠷᠢᠯᠳᠠ ᠵᠢ ᠬᠤᠪᠢᠶᠠᠯᠴᠠᠵᠤ᠂ ᠨᠦᠬᠦᠷᠯᠡᠯ ᠵᠶ᠋ᠠᠨ ᠵᠤᠵᠠᠭ᠋ᠠᠳᠬᠠᠵᠤ᠂ ᠬᠠᠮᠳᠤ ᠵᠢᠨ ᠲᠠᠨᠢᠯᠲᠠ᠎ᠪᠠᠨ ᠭᠦᠨᠵᠡᠭᠡᠢ᠌ᠷᠡᠭᠦᠯᠪᠡ᠃ ᠳᠡᠯᠡᠬᠡᠢ ᠵᠢᠨ ᠪᠠᠰᠠ ᠨᠢᠭᠡ ᠪᠦᠯᠦᠭ ᠤᠯᠤᠰ ᠪᠢᠳᠡᠨ᠎ᠲᠠᠢ ᠬᠠᠷᠢᠯᠴᠠᠭ᠎ᠠ ᠪᠠᠢ᠌ᠭᠤᠯᠵᠤ᠂ ᠮᠠᠨ᠎ᠤ ᠤᠯᠤᠰ᠎ᠤᠨ ᠬᠠᠷᠢᠯᠴᠠᠭ᠎ᠠ ᠪᠠᠢ᠌ᠭᠤᠯᠤᠭᠰᠠᠨ ᠤᠯᠤᠰ180᠎ᠳᠤ ᠬᠦᠷᠴᠠᠢ᠃ ᠪᠢᠳᠡᠨ᠎ᠤ ᠨᠠᠢ᠌ᠵᠠ ᠳᠡᠯᠡᠬᠡᠢ ᠳ᠋ᠠᠬᠢᠨ᠎ᠳᠤ ᠲᠦᠭᠡᠭᠡᠯᠡ!
2020 ᠤᠨ ᠪᠤᠯ ᠬᠦᠰᠢᠶ᠎ᠡ ᠳᠤᠷᠠᠰᠬᠠᠯ᠎ᠤᠨ ᠠᠴᠢ ᠬᠤᠯᠪᠤᠭᠳᠠᠯ᠎ᠲᠠᠢ ᠨᠢᠭᠡ ᠵᠢᠯ ᠮᠦᠨ᠃ ᠪᠢᠳᠡ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ᠎ᠪᠠᠨ ᠪᠡᠶᠡᠯᠡᠭᠦᠯᠬᠦ ᠪᠤᠯᠤᠨ᠎ᠠ᠃2020 ᠤᠨ ᠪᠤᠯ ᠪᠠᠰᠠ ᠴᠦ᠍ ᠶᠠᠳᠠᠭᠤ᠎ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠲᠠᠢ᠌ᠯᠠᠯᠳᠤᠭ᠋ᠠᠨ᠎ᠤ ᠰᠢᠢ᠍ᠳᠪᠦᠷᠢᠳᠦ ᠢᠯᠡᠯᠳᠡ ᠤᠯᠬᠤ ᠨᠢᠭᠡ ᠵᠢᠯ ᠪᠤᠯᠤᠨ᠎ᠠ᠃ ᠲᠠᠭ᠋ᠠᠷᠢᠯᠲᠠ ᠵᠢᠨ ᠪᠦᠷᠢᠶ᠎ᠡ ᠨᠢᠭᠡᠨᠲᠡ ᠬᠠᠩᠬᠢᠨᠠᠯᠠ᠃ ᠪᠢᠳᠡ ᠰᠡᠳᠭᠢᠯ ᠨᠢᠭᠡᠲᠦᠨ ᠴᠢᠷᠮᠠᠢ᠌ᠨ ᠠᠵᠢᠯᠯᠠᠵᠤ᠂ ᠬᠡᠳᠦᠢ ᠬᠦᠴᠢᠷ ᠪᠡᠷᠬᠡᠰᠢᠶᠡᠯ ᠲᠤᠯᠭ᠋ᠠᠷᠠᠬᠤ ᠳᠤᠲᠥᠮ ᠲᠡᠳᠦᠢ ᠵᠤᠷᠢᠭᠲᠠᠢ ᠤᠷᠤᠭᠰᠢᠯᠠᠵᠤ᠂ ᠳᠤᠲᠠᠭᠤᠳᠠᠯ ᠵᠶ᠋ᠠᠨ ᠯᠠᠪᠳᠠᠭᠤᠨ ᠪᠠᠲᠤᠲᠠᠢ ᠨᠦᠬᠦᠪᠦᠷᠢᠯᠡᠵᠦ᠂ ᠰᠠᠭᠤᠷᠢ᠎ᠪᠠᠨ ᠪᠠᠳᠤ ᠲᠠᠯᠪᠢᠵᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠡᠷᠡᠰ ᠤᠯᠵᠤ᠂ ᠤᠳᠤ ᠵᠢᠨ ᠪᠠᠷᠢᠮᠵᠢᠶ᠎ᠠ᠎ᠠᠴᠠ ᠳᠤᠤᠷ᠎ᠠ ᠪᠠᠢ᠌ᠭ᠎ᠠ ᠬᠦᠳᠡᠭᠡ ᠲᠤᠰᠬᠤᠨ᠎ᠤ ᠶᠠᠳᠠᠭᠤ ᠬᠦᠴᠢᠷᠳᠡᠯ᠎ᠲᠠᠢ ᠬᠦᠮᠦᠨ ᠠᠮᠠ ᠵᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯ᠎ᠲᠠᠢ ᠰᠢᠶᠠᠨ᠎ᠢ ᠪᠦᠬᠦᠨ᠎ᠢ ᠶᠠᠳᠠᠭᠤ᠎ᠠᠴᠠ ᠠᠩᠬᠢᠵᠢᠷᠠᠭᠤᠯᠬᠤ ᠬᠠᠷᠠᠯᠲᠠ᠎ᠪᠠᠨ ᠲᠤᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠬᠡᠷᠡᠭᠲᠠᠢ᠃
ᠲᠦᠷᠦᠬᠦᠬᠡᠨ᠂ ᠪᠢ ᠤᠤᠮᠸᠨ ᠡᠬᠡ ᠤᠷᠤᠨ᠎ᠳᠤ᠎ᠪᠠᠨ ᠪᠤᠴᠠᠵᠤ ᠢᠷᠡᠭᠰᠡᠨ20 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ᠎ᠳᠤ ᠤᠷᠤᠯᠴᠠᠵᠠᠢ᠂ ᠪᠢ ᠤᠤᠮᠸᠨ᠎ᠤ ᠬᠦᠭᠵᠢᠯ ᠴᠡᠴᠡᠭᠯᠡᠯ᠎ᠤᠨ ᠲᠤᠭᠲᠠᠭᠤᠨ ᠪᠠᠢ᠌ᠳᠠᠯ᠎ᠢ ᠦᠵᠡᠭᠡᠳ ᠪᠠᠶᠠᠷᠯᠠᠵᠤ ᠪᠠᠢ᠌ᠨ᠎ᠠ᠃ ᠤᠤᠮᠸᠨ᠎ᠤ ᠠᠮᠵᠢᠯᠲᠠ᠎ᠲᠠᠢ ᠦᠢ᠍ᠯᠡᠳᠦᠯᠭᠡ᠎ᠨᠢ᠂ 《ᠨᠢᠭᠡ ᠤᠯᠤᠰ᠎ᠲᠤ ᠬᠤᠶᠠᠷ ᠪᠠᠢ᠌ᠭᠤᠯᠤᠯ᠎ᠢ ᠬᠡᠷᠡᠭᠵᠢᠬᠦᠯᠬᠦ》 ᠴᠢᠭᠯᠡᠯᠲᠡ ᠪᠦᠷᠢᠮᠦᠰᠦᠨ ᠶᠠᠪᠤᠭᠳᠠᠵᠤ ᠳᠡᠢ᠌ᠯᠬᠦ ᠭᠡᠳᠡᠭ᠎ᠢ ᠬᠡᠷᠡᠴᠢᠯᠡᠪᠡ᠃ ᠤᠢ᠌ᠷ᠎ᠠ ᠵᠢᠨ ᠬᠡᠳᠦᠨ ᠰᠠᠷ᠎ᠠ ᠵᠢᠨ ᠲᠤᠷᠰᠢ᠂ ᠰᠢᠶᠠᠩᠭ᠋ᠠᠩ᠎ᠤᠨ ᠪᠠᠢ᠌ᠳᠠᠯ ᠤᠯᠠᠨ᠎ᠤ ᠰᠡᠳᠭᠢᠯ᠎ᠢ ᠬᠦᠨᠳᠡᠵᠤ ᠪᠤᠢ᠃ ᠡᠶ᠎ᠡ ᠵᠤᠬᠢᠴᠠᠩᠭᠤᠢ ᠠᠮᠤᠷ ᠲᠤᠭᠲᠠᠭᠤᠨ ᠤᠷᠴᠢᠨ ᠲᠤᠭᠤᠷᠢᠨ ᠪᠠᠢ᠌ᠬᠤ ᠦᠭᠡᠢ ᠪᠤᠯ ᠶᠠᠭ᠋ᠠᠬᠢᠵᠤ ᠠᠮᠤᠷ ᠵᠢᠷᠭ᠋ᠠᠯ᠎ᠲᠠᠢ ᠠᠵᠢᠯᠯᠠᠵᠤ ᠠᠮᠢᠳᠤᠷᠠᠬᠤ ᠭᠡᠷ ᠣᠷᠣᠨ ᠪᠠᠢ᠌ᠵᠤ ᠴᠢᠳᠠᠬᠤ ᠠᠵᠢ! ᠰᠢᠶᠠᠩᠭ᠋ᠠᠩ ᠰᠠᠢ᠌ᠨ ᠰᠠᠢ᠌ᠬᠠᠨ ᠪᠤᠯᠵᠤ᠂ ᠰᠢᠶᠠᠩᠭ᠋ᠠᠩ᠎ᠤᠨ ᠠᠬ᠎ᠠ ᠳᠡᠭᠦᠦ ᠨᠠᠷ ᠰᠠᠢ᠌ᠨ ᠰᠠᠢ᠌ᠬᠠᠨ ᠪᠠᠢ᠌ᠬᠤ ᠵᠢ ᠴᠢᠩ ᠰᠡᠳᠭᠢᠯ᠎ᠠᠴᠠ᠎ᠪᠠᠨ ᠬᠦᠰᠡᠵᠤ ᠪᠠᠢ᠌ᠨ᠎ᠠ᠃ ᠰᠢᠶᠠᠩᠭ᠋ᠠᠩ᠎ᠤᠨ ᠬᠦᠭᠵᠢᠯ ᠴᠡᠴᠡᠭᠯᠡᠯ᠎ᠤᠨ ᠠᠮᠤᠷ ᠲᠤᠭᠲᠠᠭᠤᠨ ᠪᠤᠯ ᠰᠢᠶᠠᠩᠭ᠋ᠠᠩ᠎ᠤᠨ ᠠᠬ᠎ᠠ ᠳᠡᠭᠦᠦ ᠨᠠᠷ᠎ᠤᠨ ᠬᠦᠰᠡᠯ ᠡᠷᠡᠮᠡᠯᠵᠡᠯ ᠪᠤᠯᠤᠨ᠎ᠠ᠂ ᠪᠠᠰᠠ ᠴᠦ᠍ ᠡᠬᠡ ᠤᠯᠤᠰ᠎ᠤᠨ ᠠᠷᠠᠳ ᠲᠦᠮᠡᠨ᠎ᠤ ᠬᠦᠰᠡᠯ ᠡᠷᠡᠮᠡᠯᠵᠡᠯ ᠪᠤᠯᠤᠨ᠎ᠠ᠃
ᠲᠡᠤᠬᠡ ᠵᠢᠨ ᠤᠷᠳᠤ ᠠᠶᠠᠨ ᠳᠠᠰᠤᠷᠠᠰᠢ ᠦᠭᠡᠢ ᠦᠷᠬᠦᠯᠵᠢᠯᠡᠨ᠎ᠡ᠂ ᠡᠨᠡ ᠬᠦ᠌ ᠶᠠᠪᠦᠴᠠ᠎ᠳᠤ ᠨᠠᠮᠵᠢᠭᠤᠨ ᠲᠤᠭᠲᠠᠭᠤᠨ ᠦᠶ᠎ᠡ ᠴᠦ᠍ ᠪᠤᠢ᠂ ᠨᠠᠮᠵᠢᠭᠤᠨ ᠲᠤᠭᠲᠠᠭᠤᠨ ᠪᠤᠰᠤ ᠦᠶ᠎ᠡ ᠴᠦ᠍ ᠪᠤᠢ᠃ ᠪᠢᠳᠡ ᠬᠦᠴᠢᠷ ᠪᠡᠷᠬᠡᠰᠢᠶᠡᠯ᠎ᠠᠴᠠ ᠠᠶᠤᠬᠤ ᠦᠭᠡᠢ᠂ ᠠᠶᠤᠯ ᠪᠠᠷᠲᠠᠭ᠎ᠠ᠎ᠠᠴᠠ ᠰᠦᠷᠲᠡᠬᠦ ᠦᠭᠡᠢ ᠪᠠᠢ᠌ᠬᠤ ᠬᠡᠷᠡᠭᠲᠡᠢ᠃ ᠳᠤᠮᠳᠠᠳᠤ ᠤᠯᠤᠰ ᠡᠩᠬᠡ ᠲᠠᠢ᠌ᠪᠤᠩ ᠬᠦᠭᠵᠢᠯᠲᠡ ᠵᠢᠨ ᠵᠠᠮ ᠵᠶ᠋ᠠᠷ ᠡᠷᠡᠰ ᠭᠤᠢ᠌ᠪᠢᠰᠢ ᠦᠭᠡᠢ ᠵᠠᠮᠨᠠᠵᠤ᠂ ᠳᠡᠯᠡᠬᠡᠢ ᠵᠢᠨ ᠡᠩᠬᠡ ᠲᠠᠢ᠌ᠪᠤᠩ᠎ᠢ ᠡᠷᠡᠰ ᠭᠤᠢ᠌ᠪᠢᠰᠢ ᠦᠬᠡᠢ ᠬᠠᠮᠠᠭ᠋ᠠᠯᠠᠵᠤ᠂ ᠬᠠᠮᠳᠤ ᠵᠢᠨ ᠬᠦᠭᠵᠢᠯᠲᠡ ᠵᠢ ᠠᠬᠢᠭᠤᠯᠤᠨ᠎ᠠ᠃ ᠪᠢᠳᠡ ᠳᠤᠷᠠᠲᠠᠶ᠎ᠠ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ᠎ᠲᠠᠢ ᠭᠠᠷ ᠵᠶ᠋ᠠᠨ ᠬᠤᠯᠪᠤᠵᠤ᠂《ᠨᠢᠭᠡ ᠪᠦᠰᠡ ᠨᠢᠭᠡ ᠵᠠᠮ》᠎ᠢ ᠢᠳᠡᠪᠬᠢᠲᠠᠢ᠎ᠪᠠᠷ ᠬᠠᠮᠳᠤ᠎ᠪᠠᠷ ᠪᠦᠳᠦᠭᠡᠨ ᠪᠠᠢ᠌ᠭᠤᠯᠵᠤ᠂ ᠬᠦᠮᠦᠨ ᠲᠦᠷᠦᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠤᠭᠴᠠ ᠵᠢ ᠪᠠᠢ᠌ᠭᠤᠯᠬᠤ ᠵᠢ ᠠᠬᠢᠭᠤᠯᠵᠤ᠂ ᠬᠦᠮᠦᠨ ᠲᠦᠷᠦᠯᠬᠢᠲᠡᠨ᠎ᠤ ᠰᠠᠢ᠌ᠨ ᠰᠠᠢ᠌ᠬᠠᠨ ᠢᠷᠡᠭᠡᠳᠦᠢ ᠵᠢ ᠴᠤᠭᠴᠠᠯᠠᠬᠤ ᠵᠢᠨ ᠲᠦᠯᠤᠭᠡ ᠴᠦᠬᠦᠷᠡᠰᠢ ᠦᠭᠡᠢ ᠴᠢᠷᠮᠠᠢ᠌ᠨ᠎ᠠ᠃
ᠡᠨᠡ ᠬᠦ᠌ ᠴᠠᠭ ᠮᠦᠴᠡ᠎ᠳᠤ᠂ ᠮᠠᠰᠢ ᠤᠯᠠᠨ ᠬᠦᠮᠦᠨ ᠪᠠᠰᠠ ᠠᠵᠢᠯ᠎ᠤᠨ ᠪᠠᠢ᠌ᠷᠢ᠎ᠪᠠᠨ ᠪᠠᠳᠦ ᠰᠠᠬᠢᠵᠤ᠂ ᠮᠠᠰᠢ ᠤᠯᠠᠨ ᠬᠦᠮᠦᠨ ᠡᠩᠬᠡ ᠲᠠᠢ᠌ᠪᠦᠩᠢ ᠰᠠᠬᠢᠨ ᠬᠠᠮᠠᠭ᠋ᠠᠯᠠᠵᠤ᠂ ᠮᠠᠰᠢ ᠤᠯᠠᠨ ᠬᠦᠮᠦᠨ ᠰᠢᠷᠭ᠋ᠠᠭᠤ ᠬᠦᠳᠡᠯᠮᠦᠷᠢᠯᠡᠵᠤ ᠪᠠᠢ᠌ᠨ᠎ᠠ᠃ ᠤᠯᠠᠨ ᠵᠶ᠋ᠠᠷ ᠵᠶ᠋ᠠᠨ ᠵᠦᠳᠡᠷᠡᠯ᠎ᠡ!
ᠪᠢᠳᠡ ᠭᠠᠭᠴᠠ ᠬᠦ᠌ ᠦᠷᠯᠦᠭᠡ ᠦᠳᠡᠰᠢ ᠵᠢ ᠳᠡᠮᠡᠴᠡᠨ᠂ ᠰᠠᠢ᠌ᠬᠠᠨ ᠴᠠᠭ ᠵᠠᠯᠠᠭᠤ ᠨᠠᠰᠤ ᠵᠢ ᠦᠯᠤ ᠬᠦᠰᠡᠷᠳᠡᠬᠦᠯᠵᠤ 2020 ᠤᠨ ᠵᠶ᠋ᠠᠨ ᠬᠠᠮᠲᠤ᠎ᠪᠠᠷ ᠤᠭᠳᠤᠵᠠᠭ᠋ᠠᠶᠠ᠃
ᠤᠯᠠᠨ ᠵᠶ᠋ᠠᠷ ᠵᠶ᠋ᠠᠨ ᠰᠢᠨ᠎ᠡ ᠵᠢᠯ᠎ᠳᠤ᠎ᠪᠠᠨ ᠪᠠᠶᠠᠷ ᠬᠦᠷ᠎ᠲᠠᠢ ᠪᠠᠢ᠌ᠬᠤ ᠵᠢ ᠬᠦᠰᠡᠨ ᠵᠦᠩᠨᠡᠶ᠎ᠡ!