1 ᠰᠠᠷ᠎ᠠ ᠵᠢᠨ 8᠎ᠤ ᠡᠳᠦᠷ ᠪᠦᠬᠦ ᠤᠷᠤᠨ᠎ᠤ ᠤᠬᠠᠭᠤᠯᠬᠤ ᠬᠡᠯᠳᠡᠰ᠎ᠤᠨ ᠲᠠᠷᠤᠭ᠎ᠠ ᠨᠠᠷ ᠤᠨ ᠬᠤᠷᠠᠯ ᠢ ᠬᠤᠷᠠᠯᠳᠤᠭᠤᠯᠵᠤ᠂ ᠪᠥᠬᠥ ᠣᠷᠣᠨ᠎ᠤ ᠦᠵᠡᠯ ᠰᠠᠨᠠᠭ᠎ᠠ ᠰᠤᠷᠳᠠᠯ ᠤᠬᠠᠭᠤᠯᠭ᠎ᠠ ᠵᠢᠨ ᠰᠣᠶᠣᠯ᠎ᠤᠨ ᠠᠵᠢᠯ᠎ᠤᠨ ᠲᠡᠷᠢᠭᠦᠨ ᠤᠬᠢ ᠵᠢ ᠬᠦᠬᠢᠭᠦᠯᠦᠨ ᠰᠠᠢ᠌ᠰᠢᠶᠠᠬᠤ᠎ᠳᠤ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ᠎ᠤᠨ ᠲᠢᠶᠠᠲᠷ᠎ᠤᠨ ᠳᠤᠮᠳᠠᠳᠤ ᠤᠯᠤᠰ᠎ᠤᠨ ᠵᠤᠬᠢᠶᠠᠨ ᠪᠦᠲᠦᠭᠡᠭᠰᠡᠨ ᠠᠩᠬᠠᠳᠠᠭᠴᠢ ᠪᠦᠬᠦᠯᠢ ᠦᠵᠡᠭᠳᠡᠯ᠎ᠲᠤ ᠲᠤᠮᠤ ᠬᠡᠯᠪᠡᠷᠢ ᠵᠢᠨ ᠮᠣᠷᠢᠨ ᠪᠥᠵᠢᠭᠲᠦ ᠵᠦᠴᠦᠭᠡ 《 ᠪᠤᠭᠤᠷᠤᠯ ᠲᠡᠦᠬᠡ ᠵᠢᠨ ᠬᠦᠯᠦᠭ᠎ᠤᠨ ᠮᠠᠭᠳᠠᠭ᠋ᠠᠯ》 2019 ᠣᠨ᠎ᠤ ᠪᠦᠬᠦ ᠣᠷᠣᠨ᠎ᠤ ᠦᠵᠡᠯ ᠰᠠᠨᠠᠭ᠎ᠠ ᠰᠤᠷᠳᠠᠯ ᠤᠬᠠᠭᠤᠯᠭ᠎ᠠ ᠵᠢᠨ ᠰᠣᠶᠣᠯ᠎ᠤᠨ ᠠᠵᠢᠯ᠎ᠤᠨ ᠰᠢᠨ᠎ᠡ ᠵᠢ ᠡᠭᠦᠳᠦᠭᠰᠡᠨ ᠰᠢᠯᠢᠳᠡᠭ ᠬᠡᠷᠡᠭ᠎ᠤᠨ ᠵᠢᠱ᠌ᠢᠶ᠎ᠡ ᠵᠢᠨ ᠱᠠᠩᠨᠠᠯ ᠭᠥᠷᠳᠡᠪᠡ᠃
2019 ᠣᠨ᠎ᠤ 3 ᠰᠠᠷ᠎ᠠ᠎ᠳᠤ᠂ 《 ᠪᠤᠭᠤᠷᠤᠯ ᠲᠡᠦᠬᠡ ᠵᠢᠨ ᠬᠦᠯᠦᠭ᠎ᠤᠨ ᠮᠠᠭᠳᠠᠭ᠋ᠠᠯ》᠎ᠨᠢ ᠪᠠᠰᠠ ᠳᠤᠮᠳᠠᠳᠤ ᠤᠯᠤᠰ᠎ᠤᠨ ᠵᠢᠭᠤᠯᠴᠢᠯᠠᠯ᠎ᠤᠨ ᠪᠠᠯᠠ ᠣᠷᠣᠭᠤᠯᠤᠯᠲᠠ ᠵᠢᠨ ᠠᠶ᠋ᠢᠲ᠋ᠢᠶᠠ ᠱᠠᠩᠨᠠᠯ᠎ᠤᠨ ᠳᠤᠮᠳᠠᠳᠤ ᠤᠯᠤᠰ᠎ᠤᠨ ᠬᠠᠮᠤᠭ᠎ᠤᠨ ᠰᠢᠯᠢᠳᠡᠭ ᠵᠢᠭᠤᠯᠴᠢᠯᠠᠯ᠎ᠤᠨ ᠲᠣᠭᠯᠠᠯᠲᠠ ᠵᠢᠨ ᠲᠥᠷᠥᠯ ᠵᠦᠢ᠍ᠯ᠎ᠤᠨ ᠠᠯᠲᠠᠨ ᠮᠸᠳᠠᠯᠢ ᠭᠥᠷᠳᠡᠪᠡ᠂ ᠲᠣᠰ ᠱᠠᠩᠨᠠᠯ᠎ᠢ ᠪᠠᠰᠠ 《ᠳᠤᠮᠳᠠᠳᠤ ᠤᠯᠤᠰ᠎ᠤᠨ ᠵᠢᠭᠤᠯᠴᠢᠯᠠᠯ᠎ᠤᠨ ᠤᠰᠺᠠᠷ》 ᠭᠡᠳᠡᠭ᠃
《 ᠪᠤᠭᠤᠷᠤᠯ ᠲᠡᠦᠬᠡ ᠵᠢᠨ ᠬᠦᠯᠦᠭ᠎ᠤᠨ ᠮᠠᠭᠳᠠᠭ᠋ᠠᠯ》᠎ᠨᠢ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ᠎ᠤᠨ ᠲᠢᠶᠠᠲᠷ᠎ᠠᠴᠠ 2014 ᠤᠨ᠎ᠳᠤ ᠵᠤᠬᠢᠶᠠᠨ ᠪᠦᠲᠦᠭᠡᠭᠰᠡᠨ ᠰᠤᠶᠤᠯ ᠪᠠ ᠵᠢᠭᠤᠯᠴᠢᠯᠠᠯ᠎ᠢ ᠭᠦᠨᠵᠡᠭᠡᠢ᠌ᠷᠡᠭᠦᠯᠦᠨ ᠤᠶᠠᠯᠳᠤᠭᠤᠯᠤᠭᠰᠠᠨ ᠪᠦᠲᠦᠭᠡᠯ ᠪᠠᠢ᠌ᠵᠤ᠂ ᠲᠠᠯ᠎ᠠ ᠨᠤᠲᠤᠭ᠎ᠤᠨ ᠰᠣᠶᠣᠯ᠎ᠤᠨ ᠳᠠᠪᠠᠭᠤᠯᠢᠭ᠎ᠢ ᠭᠦᠢ᠍ᠴᠡᠳ ᠢᠯᠡᠷᠡᠭᠦᠯᠦᠨ᠂ ᠥᠩᠭᠡ ᠢᠯᠭ᠋ᠠᠷᠠᠮ᠎ᠠ ᠲᠠᠯ᠎ᠠ ᠨᠤᠲᠤᠭ᠎ᠤᠨ ᠪᠣᠯᠪᠠᠰᠤᠨ᠂ ᠡᠷᠡᠯᠬᠡᠭ ᠪᠠᠭ᠋ᠠᠲᠤᠷᠯᠢᠭ ᠮᠣᠷᠢᠨ ᠨᠢᠷᠤᠭᠤᠨ ᠳᠡᠭᠡᠷᠡᠬᠢ ᠦᠨᠳᠦᠰᠦᠲᠡᠨ ᠂ ᠮᠣᠩᠭᠣᠯ ᠬᠥᠮᠦᠨ ᠪᠠ ᠠᠳᠤᠭᠤ ᠵᠢᠨ ᠬᠦᠨ ᠵᠤᠵᠠᠭ᠋ᠠᠨ ᠨᠠᠢ᠌ᠷ ᠰᠡᠳᠬᠢᠯᠭᠡ ᠵᠢ ᠢᠯᠡᠳᠭᠡᠭᠰᠡᠨ ᠪᠦᠬᠦᠯᠢ ᠦᠵᠡᠭᠳᠡᠯ᠎ᠲᠤ ᠲᠤᠮᠤ ᠬᠡᠯᠪᠡᠷᠢ ᠵᠢᠨ ᠮᠣᠷᠢᠨ ᠪᠥᠵᠢᠭᠲᠦ ᠵᠦᠴᠦᠭᠡ ᠪᠤᠯᠤᠨ᠎ᠠ ᠃ ᠪᠦᠬᠦ ᠵᠦᠴᠦᠭᠡ᠎ᠳᠤ 150 ᠰᠢᠬᠠᠮ ᠬᠥᠮᠦᠨ᠂ 100 ᠭᠠᠷᠤᠶ ᠠᠳᠤᠭᠤ ᠣᠷᠣᠯᠴᠠᠵᠤ ᠲᠣᠭᠯᠠᠵᠠᠶ᠃ ᠵᠣᠬᠢᠶᠠᠨ ᠪᠦᠲᠦᠭᠡᠬᠦ ᠪᠦᠯᠬᠦᠮ᠎ᠨᠢ ᠤᠯᠤᠰ᠎ᠤᠨ ᠳᠣᠲᠣᠭ᠋ᠠᠳᠤ ᠵᠢᠨ ᠤᠷᠠᠯᠢᠭ᠎ᠤᠨ ᠬᠦᠷᠢᠶᠡᠨ᠎ᠳᠤ᠎ᠬᠢ ᠨᠢᠭᠡ ᠪᠦᠯᠦᠭ ᠨᠦᠯᠦᠭᠡᠯᠡᠬᠦ ᠬᠦᠴᠦᠨ᠎ᠲᠠᠢ ᠤᠷᠠᠯᠢᠭᠴᠢᠳ᠎ᠢ ᠴᠤᠭᠯᠠᠭᠤᠯᠵᠤ᠂ ᠶᠡᠷᠦᠩᠬᠡᠶ ᠤᠳᠤᠷᠢᠳᠤᠭ᠋ᠠᠴᠢ᠎ᠨᠢ 2008 ᠣᠨ᠎ᠤ ᠪᠡᠭᠡᠵᠢᠩ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠂ ᠲᠡᠭᠦᠰᠬᠦ ᠶᠣᠰᠣᠯᠠᠯ᠎ᠤᠨ ᠤᠲᠤᠷᠢᠲᠤᠭ᠋ᠠᠴᠢ ᠂ ᠲᠣᠮᠣ ᠬᠡᠯᠪᠡᠷᠢ ᠵᠢᠨ ᠳᠠᠭᠤᠤ ᠬᠥᠭᠵᠢᠮ ᠪᠥᠵᠢᠭ᠎ᠤᠨ ᠲᠤᠤᠯᠢᠰ 《ᠰᠡᠷᠭᠦᠨ ᠮᠠᠨᠳᠤᠯᠲᠠ ᠵᠢᠨ ᠵᠠᠮ》᠎ᠤᠨ ᠨᠠᠶ᠋ᠢᠷᠠᠭᠤᠯᠤᠨ ᠤᠳᠤᠷᠢᠳᠤᠭ᠋ᠠᠴᠢ᠂ ᠳᠤᠮᠳᠠᠳᠤ ᠤᠯᠤᠰ᠎ᠤᠨ ᠠᠩᠬᠠᠳᠠᠭᠴᠢ ᠦᠯᠢᠭᠡᠷᠲᠦ ᠵᠦᠴᠦᠭᠡ 《ᠴᠢᠯᠥᠭᠡᠯᠡᠯᠲᠡ》 ᠵᠢᠨ ᠭᠦᠢ᠍ᠴᠡᠳᠬᠡᠨ ᠤᠳᠤᠷᠢᠳᠤᠭ᠋ᠠᠴᠢ᠂ ᠳᠠᠭᠤᠤ ᠪᠥᠵᠢᠭᠲᠦ ᠵᠦᠴᠦᠭᠡ 《ᠠᠭᠤᠯᠠᠨ᠎ᠳᠤ᠎ᠬᠢ ᠬᠡᠦᠬᠡᠳ》 ᠤᠨ ᠶᠡᠷᠦᠩᠬᠡᠶ ᠤᠳᠤᠷᠢᠳᠤᠭ᠋ᠠᠴᠢ ᠮᠥ᠍ ᠴᠢᠩ ᠪᠠᠶ᠋ᠢᠪᠠ᠃
《 ᠪᠤᠭᠤᠷᠤᠯ ᠲᠡᠦᠬᠡ ᠵᠢᠨ ᠬᠦᠯᠦᠭ᠎ᠤᠨ ᠮᠠᠭᠳᠠᠭ᠋ᠠᠯ》᠎ᠨᠢ ᠮᠣᠩᠭᠣᠯ ᠮᠣᠷᠢᠨ᠎ᠤ ᠵᠣᠷᠢᠭ ᠰᠠᠨᠠᠭ᠎ᠠ᠎ᠪᠠᠷ ᠭᠤᠤᠯ ᠰᠠᠨᠠᠭ᠎ᠠ᠎ᠪᠠᠨ ᠪᠤᠯᠭ᠋ᠠᠵᠤ᠂ 《ᠪᠢ》 — ᠨᠢᠭᠡᠨ ᠮᠠᠯᠴᠢᠨ᠎ᠤ ᠬᠥᠪᠡᠭᠦᠨ᠎ᠤ ᠦᠰᠦᠨ ᠪᠣᠶ᠋ᠢᠵᠢᠯᠲᠠ ᠵᠢ ᠲᠤᠭ᠋ᠠᠴᠢᠬᠤᠪᠠᠷ ᠳᠠᠮᠵᠢᠭᠤᠯᠤᠨ᠂ ᠮᠣᠩᠭᠣᠯ ᠦᠨᠲᠦᠰᠦᠳᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠷᠡᠮᠡᠬᠡᠶ᠋ᠢᠯᠡᠨ ᠤᠷᠤᠭᠰᠢᠯᠠᠭᠰᠠᠨ᠂ ᠪᠣᠯᠪᠠᠰᠤᠨ ᠲᠠᠪᠰᠢᠯᠲᠠ᠎ᠶᠢ ᠬᠥᠭᠡᠭᠡᠴᠡᠯᠳᠦᠭᠰᠡᠨ ᠠᠭᠤᠤ ᠶᠡᠬᠡ ᠲᠡᠤᠬᠡᠨ ᠶᠠᠪᠤᠴᠠ ᠵᠢ ᠲᠤᠰᠬᠠᠨ᠂ ᠮᠣᠷᠢᠨ ᠨᠢᠷᠤᠭᠤᠨ ᠳᠡᠭᠡᠷᠡᠬᠢ ᠦᠨᠲᠦᠰᠦᠲᠡᠨ᠎ᠤ ᠨᠡᠭᠡᠭᠡᠯᠲᠡᠲᠡᠶ᠂ ᠪᠠᠭᠲᠠᠭ᠋ᠠᠮᠵᠢᠲᠠᠶ᠂ ᠰᠢᠨᠲᠠᠷᠠᠰᠢ ᠥᠬᠡᠶ ᠪᠠᠲᠤ ᠴᠢᠩᠭ᠎ᠠ ᠦᠨᠳᠦᠰᠦᠲᠡᠨ᠎ᠤ ᠵᠣᠷᠢᠭ ᠰᠠᠨᠠᠭ᠎ᠠ ᠵᠢ ᠮᠠᠭᠲᠠᠨ ᠳᠠᠭᠤᠯᠠᠵᠤ᠂ ᠬᠥᠮᠦᠨ ᠮᠣᠷᠢ᠂ ᠬᠥᠮᠦᠨ ᠲᠠᠯ᠎ᠠ ᠨᠤᠲᠤᠭ᠎ᠲᠠᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ᠂ ᠰᠢᠯᠦᠭᠯᠢᠭ ᠰᠠᠨᠠᠭ᠎ᠠ ᠲᠠᠢ ᠣᠷᠣᠰᠢᠨ ᠠᠮᠢᠳᠤᠷᠠᠬᠤ ᠦᠵᠡᠰᠬᠦᠯᠡᠩᠲᠦ ᠰᠠᠢ᠌ᠬᠠᠨ ᠠᠬᠤᠶ ᠪᠠᠶ᠋ᠢᠳᠠᠯ᠎ᠢ ᠳᠡᠯᠭᠡᠨ ᠦᠵᠡᠭᠦᠯᠵᠡᠶ ᠃ ᠲᠤᠰ ᠵᠦᠴᠦᠭᠡ᠎ᠨᠢ 《ᠲᠩᠷᠢ᠎ᠠᠴᠠ ᠪᠠᠭᠤᠭᠰᠠᠨ ᠬᠤᠪᠢᠯᠭ᠋ᠠᠨ ᠤᠨᠠᠭ᠎ᠠ》᠂ 《ᠬᠥᠮᠦᠨ ᠠᠳᠤᠭᠤᠨ᠎ᠤ ᠬᠤᠪᠢ ᠪᠠᠷᠢᠯᠳᠤᠯᠭ᠎ᠠ》᠂ 《ᠮᠣᠷᠢᠨ ᠨᠢᠷᠤᠭᠤᠨ ᠲᠡᠭᠡᠷᠡᠬᠢ ᠭᠡᠷ ᠣᠷᠣᠨ》᠂ 《ᠮᠣᠷᠢᠨ ᠨᠢᠷᠤᠭᠤᠨ ᠳᠡᠭᠡᠷᠡᠬᠢ ᠳᠣᠮᠣᠭ》᠂ 《ᠲᠩᠷᠢ ᠵᠢᠨ ᠰᠢᠳᠢᠲᠤ ᠤᠨᠠᠭ᠎ᠠ》 ᠵᠡᠷᠭᠡ ᠲᠠᠪᠤᠨ ᠪᠦᠯᠦᠭ ᠲᠠᠪᠤᠨ ᠦᠯᠢᠭᠡᠷ ᠵᠶ᠋ᠠᠷ ᠮᠣᠩᠭᠣᠯ ᠦᠨᠳᠦᠰᠦᠲᠡᠨ ᠮᠣᠷᠢᠲᠠᠢ ᠤᠴᠠᠷᠠᠭᠰᠠᠨ᠂ ᠲᠠᠨᠢᠯᠴᠠᠭᠰᠠᠨ᠂ ᠬᠠᠨᠢᠯᠠᠭᠰᠠᠨ᠂ ᠰᠠᠯᠵᠤ ᠪᠣᠯᠤᠰᠢ ᠦᠭᠡᠢ᠂ ᠦᠬᠦᠵᠦ ᠰᠡᠬᠡᠬᠦ᠎ᠪᠠᠨ ᠬᠠᠮᠲᠤᠳᠬᠠᠭᠰᠠᠨ ᠬᠠᠶ᠋ᠢᠷ᠎ᠠ ᠰᠡᠳᠬᠢᠯᠭᠡ ᠵᠢᠨ ᠥᠩᠭᠡᠷᠡᠯᠲᠡ ᠵᠢ ᠵᠢᠷᠤᠭᠯᠠᠵᠠᠢ᠃ ᠦᠢ᠍ᠯᠡ ᠶᠠᠪᠤᠳᠠᠯ᠎ᠨᠢ ᠤᠷᠪᠠᠭ᠋ᠠᠨ ᠬᠥᠷᠪᠡᠭᠡᠨ᠎ᠲᠠᠢ ᠪᠠᠶ᠋ᠢᠵᠤ᠂ ᠦᠵᠡᠭᠴᠢᠳ᠎ᠢ ᠮᠣᠩᠭᠣᠯ ᠦᠨᠳᠦᠰᠦᠲᠡᠨ᠎ᠤ ᠤᠯᠠᠮᠵᠢᠯᠠᠯᠲᠤ ᠠᠳᠤᠭᠤᠨ ᠰᠣᠶᠣᠯ᠂ ᠣᠳᠣ ᠦᠶ᠎ᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠂ ᠵᠤᠭ᠎ᠠ ᠴᠡᠩᠭᠡᠯ᠂ ᠲᠠᠯ᠎ᠠ ᠨᠤᠲᠤᠭ᠎ᠤᠨ ᠰᠣᠶᠣᠯ᠎ᠢ ᠨᠢᠭᠡ ᠴᠣᠭᠴᠠᠵᠢᠭᠤᠯᠤᠭᠰᠠᠨ ᠰᠣᠨᠣᠷ᠎ᠲᠤ ᠰᠣᠭᠲᠣᠭᠤᠷᠠᠭᠤᠯᠤᠨ᠎ᠠ᠃ ᠨᠠᠷᠢᠯᠢᠭ ᠰᠠᠢ᠌ᠬᠠᠨ ᠲᠠᠶ᠋ᠢᠰᠠᠨ᠎ᠤ ᠲᠸᠭᠨᠢᠭ᠂ ᠦᠨᠡᠨ ᠪᠣᠳᠠᠲᠠᠶ ᠣᠯᠠᠨ ᠵᠠᠭᠤᠴᠢ᠎ᠳᠤ ᠣᠨᠴᠠᠭ᠋ᠠᠶ ᠦᠵᠡᠭᠳᠡᠯ ᠪᠠ ᠤᠯᠠᠷᠢᠨ ᠬᠤᠪᠢᠷᠠᠬᠤ ᠭᠡᠷᠡᠯᠳᠦᠭᠦᠯᠭᠡ ᠵᠢᠨ ᠦᠵᠡᠭᠳᠡᠯ᠎ᠨᠢ ᠪᠦᠬᠦᠶ᠋ᠢᠯᠡ ᠲᠣᠭᠯᠠᠯᠲᠠ ᠵᠢ ᠰᠦᠷ ᠳᠠᠯᠠᠶ᠋ᠢᠴᠠᠲᠠᠶ ᠪᠣᠯᠭ᠋ᠠᠵᠤ᠂ ᠬᠠᠷᠠᠭ᠋ᠠᠨ ᠰᠡᠷᠡᠯ᠎ᠤᠨ ᠲᠠᠲᠠᠬᠤ ᠬᠦᠴᠦᠨ ᠵᠶ᠋ᠠᠷ ᠪᠢᠯᠬᠠᠮ᠎ᠠ ᠪᠣᠯᠭ᠋ᠠᠵᠠᠶ᠃ ᠣᠬᠣᠷᠬᠠᠨ ᠨᠢᠭᠡ ᠴᠠᠭ᠎ᠤᠨ ᠳᠣᠲᠣᠷ᠎ᠠ᠂ ᠲᠠᠶ᠋ᠢᠰᠠᠨ ᠳᠡᠭᠡᠷ᠎ᠡ ᠳᠠᠭᠤᠯᠠᠨ ᠪᠥᠵᠢᠭᠯᠡᠵᠦ᠂ ᠤᠷᠳᠤ ᠵᠢᠨ ᠲᠠᠭᠤᠤ ᠵᠢᠨ ᠠᠶᠠᠰ ᠴᠤᠤᠷᠢᠶᠠᠲᠤᠨ᠂ ᠡᠯᠡᠰᠦᠨ ᠲᠠᠯᠠᠪᠠᠢ᠎ᠳᠤ ᠠᠵᠢᠨᠠᠢ ᠬᠦᠯᠦᠭ ᠳᠠᠪᠬᠢᠵᠤ᠂ ᠬᠦᠬᠡᠮᠠᠢ ᠴᠤᠤᠷᠢᠶᠠᠲᠤᠨ᠎ᠠ᠃ ᠬᠤᠷᠴᠠ ᠵᠡᠪᠰᠡᠭ ᠬᠤᠶᠠᠭᠲᠤ ᠮᠤᠷᠢ ᠵᠢᠨ ᠰᠦᠷ ᠭᠠᠢ᠌ᠬᠠᠮᠰᠢᠭ ᠲᠠᠢ ᠪᠠᠢ᠌ᠬᠤ ᠪᠥᠭᠡᠳ ᠨᠢᠭᠡ ᠬᠥᠮᠦᠨ ᠨᠢᠭᠡ ᠮᠣᠷᠢ ᠵᠢᠨ ᠡᠶᠡᠯᠰᠡᠭ ᠵᠦᠭᠡᠯᠡᠨ ᠰᠡᠳᠬᠢᠯᠭᠡ ᠢᠯᠡᠷᠡᠨ᠎ᠡ ᠃ ᠴᠢᠭᠴᠢ ᠰᠢᠲᠤᠷᠭᠤ ᠦᠨᠡᠨᠴᠢ ᠰᠡᠳᠬᠢᠯ ᠪᠠᠶ᠋ᠢᠬᠤ ᠮᠥᠷᠲᠡᠭᠡᠨ ᠪᠠᠰᠠ ᠰᠦᠷ ᠵᠢᠪᠬᠤᠯᠠᠩᠲᠠᠢ ᠪᠥᠵᠢᠭ᠎ᠤᠨ ᠠᠯᠬᠤᠭ᠎ᠠ ᠵᠢᠨ ᠢᠷᠠᠭᠤ ᠰᠠᠶ᠋ᠢᠬᠠᠨ᠎ᠢ ᠤᠯᠵᠤ ᠰᠡᠷᠡᠬᠦ ᠶᠤᠮ᠃
ᠲᠤᠰ ᠲᠦᠷᠦᠯ ᠵᠦᠢ᠍ᠯ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠵᠤ᠂ ᠰᠣᠶᠣᠯ ᠪᠣᠯᠤᠨ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠤᠨᠴᠠᠯᠢᠬᠳᠤ ᠲᠣᠯᠣᠭ᠋ᠠᠶ᠋ᠢᠯᠠᠭᠴᠢ ᠰᠣᠶᠣᠯ᠎ᠤᠨ ᠠᠵᠤ ᠦᠢ᠍ᠯᠡᠰ᠎ᠤᠨ ᠲᠦᠷᠦᠯ ᠵᠦᠢ᠍ᠯ᠎ᠢ ᠪᠠᠶ᠋ᠢᠭᠤᠯᠵᠤ᠂ ᠲᠣᠭᠯᠠᠯᠲᠠ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠪᠦᠲᠦᠮᠵᠢᠲᠡᠢ ᠬᠤᠪᠢᠷᠠᠭᠤᠯᠤᠨ ᠠᠰᠢᠭᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ᠌ ᠤᠯᠤᠰ᠎ᠤᠨ 《ᠨᠢᠭᠡ ᠪᠦᠰᠡ ᠨᠢᠭᠡ ᠵᠠᠮ》᠎ᠤᠨ ᠠᠬᠤᠢ ᠪᠠᠶ᠋ᠢᠳᠠᠯ᠎ᠳᠤ ᠲᠠᠯ᠎ᠠ ᠨᠤᠲᠤᠭ᠎ᠤᠨ ᠰᠣᠶᠣᠯ᠎ᠢ ᠢᠯᠡᠷᠡᠭᠦᠯᠦᠭᠰᠡᠨ᠂ ᠤᠮᠠᠷᠠᠲᠤ ᠵᠢᠨ ᠥᠪᠡᠷᠮᠢᠴᠡ ᠣᠨᠴᠠᠯᠢᠭ᠎ᠲᠠᠢ ᠴᠢᠬᠤᠯᠠ ᠰᠣᠶᠣᠯ᠎ᠤᠨ ᠠᠵᠤ ᠦᠢ᠍ᠯᠡᠰ᠎ᠤᠨ ᠲᠦᠷᠦᠯ ᠵᠦᠢ᠍ᠯ ᠪᠣᠯᠤᠨ᠎ᠠ᠃ ᠲᠤᠰ ᠲᠦᠷᠦᠯ ᠵᠦᠢ᠍ᠯ᠎ᠨᠢ ᠮᠠᠨ᠎ᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠢ ᠠᠭᠤᠰᠤᠯᠴᠠᠯ᠎ᠤᠨ ᠬᠣᠭᠣᠰᠣᠨ᠎ᠢ ᠨᠥᠬᠥᠪᠥᠷᠢᠯᠡᠵᠦ᠂ ᠥᠪᠥᠷ ᠮᠣᠩᠭᠣᠯ᠎ᠤᠨ ᠦᠨᠳᠦᠰᠦᠲᠡᠨ᠎ᠤ ᠰᠣᠶᠣᠯ᠎ᠤᠨ ᠳᠠᠪᠠᠭᠤᠯᠢᠭ᠎ᠢ ᠭᠦᠢ᠍ᠴᠡᠳ ᠢᠯᠡᠷᠡᠭᠦᠯᠵᠦ᠂ ᠦᠪᠦᠷ ᠮᠣᠩᠭᠣᠯ᠎ᠤᠨ ᠰᠣᠶᠣᠯ᠎ᠤᠨ ᠲᠦᠷᠦᠯ ᠲᠡᠮᠳᠡᠭ᠎ᠢ ᠡᠭᠦᠳᠴᠡᠢ᠃ ᠲᠡᠷᠡ᠎ᠨᠢ ᠥᠪᠡᠷᠮᠢᠴᠡ ᠠᠷᠭ᠎ᠠ ᠬᠡᠯᠪᠡᠷᠢ᠎ᠪᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠨᠴᠠᠯᠢᠭᠲᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ ᠵᠢᠨ ᠬᠠᠮᠲᠤ᠂ ᠮᠣᠩᠭᠣᠯ ᠶᠤᠸᠠᠨ᠎ᠤ ᠰᠣᠶᠣᠯ᠎ᠤᠨ ᠨᠡᠷᠡᠲᠦ ᠲᠡᠮᠳᠡᠭᠲᠦ ᠵᠢᠨ ᠦᠨ᠎ᠡ ᠥᠷᠲᠡᠭ᠎ᠢ ᠳᠡᠭᠡᠭᠰᠢᠯᠡᠭᠦᠯᠵᠦ᠂ ᠭᠠᠵᠠᠷ ᠣᠷᠣᠨ᠎ᠤ ᠠᠵᠤ ᠠᠬᠤᠢ᠂ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢ ᠲᠠᠢ᠌ᠴᠢᠯᠠᠭᠰᠠᠨ ᠪᠠᠢ᠌ᠨ᠎ᠠ ᠃
《 ᠪᠤᠭᠤᠷᠤᠯ ᠲᠡᠦᠬᠡ ᠵᠢᠨ ᠬᠦᠯᠦᠭ᠎ᠤᠨ ᠮᠠᠭᠳᠠᠭ᠋ᠠᠯ》᠎ᠨᠢ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢ᠍ᠯᠡᠰ᠎ᠤᠨ ᠭᠣᠤᠯᠳᠠᠯᠭ᠎ᠠ᠎ᠲᠠᠢ ᠲᠥᠷᠥᠯ ᠵᠦᠢ᠍ᠯ ᠪᠣᠯᠤᠭᠰᠠᠨ᠎ᠤ ᠬᠤᠪᠢ᠎ᠳᠤ᠂ ᠲᠥᠷᠥᠯ ᠵᠦᠢ᠍ᠯ ᠲᠣᠭᠲᠠᠭ᠋ᠠᠭᠰᠠᠨ᠎ᠠᠴᠠ ᠨᠠᠭ᠋ᠠᠰᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠯᠢ ᠣᠯᠠᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠣᠯᠵᠤ᠂ ᠤᠷᠢᠳ ᠬᠣᠵᠢᠳ 2014 ᠣᠨ᠎ᠤ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠪᠠᠯᠠ ᠮᠥᠩᠭᠥ ᠪᠠ 2015 ᠣᠨ᠎ᠤ ᠤᠯᠤᠰ᠎ᠤᠨ ᠤᠷᠠᠯᠢᠭ᠎ᠤᠨ ᠰᠠᠭᠤᠷᠢ ᠮᠥᠩᠭᠥ ᠵᠢᠨ ᠲᠤᠰᠠᠯᠠᠮᠵᠢ ᠵᠢ ᠭᠥᠷᠳᠡᠪᠡ᠃ ᠲᠣᠰ ᠲᠥᠷᠥᠯ ᠵᠦᠢ᠍ᠯ᠎ᠨᠢ 2014 ᠣᠨ᠎ᠠᠴᠠ 2018 ᠤᠨ ᠪᠣᠯᠲᠠᠯ᠎ᠠ ᠨᠡᠶ᠋ᠢᠲᠡ 248 ᠤᠳᠠᠭ᠎ᠠ ᠲᠣᠭᠯᠠᠯᠲᠠ ᠭᠠᠷᠭ᠋ᠠᠵᠤ᠂ ᠲᠤᠮᠲᠠᠲᠤ᠂ ᠣᠷᠣᠰ᠂ ᠮᠣᠩᠭᠣᠯ᠂ ᠠᠮᠧᠷᠢᠺᠠ᠂ ᠭᠧᠷᠮᠠᠨ᠂ ᠰᠢᠶᠠᠩᠭ᠋ᠠᠩ ᠣᠣᠮᠧᠨ ᠲᠠᠶ᠋ᠢᠸᠠᠨ᠂ ᠺᠣᠷᠢᠶᠠ᠂ ᠰᠢᠩᠭ᠋ᠠᠫᠣᠷ᠂ ᠡᠨᠡᠳᠬᠡᠭ ᠵᠡᠷᠭᠡ 20 ᠭᠠᠷᠤᠶ ᠤᠯᠤᠰ ᠵᠢᠴᠢ ᠭᠠᠵᠠᠷ ᠣᠷᠣᠨ᠎ᠤ ᠵᠢᠭᠤᠯᠴᠢᠯᠠᠭᠰᠠᠳ᠎ᠢ ᠭᠥᠯᠢᠶᠡᠨ ᠠᠪᠴᠤ᠂ ᠦᠵᠡᠭᠴᠢᠳ 28 ᠲᠦᠮᠡ ᠰᠢᠬᠠᠮ ᠬᠥᠮᠦᠨ ᠤᠳᠠᠭ᠎ᠠ ᠪᠣᠯᠪᠠ᠃ 2017 ᠣᠨ᠎ᠳᠤ 《ᠪᠤᠭᠤᠷᠤᠯ ᠲᠡᠦᠬᠡ ᠵᠢᠨ ᠬᠦᠯᠦᠭ᠎ᠤᠨ ᠮᠠᠭᠳᠠᠭ᠋ᠠᠯ》 ᠨᠢ ᠬᠥᠬᠡᠬᠣᠲᠠ᠎ᠳᠤ ᠠᠮᠵᠢᠯᠲᠠ᠎ᠲᠠᠢ ᠨᠠᠢ᠌ᠳᠠᠪᠤᠷᠢ᠎ᠵᠢᠨ᠂ ᠬᠠᠷᠢᠭᠤ ᠲᠤᠰᠬᠠᠯ ᠴᠢᠩᠭ᠎ᠠ ᠪᠠᠶ᠋ᠢᠵᠤ᠂ ᠲᠤᠭᠯᠠᠯᠲᠠ ᠪᠦᠬᠦᠨ ᠦᠵᠡᠭᠴᠢᠳ ᠲ᠋ᠦᠭᠦᠷᠴᠦ᠂ ᠰᠠᠢ᠍ᠢ᠍ᠨ ᠦᠨᠡᠯᠡᠯᠲᠡ ᠤᠷᠤᠰᠬᠠᠯ ᠮᠡᠲᠦ ᠤᠨᠲᠤᠷᠤᠨ᠂ ᠨᠢᠭᠡ ᠬᠡᠰᠡᠭ ᠵᠶ᠋ᠠᠷ 《ᠨᠢᠭᠡ ᠪᠢᠯᠧᠲ ᠤᠯᠬᠤ᠎ᠳᠤ ᠪᠡᠷᠬᠡ》 ᠦᠵᠡᠭᠳᠡᠯ ᠢᠯᠡᠷᠡᠪᠡ᠃ ᠲᠥᠪ᠎ᠤᠨ ᠲᠧᠯᠸᠢᠰ ᠬᠣᠷᠢᠶ᠎ᠠ᠂ ᠹᠧᠩ ᠬᠤᠸᠠᠩ ᠣᠳᠣᠨ ᠲᠧᠯᠸᠢᠰ᠂ ᠪᠡᠭᠡᠵᠢᠩ᠎ᠤᠨ ᠣᠳᠣᠨ ᠲᠧᠯᠸᠢᠰ᠂ ᠥᠪᠥᠷ ᠮᠣᠩᠭᠣᠯ᠎ᠤᠨ ᠲ᠋ᠧᠯᠸᠢᠰ ᠬᠣᠷᠢᠶ᠎ᠠ᠂ ᠥᠪᠥᠷ ᠮᠣᠩᠭᠣᠯ᠎ᠤᠨ ᠡᠳᠦᠷ᠎ᠤᠨ ᠰᠣᠨᠢᠨ ᠵᠡᠷᠭᠡ ᠣᠯᠠᠨ ᠭᠣᠤᠯ ᠵᠠᠭᠤᠴᠢᠯᠠᠭᠤᠷ ᠵᠢᠴᠢ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠡᠷᠭᠡ 40 ᠭᠠᠷᠤᠶ ᠰᠦᠯᠵᠢᠶᠡᠨ ᠥᠷᠲᠡᠭᠡ᠎ᠠᠴᠠ ᠲᠣᠭᠯᠠᠯᠲᠠ ᠵᠢ ᠤᠬᠠᠭᠤᠯᠤᠨ ᠮᠡᠳᠡᠭᠡᠯᠡᠪᠡ᠃ ᠥᠷᠭᠡᠨ ᠤᠯᠠᠨ ᠦᠵᠡᠭᠴᠢᠳ᠂ ᠲᠤᠰᠬᠠᠶ ᠮᠡᠷᠭᠡᠵᠢᠯᠲᠡᠨ ᠡᠷᠳᠡᠮᠲᠡᠨ᠂ ᠡᠯ᠎ᠡ ᠱᠠᠲᠤᠨ᠎ᠤ ᠤᠳᠤᠷᠢᠳᠤᠯᠭ᠎ᠠ ᠵᠢᠨ ᠰᠠᠨᠠᠯ ᠨᠢᠭᠡᠲᠡᠢ ᠵᠥᠪᠰᠢᠶᠡᠷᠡᠯ ᠪᠠ ᠰᠠᠢ᠍ᠢ᠍ᠨ ᠦᠨᠡᠯᠡᠯᠲᠡ ᠵᠢ ᠤᠯᠪᠠ᠃ ᠲᠥᠷᠥᠯ ᠵᠦᠢ᠍ᠯ᠎ᠢ ᠬᠡᠷᠡᠭᠵᠢᠭᠦᠯᠦᠭᠰᠡᠨ᠎ᠤ ᠳᠠᠷᠠᠭ᠎ᠠ᠂ ᠠᠳᠤᠭᠤᠨ᠎ᠤ ᠠᠵᠤ ᠦᠢ᠍ᠯᠡᠰ᠂ ᠵᠤᠭ᠎ᠠ ᠴᠡᠩᠭᠡᠯ᠂ ᠲᠡᠭᠡᠭᠡᠪᠦᠷᠢ᠂ ᠵᠢᠭᠤᠯᠴᠢᠯᠠᠯ ᠵᠡᠷᠭᠡ ᠬᠠᠮᠢᠶ᠎ᠠ ᠪᠥᠬᠥᠶ ᠠᠵᠤ ᠦᠢ᠍ᠯᠡᠰ᠎ᠤᠨ ᠬᠥᠭᠵᠢᠯᠲᠡ ᠵᠢ ᠳᠠᠶ᠋ᠢᠴᠢᠯᠠᠵᠤ᠂ ᠲᠥᠷᠥᠯ ᠵᠦᠢ᠍ᠯ ᠬᠢᠭᠡᠳ ᠲᠣᠭᠯᠠᠯᠲᠠ ᠵᠢᠨ ᠭᠠᠵᠠᠷ᠎ᠨᠢ ᠰᠠᠶ᠋ᠢᠨ ᠰᠠᠢ᠌ᠬᠠᠨ ᠬᠠᠷᠢᠯᠴᠠᠨ ᠵᠣᠬᠢᠴᠠᠬᠤ ᠴᠢᠨᠠᠷᠲᠠᠢ ᠪᠠᠶ᠋ᠢᠵᠤ᠂ ᠨᠡᠶ᠋ᠢᠭᠡᠮ᠎ᠤᠨ ᠠᠶᠤᠯ ᠲᠦᠭᠰᠢᠭᠦᠷᠢ ᠪᠠᠭ᠎ᠠ ᠪᠠᠶ᠋ᠢᠵᠤ᠂ ᠨᠡᠶ᠋ᠢᠭᠡᠮ᠎ᠤᠨ ᠦᠷ᠎ᠡ ᠠᠰᠢᠭ᠎ᠨᠢ ᠮᠠᠰᠢ ᠢᠯᠡᠷᠬᠡᠶ ᠪᠠᠢ᠌ᠨ᠎ᠠ ᠃
.jpg](https://mgl.nmg.gov.cn/media-data/cms/A01B20/Portals/_wht/images/default/2020-01-22-366683de2b-1b7c-4f38-8cef-29f4e2de8f8f.jpg)
.jpg](https://mgl.nmg.gov.cn/media-data/cms/A01B20/Portals/_wht/images/default/2020-01-22-52319e9a39-38f5-4bbb-918c-00564532b631.jpg)
ᠲᠣᠭᠯᠠᠯᠲᠠ ᠵᠢᠨ ᠰᠡᠭᠦᠳᠡᠷ