ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠳᠠᠭᠤᠤ ᠵᠢᠨ ᠨᠤᠲ ᠲᠡᠭᠳᠡᠨ ᠦᠰᠦᠷᠬᠢᠯᠡᠵᠦ ᠬᠠᠭᠤᠴᠢᠨ ᠵᠢᠯ ᠵᠶ᠋ᠠᠨ ᠦᠳᠡᠨ᠎ᠡ᠂ 2020 ᠣᠨ᠎ᠤ ᠦᠨᠳᠦᠰᠦᠲᠡᠨ᠎ᠤ ᠣᠷᠾᠸᠰᠲᠷ ᠬᠥᠭᠵᠢᠮ᠎ᠤᠨ ᠰᠢᠨ᠎ᠡ ᠵᠢᠯ᠎ᠤᠨ ᠳᠠᠭᠤᠤ ᠬᠥᠭᠵᠢᠮ᠎ᠤᠨ ᠦᠳᠡᠰᠢᠯᠡᠭᠡ 《ᠤᠮᠠᠷᠠᠲᠤ ᠬᠢᠯᠢ ᠵᠢᠨ ᠮᠠᠭᠲᠠᠭ᠋ᠠᠯ ᠳᠠᠭᠤᠤ》 ᠵᠢ ᠤᠯᠠᠭ᠋ᠠᠨ ᠲᠢᠶᠠᠲᠷ᠎ᠲᠤ ᠲᠣᠭᠯᠠᠪᠠ
ᠨᠡᠶᠢᠲᠡᠯᠡᠭᠰᠡᠨ ᠴᠠᠭ᠄ 2020-01-22

     12 ᠳ᠋ᠤᠭ᠋ᠠᠷ ᠰᠠᠷ᠎ᠠ ᠵᠢᠨ 30᠎ᠤ ᠡᠳᠦᠷ᠂ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠨᠭ᠎ᠤᠨ ᠠᠷᠠᠳ᠎ᠤᠨ ᠬᠦᠭᠵᠢᠮ᠎ᠤᠨ ᠪᠦᠯᠬᠦᠮ᠎ᠤᠨ ᠬᠦᠭᠵᠢᠮᠳᠡᠭᠰᠡᠨ 2020 ᠣᠨ᠎ᠤ ᠦᠨᠳᠦᠰᠦᠲᠡᠨ᠎ᠤ ᠣᠷᠾᠸᠰᠲᠷ ᠬᠦᠭᠵᠢᠮ᠎ᠤᠨ ᠰᠢᠨ᠎ᠡ ᠵᠢᠯ᠎ᠤᠨ ᠲᠠᠭᠤᠤ ᠬᠦᠭᠵᠢᠮ᠎ᠤᠨ ᠦᠳᠡᠰᠢᠯᠡᠭᠡ《ᠤᠮᠠᠷᠠᠲᠤ ᠬᠢᠯᠢ ᠵᠢᠨ ᠮᠠᠭᠲᠠᠭ᠋ᠠᠯ ᠲᠠᠭᠤᠤ》ᠵᠢ ᠤᠯᠠᠭ᠋ᠠᠨ ᠲᠢᠶᠠᠲᠷ᠎ᠲᠤ ᠲᠣᠭᠯᠠᠪᠠ᠃ ᠮᠣᠨᠭ᠌ᠭᠣᠯ ᠦᠨᠳᠦᠰᠦᠲᠡᠨ᠎ᠤ ᠠᠯᠲᠠᠷᠲᠤ ᠤᠳᠤᠷᠢᠳᠤᠭ᠋ᠠᠴᠢ ᠡᠷᠳᠡᠨᠢ ᠲᠣᠬᠢᠭᠤᠷ ᠠᠳᠬᠤᠨ ᠲᠠᠭᠤᠤ ᠬᠦᠭᠵᠢᠮ᠎ᠤᠨ ᠦᠳᠡᠰᠢᠯᠡᠭᠡ ᠵᠢ ᠤᠳᠤᠷᠢᠳᠴᠤ᠂ ᠵᠦᠴᠦᠭᠡ ᠵᠢᠨ ᠬᠦᠷᠢᠶᠡᠯᠡᠨᠭ᠎ᠤᠨ ᠮᠳᠭ᠌ᠭᠤᠯ ᠦᠨᠳᠦᠰᠦᠲᠡᠨ᠎ᠤ ᠵᠠᠯᠠᠭᠣᠴᠣᠳ᠎ᠤᠨ ᠨᠠᠢ᠌ᠷᠠᠯ ᠲᠠᠭᠤᠤ ᠵᠢᠨ ᠪᠦᠯᠬᠦᠮ ᠪᠦᠬᠦ ᠰᠡᠳᠭᠢᠯ ᠵᠶ᠋ᠡᠷ ᠵᠶ᠋ᠡᠨ   ᠲᠡᠮᠵᠢᠨ ᠲᠣᠭᠯᠠᠵᠤ᠂ ᠬᠠᠭᠤᠴᠢᠨ ᠵᠶ᠋ᠡᠨ ᠦᠳᠡᠵᠦ ᠰᠢᠨ᠎ᠡ ᠵᠢ ᠤᠭᠲᠤᠬᠣ ᠲᠠᠰᠢᠷᠠᠮ᠎ᠳᠤ ᠦᠵᠡᠭᠴᠢᠳ ᠣᠯᠠᠨ᠎ᠳᠤ᠎ᠪᠠᠨ ᠨᠢᠭᠡᠨ ᠶᠡᠬᠡ ᠤᠷᠠᠯᠢᠭ᠎ᠤᠨ ᠦᠪᠡᠳᠡᠭᠰᠢ ᠲᠠᠢ᠌ᠯᠠᠯᠭ᠎ᠠ ᠡᠷᠭᠦᠨ ᠪᠠᠷᠢᠪᠠ᠃      
      ᠥᠷᠭᠡᠨ ᠵᠶ᠋ᠠᠷ ᠲᠠᠭᠤᠯᠠᠭᠳᠠᠭᠰᠠᠨ ᠥᠨᠢ ᠤᠳᠠᠭ᠋ᠠᠨ ᠲᠡᠤᠬᠡ᠎ᠲᠠᠢ ᠰᠣᠩᠭᠣᠳᠠᠭ ᠳᠠᠭᠤᠤ 《ᠮᠠᠭᠲᠠᠭ᠋ᠠᠯ ᠳᠠᠭᠤᠤ》᠎ᠨᠢ ᠲᠠᠯ᠎ᠠ ᠨᠤᠲᠤᠭ᠎ᠤᠨ ᠠᠷᠠᠳ ᠲᠦᠮᠡᠨ᠎ᠤ ᠨᠠᠮ᠂ ᠡᠬᠡ ᠤᠯᠤᠰ᠎ᠲᠤ᠎ᠪᠠᠨ ᠡᠪᠦᠷᠯᠡᠭᠡ ᠬᠡᠮᠵᠢᠶᠡᠯᠡᠰᠢ ᠦᠭᠡᠢ ᠪᠠᠶᠠᠷ ᠲᠠᠯᠠᠷᠬᠠᠯ ᠪᠠ ᠬᠠᠯᠠᠭᠤᠨ ᠬᠠᠢ᠌ᠷ᠎ᠠ ᠵᠢ ᠲᠠᠭᠤᠯᠠᠨ ᠤᠶᠠᠨᠭ᠌ᠭ᠋ᠠᠯᠠᠵᠠᠢ᠃ ᠦᠨᠳᠦᠰᠦᠲᠡᠨ᠎ᠤ ᠣᠷᠾᠸᠰᠲᠷ ᠬᠦᠭᠵᠢᠮ 《ᠤᠮᠠᠷᠠᠲᠤ ᠬᠢᠯᠢ ᠵᠢᠨ ᠮᠠᠭᠲᠠᠭ᠋ᠠᠯ ᠳᠠᠭᠤᠤ》 ᠪᠣᠯ 《ᠮᠠᠭᠲᠠᠭ᠋ᠠᠯ ᠳᠠᠭᠤᠤ》 ᠵᠢᠨ ᠭᠣᠣᠯ ᠰᠡᠳᠦᠪ ᠵᠶ᠋ᠡᠷ ᠨᠠᠷᠢᠨ ᠠᠭᠤᠯᠭ᠎ᠠ᠎ᠪᠠᠨ ᠲᠡᠪᠢᠰᠭᠡᠷᠯᠡᠵᠦ᠂ ᠶᠡᠷᠦᠩᠬᠡᠶ ᠱᠦᠵᠢ ᠰᠢ ᠵᠢᠨ ᠫᠢᠩ᠎ᠤᠨ 《ᠤᠳᠬ᠎ᠠ ᠤᠷᠠᠯᠢᠭ ᠪᠣᠯ ᠴᠠᠭ ᠦᠶ᠎ᠡ ᠵᠢᠨ ᠪᠦᠷᠢᠶ᠎ᠡ ᠮᠥᠨ》 ᠭᠡᠰᠡᠨ ᠶᠠᠷᠢᠶᠠᠨ᠎ᠤ ᠵᠣᠷᠢᠭ ᠰᠠᠨᠠᠭ᠎ᠠ᠎ᠪᠠᠷ ᠵᠦᠭᠯᠡᠭᠦᠷ ᠬᠢᠵᠦ᠂ ᠥᠪᠥᠷ ᠮᠣᠩᠭᠣᠯ᠎ᠤᠨ ᠨᠡᠶ᠋ᠢᠭᠡᠮ ᠵᠢᠷᠤᠮᠲᠤ ᠬᠤᠪᠢᠰᠬᠠᠯ᠎ᠤᠨ ᠪᠥᠲᠥᠭᠡᠨ ᠪᠠᠶ᠋ᠢᠭᠤᠯᠤᠯᠲᠠ ᠵᠢᠨ ᠲᠡᠤᠬᠡᠨ ᠶᠠᠪᠤᠴᠠ ᠎ᠳᠤ᠎ᠬᠢ ᠡᠯ᠎ᠡ ᠠᠶ᠋ᠢᠮᠠᠭ ᠬᠣᠲᠠ ᠵᠢᠨ ᠨᠡᠶ᠋ᠢᠲᠡᠯᠢᠭ ᠴᠢᠨᠠᠷᠲᠠᠶ ᠲᠥᠯᠥᠭᠡᠯᠡᠬᠦ ᠴᠢᠨᠠᠷᠲᠠᠶ ᠬᠢᠯᠠᠰ ᠴᠡᠭ ᠪᠣᠯᠬᠤ ᠬᠡᠷᠡᠭ ᠶᠠᠪᠤᠳᠠᠯ᠂ ᠬᠥᠮᠦᠨ᠂ ᠠᠮᠵᠢᠯᠲᠠ ᠪᠦᠲᠦᠮᠵᠢ ᠵᠢᠴᠢ   ᠬᠠᠮᠢᠶ᠎ᠠ ᠪᠥᠬᠥᠶ ᠤᠯᠠᠮᠵᠢᠯᠠᠯᠲᠤ ᠠᠷᠠᠳ᠎ᠤᠨ ᠳᠠᠭᠤᠤ ᠵᠢᠨ ᠡᠯᠧᠮᠧᠨ᠋ᠲ ᠵᠶ᠋ᠠᠷ ᠦᠨᠳᠦᠰᠦᠨ ᠪᠣᠷᠣ ᠮᠠᠲ᠋ᠧᠷᠢᠶᠠᠯ   ᠪᠣᠯᠭ᠋ᠠᠭᠰᠠᠨ᠂ ᠢᠯᠡ ᠲᠣᠳᠣ ᠭᠣᠤᠯ ᠰᠡᠳᠦᠪ᠎ᠲᠠᠢ᠂ ᠪᠠᠶᠠᠯᠢᠭ ᠠᠭᠤᠯᠤᠭᠳᠠᠬᠤᠨ᠎ᠲᠠᠢ᠂ ᠨᠠᠷᠠᠯᠠᠭ ᠦᠭᠡᠳᠡᠷᠬᠡᠭ᠂ ᠰᠦᠷ ᠳᠠᠯᠠᠶ᠋ᠢᠴᠠᠲᠠᠶ᠂ ᠳᠤᠮᠳᠠᠳᠤ ᠤᠯᠤᠰ᠎ᠤᠨ ᠵᠣᠷᠢᠭ ᠰᠠᠨᠠᠭ᠎ᠠ ᠵᠢ ᠢᠯᠡᠷᠡᠭᠦᠯᠵᠦ᠂ ᠳᠤᠮᠳᠠᠳᠤ ᠤᠯᠤᠰ᠎ᠤᠨ ᠬᠦᠴᠦᠨ ᠴᠢᠳᠠᠯ᠎ᠢ ᠲᠡᠯᠭᠡᠨ ᠭᠠᠢ᠌ᠬᠠᠭᠤᠯᠵᠤ᠂ ᠦᠨᠳᠦᠰᠦᠲᠡᠨ᠎ᠤ ᠥᠯᠢᠭᠡᠷ᠎ᠢ ᠮᠠᠨᠳᠤᠭᠤᠯᠤᠨ ᠪᠠᠳᠠᠷᠠᠭᠤᠯᠤᠭᠰᠠᠨ ᠰᠢᠯᠢᠳᠡᠭ ᠪᠦᠲᠦᠭᠡᠯ ᠪᠣᠯᠬᠤ ᠶᠤᠮ᠃
      ᠳᠠᠭᠤᠤ ᠬᠥᠭᠵᠢᠮ᠎ᠤᠨ ᠦᠳᠡᠰᠢᠯᠡᠭᠡ᠎ᠨᠢ ᠨᠢᠭᠡᠳᠦᠭᠡᠷ ᠬᠥᠭᠵᠢᠮ᠎ᠤᠨ ᠪᠦᠯᠦᠭ 《ᠭᠠᠶ᠋ᠢᠬᠠᠮᠰᠢᠭᠲᠤ ᠣᠨ ᠰᠠᠷ᠎ᠠ᠎ᠤᠳ》᠂   ᠬᠣᠶᠠᠳᠤᠭ᠋ᠠᠷ ᠬᠥᠭᠵᠢᠮ᠎ᠤᠨ ᠪᠦᠯᠦᠭ 《ᠬᠦᠳᠡᠭᠡ ᠲᠠᠯ᠎ᠠ ᠵᠢᠨ ᠬᠠᠢ᠌ᠷ᠎ᠠ ᠮᠦᠷᠦᠭᠡᠳᠦᠯ》᠂ ᠭᠤᠷᠪᠠᠳᠤᠭ᠋ᠠᠷ ᠬᠥᠭᠵᠢᠮ᠎ᠤᠨ ᠪᠦᠯᠦᠭ 《ᠮᠦᠨᠭᠬᠡ ᠨᠣᠭᠤᠭ᠋ᠠᠨ ᠴᠢᠯᠦᠭᠡᠲᠦ ᠬᠦᠰᠡᠯ》᠂ ᠳᠥᠷᠪᠡᠳᠦᠭᠡᠷ ᠪᠦᠯᠦᠭ 《ᠵᠣᠯ ᠵᠢᠷᠭ᠋ᠠᠯᠲᠤ ᠮᠠᠭᠲᠠᠭ᠋ᠠᠯ ᠳᠠᠭᠤᠤ》᠎ᠪᠠᠷ ᠪᠦᠷᠢᠯᠳᠦᠵᠡᠶ᠃ 《ᠮᠣᠷᠢᠲᠤ ᠴᠡᠷᠢᠭ᠎ᠤᠨ ᠰᠦᠷ ᠵᠢᠪᠬᠤᠭ᠎ᠠ》 ᠡᠷᠡᠯᠬᠡᠭ ᠣᠮᠤᠭᠯᠠᠭᠤᠨ᠂ ᠰᠦᠷᠯᠢᠭ ᠪᠠᠳᠠᠷᠠᠭᠤᠨ᠂ 《ᠲᠠᠯ᠎ᠠ ᠨᠤᠲᠤᠭ᠎ᠤᠨ ᠦᠦᠷ᠎ᠤᠨ ᠲᠤᠶᠠᠭ᠎ᠠ》 ᠡᠴᠢᠨ᠎ᠡ ᠬᠣᠯᠠ ᠵᠢᠨ ᠭᠡᠮᠡᠷ ᠪᠦᠭᠡᠳ ᠴᠠᠭᠤᠷᠬᠠᠢ ᠰᠢᠭᠤᠷᠬᠠᠢ᠂ ᠡᠷᠬᠡ ᠴᠢᠯᠥᠭᠡ᠎ᠲᠠᠢ ᠮᠦᠷᠲᠡᠭᠡᠨ ᠲᠡᠨᠢᠭᠡᠷ ᠠᠭᠤᠳᠠᠮ᠂ 《ᠠᠰᠠᠨ ᠲᠦᠷᠡᠯᠵᠡᠭᠰᠡᠨ ᠠᠨᠳᠠᠢ》᠎ᠨᠢ ᠣᠮᠤᠭᠯᠠᠨᠭ᠌ ᠴᠣᠭᠲᠠᠢ ᠪᠠᠶᠠᠷ ᠬᠥᠷ᠎ᠲᠠᠢ᠂ ᠣᠷᠭᠢᠯᠤᠮ᠎ᠠ ᠬᠠᠯᠠᠭᠤᠨ ᠪᠢᠯᠬᠠᠮ᠎ᠠ ᠰᠡᠳᠬᠢᠯᠭᠡ᠎ᠲᠠᠢ ᠁ ᠲᠤᠰ ᠤᠷᠤᠢ ᠨᠡᠶ᠋ᠢᠲᠡ ᠠᠷᠪᠠ ᠭᠠᠷᠤᠢ ᠳᠠᠭᠤᠤ ᠬᠥᠭᠵᠢᠮ᠎ᠤᠨ ᠲᠣᠭᠯᠠᠯᠲᠠ ᠭᠠᠷᠴᠠᠢ᠂ ᠪᠦᠬᠦᠢ᠌ᠯᠡ ᠦᠳᠡᠰᠢᠯᠡᠭᠡ ᠬᠥᠷ ᠬᠥᠭᠵᠢᠶᠡᠨ᠎ᠲᠠᠢ᠂ ᠪᠠᠶᠠᠷ ᠪᠠᠶᠠᠰᠬᠤᠯᠠᠩ᠎ᠲᠠᠢ᠂ ᠦᠪᠡᠳᠡᠭᠰᠢ ᠶᠡᠬᠡ᠂ ᠴᠤᠭ ᠵᠢᠪᠬᠤᠭ᠎ᠠ᠎ᠲᠠᠢ ᠠᠭᠤᠷ ᠠᠮᠢᠰᠬᠤᠯ ᠵᠶ᠋ᠡᠷ ᠲᠦᠭᠦᠷᠴᠦ᠂ ᠪᠦᠬᠦ ᠲᠠᠯᠠᠪᠠᠢ ᠵᠢᠨ ᠦᠵᠡᠭᠴᠢᠳ ᠣᠢ᠌ᠯᠤᠨ ᠲᠤᠯᠭᠢᠶᠠᠯᠠᠬᠤ ᠰᠡᠳᠬᠢᠯᠭᠡ᠎ᠪᠠᠨ ᠲᠠᠷᠤᠵᠤ ᠶᠠᠳᠠᠨ ᠠᠮᠲᠠᠷᠬᠠᠨ ᠰᠣᠨᠢᠷᠬᠠᠪᠠ᠃
     2020 ᠣᠨ᠎ᠤ ᠦᠨᠳᠦᠰᠦᠲᠡᠨ᠎ᠤ ᠣᠷᠾᠸᠰᠲᠷ ᠬᠦᠭᠵᠢᠮ᠎ᠤᠨ ᠰᠢᠨ᠎ᠡ ᠵᠢᠯ᠎ᠤᠨ ᠳᠠᠭᠤᠤ ᠬᠥᠭᠵᠢᠮ᠎ᠤᠨ ᠦᠳᠡᠰᠢᠯᠡᠭᠡ 《ᠤᠮᠠᠷᠠᠲᠤ ᠬᠢᠯᠢ ᠵᠢᠨ ᠮᠠᠭᠲᠠᠭ᠋ᠠᠯ ᠳᠠᠭᠤᠤ》 ᠢᠳᠡᠪᠬᠢᠲᠡᠢ᠎ᠪᠠᠷ ᠥᠭᠡᠳᠡᠯᠡᠨ ᠳᠠᠪᠰᠢᠬᠤ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠢ᠌ᠬᠤ ᠵᠣᠷᠢᠭ ᠰᠠᠨᠠᠭ᠎ᠠ ᠲᠦᠷᠬᠦ ᠪᠠᠶ᠋ᠢᠳᠠᠯ᠎ᠢ ᠳᠡᠯᠭᠡᠨ ᠦᠵᠡᠭᠦᠯᠪᠡ᠂ ᠬᠠᠭᠤᠴᠢᠨ ᠵᠶ᠋ᠠᠨ ᠦᠳᠡᠵᠦ ᠰᠢᠨ᠎ᠡ ᠵᠢ ᠤᠭᠲᠤᠬᠤ ᠲᠠᠰᠢᠷᠠᠮ᠎ᠳᠤ᠂ ᠣᠯᠠᠨ ᠲᠦᠮᠡᠨ᠎ᠢ ᠨᠠᠩ ᠣᠷᠭᠢᠯᠤᠮ᠎ᠠ ᠬᠠᠯᠠᠭᠤᠨ ᠵᠣᠷᠢᠭ ᠰᠠᠨᠠᠭ᠎ᠠ ᠲᠦᠷᠬᠦ ᠪᠠᠶ᠋ᠢᠳᠠᠯ ᠵᠶ᠋ᠠᠷ ᠰᠢᠨ᠎ᠡ ᠴᠠᠭ ᠦᠶ᠎ᠡ ᠵᠢᠨ ᠴᠣ᠋ ᠰᠢᠨ᠎ᠡ ᠬᠠᠭᠤᠳᠠᠰᠤ ᠵᠢ ᠪᠢᠴᠢᠭᠯᠡᠲᠦᠭᠡᠢ ᠭᠡᠮᠡᠨ ᠵᠣᠷᠢᠭᠵᠢᠭᠤᠯᠪᠠ᠃





                            ᠳᠠᠭᠤᠤ ᠬᠥᠭᠵᠢᠮ᠎ᠤᠨ ᠲᠣᠭᠯᠠᠯᠲᠠ ᠵᠢᠨ ᠠᠬᠤᠶ ᠲᠠᠯᠠᠪᠠᠢ

ᠢᠷᠡᠯᠲᠡ᠄ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠨᠭ
          
ᠬᠠᠮᠢᠶ᠎ᠡ ᠪᠦᠬᠦᠢ ᠰᠣᠨᠢᠨ
2020 ᠣᠨ᠎ᠤ ᠰᠢᠨ᠎ᠡ ᠤᠨ᠎ᠤ ᠳᠠᠭᠤᠤ ᠬᠥᠭᠵᠢᠮ᠎ᠤᠨ ᠦᠳᠡᠰᠢᠯᠡᠭᠡ ᠤᠯᠠᠭ᠋ᠠᠨ ᠲᠢᠶᠠᠲᠷ᠎ᠲᠤ ᠶᠠᠪᠣᠭᠳᠠᠪᠠ
ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ ᠦᠪᠤᠷ ᠮᠤᠩᠭᠤᠯ᠎ᠤᠨ ᠬᠠᠲᠤᠨ ᠭᠤᠤᠯ᠎ᠤᠨ ᠰᠤᠶᠤᠯ᠎ᠤᠨ ᠬᠠᠮᠠᠭ᠋ᠠᠯᠠᠯᠲᠠ ᠵᠢᠨ ᠤᠯᠠᠮᠵᠢᠯᠠᠯ᠎ᠢ ᠬᠦᠭᠵᠢᠬᠦᠯᠬᠦ ᠲᠦᠯᠦᠪᠵᠢᠭᠦᠯᠦᠯᠭᠡ ᠵᠢᠨ ᠪᠠᠢ᠌ᠷᠢᠯᠠᠭᠤᠯᠤᠯᠲᠠ ᠵᠢᠨ ᠶᠠᠷᠢᠯᠴᠠᠬᠤ ᠬᠤᠷᠠᠯ ᠬᠢᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠠᠩᠬᠠᠳᠤᠭ᠋ᠠᠷ ᠤᠳᠠᠭ᠋ᠠᠨ᠎ᠤ ᠨᠠᠮ᠎ᠤᠨ ᠭᠡᠰᠢᠭᠦᠨ᠎ᠤ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠠᠵᠢᠯᠴᠢᠨ᠎ᠤ ᠡᠪᠯᠡᠯ᠎ᠤᠨ ᠠᠩᠬᠠᠳᠤᠭ᠋ᠠᠷ ᠤᠳᠠᠭ᠋ᠠᠨ᠎ᠤ ᠭᠡᠰᠢᠭᠦᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠎ᠢ ᠬᠤᠷᠠᠯᠳᠤᠭᠤᠯᠪᠠ
《ᠪᠤᠭᠤᠷᠤᠯ ᠲᠡᠦᠬᠡ ᠵᠢᠨ ᠬᠦᠯᠦᠭ᠎ᠤᠨ ᠮᠠᠭᠳᠠᠭ᠋ᠠᠯ》᠎ᠨᠢ 2019 ᠣᠨ᠎ᠤ ᠪᠥᠬᠥ ᠣᠷᠣᠨ᠎ᠤ ᠦᠵᠡᠯ ᠰᠠᠨᠠᠭ᠎ᠠ ᠰᠤᠷᠳᠠᠯ ᠤᠬᠠᠭᠤᠯᠭ᠎ᠠ ᠵᠢᠨ ᠰᠣᠶᠣᠯ᠎ᠤᠨ ᠠᠵᠢᠯ᠎ᠤᠨ ᠰᠢᠨ᠎ᠡ ᠵᠢ ᠡᠭᠦᠳᠦᠭᠰᠡᠨ ᠰᠢᠯᠢᠳᠡᠭ ᠬᠡᠷᠡᠭ᠎ᠤᠨ ᠵᠢᠱ᠌ᠢᠶ᠎ᠡ ᠵᠢᠨ ᠱᠠᠩᠨᠠᠯ ᠭᠥᠷᠳᠡᠪᠡ
ᠠᠯᠠᠱ᠌ᠠ ᠵᠢᠨ ᠤᠯᠠᠭ᠋ᠠᠨᠮᠥ᠋ᠴᠢᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠲᠤᠬᠠᠶ᠋ᠢᠯᠠᠭᠰᠠᠨ ᠠᠵᠢᠯ᠎ᠢ ᠬᠣᠶᠠᠷ ᠲᠠᠯ᠎ᠠ᠎ᠪᠠᠷ ᠠᠳᠬᠤᠵᠤ ᠬᠠᠪᠤᠷ᠎ᠤᠨ ᠤᠯᠠᠷᠢᠯ᠎ᠤᠨ ᠪᠤᠯᠪᠠᠰᠤᠷᠠᠭᠤᠯᠤᠯ᠎ᠤᠨ ᠠᠵᠢᠯ᠎ᠢ ᠢᠳᠡᠪᠬᠢᠲᠡᠶ ᠥᠷᠨᠢᠭᠦᠯᠪᠡ
 
            