ᠰᠢ ᠵᠢᠨ ᠫᠢᠩ ᠶᠡᠷᠥᠩᠬᠡᠢ ᠱᠦᠵᠢ ᠵᠢᠨ ᠬᠠᠲᠤᠨ ᠭᠤᠤᠯ᠎ᠢ ᠪᠠᠢ᠌ᠴᠠᠭ᠋ᠠᠨ ᠦᠵᠡᠬᠦ ᠦᠶ᠎ᠡ ᠵᠢᠨ ᠴᠢᠬᠤᠯᠠ ᠵᠢᠭ᠋ᠠᠪᠦᠷᠢ ᠪᠠ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠴᠢ ᠦᠨᠳᠤᠷ ᠪᠠᠷᠢᠮᠵᠢᠶ᠎ᠠ᠎ᠪᠠᠷ ᠬᠦᠭᠵᠢᠬᠦᠯᠬᠦ ᠰᠠᠭᠤᠳᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠨ ᠵᠤᠷᠢᠭ ᠰᠠᠨᠠᠭ᠎ᠠ ᠵᠢ ᠤᠯᠠᠮ ᠨᠢᠭᠡ ᠠᠯᠬᠤᠮ ᠲᠤᠭᠤᠰᠢᠯᠠᠭᠤᠯᠬᠤ ᠵᠢᠨ ᠳᠦᠯᠦᠭᠡ᠂12 ᠰᠠᠷ᠎ᠠ ᠵᠢᠨ13᠎ᠤ ᠡᠳᠦᠷ ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ ᠦᠪᠤᠷ ᠮᠤᠩᠭᠤᠯ᠎ᠤᠨ ᠬᠠᠲᠤᠨ ᠭᠤᠤᠯ᠎ᠤᠨ ᠰᠤᠶᠤᠯ᠎ᠤᠨ ᠬᠠᠮᠠᠭ᠋ᠠᠯᠠᠯᠲᠠ ᠵᠢᠨ ᠤᠯᠠᠮᠵᠢᠯᠠᠯ᠎ᠤᠨ ᠲᠦᠯᠦᠪᠵᠢᠬᠦᠯᠭᠡ ᠵᠢᠨ ᠪᠠᠢ᠌ᠷᠢᠯᠠᠭᠤᠯᠤᠯᠲᠠ ᠵᠢᠨ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠤᠭᠰᠠᠨ ᠪᠠᠢ᠌ᠨ᠎ᠠ᠂ ᠴᠢᠨᠠᠷ ᠰᠠᠢ᠌ᠲᠠᠢ ᠬᠢᠷᠢ ᠬᠡᠮᠵᠢᠶ᠎ᠡ ᠦᠨᠳᠣᠷ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠲᠤᠨ ᠭᠤᠤᠯ᠎ᠤᠨ ᠰᠤᠶᠤᠯ᠎ᠤᠨ ᠬᠠᠮᠠᠭ᠋ᠠᠯᠠᠯᠲᠠ ᠵᠢᠨ ᠤᠯᠠᠮᠵᠢᠯᠠᠯ᠎ᠤᠨ ᠲᠦᠯᠦᠪᠵᠢᠬᠦᠯᠭᠡ ᠵᠢ ᠬᠢᠷᠬᠢᠨ ᠨᠡᠩ ᠰᠠᠢ᠌ᠨ ᠲᠤᠭ᠎ᠠ ᠤᠷᠤᠨᠵᠢᠭᠤᠯᠬᠤ᠂ ᠦᠪᠤᠷ ᠮᠤᠩᠭᠤᠯ᠎ᠤᠨ ᠬᠠᠲᠤᠨ ᠭᠤᠤᠯ᠎ᠤᠨ ᠰᠤᠶᠤᠯ᠎ᠤᠨ ᠠᠵᠤ ᠠᠬᠤᠢ ᠵᠢᠨ ᠦᠨᠳᠤᠷ ᠪᠦᠳᠦᠮᠵᠢᠲᠤ ᠬᠦᠭᠵᠢᠯᠲᠡ ᠵᠢ ᠠᠬᠢᠭᠤᠯᠬᠤ ᠲᠤᠮᠳᠠᠬᠢ ᠳᠠᠪᠠᠭᠤᠯᠢᠭ ᠲᠠᠯ᠎ᠠ ᠂ ᠤᠷᠤᠨ ᠪᠠᠢ᠌ᠷᠢ᠂ ᠠᠷᠭ᠎ᠠ ᠠᠪᠴᠢᠯ ᠵᠡᠷᠭᠡ ᠬᠤᠯᠪᠤᠭᠳᠠᠯ ᠪᠦᠬᠦᠢ ᠠᠰᠠᠭᠤᠳᠠᠯ᠎ᠢ ᠶᠠᠷᠢᠯᠴᠠᠨ ᠰᠤᠳᠤᠯᠵᠤ᠂ ᠰᠠᠨᠠᠯ᠎ᠤᠨ ᠰᠤᠯᠢᠯᠴᠠᠭ᠎ᠠ ᠵᠢ ᠦᠷᠨᠢᠬᠦᠯᠵᠡᠢ ᠃ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠳᠤᠭᠤᠢ᠌ᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠢᠤᠢ ᡁᠢ ᠭᠦᠸᠸ ᠬᠤᠷᠠᠯ᠎ᠳᠤ ᠤᠷᠤᠯᠴᠠᠵᠤ ᠶᠠᠷᠢᠶ᠎ᠠ ᠲᠠᠯᠪᠢᠪᠠ᠃
ᠢᠤᠢ ᡁᠢ ᠭᠦᠸᠸ ᠴᠢᠬᠤᠯᠴᠢᠯᠠᠭᠰᠠᠨ᠎ᠨᠢ ᠰᠢ ᠵᠢᠨ ᠫᠢᠩ ᠶᠡᠷᠤᠩᠬᠡᠢ ᠱᠦᠵᠢ ᠵᠢᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠦᠨᠳᠤᠷ ᠪᠦᠲᠦᠮᠵᠢᠲᠤ ᠬᠦᠭᠵᠢᠯᠲᠠ ᠵᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠨ ᠵᠤᠷᠢᠭ ᠰᠠᠨᠠᠭ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ ᠶᠠᠬᠡ ᠲᠠᠯ᠎ᠠ ᠵᠢᠨ ᠦᠵᠡᠯᠲᠡ ᠵᠢ ᠪᠤᠢ ᠪᠤᠯᠭ᠋ᠠᠵᠤ᠂ ᠰᠤᠶᠤᠯ ᠪᠠ ᠵᠢᠭᠤᠯᠴᠢᠯᠠᠯ᠎ᠤᠨ ᠶᠠᠮᠤᠨ᠎ᠤ ᠬᠠᠲᠤᠨ ᠭᠤᠤᠯ᠎ᠤᠨ ᠰᠤᠶᠤᠯ᠎ᠤᠨ ᠬᠠᠮᠠᠭ᠋ᠠᠯᠠᠯᠲᠠ ᠵᠢᠨ ᠤᠯᠠᠮᠵᠢᠯᠠᠯ᠎ᠢ ᠬᠦᠭᠵᠢᠬᠦᠯᠦᠨ ᠮᠠᠨᠳᠤᠭᠤᠯᠬᠤ ᠲᠦᠯᠦᠪᠵᠢᠬᠦᠯᠭᠡ ᠵᠢᠨ ᠪᠠᠢ᠌ᠷᠢᠯᠠᠭᠤᠯᠤᠯᠲᠠ ᠵᠢᠨ ᠪᠠᠢ᠌ᠯᠳᠤᠬᠤ ᠪᠤᠲᠤᠯᠭ᠎ᠠ ᠵᠢᠨ ᠤᠷᠤᠨ ᠪᠠᠢ᠌ᠷᠢ ᠵᠢᠨ ᠲᠤᠬᠠᠢ ᠭᠦᠨᠵᠡᠭᠡᠢ ᠤᠢ᠌ᠯᠠᠭ᠋ᠠᠵᠤ᠂ ᠡᠯ᠎ᠡ ᠲᠠᠯ᠎ᠠ᠎ᠤᠨ ᠬᠦᠴᠤᠨ᠎ᠢ ᠬᠤᠷᠠᠮᠳᠤᠭᠤᠯᠵᠤ᠂ ᠰᠤᠶᠤᠯ ᠵᠢᠭᠤᠯᠴᠢᠯᠠᠯ᠎ᠤᠨ ᠠᠵᠤ ᠠᠬᠤᠢ ᠵᠢᠨ ᠳᠠᠭ᠋ᠠᠭᠤᠯᠤᠭᠴᠢ ᠴᠢᠨᠠᠷ᠂ ᠰᠠᠴᠤᠷᠠᠭ ᠴᠢᠨᠠᠷ᠎ᠢ ᠨᠡᠮᠡᠭᠳᠡᠭᠦᠯᠵᠤ᠂ ᠲᠤᠰᠬᠠᠢ ᠮᠡᠷᠭᠡᠵᠢᠯᠲᠡᠨ ᠨᠠᠷ ᠦᠪᠡᠷ᠎ᠤᠨ ᠤᠶᠤᠨ ᠤᠬᠠᠭ᠋ᠠᠨ ᠵᠶ᠋ᠠᠨ ᠭᠦᠢ᠍ᠴᠡᠳ ᠪᠠᠳᠠᠷᠠᠭᠤᠯᠵᠤ᠂ ᠰᠡᠳᠬᠢᠮᠵᠢ ᠪᠠ ᠤᠢ᠌ᠯᠠᠭ᠋ᠠᠭᠲᠠᠬᠤᠨ ᠵᠶ᠋ᠠᠨ ᠲᠠᠰᠤᠷᠠᠯᠲᠠ ᠦᠭᠡᠢ ᠰᠢᠨᠡᠴᠢᠯᠡᠵᠤ᠂ ᠰᠤᠶᠤᠯ ᠪᠠ ᠵᠢᠭᠤᠯᠴᠢᠯᠠᠯ᠎ᠳᠤ ᠮᠡᠷᠭᠡᠵᠢᠯ᠎ᠤᠨ ᠬᠠᠪᠰᠤᠷᠤᠮᠵᠢ ᠵᠢ ᠬᠠᠩᠭ᠋ᠠᠨ᠎ᠠ᠃ ᠪᠠᠢ᠌ᠭᠤᠯᠭ᠎ᠠ ᠵᠢᠨ ᠡᠯ᠎ᠡ ᠲᠠᠰᠤᠭ᠎ᠨᠢ ᠵᠢᠯᠤᠭᠤᠳᠬᠤ ᠦᠢ᠍ᠯᠡᠳᠤᠯ ᠪᠠ ᠴᠠᠮᠬᠠᠭ᠎ᠤᠨ ᠦᠢ᠍ᠯᠡᠳᠤᠯ᠎ᠢ ᠪᠠᠳᠠᠷᠠᠭᠤᠯᠵᠤ᠂ ᠦᠵᠡᠯ ᠰᠠᠨᠠᠭ᠎ᠠ᠎ᠪᠠᠨ ᠨᠢᠭᠡᠳᠦᠯᠵᠢᠬᠦᠯᠵᠤ᠂ ᠦᠨᠳᠦᠰᠦᠨ ᠪᠠᠢ᠌ᠳᠠᠯ᠎ᠢ ᠤᠢ᠌ᠯᠠᠭ᠋ᠠᠵᠤ᠂ ᠠᠵᠤ ᠠᠬᠤᠢ᠌ᠯᠠᠯ᠎ᠤᠨ ᠬᠦᠭᠵᠢᠯᠲᠡ ᠵᠢᠨ ᠰᠡᠳᠬᠢᠮᠵᠢ ᠪᠠ ᠪᠠᠢ᠌ᠷᠢᠯᠠᠭᠤᠯᠤᠯᠲᠠ ᠵᠢ ᠨᠢᠭᠡᠳᠦᠯᠲᠠᠢ ᠲᠦᠯᠤᠪᠵᠢᠬᠦᠯᠵᠤ᠂ ᠰᠤᠶᠤᠯ ᠵᠢᠭᠤᠯᠴᠢᠯᠠᠯ᠎ᠤᠨ ᠦᠢ᠍ᠯᠡᠳᠪᠦᠷᠢᠯᠡᠯ ᠬᠤᠳᠠᠯᠳᠤᠭ᠋ᠠᠨ᠎ᠤ ᠰᠠᠢ᠌ᠨ ᠰᠠᠢ᠌ᠬᠠᠨ ᠤᠷᠴᠢᠨ ᠲᠤᠭᠤᠷᠢᠨ᠎ᠢ ᠪᠤᠢ ᠪᠤᠯᠭ᠋ᠠᠵᠤ᠂ ᠬᠠᠲᠤᠨ ᠭᠤᠤᠯ᠎ᠤᠨ ᠦᠯᠢᠭᠡᠷ᠎ᠢ ᠰᠠᠢ᠌ᠬᠠᠨ ᠶᠠᠷᠢᠵᠤ᠂ ᠦᠪᠦᠷ ᠮᠤᠩᠭᠤᠯ᠎ᠤᠨ ᠰᠤᠶᠤᠯ ᠵᠢᠭᠤᠯᠴᠢᠯᠠᠯ᠎ᠤᠨ ᠨᠡᠷᠡᠲᠤ ᠪᠦᠳᠦᠭᠡᠭᠳᠡᠭᠦᠨ᠎ᠢ ᠬᠦᠭᠵᠢᠬᠦᠯᠦᠨ᠎ᠡ᠃ ᠬᠤᠷᠠᠯ ᠳᠡᠭᠡᠷ᠎ᠡ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠡᠢ᠌ᠭᠡᠮ᠎ᠤᠨ ᠰᠢᠨᠵᠢᠯᠡᠭᠡᠨ᠎ᠤ ᠬᠤᠯᠪᠤᠭ᠋ᠠᠲᠤ ᠬᠤᠷᠠᠯ᠎ᠤᠨ ᠨᠠᠮ᠎ᠤᠨ ᠳᠤᠭᠤᠢ᠌ᠯᠠᠩ᠎ᠤᠨ ᠭᠡᠰᠢᠭᠦᠨ᠂ ᠳᠡᠳ᠋ ᠲᠡᠷᠢᠭᠦᠯᠡᠭᠴᠢ ᠵᠤ᠌ ᠰᠢᠶᠤᠤ ᠵᠢᠶᠦ᠋ᠨ᠂ ᠳᠤᠮᠳᠠᠳᠤ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠭᠠᠵᠠᠷ ᠵᠦᠢ ᠵᠢᠨ ᠭᠠᠵᠠᠷ᠎ᠤᠨ ᠶᠡᠷᠥᠩᠬᠡᠢ ᠲᠦᠯᠦᠪᠵᠢᠬᠦᠯᠦᠭᠴᠢ ᠨᠢᠨᠭ ᡁᠢ ᠵᠦᠨᠭ ᠵᠢᠴᠢ ᠦᠪᠤᠷ ᠮᠤᠩᠭᠤᠯ᠎ᠤᠨ ᠶᠡᠬᠡ ᠰᠤᠷᠭ᠋ᠠᠭᠤᠯᠢ᠂ ᠦᠪᠦᠷ ᠮᠤᠩᠭᠤᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠦᠪᠦᠷ ᠮᠤᠩᠭᠤᠯ᠎ᠤᠨ ᠡᠳ᠋᠎ᠤᠨ ᠵᠠᠰᠠᠭ᠎ᠤᠨ ᠶᠡᠬᠡ ᠰᠤᠷᠭ᠋ᠠᠭᠤᠯᠢ᠂ ᠦᠪᠦᠷ ᠮᠤᠩᠭᠤᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠂ ᠦᠪᠦᠷ ᠮᠤᠩᠭᠤᠯ᠎ᠤᠨ ᠰᠤᠶᠤᠯ᠎ᠤᠨ ᠤᠷᠳᠦᠨ ᠵᠡᠷᠭᠡ ᠬᠠᠮᠢᠶ᠎ᠠ ᠪᠦᠬᠦᠢ ᠪᠠᠢ᠌ᠭᠤᠯᠭ᠎ᠠ ᠵᠢᠨ ᠲᠤᠰᠬᠠᠢ ᠮᠡᠷᠭᠡᠵᠢᠯᠲᠡᠨ ᠰᠤᠳᠤᠯᠤᠭᠴᠢ᠂ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ᠎ᠤᠨ ᠲᠦᠷᠦ ᠵᠢᠨ ᠪᠤᠳᠤᠯᠭ᠎ᠠ᠂ ᠬᠠᠤᠯᠢ ᠳᠦᠷᠢᠮ᠎ᠤᠨ ᠭᠠᠵᠠᠷ᠂ ᠡᠳ᠋᠎ᠤᠨ ᠵᠠᠰᠠᠭ᠎ᠤᠨ ᠭᠠᠵᠠᠷ᠂ ᠤᠷᠠᠯᠢᠭ᠎ᠤᠨ ᠭᠠᠵᠠᠷ᠂ ᠤᠯᠠᠨ ᠨᠠᠢ᠌ᠲᠡ ᠵᠢᠨ ᠦᠢ᠍ᠯᠡᠴᠢᠯᠡᠭᠡᠨ᠎ᠤ ᠭᠠᠵᠠᠷ᠂ ᠡᠳ᠋ ᠪᠠᠶᠠᠯᠢᠭ᠎ᠢ ᠨᠡᠭᠡᠭᠡᠨ ᠬᠦᠭᠵᠢᠬᠦᠯᠬᠦ ᠭᠠᠵᠠᠷ ᠵᠡᠷᠭᠡ ᠬᠤᠯᠪᠤᠭᠲᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠲᠠᠨ ᠨᠠᠷ ᠦᠪᠦᠷ ᠮᠤᠩᠭᠤᠯ᠎ᠤᠨ ᠬᠠᠲᠤᠨ ᠭᠤᠤᠯ᠎ᠤᠨ ᠰᠤᠶᠤᠯ ᠬᠠᠮᠠᠭ᠋ᠠᠯᠠᠯᠲᠠ ᠵᠢᠨ ᠤᠯᠠᠮᠵᠢᠯᠠᠯ᠎ᠢ ᠬᠦᠭᠵᠢᠬᠦᠯᠬᠦ ᠲᠦᠯᠦᠪᠵᠢᠬᠦᠯᠭᠡ ᠵᠢᠨ ᠪᠠᠢ᠌ᠷᠢᠰᠢᠯᠠᠭᠤᠯᠤᠯᠲᠠ ᠵᠢᠨ ᠰᠡᠳᠬᠢᠮᠵᠢ᠂ ᠬᠠᠲᠤᠨ ᠭᠤᠤᠯ᠎ᠤᠨ ᠰᠠᠪᠠ ᠭᠠᠵᠠᠷ᠎ᠤᠨ ᠦᠪᠦᠷ ᠮᠤᠩᠭᠤᠯ᠎ᠤᠨ ᠬᠡᠰᠡᠭ᠎ᠲᠤ᠎ᠬᠢ ᠰᠤᠶᠤᠯ᠎ᠤᠨ ᠦᠪ᠎ᠤᠨ ᠤᠳᠤᠬᠢ ᠪᠠᠢ᠌ᠳᠠᠯ ᠬᠢᠭᠡᠳ ᠬᠦᠭᠵᠢᠯᠲᠡ ᠵᠢᠨ ᠰᠡᠳᠬᠢᠮᠵᠢ᠂ ᠤᠯᠠᠨ ᠨᠡᠢ᠌ᠲᠡ ᠵᠢᠨ ᠰᠤᠶᠤᠯ᠎ᠤᠨ ᠦᠢ᠍ᠯᠡᠴᠢᠯᠡᠭᠡᠨ᠎ᠤ ᠰᠸᠰᠲᠸᠮ᠂ ᠬᠠᠲᠤᠨ ᠭᠤᠤᠯ ᠦᠯᠢᠭᠡᠷ᠎ᠢ ᠰᠠᠢ᠌ᠬᠠᠨ ᠶᠠᠷᠢᠵᠤ᠂ ᠬᠠᠲᠤᠨ ᠭᠤᠤᠯ᠎ᠤᠨ ᠲᠤᠬᠠᠢ ᠤᠷᠠᠯᠢᠭ᠎ᠤᠨ ᠪᠦᠲᠦᠭᠡᠯᠲᠡ ᠪᠠ ᠲᠤᠭᠯᠠᠯᠲᠠ᠂ ᠬᠠᠲᠤᠨ ᠭᠤᠤᠯ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠯ ᠪᠠ ᠬᠦᠭᠵᠢᠯᠲᠡ᠂ ᠵᠢᠭᠤᠯᠴᠢᠯᠠᠯ᠎ᠤᠨ ᠡᠬᠢ ᠪᠠᠶᠠᠯᠢᠭ᠎ᠢ ᠨᠡᠭᠡᠭᠡᠨ ᠬᠦᠭᠵᠢᠬᠦᠯᠬᠦ ᠵᠡᠷᠭᠡ ᠲᠠᠯ᠎ᠠ᠎ᠪᠠᠷ ᠲᠤᠰᠬᠠᠢ ᠮᠡᠷᠭᠡᠵᠢᠯ᠎ᠤᠨ ᠡᠭᠦᠳᠡᠨ᠎ᠠᠴᠠ ᠦᠪᠦᠷ ᠮᠤᠩᠭᠤᠯ᠎ᠤᠨ ᠪᠤᠲᠠᠲᠠᠢ ᠪᠠᠢ᠌ᠳᠠᠯ᠎ᠲᠠᠢ ᠤᠶᠠᠯᠳᠤᠭᠤᠯᠵᠤ᠂ ᠰᠠᠨᠠᠯ ᠰᠢᠬᠦᠮᠵᠢ᠎ᠪᠠᠨ ᠳᠤᠷᠠᠳ᠎ᠦᠨ ᠭᠠᠷᠭ᠋ᠠᠪᠠ᠃
.jpg](https://mgl.nmg.gov.cn/media-data/cms/A01B20/Portals/_wht/images/default/2020-01-22-4332894a40-167b-4c50-bbd8-7029ffd6c89c.jpg)
.jpg](https://mgl.nmg.gov.cn/media-data/cms/A01B20/Portals/_wht/images/default/2020-01-22-0116d2adf7-699a-4bca-92c2-471fe364ade2.jpg)
ᠬᠤᠷᠠᠯ᠎ᠤᠨ ᠠᠬᠤᠢ ᠲᠠᠯᠠᠪᠠᠢ