ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠠᠩᠬᠠᠳᠤᠭ᠋ᠠᠷ ᠤᠳᠠᠭ᠋ᠠᠨ᠎ᠤ ᠨᠠᠮ᠎ᠤᠨ ᠭᠡᠰᠢᠭᠦᠨ᠎ᠤ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠠᠵᠢᠯᠴᠢᠨ᠎ᠤ ᠡᠪᠯᠡᠯ᠎ᠤᠨ ᠠᠩᠬᠠᠳᠤᠭ᠋ᠠᠷ ᠤᠳᠠᠭ᠋ᠠᠨ᠎ᠤ ᠭᠡᠰᠢᠭᠦᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠎ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄ 2020-01-22

     2020 ᠣᠨ᠎ᠤ 1 ᠳ᠋ᠤᠭᠡᠷ ᠰᠠᠷ᠎ᠠ ᠵᠢᠨ 6᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠩᠬᠠᠳᠤᠭ᠋ᠠᠷ ᠤᠳᠠᠭ᠋ᠠᠨ᠎ᠤ ᠨᠠᠮ᠎ᠤᠨ ᠭᠡᠰᠢᠭᠦᠳ᠎ᠤᠨ ᠲᠦᠯᠦᠭᠡᠯᠡᠭᠴᠢᠳ᠎ᠤᠨ ᠶᠡᠬᠡ ᠬᠤᠷᠠᠯ ᠵᠢᠴᠢ ᠠᠵᠢᠯᠴᠢᠨ᠎ᠤ ᠡᠪᠯᠡᠯ᠎ᠤᠨ ᠠᠩᠬᠠᠳᠤᠭ᠋ᠠᠷ ᠤᠳᠠᠭ᠎ᠠ ᠵᠢᠨ ᠭᠡᠰᠢᠭᠦᠳ᠎ᠤᠨ ᠲᠦᠯᠦᠭᠡᠯᠡᠭᠴᠢᠳ᠎ᠤᠨ ᠶᠡᠬᠡ ᠬᠤᠷᠠᠯ ᠠᠮᠵᠢᠯᠲᠠ᠎ᠲᠠᠢ ᠶᠠᠪᠤᠭᠳᠠᠪᠠ᠃ ᠬᠤᠷᠠᠯ᠎ᠠᠴᠠ 2016 ᠣᠨ᠎ᠠᠴᠠ ᠨᠠᠭ᠋ᠠᠰᠢᠬᠢ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠳ᠋ᠦᠩᠨᠡᠨ ᠡᠷᠭᠢᠴᠡᠭᠦᠯᠵᠦ᠂ ᠰᠣᠶᠣᠯ ᠵᠢᠭᠤᠯᠴᠢᠯᠠᠯ᠎ᠤᠨ ᠪᠠᠶ᠋ᠢᠭᠤᠯᠭ᠎ᠠ ᠵᠢᠨ ᠨᠡᠢ᠌ᠯᠡᠭᠰᠡᠨ᠎ᠤ ᠳᠠᠷᠠᠭ᠋ᠠᠬᠢ ᠠᠩᠬᠠᠳᠤᠭ᠋ᠠᠷ ᠬᠤᠭᠤᠴᠠᠭ᠋ᠠᠨ᠎ᠤ ᠵᠥᠪᠯᠡᠯ᠂ ᠰᠠᠬᠢᠯᠭ᠎ᠠ ᠪᠠᠲᠤ ᠪᠠᠶ᠋ᠢᠴᠠᠭ᠋ᠠᠬᠤ   ᠬᠤᠷᠢᠶ᠎ᠠ ᠪᠣᠯᠤᠨ ᠠᠵᠢᠯᠴᠢᠨ᠎ᠤ ᠡᠪᠯᠡᠯ᠎ᠤᠨ ᠵᠥᠪᠯᠡᠯ᠎ᠢ ᠰᠣᠩᠭᠣᠨ ᠭᠠᠷᠭ᠋ᠠᠵᠤ᠂ ᠬᠣᠶ᠋ᠢᠰᠢᠳᠠ ᠵᠢᠨ ᠬᠤᠭᠤᠴᠠᠭ᠋ᠠᠨ᠎ᠤ ᠠᠵᠢᠯ᠎ᠤᠨ ᠰᠡᠳᠬᠢᠴᠡ ᠵᠢ   ᠲᠤᠷᠠᠳᠤᠭᠰᠠᠨ ᠪᠠᠢ᠌ᠨ᠎ᠠ  ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠳᠠᠷᠤᠭ᠎ᠠ ᠯᠢ ᠰᠢᠶᠤᠤ ᠴᠢᠦ ᠬᠤᠷᠠᠯ᠎ᠢ ᠡᠷᠭᠢᠯᠡᠵᠦ᠂ ᠣᠷᠣᠨ᠎ᠤ ᠰᠢᠭᠤᠳ ᠬᠠᠷᠢᠶ᠎ᠠ ᠰᠤᠶᠤᠯ ᠪᠠ ᠵᠢᠭᠤᠯᠴᠢᠯᠠᠯ᠎ᠤᠨ ᠰᠢᠰᠲ᠋ᠧᠮ᠎ᠤᠨ ᠡᠯ᠎ᠡ ᠨᠠᠮ᠎ᠤᠨ ᠡᠭᠦᠷ᠎ᠤᠨ ᠰᠣᠩᠭᠣᠵᠤ ᠭᠠᠷᠭ᠋ᠠᠭᠰᠠᠨ 120 ᠨᠠᠮ᠎ᠤᠨ ᠭᠡᠰᠢᠭᠦᠨ᠎ᠤ ᠲᠥᠯᠥᠭᠡᠯᠡᠭᠴᠢ ᠬᠤᠷᠠᠯ᠎ᠳᠤ ᠣᠷᠣᠯᠴᠠᠪᠠ  ᠃



      ᠶᠡᠬᠡ ᠬᠤᠷᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ ᠵᠢᠨ ᠠᠶᠠᠰ ᠎ᠤᠨ ᠳᠤᠮᠳᠠ ᠬᠥᠰᠢᠭᠡ᠎ᠪᠠᠨ ᠰᠡᠬᠦᠪᠡ᠃ ᠯᠢ ᠰᠢᠶᠤᠤ ᠴᠢᠦ ᠨᠥᠬᠥᠷ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠳᠡᠭᠡᠷ᠎ᠡ ᠨᠢᠭᠡ ᠬᠤᠭᠤᠴᠠᠭ᠋ᠠᠨ᠎ᠤ ᠨᠠᠮ᠎ᠤᠨ ᠬᠣᠷᠢᠶ᠎ᠠ ᠵᠢ ᠲᠥᠯᠥᠭᠡᠯᠡᠨ 《ᠭᠤᠤᠯᠳᠠᠯᠭ᠎ᠠ᠎ᠳᠤ ᠠᠭᠤᠰᠤᠯᠴᠠᠨ ᠨᠠᠮ᠎ᠤᠨ ᠪᠠᠢ᠌ᠭᠤᠯᠤᠯᠲᠠ ᠵᠢ ᠠᠳᠬᠤᠵᠤ  ᠂ ᠨᠠᠮ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ ᠬᠥᠭᠵᠢᠯᠲᠡ ᠵᠢ ᠠᠬᠢᠭᠤᠯᠤᠶ᠎ᠠ》 ᠭᠡᠬᠦ ᠰᠡᠳᠦᠪ ᠵᠶ᠋ᠠᠷ ᠠᠵᠢᠯ᠎ᠤᠨ ᠢᠯᠡᠳᠬᠡᠯ ᠬᠢᠪᠠ᠃ ᠮᠡᠳᠡᠭᠦᠯᠦᠯᠲᠡ᠎ᠳᠤ 2016 ᠣᠨ᠎ᠠᠴᠠ ᠨᠠᠭ᠋ᠠᠰᠢᠬᠢ ᠪᠠᠶ᠋ᠢᠭᠤᠯᠭ᠎ᠠ ᠵᠢᠨ ᠨᠠᠮ᠎ᠤᠨ ᠦᠵᠡᠯ ᠰᠠᠨᠠᠭ᠎ᠠ ᠤᠯᠤᠰ ᠲᠦᠷᠦ ᠵᠢᠨ ᠪᠠᠢ᠌ᠭᠤᠯᠤᠯᠲᠠ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ   ᠪᠦᠲᠦᠭᠡᠨ ᠪᠠᠶ᠋ᠢᠭᠤᠯᠤᠯᠲᠠ᠂ ᠨᠠᠮ᠎ᠤᠨ ᠰᠤᠷᠳᠠᠯ᠂ ᠵᠠᠰᠠᠭ᠎ᠤᠨ ᠰᠤᠷᠲᠠᠯ᠎ᠤᠨ ᠪᠠᠶ᠋ᠢᠭᠤᠯᠤᠯᠲᠠ᠂ ᠭᠣᠤᠯ ᠰᠡᠳᠦᠪᠲᠦ ᠬᠥᠮᠦᠵᠢᠯ᠎ᠤᠨ ᠦᠢ᠍ᠯᠡᠳᠦᠯᠭᠡ ᠵᠢᠨ ᠠᠵᠢᠯᠯᠠᠭ᠎ᠠ ᠵᠢᠴᠢ ᠢᠯᠵᠠᠷᠠᠯ᠎ᠢ ᠡᠰᠡᠷᠭᠦᠴᠡᠨ ᠠᠷᠢᠭᠤᠨ ᠴᠢᠭᠴᠢ ᠵᠢ ᠡᠷᠬᠢᠮᠯᠡᠬᠦ ᠪᠠᠶ᠋ᠢᠭᠤᠯᠤᠯᠲᠠ ᠪᠠ ᠤᠯᠠᠨ ᠲᠦᠮᠡᠨ᠎ᠤ ᠪᠦᠯᠬᠦᠮ᠎ᠤᠨ ᠬᠠᠪᠰᠤᠷᠤᠨ ᠲᠡᠳᠬᠦᠬᠦ ᠠᠵᠢᠯ ᠵᠡᠷᠭᠡ ᠲᠠᠯ᠎ᠠ᠎ᠪᠠᠷ ᠣᠯᠤᠭᠰᠠᠨ ᠭᠣᠤᠯ ᠠᠮᠵᠢᠯᠲᠠ ᠪᠦᠲᠦᠮᠵᠢ ᠵᠢ ᠪᠦᠬᠦ ᠲᠠᠯ᠎ᠠ᠎ᠪᠠᠷ   ᠳ᠋ᠦᠩᠨᠡᠵᠦ᠂ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠦᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ   ᠵᠢᠯᠤᠭᠤᠳᠤᠯᠭ᠎ᠠ ᠪᠣᠯᠭ᠋ᠠᠨ᠂ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠶᠡᠷᠦᠩᠬᠡᠶ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ ᠲᠥᠷᠥ ᠵᠢᠨ ᠪᠠᠶ᠋ᠢᠭᠤᠯᠤᠯᠲᠠ᠎ᠪᠠᠷ ᠶᠡᠷᠦᠩᠬᠡᠢ᠌ᠯᠡᠨ ᠵᠢᠯᠣᠭᠣᠳᠣᠭᠤᠯᠬᠤ ᠵᠢ ᠳᠣᠪᠣᠶ᠋ᠢᠯᠭ᠋ᠠᠵᠤ᠂ ᠨᠠᠮ᠎ᠤᠨ ᠤᠯᠤᠰ ᠲᠥᠷᠥ ᠵᠢᠨ ᠪᠠᠶ᠋ᠢᠭᠤᠯᠤᠯᠲᠠ ᠵᠢ ᠬᠦᠨᠵᠡᠭᠡᠢ ᠠᠬᠢᠭᠤᠯᠬᠤ ᠬᠡᠷᠡᠭᠲᠡᠶ᠂ ᠨᠠᠮ᠎ᠤᠨ ᠤᠯᠤᠰ ᠲᠥᠷᠥ ᠵᠢᠨ ᠰᠠᠬᠢᠯᠭ᠎ᠠ ᠪᠠᠲᠤ ᠪᠠ ᠤᠯᠤᠰ ᠲᠥᠷᠥ ᠵᠢᠨ ᠶᠣᠰᠣ ᠲᠦᠷᠢᠮ᠎ᠢ ᠴᠢᠩᠭ᠎ᠠ ᠲᠤᠲᠤᠷᠬᠠᠢ᠌ᠯᠠᠨ᠂ ᠨᠠᠮ᠎ᠤᠨ ᠲᠤᠲᠤᠭ᠋ᠠᠲᠤ ᠵᠢᠨ ᠤᠯᠤᠰ ᠲᠥᠷᠥ ᠵᠢᠨ ᠠᠮᠢᠳᠤᠷᠠᠯ᠎ᠢ ᠲᠥᠪ ᠴᠢᠩᠭ᠎ᠠ ᠪᠣᠯᠭ᠋ᠠᠵᠤ᠂ ᠨᠠᠮ᠎ᠤᠨ ᠡᠭᠦᠷ᠎ᠤᠨ ᠪᠠᠷᠢᠮᠵᠢᠶᠠᠵᠢᠭᠤᠯᠬᠤ ᠵᠢ ᠨᠠᠢ᠌ᠳᠠᠪᠤᠷᠢᠵᠢᠭᠤᠯᠬᠤ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠵᠢ ᠴᠥᠬᠥᠷᠡᠰᠢ ᠥᠬᠡᠶ ᠥᠷᠨᠢᠭᠦᠯᠵᠦ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠵᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠵᠤ᠂ ᠨᠢᠭᠡᠳᠦᠮᠡᠯ ᠹᠷᠣᠨᠲ᠂ ᠣᠯᠠᠨ ᠲᠦᠮᠡᠨ᠎ᠤ ᠪᠦᠯᠬᠦᠮ ᠪᠠ ᠬᠠᠪᠰᠤᠷᠤᠨ ᠲᠡᠳᠬᠦᠬᠦ ᠠᠵᠢᠯ᠎ᠢ ᠰᠠᠶ᠋ᠢᠲᠤᠷ ᠬᠢᠵᠦ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠨ᠂ 《ᠳᠥᠷᠪᠡᠨ ᠤᠬᠠᠮᠰᠠᠷ》᠎ᠢ   ᠴᠢᠩᠭ᠋ᠠᠷᠠᠭᠤᠯᠤᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ   ᠪᠡᠶᠡᠯᠡᠭᠦᠯᠦᠨ᠂ 《ᠤᠮᠠᠷᠠᠲᠤ ᠬᠢᠯᠢ ᠵᠢᠨ ᠬᠣᠰᠢᠭᠤᠴᠢ》 ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠤᠯᠤᠰ ᠲᠥᠷᠥ ᠵᠢᠨ ᠪᠠᠶ᠋ᠢᠭᠤᠯᠭ᠎ᠠ ᠵᠢᠨ ᠪᠠᠢ᠌ᠭᠤᠯᠤᠯᠲᠠ ᠵᠢ ᠠᠬᠢᠭᠤᠯᠵᠤ᠂ ᠠᠭᠤᠰᠤᠯᠴᠠᠭᠤᠯᠤᠨ ᠨᠠᠮ᠎ᠤᠨ ᠪᠠᠶ᠋ᠢᠭᠤᠯᠤᠯᠲᠠ ᠵᠢ ᠠᠳᠬᠤᠬᠤ ᠵᠢ ᠠᠬᠢᠭᠤᠯᠵᠤ᠂ ᠪᠥᠬᠥ ᠣᠷᠣᠨ᠎ᠤ ᠰᠣᠶᠣᠯ᠎ᠤᠨ ᠪᠠᠶ᠋ᠢᠭᠤᠯᠤᠯᠲᠠ ᠪᠠ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠤᠯᠤᠰ ᠲᠥᠷᠥ ᠪᠠ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠬᠠᠩᠭ᠋ᠠᠨ᠎ᠠ ᠭᠡᠪᠡ᠃ ᠬᠤᠷᠠᠯ᠎ᠠᠴᠠ ᠪᠠᠰᠠ ᠪᠠᠶ᠋ᠢᠭᠤᠯᠭ᠎ᠠ ᠵᠢᠨ ᠳᠡᠭᠡᠷ᠎ᠡ ᠨᠢᠭᠡ ᠬᠤᠭᠤᠴᠠᠭ᠋ᠠᠨ᠎ᠤ ᠬᠤᠷᠢᠶ᠎ᠠ ᠵᠢᠨ ᠬᠢᠭᠰᠡᠨ ᠨᠠᠮ᠎ᠤᠨ ᠰᠦᠢ᠍ᠳᠭᠡᠯ᠎ᠢ ᠬᠤᠷᠢᠶᠠᠭᠰᠠᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠶ᠋ᠢᠳᠠᠯ᠎ᠤᠨ ᠮᠡᠳᠡᠭᠦᠯᠦᠯᠲᠡ ᠵᠢ ᠬᠢᠨᠠᠨ ᠵᠥᠪᠯᠡᠵᠦ ᠪᠠᠲᠤᠯᠠᠪᠠ᠃ ᠶᠡᠬᠡ ᠬᠤᠷᠠᠯ᠎ᠠᠴᠠ ᠲᠣᠭ᠋ᠠᠨ᠎ᠤ ᠵᠥᠷᠢᠶᠡᠲᠦ ᠰᠣᠩᠭᠣᠭᠤᠯᠢ ᠵᠢᠨ ᠠᠷᠭ᠎ᠠ᠎ᠪᠠᠷ ᠨᠢᠭᠤᠴᠠ ᠰᠣᠩᠭᠣᠭᠤᠯᠢ ᠵᠢᠨ ᠫᠢᠶᠣᠣ ᠦᠭᠴᠦ ᠪᠠᠶ᠋ᠢᠭᠤᠯᠭ᠎ᠠ ᠵᠢᠨ ᠠᠩᠬᠠᠳᠤᠭ᠋ᠠᠷ ᠬᠤᠭᠤᠴᠠᠭ᠋ᠠᠨ᠎ᠤ ᠬᠤᠷᠢᠶ᠎ᠠ ᠵᠢᠨ ᠭ᠋ᠡᠰᠢᠭᠦᠨ᠂ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠡᠰᠢᠭᠦᠨ ᠪᠠ ᠠᠩᠬᠠᠳᠤᠭ᠋ᠠᠷ ᠬᠤᠭᠤᠴᠠᠭ᠋ᠠᠨ᠎ᠤ ᠠᠵᠢᠯᠴᠢᠨ᠎ᠤ ᠡᠪᠯᠡᠯ᠎ᠤᠨ ᠺᠣᠮᠢᠰ᠎ᠤᠨ ᠭᠡᠰᠢᠭᠦᠨ᠎ᠢ ᠰᠤᠩᠭᠤᠵᠤ ᠭᠠᠷᠭ᠋ᠠᠪᠠ᠃



      ᠬᠤᠷᠠᠯ᠎ᠤᠨ ᠳᠠᠷᠠᠭ᠎ᠠ᠂ ᠰᠢᠨ᠎ᠡ᠎ᠪᠠᠷ ᠰᠣᠩᠭᠣᠭᠳᠠᠭᠰᠠᠨ ᠪᠠᠶ᠋ᠢᠭᠤᠯᠭ᠎ᠠ ᠵᠢᠨ 《ᠬᠣᠶᠠᠷ ᠵᠥᠪᠯᠡᠯ》᠎ᠤᠨ ᠭᠡᠰᠢᠭᠦᠨ ᠪᠠ ᠠᠵᠢᠯᠴᠢᠨ᠎ᠤ ᠡᠪᠯᠡᠯ᠎ᠤᠨ ᠵᠥᠪᠯᠡᠯ᠎ᠤᠨ ᠭᠡᠰᠢᠭᠦᠨ ᠲᠣᠰ ᠲᠣᠰ ᠠᠩᠬᠠᠳᠤᠭ᠋ᠠᠷ ᠤᠳᠠᠭ᠋ᠠᠨ᠎ᠤ ᠪᠥᠬᠥᠳᠡ ᠬᠤᠷᠠᠯ᠎ᠢ ᠬᠤᠷᠠᠯᠳᠤᠭᠤᠯᠵᠤ᠂ ᠠᠩᠬᠠᠳᠤᠭ᠋ᠠᠷ ᠬᠤᠭᠤᠴᠠᠭ᠋ᠠᠨ᠎ᠤ ᠪᠠᠶ᠋ᠢᠭᠤᠯᠭ᠎ᠠ ᠵᠢᠨ ᠨᠠᠮ᠎ᠤᠨ ᠬᠣᠷᠢᠶᠠᠨ᠎ᠤ ᠱᠦᠵᠢ᠂ ᠲᠤᠰᠬᠠᠶ ᠲᠤᠰᠢᠶᠠᠯᠲᠤ ᠳᠡᠳ᠋ ᠱᠦᠵᠢ᠂ ᠠᠩᠬᠠᠳᠤᠭ᠋ᠠᠷ ᠬᠤᠭᠤᠴᠠᠭ᠋ᠠᠨ᠎ᠤ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ   ᠬᠤᠷᠢᠶ᠎ᠠ ᠵᠢᠨ ᠱᠦᠵᠢ᠂ ᠳᠡᠳ᠋ ᠱᠦᠵᠢ ᠵᠢᠴᠢ ᠠᠩᠬᠠᠳᠤᠭ᠋ᠠᠷ ᠬᠤᠭᠤᠴᠠᠭ᠋ᠠᠨ᠎ᠤ ᠪᠠᠶ᠋ᠢᠭᠤᠯᠭ᠎ᠠ ᠵᠢᠨ ᠠᠵᠢᠯᠴᠢᠨ᠎ᠤ ᠡᠪᠯᠡᠯ᠎ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠪᠠ ᠠᠵᠤ ᠠᠬᠤᠶ ᠵᠢᠨ ᠬᠢᠨᠠᠨ ᠪᠠᠶ᠋ᠢᠴᠠᠭ᠋ᠠᠬᠤ ᠵᠥᠪᠯᠡᠯ᠂ ᠡᠮᠡᠭᠲᠡᠶ ᠠᠵᠢᠯᠴᠢᠨ᠎ᠤ ᠵᠥᠪᠯᠡᠯ᠎ᠢ ᠰᠣᠩᠭᠣᠨ ᠭᠠᠷᠭ᠋ᠠᠭᠰᠠᠨ ᠪᠥᠭᠡᠳ ᠭᠡᠰᠢᠭᠦᠳ᠎ᠤᠨ ᠠᠵᠢᠯ᠎ᠤᠨ ᠬᠤᠪᠢᠶᠠᠷᠢᠯᠠᠯ   ᠬᠢᠪᠡ  ᠃



      ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠠᠩᠬᠠᠳᠤᠭ᠋ᠠᠷ ᠤᠳᠠᠭ᠋ᠠᠨ᠎ᠤ ᠨᠠᠮ᠎ᠤᠨ ᠭᠡᠰᠢᠭᠦᠨ᠎ᠤ ᠲᠥᠯᠥᠭᠡᠯᠡᠭᠴᠢᠳ᠎ᠤᠨ ᠶᠡᠬᠡ ᠬᠤᠷᠠᠯ᠎ᠢ ᠠᠮᠵᠢᠯᠲᠠ᠎ᠲᠠᠢ᠎ᠪᠠᠷ ᠬᠤᠷᠠᠯᠳᠤᠭᠤᠯᠤᠭᠰᠠᠨ ᠶᠠᠪᠤᠳᠠᠯ ᠪᠣᠯ ᠣᠷᠣᠨ᠎ᠤ ᠰᠢᠭᠤᠳ ᠬᠠᠷᠢᠶ᠎ᠠ ᠰᠣᠶᠣᠯ   ᠪᠠ ᠵᠢᠭᠤᠯᠴᠢᠯᠠᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ᠎ᠤ ᠤᠯᠤᠰ ᠲᠥᠷᠥ ᠵᠢᠨ ᠠᠮᠢᠳᠤᠷᠠᠯ᠎ᠳᠤ᠎ᠬᠢ ᠨᠢᠭᠡᠨ ᠲᠣᠮᠣ ᠶᠠᠪᠤᠳᠠᠯ ᠪᠣᠯᠤᠨ᠎ᠠ᠃   ᠰᠢᠨ᠎ᠡ᠎ᠪᠠᠷ ᠵᠤᠬᠢᠶᠠᠨ ᠪᠠᠢ᠌ᠭᠤᠯᠤᠭᠳᠠᠭᠰᠠᠨ ᠠᠩᠬᠠᠲᠤᠭ᠋ᠠᠷ ᠬᠤᠭᠤᠴᠠᠭ᠋ᠠᠨ ᠎ᠤ ᠪᠠᠢ᠌ᠭᠤᠯᠭ᠎ᠠ ᠵᠢᠨ ᠨᠠᠮ ᠎ᠤᠨ ᠬᠤᠷᠢᠶ᠎ᠠ᠂ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠤᠷᠢᠶ᠎ᠠ ᠳᠡᠭᠡᠳᠤ ᠱᠠᠲᠤᠨ᠎ᠤ ᠨᠠᠮ᠎ᠤᠨ ᠵᠤᠬᠢᠶᠠᠨ ᠪᠠᠢ᠌ᠭᠤᠯᠤᠯᠲᠠ ᠬᠢᠭᠡᠳ ᠲᠢᠩᠬᠢᠮ ᠎ᠤᠨ ᠨᠠᠮ ᠎ᠤᠨ ᠳᠤᠭᠤᠢ᠌ᠯᠠᠩ ᠎ᠤᠨ ᠤᠳᠤᠷᠢᠳᠤᠯᠭ᠎ᠠ ᠳᠤᠤᠷ᠎ᠠ ᠰᠢᠨ᠎ᠡ ᠡᠬᠢᠯᠡᠯᠲᠡ ᠵᠢᠨ ᠴᠡᠭ ᠳᠡᠭᠡᠷ᠎ᠡ᠎ᠪᠠᠨ ᠨᠠᠮ᠎ᠤᠨ ᠤᠯᠤᠰ ᠲᠥᠷᠥ ᠵᠢᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠣᠷᠣᠨ᠎ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠴᠦ᠂ ᠪᠥᠬᠥ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠣᠶᠣᠯ   ᠪᠠ ᠵᠢᠭᠤᠯᠴᠢᠯᠠᠯ ᠠᠭᠤᠰᠤᠯᠳᠤᠨ ᠬᠥᠭᠵᠢᠬᠦ ᠶᠡᠬᠡ ᠲᠠᠯ᠎ᠠ᠎ᠳᠤ ᠦᠢ᠍ᠯᠡᠴᠢᠯᠡᠬᠦ᠎ᠳᠤ ᠵᠠᠮ ᠨᠡᠭᠡᠭᠡᠨ ᠰᠢᠨ᠎ᠡ ᠵᠢ ᠡᠭᠦᠳᠴᠦ᠂ ᠯᠠᠪᠳᠠᠭᠤᠨ ᠪᠠᠲᠤᠲᠠᠶ ᠠᠵᠢᠯᠯᠠᠵᠤ᠂ ᠰᠢᠨ᠎ᠡ ᠴᠠᠭ ᠦᠶ᠎ᠡ ᠵᠢᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠨᠢ ᠯᠠᠪᠲᠠᠶ ᠶᠤᠮ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠪᠤᠭᠤᠷᠤᠯ ᠲᠡᠦᠬᠡ ᠵᠢᠨ ᠬᠦᠯᠦᠭ᠎ᠤᠨ ᠮᠠᠭᠳᠠᠭ᠋ᠠᠯ》᠎ᠨᠢ 2019 ᠣᠨ᠎ᠤ ᠪᠥᠬᠥ ᠣᠷᠣᠨ᠎ᠤ ᠦᠵᠡᠯ ᠰᠠᠨᠠᠭ᠎ᠠ ᠰᠤᠷᠳᠠᠯ ᠤᠬᠠᠭᠤᠯᠭ᠎ᠠ ᠵᠢᠨ ᠰᠣᠶᠣᠯ᠎ᠤᠨ ᠠᠵᠢᠯ᠎ᠤᠨ ᠰᠢᠨ᠎ᠡ ᠵᠢ ᠡᠭᠦᠳᠦᠭᠰᠡᠨ ᠰᠢᠯᠢᠳᠡᠭ ᠬᠡᠷᠡᠭ᠎ᠤᠨ ᠵᠢᠱ᠌ᠢᠶ᠎ᠡ ᠵᠢᠨ ᠱᠠᠩᠨᠠᠯ ᠭᠥᠷᠳᠡᠪᠡ
ᠠᠯᠠᠱ᠌ᠠ ᠵᠢᠨ ᠤᠯᠠᠭ᠋ᠠᠨᠮᠥ᠋ᠴᠢᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠲᠤᠬᠠᠶ᠋ᠢᠯᠠᠭᠰᠠᠨ ᠠᠵᠢᠯ᠎ᠢ ᠬᠣᠶᠠᠷ ᠲᠠᠯ᠎ᠠ᠎ᠪᠠᠷ ᠠᠳᠬᠤᠵᠤ ᠬᠠᠪᠤᠷ᠎ᠤᠨ ᠤᠯᠠᠷᠢᠯ᠎ᠤᠨ ᠪᠤᠯᠪᠠᠰᠤᠷᠠᠭᠤᠯᠤᠯ᠎ᠤᠨ ᠠᠵᠢᠯ᠎ᠢ ᠢᠳᠡᠪᠬᠢᠲᠡᠶ ᠥᠷᠨᠢᠭᠦᠯᠪᠡ
ᠬᠥᠬᠡᠬᠣᠲᠠ ᠵᠢᠨ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ᠎ᠬᠢᠨ 《ᠬᠢᠵᠢᠭ》᠎ᠢ ᠡᠰᠡᠷᠭᠦᠴᠡᠬᠦ 《ᠡᠭᠦᠳᠡ᠎ᠨᠢ ᠬᠠᠭ᠋ᠠᠭ᠋ᠠᠯᠳᠠᠲᠠᠢ ᠴᠦ᠍ ᠦᠵᠡᠰᠭᠦᠯᠡᠩ᠎ᠨᠢ ᠨᠡᠭᠡᠭᠡᠯᠳᠡᠲᠡᠢ》ᠥᠪᠥᠷ ᠮᠣᠩᠭᠣᠯ᠎ᠤᠨ ᠬᠠᠪᠤᠷ᠎ᠤᠨ ᠵᠢᠭᠤᠯᠴᠢᠯᠠᠯ᠎ᠤᠨ ᠰᠢᠨ᠎ᠡ ᠵᠠᠭᠪᠤᠷ᠎ᠢ ᠡᠬᠢᠯᠡᠭᠦᠯᠪᠡ
《ᠯᠧᠢ ᠹᠧᠩ᠎ᠤᠨ ᠵᠣᠷᠢᠭ ᠰᠠᠨᠠᠭ᠎ᠠ ᠵᠢ ᠦᠯᠡᠳᠦᠯᠭᠡᠵᠢᠬᠦᠯᠵᠦ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠦᠴᠦ᠎ᠪᠠᠨ ᠡᠷᠭᠦᠬᠦ》 ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ 《ᠵᠢᠷᠭᠤᠭ᠋ᠠᠨ ᠨᠢᠭᠡ》 ᠰᠢᠷᠢᠰ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠄ ᠭᠠᠵᠠᠷ ᠣᠷᠣᠨ᠎ᠤ᠎ᠪᠠᠨ ᠪᠠᠶ᠋ᠢᠳᠠᠯ᠎ᠳᠤ ᠳᠣᠭᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ
 
            