
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 71 ᠵᠢᠯ᠎ᠤᠨ ᠣᠶ ᠵᠢ ᠦᠪᠡᠳᠡᠭᠰᠢ ᠶᠡᠬᠡ᠎ᠪᠠᠷ ᠪᠡᠯᠭᠡᠯᠡᠬᠦ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠤᠯᠤᠰ᠎ᠤᠨ ᠪᠠᠶᠠᠷ᠎ᠢ ᠪᠠᠶᠠᠷᠯᠠᠨ ᠤᠭᠲᠤᠵᠤ᠂ ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃
9 ᠳ᠋ᠦ᠍ᠭᠡᠷ ᠰᠠᠷ᠎ᠠ ᠵᠢᠨ 30᠎ᠤ ᠡᠲᠦᠷ᠎ᠤᠨ ᠦᠳᠡ ᠵᠢᠨ ᠡᠮᠦᠨᠡᠬᠢ 9 ᠴᠠᠭ᠎ᠲᠤ᠂ ᠲᠢᠩᠬᠢᠮ᠎ᠤᠨ ᠪᠠᠶ᠋ᠢᠭᠤᠯᠭ᠎ᠠ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠰᠣᠶᠣᠯ᠎ᠤᠨ ᠲᠣᠮᠣ ᠠᠰᠠᠷ᠎ᠲᠤ ᠰᠠᠭᠤᠭ᠎ᠠ ᠡᠯ᠎ᠡ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠠᠮ᠎ᠤᠨ ᠭᠡᠰᠢᠭᠦᠨ ᠺᠠᠳ᠋ᠷᠴᠤᠳ ᠲᠡᠷᠢ ᠲᠡᠭᠰᠢ ᠬᠤᠪᠴᠠᠰᠣᠯᠠᠨ᠂ ᠨᠠᠮ᠎ᠤᠨ ᠰᠦᠯᠲᠡ᠎ᠪᠠᠨ ᠵᠡᠭᠦᠨ᠂ ᠤᠯᠤᠰ᠎ᠤᠨ ᠲᠤᠭ ᠵᠦᠭ ᠪᠠᠷᠠᠯᠬᠠᠵᠤ᠂ ᠤᠯᠤᠰ᠎ᠤᠨ ᠰᠦᠯᠳᠡ ᠳᠠᠭᠤᠤ ᠵᠢ ᠬᠦᠭᠵᠢᠮᠳᠡᠬᠦ ᠵᠢ ᠲᠠᠭ᠋ᠠᠯᠲᠤᠨ᠂ ᠤᠯᠤᠰ᠎ᠤᠨ ᠲᠤᠬ ᠮᠠᠨᠳᠤᠭᠤᠯᠬᠤ ᠶᠣᠰᠣᠯᠠᠯ ᠡᠬᠢᠯᠡᠵᠦ᠂ ᠪᠦᠬᠦ ᠬᠥᠮᠦᠰ ᠤᠯᠤᠰ᠎ᠤᠨ ᠲᠤᠬ ᠤᠨ ᠡᠮᠦᠨ᠎ᠡ ᠲᠦᠪ ᠵᠤᠭᠰᠤᠨ ᠪᠠᠷᠠᠯᠬᠠᠬᠤ ᠶᠤᠰᠤᠯᠠᠯ ᠶᠠᠪᠤᠭᠳᠠᠭᠤᠯᠪᠠ ᠃

ᠣᠮᠣᠭ ᠲᠡᠭᠦᠯᠳᠡᠷ᠂ ᠬᠠᠩᠭᠢᠨᠠᠮ᠎ᠠ ᠰᠠᠶ᠋ᠢᠬᠠᠨ 《ᠵᠢᠷᠤᠮ᠎ᠤᠨ ᠴᠡᠷᠢᠭ᠎ᠤᠨ ᠮᠠᠷᠱ ᠳᠠᠭᠤᠤ》 ᠵᠢ ᠲᠠᠭ᠋ᠠᠯᠲᠤᠨ᠂ ᠥᠩᠭᠡ ᠢᠯᠭ᠋ᠠᠷᠠᠭᠰᠠᠨ ᠲᠠᠪᠤᠨ ᠣᠳᠣᠲᠤ ᠤᠯᠠᠭ᠋ᠠᠨ ᠲᠤᠭ ᠠᠯᠭᠤᠷᠬᠠᠨ ᠮᠠᠨᠳᠤᠨ᠂ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠬᠥᠮᠦᠨ ᠪᠣᠯᠭ᠋ᠠᠨ᠎ᠤ ᠰᠡᠳᠬᠢᠯ᠎ᠳᠤ ᠣᠷᠭᠢᠯᠵᠤ ᠪᠠᠢ᠌ᠪᠠ᠃
ᠳᠠᠷᠠᠭ᠎ᠠ᠎ᠨᠢ᠂ ᠪᠦᠬᠦ ᠨᠠᠮ᠎ᠤᠨ ᠭᠡᠰᠢᠭᠦᠨ ᠺᠠᠳ᠋ᠷ ᠮᠠᠤ ᠲᠡᠷᠢᠭᠦᠯᠡᠭᠴᠢ ᠵᠢᠨ ᠱᠤᠭᠤᠮᠠᠯ᠎ᠳᠤ ᠴᠡᠴᠡᠭᠲᠦ ᠰᠠᠭᠰᠤ ᠬᠦᠷᠭᠡᠨ ᠶᠣᠰᠣᠯᠠᠪᠠ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠯᠢ ᠰᠢᠶᠣᠤ ᠴᠢᠦ ᠨᠥᠬᠥᠷ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠸᠸᠨ ᠵᠢᠶᠦ᠋ᠨ ᠨᠥᠬᠥᠷ᠂ ᠴᠡᠴᠡᠭᠲᠦ ᠰᠠᠭᠰᠤ ᠵᠢᠨ ᠲᠣᠷᠭ᠋ᠠᠨ ᠪᠦᠴᠡ ᠵᠢ ᠲᠡᠭᠰᠢᠯᠡᠪᠡ᠃



ᠶᠤᠰᠤᠯᠠᠯ᠎ᠳᠤ ᠪᠠᠶ᠋ᠢᠭᠤᠯᠭ᠎ᠠ ᠵᠢᠨ ᠨᠠᠮ᠎ᠤᠨ ᠬᠣᠷᠢᠶᠠᠨ᠎ᠤ ᠵᠠᠩ ᠬᠤ᠌ ᠨᠥᠬᠥᠷ ᠤᠲᠤᠷᠢᠲᠤᠨ ᠲᠠᠩᠭ᠋ᠠᠷᠢᠭᠯᠠᠵᠤ᠂ ᠪᠦᠬᠦ ᠨᠠᠮ᠎ᠤᠨ ᠭᠡᠰᠢᠭᠦᠨ ᠨᠠᠮ᠎ᠳᠤ ᠣᠷᠣᠬᠤ ᠲᠠᠩᠭ᠋ᠠᠷᠢᠭ᠎ᠤᠨ ᠦᠭᠡ ᠵᠢ ᠲᠠᠬᠢᠨᠲᠠ ᠡᠷᠭᠢᠴᠡᠭᠦᠯᠪᠡ᠃

ᠲᠣᠰ ᠤᠳᠠᠭ᠋ᠠᠨ᠎ᠤ ᠠᠵᠢᠯᠯᠠᠭ᠎ᠠ᠎ᠨᠢ ᠭᠣᠤᠯ ᠰᠡᠳᠦᠪ᠎ᠲᠠᠢ ᠨᠢᠭᠲᠠ ᠤᠶᠠᠯᠲᠤᠨ᠂ ᠠᠮᠵᠢᠯᠲᠠ ᠪᠦᠲᠦᠮᠵᠢᠲᠠᠢ᠎ᠪᠠᠷ ᠭᠣᠤᠯ ᠰᠡᠳᠦᠪᠲᠦ ᠨᠠᠮ᠎ᠤᠨ ᠡᠳᠦᠷ᠎ᠤᠨ ᠰᠤᠷᠤᠯᠴᠠᠯᠭ᠎ᠠ ᠬᠥᠮᠦᠵᠢᠯ᠂ ᠰᠡᠳᠬᠢᠯ ᠵᠶ᠋ᠠᠨ ᠨᠢᠭᠡᠲᠦᠨ᠂ ᠬᠦᠴᠦ᠎ᠪᠠᠨ ᠬᠠᠮᠲᠤᠳᠬᠠᠬᠤ ᠦᠢ᠍ᠯᠡᠲᠦᠯ᠎ᠢ ᠭᠦᠢ᠍ᠴᠡᠳ ᠪᠠᠲᠠᠷᠠᠭᠤᠯᠤᠭᠰᠠᠨ ᠪᠠᠢ᠌ᠵᠤ᠂ ᠲᠣᠰ ᠤᠳᠠᠭ᠋ᠠᠨ᠎ᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠤᠨ ᠬᠠᠷᠢᠭᠤᠴᠠᠯᠭ᠋ᠠᠲᠤ ᠤᠬᠠᠮᠰᠠᠷ᠂ ᠡᠭᠦᠷᠭᠡᠲᠦ ᠮᠡᠲᠡᠷᠡᠮᠵᠢ ᠵᠢ ᠤᠯᠠᠮ ᠨᠢᠭᠡ ᠠᠯᠬᠤᠮ ᠨᠡᠮᠡᠭᠳᠡᠭᠦᠯᠪᠡ᠃
ᠲᠢᠩᠬᠢᠮ᠎ᠤᠨ ᠤᠳᠤᠷᠢᠳᠤᠯᠭ᠎ᠠ᠂ ᠪᠠᠶ᠋ᠢᠭᠤᠯᠭ᠎ᠠ ᠵᠢᠨ ᠡᠯ᠎ᠡ ᠭᠠᠵᠠᠷ ᠬᠡᠷ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠴᠢ ᠰᠣᠶᠣᠯ᠎ᠤᠨ ᠲᠣᠮᠣ ᠠᠰᠠᠷ᠎ᠲᠤ ᠰᠠᠭᠤᠭ᠎ᠠ ᠰᠢᠭᠤᠳ ᠬᠠᠷᠢᠶ᠎ᠠ ᠪᠠᠢ᠌ᠭᠤᠯᠭ᠎ᠠ ᠵᠢᠨ 100 ᠭᠠᠷᠤᠶ ᠨᠠᠮ᠎ᠤᠨ ᠭᠡᠰᠢᠭᠦᠨ ᠺᠠᠳ᠋ᠷᠴᠣᠳ ᠲᠣᠰ ᠤᠳᠠᠭ᠋ᠠᠨ᠎ᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠳᠤ ᠣᠷᠣᠯᠴᠠᠪᠠ᠃