
10 ᠳ᠋ᠤᠭ᠋ᠠᠷ ᠰᠠᠷ᠎ᠠ ᠵᠢᠨ 10᠎ᠤ ᠦᠳᠡ ᠵᠢᠨ ᠬᠣᠶ᠋ᠢᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠭᠠᠵᠠᠷ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠶ᠋ᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠣᠷᠢᠨ ᠭᠤᠷᠪᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠠᠮᠲᠤ᠎ᠪᠠᠷ ᠰᠤᠷᠤᠯᠴᠠᠨ ᠶᠠᠷᠢᠯᠴᠠᠭᠤᠯᠪᠠ᠃ ᠬᠤᠷᠠᠯ᠎ᠢ ᠼᠤᠤ ᠵᠢᠶᠠᠨ ᠧᠨ ᠳᠠᠷᠤᠭ᠎ᠠ ᠡᠷᠬᠢᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠬᠣᠷᠢᠨ ᠭᠤᠷᠪᠠᠳᠤᠭ᠋ᠠᠷ ᠤᠳᠠᠭ᠋ᠠᠨ ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠣᠣᠯᠳᠠᠯᠭ᠎ᠠ᠎ᠲᠠᠢ ᠳᠠᠮᠵᠢᠭᠤᠯᠪᠠ᠃ ᠳᠠᠷᠠᠭ᠎ᠠ᠎ᠨᠢ᠂ ᠣᠯᠠᠨ ᠵᠶ᠋ᠠᠷ ᠵᠶ᠋ᠠᠨ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠶᠠᠷᠢᠶ᠎ᠠ ᠵᠢᠴᠢ ᠵᠤᠷᠢᠭ ᠰᠠᠨᠠᠭ᠎ᠠ ᠵᠢ ᠰᠤᠷᠤᠯᠴᠠᠭᠰᠠᠨ ᠣᠶ᠋ᠢᠯᠠᠭ᠋ᠠᠯᠲᠠ᠎ᠪᠠᠨ ᠴᠢᠯᠦᠭᠡᠲᠠᠢ ᠶᠠᠷᠢᠯᠴᠠᠵᠠᠭ᠋ᠠᠪᠠ᠃
ᠼᠤᠤ ᠵᠢᠶᠠᠨ ᠧᠨ ᠳᠠᠷᠤᠭ᠎ᠠ᠂ ᠶᠡᠷᠦᠩᠬᠡᠶ ᠱᠦᠵᠢ ᠰᠢ ᠵᠢᠨ ᠫᠢᠩ ᠶᠠᠷᠢᠶᠠᠨ ᠳᠤ᠎ᠪᠠᠨ ᠮᠠᠨ᠎ᠤ ᠤᠯᠤᠰ᠎ᠤᠨ ᠬᠠᠭᠤᠴᠢ ᠰᠤᠳᠤᠯᠤᠯ᠎ᠤᠨ ᠠᠵᠢᠯ᠎ᠤᠨ ᠣᠯᠣᠭᠰᠠᠨ ᠴᠢᠬᠤᠯᠠ ᠶᠡᠬᠡ ᠠᠮᠵᠢᠯᠲᠠ ᠪᠦᠲᠦᠮᠵᠢ ᠵᠢ ᠳ᠋ᠦᠩᠨᠡᠵᠦ᠂ ᠲᠡᠤᠬᠡ ᠵᠢᠨ ᠲᠡᠩᠭᠡᠯᠢᠭ᠎ᠢ ᠤᠷᠲᠤᠳᠬᠠᠨ᠂ ᠲᠡᠤᠬᠡ ᠵᠢᠨ ᠢᠲᠡᠭᠡᠮᠵᠢ ᠵᠢ ᠨᠡᠮᠡᠭᠳᠡᠭᠦᠯᠵᠦ᠂ ᠲᠡᠤᠬᠡ ᠵᠢᠨ ᠠᠭᠤᠯᠤᠭᠳᠠᠬᠤᠨ᠎ᠢ ᠪᠠᠶᠠᠯᠢᠭᠵᠢᠭᠤᠯᠵᠤ᠂ ᠲᠡᠤᠬᠡ ᠵᠢᠨ ᠳᠦᠷᠢ ᠪᠠᠢ᠌ᠳᠠᠯ᠎ᠢ ᠬᠥᠭᠵᠢᠭᠡᠨ᠂ ᠬᠠᠭᠤᠴᠢ ᠰᠤᠳᠤᠯᠤᠯ᠎ᠤᠨ ᠳᠤᠮᠳᠠᠳᠤ ᠵᠢᠨ ᠪᠣᠯᠪᠠᠰᠤᠨ᠎ᠤ ᠡᠭᠦᠰᠦᠯ ᠪᠠ ᠬᠥᠭᠵᠢᠯᠲᠡ ᠵᠢᠨ ᠲᠡᠦᠬᠡ ᠵᠢᠨ ᠰᠤᠳᠠᠰᠤ ᠵᠢ ᠳᠡᠯᠭᠡᠨ ᠦᠵᠡᠭᠦᠯᠬᠦ᠂ ᠳᠤᠮᠳᠠᠳᠤ ᠵᠢᠨ ᠪᠣᠯᠪᠠᠰᠤᠨ᠎ᠤ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠵᠢ ᠳᠡᠯᠭᠡᠨ ᠦᠵᠡᠭᠦᠯᠬᠦ᠂ ᠳᠤᠮᠳᠠᠳᠤ ᠵᠢᠨ ᠪᠣᠯᠪᠠᠰᠤᠨ᠎ᠤ ᠳᠡᠯᠡᠬᠡᠢ ᠵᠢᠨ ᠪᠣᠯᠪᠠᠰᠤᠨ᠎ᠳᠤ ᠦᠵᠡᠭᠦᠯᠦᠭᠰᠡᠨ ᠬᠤᠪᠢ ᠨᠡᠮᠡᠷᠢ ᠵᠢ ᠳᠡᠯᠭᠡᠨ ᠦᠵᠡᠭᠦᠯᠬᠦ᠎ᠳᠤ ᠴᠢᠬᠤᠯᠠ ᠶᠡᠬᠡ ᠦᠢ᠍ᠯᠡᠳᠦᠯ ᠦᠵᠡᠬᠦᠯᠦᠭᠰᠡᠨ᠎ᠢ ᠴᠢᠬᠤᠯᠠᠴᠢᠯᠠᠪᠠ; ᠶᠡᠷᠦᠩᠬᠡᠶ ᠱᠦᠵᠢ ᠰᠢ ᠵᠢᠨ ᠫᠢᠩ ᠤᠨ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠠᠵᠢᠯ᠎ᠤᠨ ᠤᠯᠤᠭᠰᠠᠨ ᠴᠢᠬᠤᠯᠠ ᠶᠡᠬᠡ ᠠᠮᠵᠢᠯᠲᠠ ᠪᠦᠲᠦᠮᠵᠢ ᠳᠤ᠎ᠬᠢ ᠳᠡᠭᠡᠳᠦ ᠬᠡᠮᠵᠢᠶᠡᠨ ᠤ ᠬᠤᠷᠢᠶᠠᠩᠭᠤᠢ᠌ᠯᠠᠯᠲᠠ ᠵᠢᠴᠢ ᠬᠠᠭᠤᠴᠢ ᠰᠤᠳᠤᠯᠤᠯ᠎ᠤᠨ ᠠᠵᠢᠯ᠎ᠤᠨ ᠴᠢᠬᠤᠯᠠ ᠴᠢᠨᠠᠷ ᠳᠤ᠎ᠬᠢ ᠪᠠᠶ᠋ᠢᠷᠢ ᠲᠣᠭᠲᠠᠭ᠋ᠠᠯᠲᠠ᠎ᠨᠢ ᠬᠥᠮᠦᠰ᠎ᠤᠨ ᠰᠡᠳᠬᠢᠯ᠎ᠢ ᠬᠥᠭᠵᠢᠭᠡᠵᠦ᠂ ᠲᠡᠮᠡᠴᠡᠯ᠎ᠤᠨ ᠵᠣᠷᠢᠭ᠎ᠢ ᠬᠥᠪᠴᠢᠯᠡᠪᠡ; ᠪᠢᠳᠡ ᠶᠡᠷᠦᠩᠬᠡᠶ ᠱᠦᠵᠢ ᠰᠢ ᠵᠢᠨ ᠫᠢᠩ᠎ᠤᠨ ᠬᠠᠯᠠᠮᠵᠢᠯᠠᠯ᠂ ᠬᠠᠶ᠋ᠢᠷ᠎ᠠ ᠬᠠᠯᠠᠮᠵᠢ ᠪᠠ ᠴᠢᠩ ᠰᠡᠳᠬᠢᠯ᠎ᠤᠨ ᠨᠠᠢ᠌ᠳᠠᠯᠭ᠎ᠠ ᠵᠢ ᠡᠭᠦᠷᠭᠡᠯᠡᠵᠦ᠂ 《ᠴᠤᠭ ᠵᠢᠪᠬᠤᠭ᠋ᠠᠲᠤ ᠵᠣᠷᠢᠭ ᠰᠠᠨᠠᠭ᠎ᠠ》 ᠪᠠ 《ᠤᠳᠠᠭ᠋ᠠᠨ ᠲᠠᠭ᠋ᠠᠭ᠋ᠠᠮᠠᠭ᠋ᠠᠢ ᠵᠣᠷᠢᠭ ᠰᠠᠨᠠᠭ᠎ᠠ》 ᠵᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠳᠤᠷᠠᠳᠤᠭᠰᠠᠨ 《ᠳᠥᠷᠪᠡᠨ ᠱᠠᠭ᠋ᠠᠷᠳᠠᠯᠭ᠎ᠠ》 ᠶᠣᠰᠣᠭ᠋ᠠᠷ᠂ ᠬᠠᠭᠤᠴᠢ ᠰᠤᠳᠤᠯᠤᠯ᠎ᠤᠨ ᠶᠡᠷᠦᠩᠬᠡᠶ᠋ᠢᠯᠡᠭᠰᠡᠨ ᠰᠤᠳᠤᠯᠤᠯ ᠵᠶ᠋ᠠᠷ ᠭᠣᠤᠯ ᠴᠣᠭᠴᠠ ᠪᠣᠯᠭ᠋ᠠᠭᠰᠠᠨ᠂ ᠬᠡᠭᠡᠷ᠎ᠡ ᠭᠠᠳᠠᠨᠠᠬᠢ ᠬᠠᠭᠤᠴᠢ ᠰᠤᠳᠤᠯᠤᠯ᠎ᠤᠨ ᠨᠡᠭᠡᠭᠡᠨ ᠠᠭᠤᠳᠠᠯᠳᠠᠪᠠᠷ ᠭᠣᠤᠯ ᠪᠣᠯᠭ᠋ᠠᠭᠰᠠᠨ᠂ ᠰᠢᠯᠵᠢᠭᠦᠯᠵᠦ ᠪᠣᠯᠬᠤ ᠲᠡᠤᠬᠡ ᠵᠢᠨ ᠳᠤᠷᠠᠰᠬᠠᠯᠲᠤ ᠵᠦᠢ᠍ᠯᠡᠰ ᠵᠢᠴᠢ ᠬᠠᠭᠤᠴᠢ ᠰᠤᠳᠤᠯᠤᠯ᠎ᠤᠨ ᠴᠢᠬᠤᠯᠠ ᠦᠯᠡᠳᠡᠭᠳᠡᠯ᠎ᠤᠨ ᠬᠠᠮᠠᠭ᠋ᠠᠯᠠᠯᠲᠠ᠎ᠪᠠᠷ ᠲᠤᠯᠭ᠋ᠠᠭᠤᠷᠢ ᠪᠤᠯᠭ᠋ᠠᠭᠰᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠭᠤᠴᠢ ᠰᠤᠳᠤᠯᠤᠯ ᠬᠢᠭᠡᠳ ᠲᠣᠭ᠋ᠠᠴᠢᠯᠠᠭᠰᠠᠨ ᠦᠢ᠍ᠯᠡᠴᠢᠯᠡᠭᠡ᠎ᠪᠠᠷ ᠰᠠᠭᠤᠷᠢ ᠪᠣᠯᠭ᠋ᠠᠭᠰᠠᠨ᠂ ᠣᠯᠠᠨ ᠨᠡᠶ᠋ᠢᠲᠡ ᠵᠢᠨ ᠬᠠᠭᠤᠴᠢ ᠰᠤᠳᠤᠯᠤᠯ ᠬᠢᠭᠡᠳ ᠡᠷᠳᠡᠮᠲᠡᠳ᠎ᠤᠨ ᠶᠠᠷᠢᠶᠠᠨ᠎ᠤ ᠲᠠᠩᠬᠢᠮ ᠵᠶ᠋ᠠᠷ ᠴᠣᠩᠬᠣ ᠪᠣᠯᠭ᠋ᠠᠭᠰᠠᠨ᠂ ᠴᠢᠳᠠᠪᠤᠷᠢᠲᠠᠨ ᠬᠥᠮᠦᠵᠢᠭᠦᠯᠬᠦ ᠪᠠ ᠱᠠᠲᠤᠯᠵᠢᠨ ᠡᠩᠨᠡᠭᠡ ᠵᠢᠨ ᠪᠠᠶ᠋ᠢᠭᠤᠯᠤᠯᠲᠠ᠎ᠪᠠᠷ ᠲᠠᠪᠴᠠᠩ ᠪᠣᠯᠭ᠋ᠠᠭᠰᠠᠨ 《ᠥᠪᠥᠷ ᠮᠣᠩᠭᠣᠯ᠎ᠤᠨ ᠵᠠᠭᠪᠤᠷ》᠎ᠢ ᠴᠢᠷᠮᠠᠶ᠋ᠢᠨ ᠪᠣᠶ ᠪᠣᠯᠭ᠋ᠠᠨ᠎ᠠ; ᠲᠥᠪ ᠶᠣᠰᠣ ᠵᠢ ᠰᠠᠬᠢᠵᠤ ᠰᠢᠨ᠎ᠡ ᠵᠢ ᠡᠭᠦᠳᠴᠦ᠂ 《ᠳᠤᠮᠳᠠᠳᠤ ᠤᠯᠤᠰ᠎ᠤᠨ ᠣᠨᠴᠠᠯᠢᠭ᠂ ᠳᠤᠮᠳᠠᠳᠤ ᠤᠯᠤᠰ᠎ᠤᠨ ᠬᠡᠪ ᠨᠠᠮᠪᠠ᠂ ᠳᠤᠮᠳᠠᠳᠤ ᠤᠯᠤᠰ᠎ᠤᠨ ᠴᠣᠭ ᠰᠦᠯᠳᠡ᠎ᠲᠠᠢ ᠬᠠᠭᠤᠴᠢ ᠰᠤᠳᠤᠯᠤᠯ᠎ᠤᠨ ᠤᠬᠠᠭ᠋ᠠᠨ》᠎ᠢ ᠪᠠᠶ᠋ᠢᠭᠤᠯᠬᠤ᠎ᠳᠤ ᠥᠪᠥᠷ ᠮᠤᠩᠭᠤᠯ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠷᠬᠡᠢ᠌ᠯᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠭᠠᠵᠠᠷ᠎ᠤᠨ ᠡᠯ᠎ᠡ ᠬᠠᠭᠤᠴᠢ ᠰᠤᠳᠤᠯᠤᠯ᠎ᠤᠨ ᠨᠡᠭᠡᠭᠡᠨ ᠠᠭᠤᠳᠠᠯᠳᠠ ᠵᠢᠨ ᠠᠵᠢᠯ ᠤᠨ ᠭᠠᠵᠠᠷ ᠴᠤ᠌ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠬᠤ ᠬᠠᠯᠠᠭᠤᠨ ᠥᠷᠨᠢᠯᠲᠡ ᠭᠠᠷᠴᠠᠢ᠃

ᠠᠯᠠᠱ᠌ᠠ ᠠᠶ᠋ᠢᠮᠠᠭ᠎ᠤᠨ ᠣᠪᠣᠭ᠋ᠠᠲᠤ ᠣᠩᠭᠣᠨ᠎ᠤ ᠭᠠᠵᠠᠷ᠎ᠤᠨ ᠬᠠᠭᠤᠴᠢ ᠰᠤᠳᠤᠯᠤᠯ᠎ᠤᠨ ᠠᠵᠢᠯᠯᠠᠬᠤ ᠠᠩᠭᠢᠤᠨᠬᠢᠨ ᠶᠡᠷᠦᠩᠬᠡᠶ ᠱᠦᠵᠢ ᠰᠢ ᠵᠢᠨ ᠫᠢᠩ᠎ᠤᠨ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠵᠤ ᠪᠠᠢ᠌ᠭ᠎ᠠ᠎ᠨᠢ

ᠠᠤᠬᠠᠨ ᠬᠣᠰᠢᠭᠤᠨ᠎ᠤ ᠴᠠᠭ᠋ᠠᠨ ᠰᠤᠪᠤᠷᠭ᠎ᠠ ᠵᠢᠨ ᠬᠠᠭᠤᠴᠢ ᠰᠤᠳᠤᠯᠤᠯ᠎ᠤᠨ ᠠᠩᠭᠢᠤᠨᠬᠢᠨ ᠶᠡᠷᠦᠩᠬᠡᠶ ᠱᠦᠵᠢ ᠰᠢ ᠵᠢᠨ ᠫᠢᠩ᠎ᠤᠨ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠵᠤ ᠪᠠᠢ᠌ᠭ᠎ᠠ᠎ᠨᠢ

ᠤᠲᠤᠭ᠎ᠤᠨ ᠡᠮᠦᠨᠡᠲᠦ ᠬᠣᠰᠢᠭᠤᠨ᠎ᠤ ᠬᠠᠭᠤᠴᠢ ᠰᠤᠳᠤᠯᠤᠯ᠎ᠤᠨ ᠲᠥᠷᠥᠯ ᠵᠦᠢ᠍ᠯ᠎ᠤᠨ ᠲᠤᠭᠤᠢ᠌ᠯᠠᠩ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠵᠤ ᠪᠠᠢ᠌ᠭ᠎ᠠ᠎ᠨᠢ

ᠴᠢᠩ ᠱᠦᠶ ᠾᠧ ᠰᠢᠶᠠᠨ᠎ᠤ ᠾᠧᠦ ᠴᠧᠩ ᠽᠦᠢ ᠱ᠌ᠢ ᠴᠧᠩ ᠬᠣᠲᠠ ᠵᠢᠨ ᠪᠠᠭᠤᠷᠢ ᠵᠢᠨ ᠲᠥᠷᠥᠯ ᠵᠦᠢ᠍ᠯ᠎ᠤᠨ ᠲᠤᠭᠤᠢ᠌ᠯᠠᠩ᠎ᠤᠨ᠎ᠬᠢᠨ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠵᠤ ᠪᠠᠢ᠌ᠭ᠎ᠠ᠎ᠨᠢ

ᠰᠠᠨ ᠪᠠ ᠣᠩᠭᠣᠨ᠎ᠤ ᠰᠦᠷᠦᠭ᠎ᠤᠨ ᠬᠠᠭᠤᠴᠢ ᠰᠤᠳᠤᠯᠤᠯ᠎ᠤᠨ ᠲᠥᠷᠥᠯ ᠵᠦᠢ᠍ᠯ᠎ᠤᠨ ᠳᠤᠭᠤᠶ᠋ᠢᠯᠠᠩ ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠶᠠᠷᠢᠶᠠᠨ᠎ᠤ ᠸᠢᠳᠢᠣ᠋ ᠵᠢ ᠰᠤᠨᠢᠷᠬᠠᠵᠤ ᠪᠠᠢ᠌ᠭ᠎ᠠ᠎ᠨᠢ

ᠰᠥᠨᠢᠳ ᠪᠠᠷᠠᠭᠤᠨ ᠬᠣᠰᠢᠭᠤᠨ᠎ᠤ ᠵᠢᠪᠬᠤᠯᠠᠩᠲᠤ ᠣᠩᠭᠣᠨ᠎ᠤ ᠰᠦᠷᠦᠭ᠎ᠤᠨ ᠬᠠᠭᠤᠴᠢ ᠰᠤᠳᠤᠯᠤᠯ᠎ᠤᠨ ᠨᠡᠭᠡᠭᠡᠨ ᠠᠭᠤᠳᠠᠯᠬᠤ ᠲᠥᠷᠥᠯ ᠵᠦᠢ᠍ᠯ᠎ᠤᠨ ᠳᠤᠭᠤᠶ᠋ᠢᠯᠠᠩ ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠵᠤ ᠪᠠᠢ᠌ᠭ᠎ᠠ᠎ᠨᠢ

ᠸᠧᠨ ᠳ᠋ᠧ ᠭᠧᠨ ᠤᠰᠤᠨ ᠴᠥᠭᠥᠷᠥᠮ᠎ᠤᠨ ᠬᠠᠮᠲᠤᠷᠠᠭᠰᠠᠨ ᠬᠠᠭᠤᠴᠢ ᠰᠤᠳᠤᠯᠤᠯ ᠤᠨ ᠠᠩᠬᠢᠤᠨᠬᠢᠨ ᠶᠡᠷᠦᠩᠬᠡᠶ ᠱᠦᠵᠢ ᠰᠢ ᠵᠢᠨ ᠫᠢᠩ᠎ᠤᠨ ᠶᠠᠷᠢᠶᠠᠨ᠎ᠤ ᠵᠣᠷᠢᠭ ᠰᠠᠨᠠᠭ᠎ᠠ ᠵᠢ ᠰᠣᠷᠣᠯᠴᠠᠨ ᠤᠬᠠᠭᠤᠯᠵᠤ ᠪᠠᠢ᠌ᠭ᠎ᠠ᠎ᠨᠢ