10 ᠳ᠋ᠤᠭ᠋ᠠᠷ ᠰᠠᠷ᠎ᠠ ᠵᠢᠨ 15᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠤᠷᠠᠯᠢᠭ ᠰᠤᠳᠤᠯᠤᠯ᠎ᠤᠨ ᠬᠦᠷᠢᠶᠡᠯᠡᠩ᠎ᠤᠨ ᠡᠷᠭᠢᠯᠡᠭᠰᠡᠨ 《ᠬᠣᠶᠠᠳᠤᠭ᠋ᠠᠷ ᠬᠤᠭᠤᠴᠠᠭ᠋ᠠᠨ᠎ᠤ 〈ᠥᠪᠥᠷ ᠮᠣᠩᠭᠣᠯ ᠤᠷᠠᠯᠢᠭ〉 (ᠬᠢᠲᠠᠳ ᠬᠡᠪᠯᠡᠯ)᠎ᠤᠨ ᠵᠤᠬᠢᠶᠠᠭᠴᠢᠳ᠎ᠤᠨ ᠪᠣᠯᠪᠠᠰᠤᠷᠠᠯ᠎ᠤᠨ ᠠᠩᠭᠢ》 ᠬᠥᠬᠡᠬᠣᠲᠠ᠎ᠳᠤ ᠬᠢᠴᠢᠶᠡᠯ ᠡᠬᠢᠯᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠯᠢᠭ ᠰᠤᠳᠤᠯᠤᠯ᠎ᠤᠨ ᠬᠦᠷᠢᠶᠡᠯᠡᠩ᠂ ᠶᠦᠨᠨᠠᠨ ᠮᠤᠵᠢ ᠵᠢᠨ ᠦᠨᠳᠦᠰᠦᠲᠡᠨ᠎ᠤ ᠤᠷᠠᠯᠢᠭ ᠰᠤᠳᠤᠯᠤᠯ᠎ᠤᠨ ᠬᠦᠷᠢᠶᠡᠯᠡᠩ᠎ᠤᠨ ᠬᠠᠮᠢᠶ᠎ᠠ ᠪᠥᠬᠥᠶ ᠤᠳᠤᠷᠢᠳᠤᠯᠭ᠎ᠠ ᠪᠠ ᠲᠤᠰᠬᠠᠶ ᠮᠡᠷᠭᠡᠵᠢᠯᠲᠡᠨ᠂ ᠪᠣᠯᠪᠠᠰᠤᠷᠠᠯ᠎ᠤᠨ ᠠᠩᠭᠢ ᠵᠢᠨ ᠰᠣᠷᠣᠭᠴᠢ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠤᠷᠠᠯᠢᠭ ᠰᠤᠳᠤᠯᠤᠯ᠎ᠤᠨ ᠬᠦᠷᠢᠶᠡᠯᠡᠩ᠎ᠤᠨ ᠪᠦᠬᠦ ᠠᠵᠢᠯᠲᠠᠨ ᠵᠡᠷᠭᠡ 50 ᠭᠠᠷᠤᠶ ᠬᠦᠮᠦᠨ ᠠᠩᠭᠢ ᠡᠬᠢᠯᠡᠬᠦ ᠶᠤᠰᠤᠯᠠᠯ᠎ᠳᠤ ᠣᠷᠣᠯᠴᠠᠵᠠᠶ᠃

ᠪᠣᠯᠪᠠᠰᠤᠷᠠᠯ᠎ᠤᠨ ᠠᠩᠭᠢ᠎ᠨᠢ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠤᠳᠬ᠎ᠠ ᠤᠷᠠᠯᠢᠭ᠎ᠤᠨ ᠶᠠᠷᠢᠯᠴᠠᠬᠤ ᠬᠤᠷᠠᠯ᠎ᠤᠨ ᠶᠠᠷᠢᠶᠠᠨ᠎ᠤ ᠵᠣᠷᠢᠭ ᠰᠠᠨᠠᠭ᠎ᠠ ᠪᠣᠯᠤᠨ 《 ᠨᠠᠮ᠎ᠤᠨ ᠲᠥᠪ ᠬᠣᠷᠢᠶᠠᠨ᠎ᠤ ᠨᠡᠢ᠌ᠭᠡᠮ ᠵᠢᠷᠤᠮ᠎ᠤᠨ ᠤᠳᠬ᠎ᠠ ᠤᠷᠠᠯᠢᠭ᠎ᠢ ᠴᠡᠴᠡᠭᠯᠡᠭᠦᠯᠦᠨ ᠬᠥᠭᠵᠢᠭᠦᠯᠬᠦ ᠲᠤᠬᠠᠶ ᠰᠠᠨᠠᠯ》 ᠵᠶ᠋ᠠᠷ ᠵᠢᠯᠣᠭᠣᠳᠣᠯᠭ᠎ᠠ ᠪᠣᠯᠭ᠋ᠠᠵᠤ᠂ ᠮᠠᠨ᠎ᠤ ᠣᠷᠣᠨ᠎ᠤ ᠤᠷᠠᠯᠢᠭ ᠰᠤᠳᠤᠯᠤᠯ᠎ᠤᠨ ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠠᠬᠢᠭᠤᠯᠵᠤ᠂ ᠪᠦᠬᠦ ᠣᠷᠣᠨ᠎ᠤ ᠤᠷᠠᠯᠢᠭ ᠰᠤᠳᠤᠯᠤᠯ᠎ᠤᠨ ᠬᠦᠷᠢᠶᠡᠨ᠎ᠤ ᠬᠥᠭᠵᠢᠯᠲᠡ ᠵᠢ ᠠᠬᠢᠭᠤᠯᠵᠤ᠂ ᠥᠷᠭᠡᠨ ᠤᠯᠠᠨ ᠦᠨᠳᠦᠰᠦᠨ ᠱᠠᠲᠤ ᠵᠢᠴᠢ ᠢᠳᠡᠷ ᠵᠠᠯᠠᠭᠤ ᠡᠷᠳᠡᠮᠲᠡᠳ᠎ᠢ ᠬᠠᠪᠰᠤᠷᠤᠨ ᠰᠤᠳᠤᠯᠭ᠋ᠠᠨ᠎ᠤ ᠬᠠᠷᠠᠭ᠋ᠠᠰᠤ ᠵᠢ᠎ᠨᠢ ᠥᠷᠭᠡᠳᠬᠡᠵᠦ᠂ ᠡᠷᠳᠡᠮ ᠰᠢᠨᠵᠢᠯᠡᠭᠡᠨ᠎ᠤ ᠴᠢᠳᠠᠪᠤᠷᠢ ᠵᠢ᠎ᠨᠢ ᠳᠡᠭᠡᠭᠰᠢᠯᠡᠬᠦᠯᠬᠦ᠎ᠪᠠᠷ ᠵᠤᠷᠢᠵᠤ ᠂ 《ᠥᠪᠥᠷ ᠮᠣᠩᠭᠣᠯ ᠤᠷᠠᠯᠢᠭ》᠎ᠤᠨ ᠡᠷᠳᠡᠮ ᠰᠢᠨᠵᠢᠯᠡᠭᠡᠨ᠎ᠤ ᠬᠥᠲᠥᠯᠦᠮᠵᠢ ᠪᠣᠯᠤᠨ ᠤᠷᠠᠯᠢᠭ ᠰᠤᠳᠤᠯᠤᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠨᠡᠶ᠋ᠢᠭᠡᠮ᠎ᠤᠨ ᠬᠠᠷᠢᠭᠤᠴᠠᠯᠭ᠎ᠠ ᠵᠢ ᠭᠦᠢ᠍ᠴᠡᠳᠬᠡᠬᠦ᠎ᠪᠠᠷ ᠬᠦᠴᠦᠯᠡᠵᠡᠢ᠃ 《ᠦᠨᠳᠦᠰᠦᠲᠡᠨ᠎ᠤ ᠤᠷᠠᠯᠢᠭ ᠰᠤᠳᠤᠯᠤᠯ》᠎ᠤᠨ ᠭᠣᠣᠯ ᠨᠠᠶ᠋ᠢᠷᠠᠭᠤᠯᠤᠭᠴᠢ ᠮᠠ ᠶᠦᠨ ᠬᠤᠸᠠ᠂ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠵᠢᠨ ᠫᠷᠤᠹᠧᠰᠰᠤᠷ᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠤᠯᠪᠤᠭ᠋ᠠᠨ᠎ᠤ ᠲᠡᠷᠢᠭᠦᠯᠡᠭᠴᠢ ᠰᠦᠩ ᠱᠧᠩ ᠬᠦᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠯᠢᠭ ᠰᠤᠳᠤᠯᠤᠯ᠎ᠤᠨ ᠬᠦᠷᠢᠶᠡᠯᠡᠩ᠎ᠤᠨ ᠰᠤᠳᠤᠯᠤᠭᠴᠢ᠂ ᠨᠢᠭᠡᠳᠦᠭᠡᠷ ᠳᠡᠰ᠎ᠤᠨ ᠬᠢᠨᠠᠨ ᠨᠠᠶ᠋ᠢᠷᠠᠭᠤᠯᠤᠭᠴᠢ ᠯᠢᠦ ᠰᠢᠨ ᠾᠧ᠂ 《ᠥᠪᠥᠷ ᠮᠣᠩᠭᠣᠯ᠎ᠤᠨ ᠣᠯᠠᠨ ᠨᠡᠶ᠋ᠢᠲᠡ ᠵᠢᠨ ᠰᠣᠶᠣᠯ》᠎ᠤᠨ ᠭᠣᠣᠯ ᠨᠠᠶ᠋ᠢᠷᠠᠭᠤᠯᠤᠭᠴᠢ ᠡᠦ ᠵᠢᠶᠦ᠋ᠨ ᠫᠢᠩ ᠵᠡᠷᠭᠡ ᠳᠥᠷᠪᠡᠨ ᠪᠠᠭᠰᠢ ᠣᠳᠣᠬᠠᠨ᠎ᠤ ᠰᠣᠶᠣᠯ ᠤᠷᠠᠯᠢᠭ᠎ᠤᠨ ᠬᠦᠷᠢᠶᠡᠨ᠎ᠳᠤ᠎ᠬᠢ ᠬᠤᠰᠢᠭᠤᠴᠢ ᠰᠡᠳᠦᠪ ᠪᠠ ᠣᠳᠣ ᠦᠶ᠎ᠡ ᠵᠢᠨ ᠰᠤᠳᠤᠯᠭ᠋ᠠᠨ᠎ᠤ ᠬᠥᠭᠵᠢᠯᠲᠡ ᠵᠢᠨ ᠴᠢᠭᠯᠡᠯ ᠵᠶ᠋ᠠᠷ ᠭᠣᠣᠯᠳᠠᠭᠤᠯᠵᠤ᠂ ᠡᠷᠳᠡᠮ ᠰᠢᠨᠵᠢᠯᠡᠭᠡᠨ᠎ᠤ ᠬᠦᠷᠢᠶᠡᠨ᠎ᠳᠤ᠎ᠬᠢ ᠦᠪᠡᠷ᠎ᠤᠨ ᠬᠠᠮᠤᠭ᠎ᠤᠨ ᠰᠢᠨ᠎ᠡ ᠠᠬᠢᠴᠠ᠎ᠪᠠᠨ ᠳᠤᠳᠤᠷᠬᠠᠢ᠌ᠯᠠᠵᠤ᠂ ᠠᠳᠠᠯᠢ ᠪᠤᠰᠤ ᠬᠠᠷᠠᠭ᠋ᠠᠰᠤ᠎ᠠᠴᠠ ᠰᠣᠶᠣᠯ ᠤᠷᠠᠯᠢᠭ᠎ᠤᠨ ᠬᠦᠷᠢᠶᠡᠨ᠎ᠤ ᠥᠭᠦᠯᠡᠯ᠎ᠤᠨ ᠵᠣᠬᠢᠶᠠᠨ ᠪᠢᠴᠢᠬᠦ ᠲᠤᠷᠰᠢᠯᠭ᠎ᠠ᠎ᠪᠠᠨ ᠬᠤᠪᠢᠶᠠᠯᠴᠠᠭᠰᠠᠨ ᠪᠠᠢ᠌ᠨ᠎ᠠ᠃

ᠠᠩᠭᠢ ᠡᠬᠢᠯᠡᠬᠦ ᠶᠣᠰᠣᠯᠠᠯ ᠳᠡᠭᠡᠷ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠯᠢᠭ ᠰᠤᠳᠤᠯᠤᠯ᠎ᠤᠨ ᠬᠦᠷᠢᠶᠡᠯᠡᠩ᠎ᠤᠨ ᠬᠠᠷᠢᠭᠤᠴᠠᠯᠭ᠋ᠠᠲᠠᠨ ᠭᠣᠤ ᠰᠢᠶᠤᠤ ᠬᠣᠩ ᠶᠠᠷᠢᠶᠠᠨ᠎ᠳᠤ᠎ᠪᠠᠨ 《ᠥᠪᠥᠷ ᠮᠣᠩᠭᠣᠯ ᠤᠷᠠᠯᠢᠭ》᠎ᠨᠢ ᠮᠠᠨ᠎ᠤ ᠣᠷᠣᠨ᠎ᠤ ᠤᠷᠠᠯᠢᠭ ᠰᠤᠳᠤᠯᠤᠯ ᠪᠠ ᠤᠳᠬ᠎ᠠ ᠤᠷᠠᠯᠢᠭ᠎ᠤᠨ ᠰᠢᠭᠦᠮᠵᠢ ᠵᠢᠨ ᠴᠢᠬᠤᠯᠠ ᠲᠠᠪᠴᠠᠩ᠂ ᠵᠢᠭᠰᠠᠭ᠋ᠠᠯ᠎ᠤᠨ ᠭᠠᠵᠠᠷ ᠪᠣᠯᠤᠭᠰᠠᠨ᠎ᠤ ᠬᠤᠪᠢ᠎ᠳᠤ ᠬᠣᠶ᠋ᠢᠰᠢᠳᠠ ᠣᠷᠣᠨ᠎ᠤ ᠳᠣᠲᠣᠨ᠎ᠠ ᠭᠠᠳᠠᠨ᠎ᠠ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠤᠷᠠᠯᠢᠭ᠎ᠤᠨ ᠣᠨᠣᠯ᠎ᠤᠨ ᠡᠷᠳᠡᠮ ᠰᠢᠨᠵᠢᠯᠡᠭᠡᠨ᠎ᠤ ᠬᠤᠰᠢᠭᠤᠴᠢ ᠪᠠᠶ᠋ᠢᠳᠠᠯ᠎ᠢ ᠲᠤᠰᠬᠠᠵᠤ ᠂ ᠤᠷᠠᠯᠢᠭ᠎ᠤᠨ ᠡᠷᠳᠡᠮ ᠰᠢᠨᠵᠢᠯᠡᠭᠡᠨ᠎ᠤ ᠬᠠᠮᠤᠭ᠎ᠤᠨ ᠰᠢᠨ᠎ᠡ ᠣᠨᠣᠯ᠎ᠤᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ ᠰᠣᠶᠣᠯ ᠤᠷᠠᠯᠢᠭ᠎ᠤᠨ ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠲᠦᠯᠬᠢᠨ ᠠᠬᠢᠭᠤᠯᠵᠤ᠂ ᠤᠳᠬ᠎ᠠ ᠤᠷᠠᠯᠢᠭ᠎ᠤᠨ ᠣᠨᠣᠯ᠎ᠤᠨ ᠪᠥᠲᠦᠭᠡᠨ ᠪᠠᠶ᠋ᠢᠭᠤᠯᠤᠯᠲᠠ ᠵᠢ ᠠᠬᠢᠭᠤᠯᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠤᠷᠠᠯᠢᠭ᠎ᠤᠨ ᠣᠨᠣᠯ᠎ᠤᠨ ᠰᠤᠳᠤᠯᠤᠯ᠎ᠤᠨ ᠵᠣᠬᠢᠶᠠᠭᠴᠢ ᠵᠢᠨ ᠡᠩᠨᠡᠭᠡ ᠵᠢ ᠬᠥᠮᠦᠵᠢᠭᠦᠯᠬᠦ ᠠᠵᠢᠯ᠎ᠢ ᠢᠳᠡᠪᠬᠢᠲᠡᠶ᠎ᠪᠠᠷ ᠲᠦᠯᠬᠢᠨ ᠠᠬᠢᠭᠤᠯᠬᠤ ᠪᠣᠯᠤᠨ᠎ᠠ ᠭᠡᠵᠦ ᠴᠢᠬᠤᠯᠠᠴᠢᠯᠠᠪᠠ᠃ ᠲᠡᠷᠡ ᠰᠤᠷᠤᠯᠭ᠋ᠠᠲᠠᠳ᠎ᠤᠨ ᠡᠨᠡ ᠤᠳᠠᠭ᠋ᠠᠨ᠎ᠤ ᠪᠣᠯᠪᠠᠰᠤᠷᠠᠯ᠎ᠳᠤ᠎ᠪᠠᠨ ᠦᠨᠢᠷ ᠣᠯᠤᠯᠲᠠ᠂ ᠥᠨᠳᠦᠷ ᠠᠮᠵᠢᠯᠲᠠ ᠣᠯᠬᠤ ᠵᠢ ᠵᠥᠩᠨᠡᠪᠡ᠃