ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠲᠡᠯᠭᠡᠭᠳᠡᠯ᠎ᠡ
ᠨᠡᠶᠢᠲᠡᠯᠡᠭᠰᠡᠨ ᠴᠠᠭ᠄ 2020-10-30


     10 ᠳ᠋ᠤᠭ᠋ᠠᠷ ᠰᠠᠷ᠎ᠠ ᠵᠢᠨ 23᠎ᠤ ᠡᠳᠦᠷ᠂ 《ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠠᠢ᠌ᠭᠤᠯᠬᠤ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠲᠠᠢ ᠬᠠᠮᠲᠤ᠎ᠳᠤ᠎ᠪᠠᠨ》 ᠵᠶ᠋ᠠᠷ ᠭᠣᠤᠯ ᠰᠡᠳᠦᠪ ᠪᠣᠯᠭ᠋ᠠᠭᠰᠠᠨ ᠵᠢᠷᠭᠤᠳᠤᠭ᠋ᠠᠷ ᠬᠤᠭᠤᠴᠠᠭ᠋ᠠᠨ᠎ᠤ ᠲᠤᠮᠲᠠᠲᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠰᠬᠦᠯᠡᠩ ᠱᠠᠨᠳᠦ᠋ᠩ ᠮᠤᠵᠢ ᠵᠢᠨ ᠵᠢᠨᠠᠨ᠎ᠳᠤ ᠦᠪᠡᠳᠡᠭᠰᠢ ᠶᠡᠬᠡ᠎ᠪᠠᠷ ᠡᠬᠢᠯᠡᠪᠡ᠃



      ᠲᠤᠰ ᠬᠤᠭᠤᠴᠠᠭ᠋ᠠᠨ᠎ᠤ ᠦᠵᠡᠰᠬᠦᠯᠡᠩ᠎ᠤᠨ ᠴᠤᠭᠯᠠᠭ᠋ᠠᠨ᠎ᠳᠤ 《ᠰᠦᠯᠵᠢᠶᠡᠨ ᠲᠡᠭᠡᠷᠡᠬᠢ᠎ᠪᠠᠷ ᠭᠣᠣᠯ ᠪᠣᠯᠭ᠋ᠠᠵᠤ᠂ ᠰᠦᠯᠵᠢᠶᠡᠨ ᠭᠠᠲᠠᠨᠠᠬᠢ᠎ᠪᠠᠷ ᠬᠠᠪᠰᠤᠷᠤᠮᠵᠢ ᠪᠤᠯᠭ᠋ᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ》 ᠠᠷᠭ᠎ᠠ᠎ᠪᠠᠷ ᠪᠣᠳᠠᠰ᠎ᠤᠨ ᠪᠤᠰᠤ   ᠰᠤᠶᠤᠯ᠎ᠤᠨ ᠥᠪ᠎ᠢ ᠬᠠᠮᠠᠭ᠋ᠠᠯᠠᠵᠤ᠂ ᠤᠯᠠᠮᠵᠢᠯᠠᠨ ᠵᠠᠯᠭ᠋ᠠᠮᠵᠢᠯᠠᠭᠰᠠᠨ ᠦᠷ᠎ᠡ ᠪᠦᠲᠦᠭᠡᠯ ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠬᠠᠳᠤᠨ ᠭᠣᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠡᠷᠭᠡ ᠤᠯᠤᠰ᠎ᠤᠨ ᠴᠢᠬᠤᠯᠠ ᠶᠡᠬᠡ ᠪᠠᠢ᠌ᠯᠲᠤᠬᠤ ᠪᠤᠳᠤᠯᠭ᠎ᠠ ᠵᠢᠨ ᠳᠤᠮᠳᠠ ᠪᠠᠲᠠᠷᠠᠭᠤᠯᠤᠭᠰᠠᠨ ᠴᠢᠬᠤᠯᠠ ᠦᠢ᠍ᠯᠡᠳᠦᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠥᠷᠭᠡᠨ ᠣᠯᠠᠨ ᠪᠤᠳᠠᠰ᠎ᠤᠨ ᠪᠤᠰᠤ ᠰᠤᠶᠤᠯ᠎ᠤᠨ ᠦᠪ᠎ᠤᠨ ᠵᠠᠯᠭ᠋ᠠᠮᠵᠢᠯᠠᠭᠴᠢ ᠪᠠ ᠪᠣᠳᠠᠰ᠎ᠤᠨ ᠪᠤᠰᠤ ᠰᠣᠶᠣᠯ᠎ᠤᠨ ᠥᠪ ᠵᠶ᠋ᠠᠷ ᠶᠠᠳᠠᠭᠤ ᠵᠢ ᠲᠡᠳᠬᠦᠵᠦ ᠠᠵᠢᠯ ᠣᠯᠭᠣᠬᠤ ᠦᠢ᠍ᠯᠡᠳᠬᠡᠯ᠎ᠤᠨ ᠭᠠᠵᠠᠷ᠎ᠲᠤ ᠳᠡᠯᠭᠡᠨ ᠦᠵᠡᠭᠦᠯᠬᠦ ᠪᠠ ᠲᠠᠨᠢᠯᠴᠠᠭᠤᠯᠬᠤ ᠴᠢᠬᠤᠯᠠ ᠲᠠᠪᠴᠠᠩ ᠪᠠᠢ᠌ᠭᠤᠯᠵᠤ ᠥᠭᠴᠡᠶ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠡᠶ᠋ᠢᠲᠡ 5 ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠂ 1 ᠪᠣᠳᠠᠰ᠎ᠤᠨ ᠪᠤᠰᠤ ᠰᠣᠶᠣᠯ᠎ᠤᠨ ᠥᠪ ᠵᠶ᠋ᠠᠷ ᠶᠠᠳᠠᠭᠤ ᠵᠢ ᠲᠡᠳᠬᠦᠬᠦ ᠠᠵᠢᠯ ᠣᠯᠭᠣᠬᠤ ᠦᠢ᠍ᠯᠡᠳᠭᠡᠯ᠎ᠤᠨ ᠭᠠᠵᠠᠷ᠂ 17 ᠤᠯᠠᠮᠵᠢᠯᠠᠨ ᠵᠠᠯᠭ᠋ᠠᠮᠵᠢᠯᠠᠭᠴᠢ᠂ ᠵᠠᠭᠤ ᠭᠠᠷᠤᠶ ᠦᠵᠡᠮᠦᠷᠢ ᠵᠢᠨ ᠵᠦᠢ᠍ᠯ᠎ᠨᠢ ᠰᠦᠯᠵᠢᠶᠡᠨ ᠭᠠᠲᠠᠨᠠᠬᠢ ᠳᠡᠯᠭᠡᠨ ᠦᠵᠡᠭᠦᠯᠬᠦ ᠠᠵᠢᠯᠯᠠᠭ᠎ᠠ᠎ᠳᠤ ᠣᠷᠣᠯᠴᠠᠵᠠᠶ᠃ ᠠᠵᠢᠯᠯᠠᠭ᠋ᠠᠨ᠎ᠤ ᠠᠬᠤᠶ ᠲᠠᠯᠠᠪᠠᠶ᠎ᠳᠤ ᠤᠯᠠᠮᠵᠢᠯᠠᠨ ᠵᠠᠯᠭ᠋ᠠᠮᠵᠢᠯᠠᠭᠴᠢ ᠵᠢᠨ ᠭᠣᠶ᠋ᠢᠳᠠ ᠰᠠᠶ᠋ᠢᠬᠠᠨ ᠤᠷ᠎ᠠ ᠮᠡᠷᠭᠡᠵᠢᠯ ᠪᠣᠯᠤᠨ ᠥᠪᠥᠷ ᠮᠣᠩᠭᠣᠯ᠎ᠤᠨ ᠥᠪᠡᠷᠮᠢᠴᠡ ᠣᠨᠴᠠᠯᠢᠭ᠎ᠲᠠᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠡᠯᠭᠡᠨ ᠦᠵᠡᠭᠦᠯᠦᠯᠭᠡ᠎ᠨᠢ ᠮᠠᠰᠢ ᠤᠯᠠᠨ ᠦᠵᠡᠭᠴᠢᠳ᠎ᠤᠨ ᠠᠩᠬᠠᠷᠤᠯ᠎ᠢ ᠲᠠᠲᠠᠨ᠂   ᠬᠠᠮᠤᠭ᠎ᠤᠨ ᠤᠢ᠌ᠷ᠎ᠠ ᠵᠠᠢ᠎ᠠᠴᠠ ᠦᠵᠡᠭᠴᠢᠳ᠎ᠲᠤ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠣᠯᠤᠨ ᠲᠠᠯ᠎ᠠ ᠨᠤᠲᠤᠭ᠎ᠤᠨ ᠰᠣᠶᠣᠯ᠎ᠢ ᠤᠢ᠌ᠯᠠᠭᠤᠯᠵᠠᠢ᠃ ᠦᠵᠡᠰᠬᠦᠯᠡᠩ᠎ᠤᠨ ᠴᠤᠭᠯᠠᠭ᠋ᠠᠨ 10 ᠳ᠋ᠤᠭ᠋ᠠᠷ ᠰᠠᠷ᠎ᠠ ᠵᠢᠨ 27᠎ᠤ ᠡᠳᠦᠷ ᠪᠣᠯᠲᠠᠯ᠎ᠠ ᠦᠷᠭᠦᠯᠵᠢᠯᠡᠨ᠎ᠡ᠃


 
      ᠰᠣᠶᠣᠯ ᠵᠢᠭᠤᠯᠴᠢᠯᠠᠯ᠎ᠤᠨ ᠶᠠᠮᠤᠨ᠎ᠤ ᠳᠡᠳ᠋ ᠰᠠᠶ᠋ᠢᠳ ᠯᠢ ᠴᠢᠶᠦ᠋ᠨ ᠥᠪᠥᠷ ᠮᠣᠩᠭᠣᠯ᠎ᠤᠨ ᠦᠵᠡᠭᠦᠯᠦᠯᠭᠡ ᠵᠢᠨ ᠪᠠᠢ᠌ᠷᠢ ᠵᠢ ᠲᠣᠭᠣᠷᠢᠨ ᠦᠵᠡᠵᠦ   ᠪᠠᠢ᠌ᠭ᠎ᠠ᠎ᠨᠢ



      ᠰᠣᠶᠣᠯ ᠵᠢᠭᠤᠯᠴᠢᠯᠠᠯ᠎ᠤᠨ ᠶᠠᠮᠤᠨ᠎ᠤ ᠤᠤᠯ᠎ᠤᠨ ᠳᠡᠳ᠋ ᠰᠠᠶ᠋ᠢᠳ ᠰᠢᠶᠠᠩ ᠵᠣᠣ ᠯᠦᠨ ᠮᠣᠩᠭᠣᠯ ᠦᠨᠳᠦᠰᠦᠲᠡᠨ᠎ᠤ ᠮᠣᠷᠢᠨ ᠡᠳ᠋ᠯᠡᠯ ᠬᠢᠬᠦ ᠤᠷ᠎ᠠ ᠮᠡᠷᠭᠡᠵᠢᠯ᠎ᠤᠨ ᠦᠵᠡᠭᠦᠯᠦᠯᠭᠡ ᠵᠢᠨ ᠲᠠᠪᠴᠠᠩ᠎ᠢ ᠲᠣᠭᠣᠷᠢᠨ ᠦᠵᠡᠵᠦ ᠪᠠᠢ᠌ᠭ᠎ᠠ᠎ᠨᠢ



      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠡᠳ᠋ ᠳᠠᠷᠤᠭ᠎ᠠ ᠢᠦᠢ ᡁᠢ ᠭᠦᠸᠸ ᠦᠵᠡᠰᠬᠦᠯᠡᠩ᠎ᠳᠤ ᠤᠷᠤᠯᠴᠠᠭᠰᠠᠨ ᠤᠯᠠᠮᠵᠢᠯᠠᠭᠴᠢ ᠵᠢ ᠲᠤᠬᠤᠨᠢᠭᠤᠯᠵᠤ ᠪᠠᠢ᠌ᠭ᠎ᠠ᠎ᠨᠢ


      ᠶᠡᠷᠦᠩᠬᠡᠶ ᠱᠦᠵᠢ ᠰᠢ ᠵᠢᠨ ᠫᠢᠩ᠎ᠤᠨ ᠪᠣᠳᠠᠰ᠎ᠤᠨ ᠪᠤᠰᠤ ᠰᠣᠶᠣᠯ᠎ᠤᠨ ᠥᠪ ᠬᠥᠷᠥᠩᠭᠡ ᠵᠢᠨ ᠬᠠᠶ᠋ᠢᠷ᠎ᠠ ᠰᠡᠳᠬᠢᠯᠭᠡ ᠵᠢ   ᠤᠬᠠᠬᠤ ᠦᠵᠡᠭᠦᠯᠦᠯᠭᠡ ᠵᠢᠨ ᠲᠣᠭᠣᠷᠢᠭ᠎ᠲᠤ ᠥᠪᠥᠷ ᠮᠣᠩᠭᠣᠯ᠎ᠤᠨ ᠭᠡᠰᠡᠷ᠎ᠤᠨ ᠲᠥᠷᠥᠯ ᠵᠦᠢ᠍ᠯ᠎ᠨᠢ ᠥᠪᠡᠷᠮᠢᠴᠡ ᠬᠠᠢ᠌ᠯᠠᠨ ᠳᠠᠭᠤᠯᠠᠬᠤ ᠬᠡᠯᠪᠡᠷᠢ᠎ᠪᠠᠷ ᠦᠵᠡᠭᠴᠢᠳ᠎ᠲᠤ ᠨᠢᠭᠡ ᠤᠳᠠᠭ᠋ᠠᠨ᠎ᠤ ᠦᠪᠡᠳᠡᠭᠰᠢ ᠶᠡᠬᠡ ᠰᠤᠨᠤᠷ ᠬᠠᠷᠠᠭ᠋ᠠᠨ᠎ᠤ ᠳᠠᠶ᠋ᠢᠯᠠᠯᠭ᠎ᠠ ᠠᠪᠴᠢᠷᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠴᠥᠭᠡᠨ ᠲᠣᠭ᠋ᠠᠲᠤ ᠦᠨᠳᠦᠰᠦᠲᠡᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠤᠳᠠᠰ᠎ᠤᠨ ᠪᠤᠰᠤ ᠰᠤᠶᠤᠯ`᠎ᠤᠨ ᠦᠪ᠎ᠤᠨ ᠵᠠᠯᠭ᠋ᠠᠮᠵᠢᠯᠠᠭᠴᠢ ᠵᠢ   ᠬᠠᠯᠠᠮᠵᠢᠯᠠᠵᠤ ᠪᠠᠶ᠋ᠢᠬᠤ ᠵᠢ ᠢᠯᠡᠳᠭᠡᠪᠡ᠃



      ᠦᠵᠡᠭᠴᠢᠳ ᠭᠡᠰᠡᠷ᠎ᠤᠨ ᠲᠤᠤᠯᠢ ᠵᠢ ᠰᠣᠨᠢᠷᠬᠠᠵᠤ ᠪᠠᠢ᠌ᠭ᠎ᠠ᠎ᠨᠢ
 
      ᠬᠠᠲᠤᠨ ᠭᠣᠤᠯ᠎ᠤᠨ ᠰᠠᠪᠠ ᠭᠠᠵᠠᠷ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠤᠨ ᠦᠵᠡᠭᠦᠯᠦᠯᠭᠡ ᠎ᠨᠢ 《ᠬᠠᠲᠤᠨ ᠭᠤᠤᠯ᠎ᠤᠨ ᠲᠡᠭᠡᠲᠦ ᠲᠤᠤᠷᠠᠲᠤ ᠤᠷᠤᠰᠬᠠᠯ  ᠂ ᠦᠶ᠎ᠡ ᠵᠢᠨ ᠦᠶ᠎ᠡ᠎ᠳᠤ᠎ᠪᠠᠨ ᠦᠷᠭᠦᠯᠵᠢᠯᠡᠭᠦᠢ》 ᠭᠡᠬᠦ ᠭᠣᠤᠯ ᠰᠡᠳᠦᠪ ᠵᠶ᠋ᠠᠷ ᠬᠠᠲᠤᠨ ᠭᠣᠤᠯ᠎ᠤᠨ ᠰᠠᠪᠠ ᠭᠠᠵᠠᠷ᠎ᠤᠨ ᠬᠤᠪᠴᠠᠰᠤ᠂ ᠬᠤᠭᠤᠯᠠ᠂ ᠤᠨᠤᠭ᠎ᠠ᠂ ᠪᠠᠢ᠌ᠷᠢ ᠵᠡᠷᠭᠡ ᠳᠥᠷᠪᠡᠨ ᠭᠣᠤᠯ ᠰᠡᠳᠦᠪᠲᠦ ᠠᠭᠤᠯᠭ᠎ᠠ᠎ᠲᠠᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯᠲᠤ ᠭᠠᠷ ᠤᠷᠠᠯᠠᠯ᠎ᠤᠨ ᠲᠥᠷᠥᠯ ᠵᠦᠢ᠍ᠯ᠎ᠢ ᠳᠡᠯᠭᠡᠨ ᠦᠵᠡᠭᠦᠯᠦᠨ᠂ ᠬᠠᠳᠤᠨ ᠭᠣᠣᠯ᠎ᠤᠨ ᠵᠣᠷᠢᠭ ᠰᠠᠨᠠᠭ᠎ᠠ ᠵᠢ ᠢᠯᠡᠷᠡᠭᠦᠯᠵᠡᠢ᠃ ᠥᠪᠥᠷ ᠮᠣᠩᠭᠣᠯ᠎ᠳᠤ ᠣᠷᠳᠣᠰ᠎ᠤᠨ ᠬᠤᠪᠴᠠᠰᠤ ᠵᠠᠰᠠᠯ᠂ ᠮᠣᠩᠭᠣᠯ ᠦᠨᠳᠦᠰᠦᠲᠡᠨ᠎ᠤ ᠮᠣᠷᠢᠨ ᠡᠳ᠋ᠯᠡᠯ   ᠬᠢᠬᠦ ᠤᠷ᠎ᠠ ᠮᠡᠷᠭᠡᠵᠢᠯ᠂ ᠬᠠᠰᠠᠭ ᠲᠡᠷᠭᠡ ᠬᠢᠬᠦ ᠤᠷ᠎ᠠ ᠮᠡᠷᠭᠡᠵᠢᠯ᠂ ᠮᠣᠩᠭᠣᠯ ᠦᠨᠳᠦᠰᠦᠲᠡᠨ᠎ᠤ ᠴᠢᠪᠬᠠᠳᠠᠰᠤᠲᠤ ᠬᠦᠭᠵᠢᠮᠳᠡᠬᠦᠷ ᠬᠢᠬᠦ ᠤᠷ᠎ᠠ ᠮᠡᠷᠭᠡᠵᠢᠯ ᠵᠡᠷᠭᠡ ᠲᠦᠷᠪᠡᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ   ᠵᠦᠢ᠍ᠯ ᠦᠵᠡᠰᠬᠦᠯᠡᠩ᠎ᠳᠤ ᠣᠷᠣᠯᠴᠠᠪᠠ᠃



      ᠮᠣᠩᠭᠣᠯ ᠦᠨᠳᠦᠰᠦᠲᠡᠨ᠎ᠤ ᠬᠠᠰᠠᠭ ᠲᠡᠷᠭᠡᠨ᠎ᠤ ᠦᠵᠡᠭᠦᠯᠦᠯᠭᠡ ᠵᠢᠨ ᠪᠠᠶ᠋ᠢᠷᠢ



      ᠮᠣᠩᠭᠣᠯ ᠦᠨᠳᠦᠰᠦᠲᠡᠨ᠎ᠤ ᠴᠢᠪᠬᠠᠳᠠᠰᠤᠲᠤ ᠬᠦᠭᠵᠢᠮᠳᠡᠬᠦᠷ᠎ᠤᠨ ᠤᠯᠤᠰ᠎ᠤᠨ ᠲᠡᠰ᠎ᠤᠨ ᠤᠯᠠᠮᠵᠢᠯᠠᠭᠴᠢ ᠬᠠᠳᠠ ᠦᠵᠡᠰᠬᠦᠯᠡᠩ᠎ᠳᠤ ᠣᠷᠣᠯᠴᠠᠪᠠ


      ᠥᠪᠥᠷ ᠮᠣᠩᠭᠣᠯ᠎ᠤᠨ ᠷᠠᠰᠢᠶᠠᠨ ᠬᠣᠲᠠ ᠵᠢᠨ ᠪᠠᠶ ᠯᠠᠩ ᠪᠠᠯᠭ᠋ᠠᠰᠤᠨ᠎ᠤ ᠯᠢᠨ ᠰᠦ ᠲᠣᠰᠬᠣᠨ᠎ᠤ ᠬᠤᠰᠤ ᠮᠤᠲᠤᠨ᠎ᠤ ᠬᠠᠯᠢᠰᠤᠨ ᠵᠢᠷᠤᠭ᠎ᠤᠨ ᠪᠣᠳᠠᠰ᠎ᠤᠨ ᠪᠤᠰᠤ ᠰᠣᠶᠣᠯ᠎ᠤᠨ ᠥᠪ ᠵᠶ᠋ᠠᠷ ᠶᠠᠳᠠᠭᠤ ᠵᠢ ᠲᠡᠳᠬᠦᠬᠦ ᠠᠵᠢᠯ ᠤᠯᠭᠤᠬᠤ ᠦᠢ᠍ᠯᠡᠳᠬᠡᠯ᠎ᠤᠨ ᠭᠠᠵᠠᠷ 《ᠶᠠᠳᠠᠭᠤ ᠵᠢ ᠲᠡᠳᠬᠦᠬᠦ᠎ᠳᠤ ᠪᠡᠷᠭᠡᠰᠢᠶᠡᠯ᠎ᠢ ᠲᠠᠪᠠᠨ᠂   ᠨᠤᠭᠤᠷᠠᠯ ᠴᠦᠭᠦᠷᠡᠯ ᠦᠭᠡᠢ》 ᠭᠡᠬᠦ ᠭᠣᠤᠯ ᠰᠡᠳᠦᠪᠲᠦ ᠪᠣᠳᠠᠰ᠎ᠤᠨ ᠪᠤᠰᠤ ᠰᠣᠶᠣᠯ᠎ᠤᠨ ᠥᠪ ᠵᠶ᠋ᠠᠷ ᠤᠨᠤᠪᠴᠢᠲᠠᠢ᠎ᠪᠠᠷ ᠶᠠᠳᠠᠭᠤ ᠵᠢ ᠲᠡᠳᠬᠦᠬᠦ ᠦᠷ᠎ᠡ ᠪᠦᠲᠦᠭᠡᠯ᠎ᠤᠨ ᠦᠵᠡᠭᠦᠯᠦᠯᠭᠡ᠎ᠳᠤ ᠬᠦᠴᠦᠨ ᠨᠡᠮᠡᠷᠢᠯᠡᠨ᠂ ᠥᠪᠥᠷ ᠮᠣᠩᠭᠣᠯ᠎ᠤᠨ ᠣᠨᠣᠪᠴᠢᠲᠠᠶ᠎ᠪᠠᠷ ᠶᠠᠳᠠᠭᠤ ᠵᠢ ᠲᠡᠳᠬᠦᠬᠦ᠎ᠳᠤ ᠪᠤᠳᠠᠰ᠎ᠤᠨ ᠪᠤᠰᠤ ᠰᠤᠶᠤᠯ᠎ᠤᠨ ᠦᠪ᠎ᠤᠨ ᠢᠳᠡᠪᠬᠢ ᠦᠢ᠍ᠯᠡᠲᠦᠯ᠎ᠢ ᠭᠦᠢ᠍ᠴᠡᠳ ᠢᠯᠡᠷᠡᠭᠦᠯᠪᠡ᠃



      ᠪᠠᠶ ᠯᠠᠩ ᠪᠠᠯᠭ᠋ᠠᠰᠤᠨ᠎ᠤ ᠯᠢᠨ ᠰᠦ ᠲᠣᠰᠬᠣᠨ᠎ᠤ ᠬᠤᠰᠤ ᠮᠤᠲᠤᠨ᠎ᠤ ᠬᠠᠯᠢᠰᠤᠨ ᠵᠢᠷᠤᠭ᠎ᠤᠨ ᠦᠵᠡᠭᠦᠯᠦᠯᠭᠡ ᠵᠢᠨ ᠪᠠᠶ᠋ᠢᠷᠢ
   
      ᠤᠯᠠᠭ᠋ᠠᠨᠬᠠᠳᠠ ᠬᠣᠲᠠ ᠵᠢᠨ ᠲᠡᠮᠦᠷᠯᠢᠭ ᠳᠠᠪᠲᠠᠨ ᠦᠢ᠍ᠯᠡᠳᠬᠦ ᠤᠷ᠎ᠠ ᠮᠡᠷᠭᠡᠵᠢᠯ᠎ᠤᠨ ᠤᠯᠠᠮᠵᠢᠯᠠᠭᠴᠢ ᠹᠦ᠋ ᠰᠢᠨ ᠢᠦᠶ᠂ ᠰᠢᠯᠢ ᠵᠢᠨ ᠭᠣᠤᠯ ᠠᠶ᠋ᠢᠮᠠᠭ᠎ᠤᠨ ᠲᠡᠮᠦᠷᠯᠢᠭ ᠳᠠᠪᠲᠠᠨ ᠦᠢ᠍ᠯᠡᠳᠬᠦ ᠤᠷ᠎ᠠ ᠮᠡᠷᠭᠡᠵᠢᠯ᠎ᠤᠨ ᠤᠯᠠᠮᠵᠢᠯᠠᠭᠴᠢ ᠴᠧᠨ ᠭᠠᠩ᠂ ᠣᠷᠳᠣᠰ ᠬᠣᠲᠠ ᠵᠢᠨ ᠴᠠᠭ᠋ᠠᠰᠤᠨ ᠬᠠᠶ᠋ᠢᠴᠢᠯᠠᠮᠠᠯ᠎ᠤᠨ ᠤᠯᠠᠮᠵᠢᠯᠠᠭᠴᠢ ᠵᠣᠣ ᠮᠧᠶ ᠯᠢᠩ ᠭᠤᠷᠪᠠᠭᠤᠯᠠ 《ᠤᠷᠠᠨ ᠲᠠᠷᠬᠠᠨ》 ᠡᠭᠦᠯᠡᠨ ᠤᠷᠤᠯᠳᠤᠭ᠋ᠠᠨ᠎ᠤ ᠤᠯᠠᠮᠵᠢᠯᠠᠯᠲᠤ ᠭᠠᠷ ᠤᠷᠠᠯᠠᠯ᠎ᠤᠨ ᠤᠷᠤᠯᠳᠤᠭ᠋ᠠᠨ᠎ᠳᠤ ᠪᠥᠬᠥ ᠤᠯᠤᠰ᠎ᠤᠨ ᠰᠦᠯᠵᠢᠶᠡᠨ᠎ᠤ ᠰᠤᠩᠭᠤᠭᠤᠯᠢ᠎ᠪᠠᠷ ᠳᠡᠮᠵᠢᠨ᠂ ᠦᠵᠡᠭᠦᠯᠦᠯᠭᠡ ᠵᠢᠨ ᠲᠤᠬᠠᠶ ᠵᠢᠨ ᠲᠠᠯᠠᠪᠠᠢ᠎ᠳᠤ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠵᠤ᠂ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠢᠷᠢ ᠲᠦᠪᠰᠢᠨ᠎ᠢ ᠳᠡᠯᠭᠡᠨ ᠦᠵᠡᠭᠦᠯᠪᠡ  ᠃



      ᠵᠠᠭᠤᠴᠢᠯᠠᠭᠤᠷ᠎ᠤᠨ᠎ᠬᠢᠨ ᠴᠠᠭ᠋ᠠᠰᠤᠨ ᠬᠠᠶ᠋ᠢᠴᠢᠯᠠᠮᠠᠯ᠎ᠤᠨ ᠵᠠᠯᠭ᠋ᠠᠮᠵᠢᠯᠠᠭᠴᠢ ᠵᠤᠤ ᠮᠧᠶ ᠯᠢᠩ᠎ᠤᠨ ᠤᠷᠤᠯᠳᠤᠭ᠋ᠠᠨ᠎ᠳᠤ ᠤᠷᠤᠯᠴᠠᠬᠰᠠᠨ ᠪᠠᠶ᠋ᠢᠳᠠᠯ᠎ᠢ ᠰᠤᠷᠪᠤᠯᠵᠢᠯᠠᠵᠤ ᠪᠠᠢ᠌ᠭ᠎ᠠ᠎ᠨᠢ


      ᠡᠭᠦᠨ᠎ᠤ ᠬᠠᠮᠲᠤ᠂ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠰᠬᠦᠯᠡᠩ᠎ᠤᠨ ᠠᠯᠪᠠᠨ ᠰᠦᠯᠵᠢᠶ᠎ᠡ  (www᠂ cnfyblh᠂ com)᠎ᠨᠢ 23᠎ᠤ ᠡᠳᠦᠷ ᠵᠡᠷᠬᠡ᠎ᠪᠠᠷ   ᠨᠡᠪᠲᠡᠷᠡᠪᠡ᠃ ᠰᠦᠯᠵᠢᠶᠡᠨ ᠦᠷᠲᠡᠭᠡ᠎ᠨᠢ ᠰᠦᠯᠵᠢᠶᠡᠨ ᠳᠡᠭᠡᠷᠡᠬᠢ 《ᠪᠤᠳᠠᠰ᠎ᠤᠨ ᠪᠤᠰᠤ ᠰᠤᠶᠤᠯ᠎ᠤᠨ ᠦᠪ᠎ᠤᠨ ᠡᠭᠦᠯᠡᠨ ᠦᠵᠡᠭᠦᠯᠦᠯᠭᠡ ᠵᠢᠨ ᠲᠢᠩᠬᠢᠮ》᠂ 《ᠪᠣᠳᠠᠰ᠎ᠤᠨ ᠪᠤᠰᠤ ᠰᠣᠶᠣᠯ᠎ᠤᠨ ᠥᠪ᠎ᠤᠨ ᠡᠭᠦᠯᠡᠨ ᠰᠤᠨᠢᠷᠬᠠᠯ》 ᠳᠡᠯᠭᠡᠨ ᠨᠡᠪᠲᠡᠷᠡᠭᠦᠯᠭᠡ ᠵᠢᠨ ᠲᠢᠩᠬᠢᠮ᠂ 《ᠪᠤᠳᠠᠰ᠎ᠤᠨ ᠪᠤᠰᠤ ᠰᠤᠶᠤᠯ᠎ᠤᠨ ᠦᠪ᠎ᠤᠨ ᠰᠤᠩᠭᠤᠮᠠᠯ ᠪᠠᠷᠠᠭ᠎ᠠ》   ᠵᠢᠨ ᠡᠭᠦᠯᠡᠨ ᠪᠣᠷᠣᠯᠠᠭᠤᠯᠭ᠎ᠠ ᠵᠡᠷᠭᠡ ᠠᠭᠤᠯᠭ᠎ᠠ ᠪᠠᠭᠲᠠᠨ᠎ᠠ᠃ ᠠᠯᠪᠠᠨ ᠰᠦᠯᠵᠢᠶ᠎ᠡ᠎ᠨᠢ ᠪᠠᠰᠠ ᠵᠢᠩ ᠳ᠋ᠦᠩ᠂ ᠲᠤᠤ ᠪᠦᠦ ᠨᠸᠲ ᠵᠡᠷᠭᠡ 500 ᠰᠢᠬᠠᠮ ᠰᠦᠯᠵᠢᠶᠡᠨ ᠬᠤᠳᠠᠯᠳᠤᠭ᠋ᠠᠨ᠎ᠤ ᠲᠠᠪᠴᠠᠩ᠎ᠳᠤ᠎ᠬᠢ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠭᠴᠢ ᠵᠢᠨ ᠳᠡᠯᠭᠡᠭᠦᠷ᠎ᠲᠤ ᠬᠠᠪᠰᠤᠷᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠬᠡᠷᠡᠭᠯᠡᠭᠴᠢᠳ᠎ᠢ ᠲᠠᠳᠠᠬᠤ ᠪᠠ ᠲᠠᠨᠢᠯᠴᠠᠭᠤᠯᠭ᠎ᠠ ᠬᠢᠵᠦ᠂   ᠪᠤᠳᠠᠰ᠎ᠤᠨ ᠪᠤᠰᠤ   ᠰᠤᠶᠤᠯ᠎ᠤᠨ ᠦᠪ᠎ᠤᠨ ᠵᠠᠯᠭ᠋ᠠᠮᠵᠢᠯᠠᠭᠴᠢ ᠵᠢ ᠬᠠᠪᠰᠤᠷᠴᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠲᠦᠭᠡᠭᠳᠡᠬᠦᠨ᠎ᠢ ᠪᠤᠷᠤᠯᠠᠭᠤᠯᠪᠠ᠃ ᠥᠷᠭᠡᠨ ᠣᠯᠠᠨ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠦᠪ᠎ᠢ ᠰᠣᠨᠢᠷᠬᠠᠵᠤ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠷᠢᠳᠢ ᠰᠢᠳᠢ ᠵᠢ ᠤᠢ᠌ᠯᠠᠭ᠋ᠠᠬᠤ᠎ᠪᠠᠷ ᠪᠠᠷᠠᠬᠤ ᠦᠭᠡᠢ  《ᠪᠤᠳᠠᠰ᠎ᠤᠨ ᠪᠤᠰᠤ ᠰᠤᠶᠤᠯ᠎ᠤᠨ ᠦᠪ᠎ᠤᠨ ᠰᠤᠩᠭᠤᠮᠠᠯ ᠪᠠᠷᠠᠭ᠎ᠠ  》   ᠡᠭᠦᠯᠡᠨ ᠪᠣᠷᠣᠯᠠᠭᠤᠯᠭ᠎ᠠ ᠵᠢᠨ   ᠲᠠᠪᠴᠠᠩ ᠵᠶ᠋ᠠᠷ ᠳᠠᠮᠵᠢᠭᠤᠯᠤᠨ ᠡᠯ᠎ᠡ ᠲᠥᠷᠥᠯ᠎ᠤᠨ ᠭᠣᠶ᠋ᠢᠳᠠ ᠰᠠᠶ᠋ᠢᠬᠠᠨ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠲᠦᠭᠡᠭᠳᠡᠬᠦᠨ᠎ᠢ ᠬᠤᠳᠠᠯᠳᠤᠨ ᠠᠪᠴᠤ ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠯᠲᠠ ᠵᠢᠨ ᠲᠥᠪ
          
ᠬᠠᠮᠢᠶ᠎ᠡ ᠪᠦᠬᠦᠢ ᠰᠣᠨᠢᠨ
ᠪᠦᠬᠦ ᠪᠥᠮᠪᠥᠷᠴᠡᠭ᠎ᠤᠨ ᠬᠠᠮᠤᠭ᠎ᠤᠨ ᠶᠡᠬᠡ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠢᠩᠬᠢᠨᠢ᠎ᠪᠠᠷ ᠲᠣᠭᠲᠠᠪᠠ!
ᠣᠷᠣᠨ ᠪᠦᠰᠡ ᠪᠠ ᠪᠦᠬᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠭᠰᠠᠨ ᠲᠤᠬᠠᠢ ᠲᠠᠢ᠌ᠯᠤᠮᠵᠢ
ᠵᠧᠩ ᠳ᠋ᠦᠩ ᠪᠥᠸᠧ ᠪᠠᠶ᠋ᠢᠭᠤᠯᠭ᠎ᠠ ᠵᠢᠨ ᠨᠢᠭᠡᠳᠦᠭᠡᠷ ᠨᠠᠮ᠎ᠤᠨ ᠡᠭᠦᠷ᠎ᠤᠨ ᠰᠤᠷᠤᠯᠴᠠᠯᠭ᠎ᠠ ᠵᠢᠨ ᠬᠤᠷᠠᠯ᠎ᠳᠤ ᠣᠷᠣᠯᠴᠠᠵᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠳᠠᠭ᠋ᠠᠭᠤᠯᠤᠨ ᠰᠤᠷᠤᠯᠴᠠᠪᠠ
ᠪᠦ᠋ ᠰᠢᠶᠤᠤ ᠯᠢᠨ ᠤᠯᠠᠭ᠋ᠠᠨᠮᠥ᠋ᠴᠢᠷ᠎ᠤᠨ ᠭᠡᠰᠢᠭᠦᠳ᠎ᠢ ᠪᠣᠯᠭᠣᠭ᠋ᠠᠨ ᠲᠣᠬᠣᠨᠢᠭᠤᠯᠵᠤ ᠵᠢᠭ᠋ᠠᠵᠤ ᠭᠠᠷᠭ᠋ᠠᠬᠤ᠎ᠳᠤ᠎ᠪᠠᠨ᠄ ᠶᠡᠷᠦᠩᠬᠡᠶ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠭᠡᠬᠦ ᠡᠨᠡ ᠬᠦ᠌ ᠲᠤᠭ᠎ᠢ ᠨᠠᠩ ᠬᠡᠷᠡᠯ ᠭᠢᠯᠪᠠᠭ᠎ᠠ᠎ᠲᠠᠢ ᠨᠠᠮᠢᠷᠠᠭᠤᠯᠤᠭ᠋ᠠᠷᠠᠢ ᠭᠡᠪᠡ
ᠦᠪᠡᠷᠲᠡᠭᠡᠨ ᠵᠠᠰᠠᠬᠤ ᠣᠷᠤᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠤᠯ ᠳᠤᠭᠤᠶ᠋ᠢᠯᠠᠩ 11 ᠳ᠋ᠦ᠍ᠭᠡᠷ ᠤᠳᠠᠭ᠋ᠠᠨ᠎ᠤ ᠣᠨᠣᠯ᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠵᠢ ᠰᠣᠨᠣᠰᠪᠠ
 
            