ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠠᠷᠠᠳ᠎ᠤᠨ ᠪᠥᠵᠢᠭ᠎ᠤᠨ ᠤᠷᠤᠯᠳᠤᠭ᠋ᠠᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠭ᠋ᠠᠮᠵᠢᠯᠠᠨ ᠪᠠᠲᠠᠷᠠᠭᠤᠯᠤᠨ᠎ᠠ
ᠨᠡᠶᠢᠲᠡᠯᠡᠭᠰᠡᠨ ᠴᠠᠭ᠄ 2020-11-13

     11 ᠳ᠋ᠦ᠍ᠭᠡᠷ ᠰᠠᠷ᠎ᠠ ᠵᠢᠨ 7᠎ᠤ ᠣᠷᠣᠢ ᠵᠢᠨ 8 ᠴᠠᠭ᠎ᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠣᠤᠯᠯᠠᠨ ᠡᠷᠬᠢᠯᠡᠵᠦ᠂ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠠᠴᠠ ᠳᠠᠭ᠋ᠠᠭ᠋ᠠᠴᠢᠯᠠᠨ ᠡᠷᠭᠢᠯᠡᠭᠰᠡᠨ ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠠᠷᠠᠳ᠎ᠤᠨ ᠪᠥᠵᠢᠭ᠎ᠤᠨ ᠤᠷᠤᠯᠳᠤᠭ᠋ᠠᠨ᠎ᠨᠢ ᠠᠮᠵᠢᠯᠲᠠ᠎ᠲᠠᠢ ᠲᠡᠭᠦᠰᠪᠡ᠂ ᠤᠷᠤᠯᠳᠤᠭ᠋ᠠᠨ᠎ᠨᠢ 6 ᠡᠳᠦᠷ᠎ᠤᠨ ᠬᠤᠭᠤᠴᠠᠭ᠎ᠠ᠎ᠲᠠᠢ ᠶᠠᠪᠤᠭᠳᠠᠪᠠ  ᠃  



     《ᠬᠡᠢ ᠮᠣᠷᠢ》   ᠪᠦᠵᠢᠭ᠎ᠤᠨ ᠵᠦᠴᠦᠭᠡ ᠵᠢᠨ ᠵᠢᠷᠤᠭ



     《ᠷᠣᠮᠠᠨᠲ᠋ᠢᠭ ᠲᠠᠯ᠎ᠠ ᠨᠤᠲᠤᠭ》   ᠪᠦᠵᠢᠭ᠎ᠤᠨ ᠵᠦᠴᠦᠭᠡ ᠵᠢᠨ ᠵᠢᠷᠤᠭ  


      ᠵᠢᠷᠭᠤᠭ᠋ᠠᠨ ᠡᠳᠦᠷ᠎ᠤᠨ ᠲᠤᠷᠰᠢ᠂ ᠪᠦᠬᠦ ᠤᠯᠤᠰ ᠪᠦᠬᠦ ᠣᠷᠣᠨ᠎ᠠᠴᠠ ᠬᠦᠷᠦᠯᠴᠡᠨ ᠢᠷᠡᠭᠰᠡᠨ  57   ᠤᠷᠤᠯᠳᠤᠭ᠋ᠠᠨ᠎ᠤ ᠲᠤᠭᠤᠢ᠌ᠯᠠᠩ᠂ 《ᠮᠣᠩᠭᠣᠯ ᠮᠣᠷᠢ》 ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ᠂ 《ᠠᠷᠠᠳ ᠲᠦᠮᠡᠨ᠎ᠢ ᠳᠡᠭᠡᠳᠦᠯᠡᠬᠦ》 ᠠᠷᠠᠳ᠎ᠤᠨ ᠲᠥᠯᠥᠭᠡ ᠵᠢᠳᠬᠦᠬᠦ ᠬᠠᠶ᠋ᠢᠷ᠎ᠠ ᠰᠡᠳᠬᠢᠯᠭᠡ ᠵᠢ ᠪᠠᠲᠤ ᠰᠠᠬᠢᠵᠤ᠂ ᠦᠵᠡᠯ ᠰᠠᠨᠠᠭ᠎ᠠ ᠭᠦᠨᠵᠡᠭᠡᠶ᠂ ᠭᠤᠢ᠌ᠲᠠ ᠰᠠᠢ᠌ᠬᠠᠨ   ᠰᠢᠯᠢᠳᠡᠭ 100 ᠪᠥᠵᠢᠭ᠎ᠤᠨ ᠫᠷᠤᠭ᠌ᠷᠠᠮ᠎ᠨᠢ ᠦᠵᠡᠭᠴᠢᠳ᠎ᠲᠤ ᠭᠦᠨ ᠰᠠᠭᠤᠭᠳᠠᠯ ᠦᠯᠡᠳᠡᠭᠡᠨ᠂ ᠥᠪᠥᠷ ᠮᠣᠩᠭᠣᠯ᠎ᠤᠨ ᠬᠡᠪ ᠨᠠᠮᠪᠠ᠂ ᠥᠪᠥᠷ ᠮᠣᠩᠭᠣᠯ᠎ᠤᠨ ᠣᠮᠣᠭ ᠰᠦᠷ᠎ᠢ ᠤᠯᠠᠨ᠎ᠳᠤ ᠰᠤᠨᠢᠷᠬᠠᠭᠤᠯᠵᠤ ᠴᠢᠳᠠᠭᠰᠠᠨ ᠪᠠᠢ᠌ᠨ᠎ᠠ᠃ ᠤᠨᠴᠠᠭ᠋ᠠᠢ᠌ᠯᠠᠨ ᠦᠨᠳᠦᠰᠦᠨ ᠱᠠᠲᠤᠨ᠎ᠠᠴᠠ ᠢᠷᠡᠭᠰᠡᠨ ᠤᠯᠠᠭ᠋ᠠᠨᠮᠥ᠋ᠴᠢᠷ ᠶᠡᠷᠦᠩᠬᠡᠶ ᠱᠦᠵᠢ ᠰᠢ ᠵᠢᠨ ᠫᠢᠩ᠎ᠤᠨ ᠨᠠᠢ᠌ᠳᠠᠯᠭ᠎ᠠ ᠵᠢ ᠢᠮᠠᠭᠲᠠ ᠪᠠᠲᠤ ᠴᠡᠭᠡᠵᠢᠯᠡᠵᠦ᠂ ᠣᠯᠠᠨ ᠲᠦᠮᠡᠨ᠎ᠲᠠᠢ ᠣᠶ᠋ᠢᠷᠠᠲᠤᠭᠰᠠᠨ᠂ ᠤᠯᠠᠮᠵᠢᠯᠠᠵᠤ ᠦᠯᠡᠳᠡᠭᠳᠡᠵᠦ ᠲᠡᠢ᠌ᠯᠬᠦ ᠭᠣᠴᠣ ᠰᠠᠶ᠋ᠢᠬᠠᠨ ᠫᠷᠤᠭ᠌ᠷᠠᠮ᠎ᠢ ᠵᠤᠬᠢᠶᠠᠨ ᠪᠦᠲᠦᠭᠡᠵᠦ᠂ 《ᠲᠠᠯ᠎ᠠ ᠨᠤᠲᠤᠭ᠎ᠤᠨ ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠭᠡᠬᠦ ᠨᠡᠷ᠎ᠡ ᠨᠢᠳᠡᠷ᠎ᠲᠤ᠎ᠪᠠᠨ ᠨᠡᠢ᠌ᠴᠡᠭᠰᠡᠨ ᠶᠤᠮ  ᠃  


 
    《ᠱᠠᠭ᠎ᠠ   ᠱᠠᠭ᠎ᠠ》   ᠪᠦᠵᠢᠭ᠎ᠤᠨ ᠵᠦᠴᠦᠭᠡ ᠵᠢᠨ ᠵᠢᠷᠤᠭ



    《ᠶᠤᠬᠤᠷ》   ᠪᠦᠵᠢᠭ᠎ᠤᠨ ᠵᠦᠴᠦᠭᠡ ᠵᠢᠨ ᠵᠢᠷᠤᠭ


      ᠬᠤᠷᠴᠠ ᠰᠢᠷᠦᠭᠦᠨ ᠥᠷᠢᠰᠥᠯᠳᠦᠭᠡᠨ ᠵᠶ᠋ᠠᠷ ᠳᠡᠮᠵᠢᠨ᠂ ᠲᠤᠰᠬᠠᠶ ᠮᠡᠷᠭᠡᠵᠢᠯ᠎ᠤᠨ ᠳᠤᠭᠤᠶ᠋ᠢᠯᠠᠩ᠎ᠤᠨ ᠣᠯᠠᠨ ᠬᠦᠮᠦᠨ᠎ᠤ ᠪᠥᠵᠢᠭ᠂ ᠲᠤᠰᠬᠠᠶ ᠮᠡᠷᠭᠡᠵᠢᠯ᠎ᠤᠨ ᠳᠤᠭᠤᠶ᠋ᠢᠯᠠᠩ᠎ᠤᠨ ᠭᠤᠴᠤᠯᠠᠯ ᠪᠥᠵᠢᠭ᠂ ᠬᠤᠤᠰᠯᠠᠯ ᠪᠥᠵᠢᠭ᠂ ᠭᠤᠷᠪᠠᠨ ᠬᠥᠮᠦᠨ᠎ᠤ ᠪᠥᠵᠢᠭ  ᠂ ᠲᠤᠰᠬᠠᠶ ᠮᠡᠷᠭᠡᠵᠢᠯ᠎ᠤᠨ ᠪᠤᠰᠤ ᠳᠤᠭᠤᠶ᠋ᠢᠯᠠᠩ ᠵᠢᠴᠢ ᠤᠯᠠᠮᠵᠢᠯᠠᠨ ᠵᠠᠯᠭ᠋ᠠᠮᠵᠢᠯᠠᠬᠤ ᠱᠠᠩᠨᠠᠯ᠂ ᠰᠢᠯᠭ᠋ᠠᠷᠠᠭᠤᠯᠬᠤ ᠺᠣᠮᠢᠰ᠎ᠤᠨ ᠣᠨᠴᠠᠭ᠋ᠠᠶ ᠱᠠᠩᠨᠠᠯ᠂ ᠰᠢᠯᠢᠳᠡᠭ ᠵᠣᠬᠢᠶᠠᠨ ᠪᠠᠶ᠋ᠢᠭᠤᠯᠤᠯᠲᠠ ᠵᠢᠨ ᠱᠠᠩᠨᠠᠯ᠂ ᠠᠶ᠎ᠠ ᠵᠤᠬᠢᠶᠠᠭᠴᠢ ᠵᠢᠨ ᠱᠠᠩᠨᠠᠯ᠂ ᠬᠤᠪᠴᠠᠰᠤᠨ᠎ᠤ ᠬᠢᠴᠡ ᠵᠢᠨ ᠱᠠᠩᠨᠠᠯ ᠵᠡᠷᠭᠡ ᠣᠯᠠᠨ ᠲᠥᠷᠥᠯ᠎ᠤᠨ ᠳᠠᠩ ᠲᠥᠷᠥᠯ᠎ᠤᠨ ᠱᠠᠩᠨᠠᠯ᠎ᠢ ᠰᠢᠯᠭ᠋ᠠᠷᠠᠭᠤᠯᠪᠠ᠃   ᠲᠤᠰ ᠤᠳᠠᠭ᠋ᠠᠨ᠎ᠤ ᠤᠷᠤᠯᠳᠤᠭ᠋ᠠᠨ ᠵᠶ᠋ᠠᠷ ᠳᠠᠮᠵᠢᠨ ᠵᠣᠬᠢᠶᠠᠨ ᠪᠦᠲᠦᠭᠡᠬᠦ᠂ ᠲᠣᠭᠯᠠᠯᠲᠠ ᠵᠢᠨ ᠴᠢᠳᠠᠪᠤᠷᠢᠲᠠᠨ᠎ᠢ ᠬᠥᠮᠦᠵᠢᠭᠦᠯᠵᠦ᠂ ᠮᠠᠨ᠎ᠤ ᠣᠷᠣᠨ᠎ᠤ ᠠᠷᠠᠳ᠎ᠤᠨ ᠪᠥᠵᠢᠭ᠎ᠤᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠪᠠᠳᠠᠷᠠᠭᠤᠯᠵᠤ᠂ ᠥᠪᠥᠷ ᠮᠤᠩᠭᠤᠯ᠎ᠤᠨ ᠠᠷᠠᠳ᠎ᠤᠨ ᠪᠥᠵᠢᠭ᠎ᠤᠨ ᠤᠷᠠᠯᠢᠭ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ᠎ᠳᠤ ᠪᠠᠲᠤ ᠪᠡᠬᠢ ᠰᠠᠭᠤᠷᠢ ᠲᠠᠯᠪᠢᠵᠦ ᠦᠭᠭᠦᠭᠰᠡᠨ ᠪᠠᠢ᠌ᠨ᠎ᠠ  ᠃

ᠢᠷᠡᠯᠲᠡ᠄ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠲᠡᠯᠭᠡᠭᠳᠡᠯ᠎ᠡ
ᠪᠦᠬᠦ ᠪᠥᠮᠪᠥᠷᠴᠡᠭ᠎ᠤᠨ ᠬᠠᠮᠤᠭ᠎ᠤᠨ ᠶᠡᠬᠡ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠢᠩᠬᠢᠨᠢ᠎ᠪᠠᠷ ᠲᠣᠭᠲᠠᠪᠠ!
ᠣᠷᠣᠨ ᠪᠦᠰᠡ ᠪᠠ ᠪᠦᠬᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠭᠰᠠᠨ ᠲᠤᠬᠠᠢ ᠲᠠᠢ᠌ᠯᠤᠮᠵᠢ
ᠵᠧᠩ ᠳ᠋ᠦᠩ ᠪᠥᠸᠧ ᠪᠠᠶ᠋ᠢᠭᠤᠯᠭ᠎ᠠ ᠵᠢᠨ ᠨᠢᠭᠡᠳᠦᠭᠡᠷ ᠨᠠᠮ᠎ᠤᠨ ᠡᠭᠦᠷ᠎ᠤᠨ ᠰᠤᠷᠤᠯᠴᠠᠯᠭ᠎ᠠ ᠵᠢᠨ ᠬᠤᠷᠠᠯ᠎ᠳᠤ ᠣᠷᠣᠯᠴᠠᠵᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠳᠠᠭ᠋ᠠᠭᠤᠯᠤᠨ ᠰᠤᠷᠤᠯᠴᠠᠪᠠ
ᠪᠦ᠋ ᠰᠢᠶᠤᠤ ᠯᠢᠨ ᠤᠯᠠᠭ᠋ᠠᠨᠮᠥ᠋ᠴᠢᠷ᠎ᠤᠨ ᠭᠡᠰᠢᠭᠦᠳ᠎ᠢ ᠪᠣᠯᠭᠣᠭ᠋ᠠᠨ ᠲᠣᠬᠣᠨᠢᠭᠤᠯᠵᠤ ᠵᠢᠭ᠋ᠠᠵᠤ ᠭᠠᠷᠭ᠋ᠠᠬᠤ᠎ᠳᠤ᠎ᠪᠠᠨ᠄ ᠶᠡᠷᠦᠩᠬᠡᠶ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠭᠡᠬᠦ ᠡᠨᠡ ᠬᠦ᠌ ᠲᠤᠭ᠎ᠢ ᠨᠠᠩ ᠬᠡᠷᠡᠯ ᠭᠢᠯᠪᠠᠭ᠎ᠠ᠎ᠲᠠᠢ ᠨᠠᠮᠢᠷᠠᠭᠤᠯᠤᠭ᠋ᠠᠷᠠᠢ ᠭᠡᠪᠡ
 
            