ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠵᠧᠩ ᠳ᠋ᠦᠩ ᠪᠥᠸᠧ ᠪᠠᠶ᠋ᠢᠭᠤᠯᠭ᠎ᠠ ᠵᠢᠨ ᠨᠢᠭᠡᠳᠦᠭᠡᠷ ᠨᠠᠮ᠎ᠤᠨ ᠡᠭᠦᠷ᠎ᠤᠨ ᠰᠤᠷᠤᠯᠴᠠᠯᠭ᠎ᠠ ᠵᠢᠨ ᠬᠤᠷᠠᠯ᠎ᠳᠤ ᠣᠷᠣᠯᠴᠠᠵᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠳᠠᠭ᠋ᠠᠭᠤᠯᠤᠨ ᠰᠤᠷᠤᠯᠴᠠᠪᠠ
ᠨᠡᠶᠢᠲᠡᠯᠡᠭᠰᠡᠨ ᠴᠠᠭ᠄ 2020-11-13

     11 ᠳ᠋ᠦ᠍ᠭᠡᠷ ᠰᠠᠷ᠎ᠠ ᠵᠢᠨ 7᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠪᠠᠶ᠋ᠢᠭᠤᠯᠭ᠎ᠠ ᠵᠢᠨ ᠨᠢᠭᠡᠳᠦᠭᠡᠷ ᠨᠠᠮ᠎ᠤᠨ ᠡᠭᠦᠷ᠎ᠤᠨ ᠰᠤᠷᠤᠯᠴᠠᠬᠤ ᠬᠤᠷᠠᠯ᠎ᠳᠤ ᠣᠷᠣᠯᠴᠠᠵᠤ᠂ ᠤᠤᠯ ᠵᠣᠬᠢᠶᠠᠯ᠎ᠢ ᠤᠯᠠᠮᠵᠢᠯᠠᠬᠤ ᠪᠠ ᠭᠣᠤᠯᠳᠠᠯᠭ᠎ᠠ ᠵᠢ ᠲᠠᠶ᠋ᠢᠯᠪᠤᠷᠢᠯᠠᠬᠤ ᠵᠢ ᠤᠶᠠᠯᠳᠤᠭᠤᠯᠬᠤ ᠠᠷᠭ᠎ᠠ᠎ᠪᠠᠷ ᠳᠠᠮᠵᠢᠭᠤᠯᠤᠨ᠂ ᠨᠢᠭᠡᠳᠦᠭᠡᠷ ᠨᠠᠮ᠎ᠤᠨ ᠡᠭᠦᠷ᠎ᠤᠨ ᠨᠠᠮ᠎ᠤᠨ ᠭᠡᠰᠢᠭᠦᠳ᠎ᠢ ᠳᠠᠭ᠋ᠠᠭᠤᠯᠤᠨ ᠶᠡᠷᠦᠩᠬᠡᠶ ᠱᠦᠵᠢ ᠰᠢ ᠵᠢᠨ ᠫᠢᠩ᠎ᠤᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ   ᠰᠠᠨᠠᠭᠤᠯᠭ᠎ᠠ》 ᠵᠢᠨ ᠲᠣᠳᠣᠷᠬᠠᠶ᠋ᠢᠯᠠᠯᠲᠠ ᠵᠢ   ᠬᠦᠨᠵᠡᠭᠡᠢ᠌ᠷᠡᠭᠦᠯᠦᠨ ᠰᠤᠷᠤᠯᠴᠠᠪᠠ᠃



      ᠵᠧᠩ ᠳ᠋ᠦᠩ ᠪᠥᠸᠧ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ᠎ᠨᠢ 《ᠰᠠᠨᠠᠭᠤᠯᠭ᠎ᠠ》 ᠵᠢ ᠲᠣᠭᠲᠠᠭ᠋ᠠᠬᠤ ᠭᠣᠤᠯ ᠪᠣᠳᠤᠯᠬᠢᠯᠠᠯ᠂ ᠲᠣᠪᠣᠶ᠋ᠢᠮ᠎ᠠ ᠣᠨᠴᠠᠯᠢᠭ ᠪᠠ ᠴᠢᠬᠤᠯᠠ ᠠᠭᠤᠯᠭ᠎ᠠ ᠵᠢ ᠭᠦᠨᠵᠡᠭᠡᠶ ᠲᠣᠳᠣᠷᠬᠠᠶ᠋ᠢᠯᠠᠨ ᠥᠭᠦᠯᠡᠪᠡ᠃ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠣᠭᠤᠷᠢᠨ᠎ᠳᠤ ᠠᠯᠢ ᠤᠯᠠᠨ ᠴᠢᠭᠯᠡᠯ᠎ᠤᠨ ᠴᠢᠨᠠᠷᠲᠠᠶ᠂ ᠦᠨᠳᠦᠰᠦᠨ ᠴᠢᠨᠠᠷᠲᠠᠶ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠴᠢᠬᠤᠯᠠ ᠶᠡᠬᠡ ᠠᠰᠠᠭᠤᠳᠠᠯ᠎ᠤᠳ᠎ᠢ ᠰᠢᠨᠵᠢᠯᠡᠬᠦ ᠤᠬᠠᠭ᠋ᠠᠨᠴᠢ᠎ᠪᠠᠷ ᠬᠠᠷᠢᠭᠤᠯᠪᠠ᠃ ᠶᠠᠷᠢᠶ᠎ᠠ᠎ᠨᠢ ᠪᠦᠬᠦ ᠲᠠᠯ᠎ᠠ ᠵᠢ ᠶᠡᠷᠦᠩᠬᠡᠶ᠋ᠢᠯᠡᠨ ᠬᠠᠮᠤᠷᠴᠤ᠂ ᠶᠡᠬᠡ ᠲᠠᠯ᠎ᠠ ᠵᠢ ᠡᠵᠡᠮᠳᠡᠨ᠂ ᠪᠣᠳᠠᠲᠤ ᠠᠬᠤᠶ᠎ᠳᠤ ᠰᠠᠭᠤᠷᠢᠯᠠᠵᠤ᠂ ᠠᠯᠤᠰ ᠬᠡᠳᠦ ᠵᠢ ᠪᠣᠳᠤᠯᠬᠢᠯᠠᠨ᠂ ᠪᠦᠲᠦᠭᠡᠯᠴᠢ ᠴᠢᠨᠠᠷᠲᠠᠢ᠎ᠪᠠᠷ ᠮᠠᠰᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠰᠢᠨ᠎ᠡ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠪᠠ᠃ ᠡᠨᠡ᠎ᠨᠢ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭ᠋ᠠᠴᠢ ᠴᠢᠨᠠᠷ᠂ ᠤᠨᠤᠯᠴᠢ ᠴᠢᠨᠠᠷ᠂ ᠵᠢᠯᠣᠭᠣᠳᠬᠤ ᠴᠢᠨᠠᠷ᠎ᠲᠠᠢ   ᠪᠠᠢ᠌ᠵᠤ᠂ ᠪᠢᠳᠡᠨ᠎ᠤ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠎ᠠ》 ᠴᠠᠭ᠋ᠠᠰᠢᠯᠠᠪᠠᠯ ᠨᠡᠩ ᠤᠷᠳᠤ ᠬᠤᠭᠤᠴᠠᠭ᠋ᠠᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠢ ᠰᠠᠶ᠋ᠢᠲᠤᠷ ᠬᠢᠬᠦ᠎ᠳᠤ ᠰᠢᠨᠵᠢᠯᠡᠬᠦ ᠤᠬᠠᠭ᠋ᠠᠨᠴᠢ ᠵᠦᠭᠯᠡᠭᠦᠷ ᠪᠠ ᠦᠨᠳᠦᠰᠦᠨ ᠵᠢᠷᠤᠮᠯᠠᠯ   ᠬᠠᠨᠭ᠌ᠭ᠋ᠠᠵᠠᠢ ᠭᠡᠵᠦ ᠵᠢᠭ᠋ᠠᠵᠤ ᠭᠠᠷᠭ᠋ᠠᠪᠠ᠃
      ᠵᠧᠩ ᠳ᠋ᠦᠩ ᠪᠥᠸᠧ᠂ ᠠᠯᠪᠠᠨ ᠭᠡᠷ᠎ᠨᠢ ᠪᠠᠶ᠋ᠢᠭᠤᠯᠭ᠎ᠠ ᠵᠢᠨ ᠨᠢᠭᠡᠳᠦᠯᠲᠡᠶ ᠲᠥᠯᠥᠪᠯᠡᠬᠦ ᠲᠥᠪ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠤᠯᠤᠰ ᠲᠥᠷᠥ ᠵᠢᠨ ᠡᠭᠦᠷᠭᠡ᠎ᠪᠠᠨ ᠪᠣᠯᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠬᠢᠭᠡᠳ 《ᠰᠠᠨᠠᠭᠤᠯᠭ᠎ᠠ》 ᠵᠢᠨ ᠲᠣᠭᠤᠷᠢᠨ᠎ᠳᠤ᠂ ᠲᠡᠷᠡ ᠶᠣᠰᠤᠭ᠋ᠠᠷ᠎ᠨᠢ᠂ ᠪᠦᠬᠦ ᠲᠠᠯ᠎ᠠ᠎ᠪᠠᠷ ᠰᠢᠰᠲ᠋ᠧᠮ᠎ᠲᠠᠢ᠎ᠪᠠᠷ ᠰᠤᠷᠤᠯᠴᠠᠵᠤ᠂ ᠵᠣᠷᠢᠭ ᠰᠠᠨᠠᠭ᠋ᠠᠨ᠎ᠤ ᠮᠥᠨ ᠴᠢᠨᠠᠷ᠎ᠢ ᠨᠡᠪᠲᠡᠷᠬᠡᠢ ᠣᠢ᠌ᠯᠠᠭ᠋ᠠᠨ᠂ ᠭᠣᠣᠯ ᠠᠭᠤᠯᠭ᠎ᠠ ᠰᠠᠨᠠᠭ᠎ᠠ ᠵᠢ᠎ᠨᠢ ᠡᠵᠡᠮᠰᠢᠬᠦ ᠬᠡᠷᠡᠭᠲᠡᠢ᠃ ᠰᠤᠷᠤᠯᠴᠠᠬᠤ ᠲᠥᠯᠥᠪᠯᠡᠭᠡ ᠲᠣᠭᠲᠠᠭ᠋ᠠᠬᠤ ᠬᠡᠷᠡᠭᠲᠡᠢ᠃ ᠪᠠᠶ᠋ᠢᠩᠭᠤ ᠰᠤᠷᠤᠯᠴᠠᠬᠤ᠂ ᠤᠳᠠᠭ᠋ᠠᠨ ᠳᠠᠭ᠋ᠠᠭ᠋ᠠᠮᠠᠭ᠋ᠠᠶ ᠰᠤᠷᠤᠯᠴᠠᠬᠤ ᠵᠢ ᠪᠠᠷᠢᠮᠲᠠᠯᠠᠨ᠂ ᠤᠷᠢᠳ ᠵᠶ᠋ᠡᠷ ᠨᠢᠭᠡ ᠠᠯᠬᠤᠮ ᠰᠤᠷᠤᠯᠴᠠᠵᠤ᠂ ᠨᠢᠭᠡ ᠳᠡᠰ ᠭᠦᠨᠵᠡᠭᠡᠶ ᠰᠤᠷᠤᠯᠴᠠᠨ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ ᠵᠶ᠋ᠡᠨ ᠪᠠᠳᠠᠷᠠᠭᠤᠯᠵᠤ᠂ ᠲᠢᠩᠬᠢᠮ᠎ᠤᠨ ᠪᠠᠢ᠌ᠭᠤᠯᠭ᠎ᠠ ᠵᠢ ᠳᠠᠶ᠋ᠢᠴᠢᠯᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠬᠠᠯᠠᠭᠤᠨ ᠥᠷᠨᠢᠯᠲᠡ ᠵᠢ ᠬᠦᠭᠵᠢᠭᠡᠬᠦ ᠬᠡᠷᠡᠭᠲᠡᠶ᠃ ᠰᠤᠷᠤᠯᠴᠠᠬᠤ ᠬᠡᠯᠪᠡᠷᠢ᠎ᠪᠠᠨ ᠪᠠᠶᠠᠯᠢᠭᠵᠢᠭᠤᠯᠬᠤ ᠬᠡᠷᠡᠭᠲᠡᠢ᠃ ᠤᠭ ᠵᠣᠬᠢᠶᠠᠯ᠎ᠢ ᠤᠨᠭ᠌ᠰᠢᠵᠤ ᠤᠭ ᠵᠣᠬᠢᠶᠠᠯ᠎ᠢ ᠰᠤᠷᠤᠯᠴᠠᠬᠤ ᠠᠵᠢᠯ᠎ᠢ ᠭᠦᠢ᠍ᠴᠡᠳ ᠥᠷᠨᠢᠭᠦᠯᠦᠭᠰᠡᠨ ᠰᠠᠭᠤᠷᠢᠨ ᠳᠡᠭᠡᠷ᠎ᠡ᠂ ᠤᠳᠤᠷᠢᠳᠤᠯᠭ᠎ᠠ ᠳᠠᠭ᠋ᠠᠭᠤᠯᠤᠨ ᠰᠤᠷᠤᠯᠴᠠᠬᠤ᠂ ᠨᠠᠮ᠎ᠤᠨ ᠡᠭᠦᠷ ᠰᠤᠳᠤᠯᠤᠨ ᠶᠠᠷᠢᠯᠴᠠᠬᠤ᠂ ᠦᠨᠳᠦᠰᠦᠨ ᠱᠠᠲᠤᠨ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠂ ᠲᠤᠰᠬᠠᠶ ᠮᠡᠷᠭᠡᠵᠢᠯᠲᠡᠨ ᠡᠷᠳᠡᠮᠲᠡᠨ᠎ᠢ ᠤᠷᠢᠨ ᠬᠠᠪᠰᠤᠷᠤᠨ ᠵᠢᠯᠤᠭᠤᠳᠤᠭᠤᠯᠬᠤ ᠵᠡᠷᠭᠡ ᠠᠷᠭ᠎ᠠ ᠠᠪᠴᠠᠯ ᠵᠶ᠋ᠠᠷ ᠳᠠᠮᠵᠢᠭᠤᠯᠤᠨ ᠰᠤᠷᠤᠯᠴᠠᠭᠰᠠᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠬᠡᠷᠡᠭᠲᠡᠶ᠃ ᠣᠨᠣᠯ᠎ᠢ ᠪᠣᠳᠠᠲᠤ᠎ᠲᠠᠢ ᠤᠶᠠᠯᠳᠤᠭᠤᠯᠬᠤ ᠬᠡᠷᠡᠭᠲᠡᠢ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠬᠡᠷᠡᠭᠯᠡᠨ ᠰᠣᠶᠣᠯ ᠪᠠ ᠵᠢᠭᠤᠯᠴᠢᠯᠠᠯ᠎ᠤᠨ ᠠᠵᠢᠯ᠎ᠢ ᠵᠢᠯᠣᠭᠣᠳᠬᠤ ᠳᠡᠭᠡᠷ᠎ᠡ ᠬᠦᠴᠦ᠎ᠪᠠᠨ ᠲᠠᠯᠪᠢᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠦᠨᠡᠨ ᠬᠦ᠌ ᠰᠣᠶᠣᠯ ᠪᠠ ᠵᠢᠭᠤᠯᠴᠢᠯᠠᠯ᠎ᠤᠨ ᠠᠵᠢᠯ᠎ᠢ ᠲᠦᠯᠬᠢᠨ ᠠᠬᠢᠭᠤᠯᠬᠤ ᠡᠭᠦᠰᠦᠯᠲᠡ᠂ ᠬᠦᠴᠦᠯᠡᠬᠦ ᠴᠡᠭ ᠪᠣᠯᠭ᠋ᠠᠨ ᠬᠤᠪᠢᠷᠠᠭᠤᠯᠬᠤ ᠬᠡᠷᠡᠭᠲᠡᠶ᠃ ᠠᠯᠪᠠᠨ ᠭᠡᠷ᠎ᠤᠨ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠶ ᠲᠥᠯᠥᠪᠯᠡᠬᠦ ᠰᠡᠳᠬᠢᠴᠡ ᠪᠠ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠵᠤ᠂ ᠪᠢᠳᠡᠨ᠎ᠤ ᠡᠯ᠎ᠡ ᠵᠦᠢ᠍ᠯ᠎ᠤᠨ ᠠᠵᠢᠯ ᠵᠶ᠋ᠠᠨ ᠥᠷᠨᠢᠭᠦᠯᠬᠦ ᠵᠢᠯᠣᠭᠣᠳᠤᠮᠵᠢ ᠪᠠ ᠵᠢᠷᠤᠮᠯᠠᠯ ᠪᠣᠯᠭ᠋ᠠᠬᠤ ᠬᠡᠷᠡᠭᠲᠡᠶ᠃ ᠤᠯᠤᠰ ᠲᠥᠷᠥ ᠵᠢᠨ ᠬᠡᠪ ᠪᠣᠯᠪᠠᠰᠤᠷᠠᠯ ᠵᠶ᠋ᠡᠨ ᠳᠡᠭᠡᠭᠰᠢᠯᠡᠭᠦᠯᠬᠦ ᠬᠡᠷᠡᠭᠲᠡᠢ᠃ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠠᠵᠠ ᠲᠣᠬᠢᠶᠠᠯ᠎ᠢ ᠭᠦᠢ᠍ᠴᠡᠳ ᠠᠰᠢᠭᠯᠠᠨ᠂ ᠨᠠᠮ᠎ᠤᠨ ᠡᠭᠦᠷ᠎ᠤᠨ ᠨᠠᠮ᠎ᠤᠨ ᠭᠡᠰᠢᠭᠦᠳ᠎ᠤᠨ ᠤᠯᠤᠰ ᠲᠥᠷᠥ ᠵᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠤᠯᠤᠰ ᠲᠥᠷᠥ ᠵᠢᠨ ᠦᠨᠳᠦᠷᠴᠡ᠎ᠠᠴᠠ ᠠᠰᠠᠭᠤᠳᠠᠯ᠎ᠢ ᠲᠠᠨᠢᠬᠤ᠂ ᠠᠰᠠᠭᠤᠳᠠᠯ᠎ᠢ ᠵᠠᠳᠠᠯᠬᠤ᠂ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ ᠪᠣᠯᠤᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠺᠠᠳ᠋ᠷ᠎ᠤᠨ ᠪᠣᠢ᠌ᠵᠢᠯᠲᠠ ᠲᠠᠪᠰᠢᠯᠲᠠ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠦ᠋ ᠰᠢᠶᠤᠤ ᠯᠢᠨ ᠤᠯᠠᠭ᠋ᠠᠨᠮᠥ᠋ᠴᠢᠷ᠎ᠤᠨ ᠭᠡᠰᠢᠭᠦᠳ᠎ᠢ ᠪᠣᠯᠭᠣᠭ᠋ᠠᠨ ᠲᠣᠬᠣᠨᠢᠭᠤᠯᠵᠤ ᠵᠢᠭ᠋ᠠᠵᠤ ᠭᠠᠷᠭ᠋ᠠᠬᠤ᠎ᠳᠤ᠎ᠪᠠᠨ᠄ ᠶᠡᠷᠦᠩᠬᠡᠶ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠭᠡᠬᠦ ᠡᠨᠡ ᠬᠦ᠌ ᠲᠤᠭ᠎ᠢ ᠨᠠᠩ ᠬᠡᠷᠡᠯ ᠭᠢᠯᠪᠠᠭ᠎ᠠ᠎ᠲᠠᠢ ᠨᠠᠮᠢᠷᠠᠭᠤᠯᠤᠭ᠋ᠠᠷᠠᠢ ᠭᠡᠪᠡ
ᠦᠪᠡᠷᠲᠡᠭᠡᠨ ᠵᠠᠰᠠᠬᠤ ᠣᠷᠤᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠤᠯ ᠳᠤᠭᠤᠶ᠋ᠢᠯᠠᠩ 11 ᠳ᠋ᠦ᠍ᠭᠡᠷ ᠤᠳᠠᠭ᠋ᠠᠨ᠎ᠤ ᠣᠨᠣᠯ᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠵᠢ ᠰᠣᠨᠣᠰᠪᠠ
ᠪᠦᠬᠦ ᠤᠯᠤᠰ᠎ᠤᠨ ᠠᠩᠬᠠᠳᠠᠭᠴᠢ ᠪᠦᠯᠦᠭ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠡᠷᠡᠭ᠎ᠢ ᠲᠥᠪᠯᠡᠷᠡᠭᠦᠯᠦᠨ ᠰᠢᠢ᠍ᠳᠪᠦᠷᠢᠯᠡᠬᠦ ᠵᠢᠴᠢ ᠭᠡᠷᠡᠭ ᠵᠶ᠋ᠠᠷ ᠪᠣᠯᠪᠠᠰᠤᠷᠠᠯ ᠬᠢᠬᠦ ᠠᠵᠢᠯᠯᠠᠭ᠎ᠠ (ᠥᠪᠥᠷ ᠮᠣᠩᠭᠣᠯ ᠲᠣᠭᠣᠷᠢᠭ) ᠬᠥᠬᠡᠬᠣᠲᠠ᠎ᠳᠤ ᠲᠡᠭᠦᠰ ᠠᠮᠵᠢᠯᠲᠠ᠎ᠲᠠᠢ ᠦᠨᠳᠦᠷᠯᠡᠪᠡ
ᠠᠩᠬᠠᠳᠤᠭ᠋ᠠᠷ ᠬᠤᠭᠤᠴᠠᠭ᠋ᠠᠨ᠎ᠤ 《ᠰᠠᠶ᠋ᠢᠨ ᠳᠤᠷᠠᠴᠤᠳ᠎ᠤᠨ ᠣᠳᠣᠨ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠠᠶ᠋ᠢᠨ ᠲᠤᠷᠠᠴᠤᠳ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠲᠡᠭᠦᠰ ᠠᠮᠵᠢᠯᠲᠠ᠎ᠲᠠᠢ ᠥᠨᠳᠥᠷᠯᠡᠪᠡ
ᠰᠣᠶᠣᠯ ᠪᠠ ᠵᠢᠭᠤᠯᠴᠢᠯᠠᠯ᠎ᠤᠨ ᠶᠠᠮᠤᠨ ᠬᠠᠳᠤᠨ ᠭᠣᠣᠯ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ ᠬᠦᠭᠵᠢᠭᠦᠯᠬᠦ ᠰᠠᠭᠤᠳᠠᠯ᠎ᠤᠨ ᠬᠤᠷᠠᠯ ᠬᠤᠷᠠᠯᠳᠤᠭᠤᠯᠪᠠ
 
            