
11 ᠳ᠋ᠦ᠍ᠭᠡᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯ ᠳᠤᠭᠤᠶ᠋ᠢᠯᠠᠩ᠎ᠤᠨ 2020 ᠣᠨ᠎ᠤ 11 ᠳ᠋ᠦ᠍ᠭᠡᠷ ᠤᠳᠠᠭ᠋ᠠᠨ᠎ᠤ ᠤᠨᠤᠯ᠎ᠤᠨ ᠰᠤᠷᠤᠯᠴᠠᠯᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ᠃ ᠥᠪᠥᠷ ᠮᠣᠩᠭᠣᠯ᠎ᠤᠨ ᠰᠤᠳᠤᠯᠤᠯ᠎ᠤᠨ ᠨᠡᠶ᠋ᠢᠭᠡᠮᠯᠢᠭ᠎ᠤᠨ ᠳᠠᠷᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠣᠯᠪᠣᠭ᠎ᠠ ᠵᠢᠨ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠬᠤ᠌ ᠢ ᠬᠤᠸᠠ ᠫᠷᠤᠹᠸᠰᠰᠤᠷ᠎ᠢ ᠤᠷᠢᠭ᠋ᠠᠳ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠲᠤᠰᠬᠠᠢ ᠰᠡᠳᠦᠪᠲᠦ ᠮᠡᠳᠡᠭᠦᠯᠦᠯᠲᠡ ᠬᠢᠯᠭᠡᠪᠡ᠃

ᠫᠷᠤᠹᠧᠰᠰᠤᠷ ᠬᠤ᠌ ᠢ ᠬᠤᠸᠠ 《ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠲᠠᠪᠤᠳᠤᠭ᠋ᠠᠷ ᠪᠦᠭᠦᠳᠡ ᠬᠤᠷᠠᠯ ᠪᠢᠳᠡᠨ᠎ᠳᠤ ᠶᠠᠮᠠᠷ ᠰᠢᠨ᠎ᠡ ᠵᠠᠩᠭᠢ ᠳᠠᠮᠵᠢᠭᠤᠯᠤᠭᠰᠠᠨ ᠪᠤᠢ》 ᠭᠣᠣᠯ ᠰᠡᠳᠦᠪ᠎ᠤᠨ ᠲᠣᠭᠤᠷᠢᠨ᠎ᠳᠤ᠂ ᠪᠥᠬᠥᠳᠡ ᠬᠤᠷᠠᠯ᠎ᠤᠨ ᠳᠦᠷᠢᠮ᠎ᠤᠨ ᠴᠢᠨᠠᠷᠲᠠᠶ ᠲᠣᠬᠢᠷᠠᠭᠤᠯᠤᠯᠲᠠ ᠵᠢ ᠨᠠᠷᠢᠨ ᠲᠠᠨᠢᠯᠴᠠᠭᠤᠯᠵᠤ᠂ ᠬᠥᠭᠵᠢᠯᠲᠡ ᠵᠢᠨ ᠪᠠᠢ᠌ᠳᠠᠯ᠂ ᠬᠥᠭᠵᠢᠯᠲᠡ ᠵᠢᠨ ᠬᠠᠷᠠᠯᠲᠠ᠂ ᠬᠥᠭᠵᠢᠯᠲᠡ ᠵᠢᠨ ᠪᠠᠶ᠋ᠢᠷᠢᠰᠢᠯ᠂ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠂ ᠬᠥᠭᠵᠢᠯᠲᠡ ᠵᠢᠨ ᠱᠠᠭ᠋ᠠᠷᠳᠠᠯᠭ᠎ᠠ ᠪᠠ ᠬᠥᠭᠵᠢᠯᠲᠡ ᠵᠢᠨ ᠪᠠᠲᠤᠯᠠᠭ᠎ᠠ ᠭᠡᠬᠦ ᠵᠢᠷᠭᠤᠭ᠋ᠠᠨ ᠲᠠᠯ᠎ᠠ᠎ᠠᠴᠠ ᠭᠠᠷᠳᠠᠵᠤ ᠪᠦᠬᠦ ᠲᠠᠯ᠎ᠠ ᠵᠢᠨ ᠲᠠᠶ᠋ᠢᠯᠤᠮᠵᠢ ᠬᠢᠭᠰᠡᠨ᠎ᠤ ᠬᠠᠮᠲᠤ᠂ ᠣᠨᠣᠯ᠎ᠢ ᠪᠤᠲᠠᠲᠠᠢ᠎ᠲᠠᠢ ᠤᠶᠠᠯᠳᠤᠭᠤᠯᠵᠤ᠂ ᠣᠳᠣᠬᠠᠨ᠎ᠤ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢᠨ ᠶᠠᠪᠤᠴᠠ᠎ᠳᠤ ᠭᠠᠷᠤᠭᠰᠠᠨ ᠵᠠᠷᠢᠮ ᠠᠰᠠᠭᠤᠳᠠᠯ ᠪᠠ ᠪᠠᠢ᠌ᠳᠠᠯ᠎ᠳᠤ ᠴᠢᠭᠯᠡᠭᠦᠯᠦᠨ᠂ ᠵᠦᠶ ᠵᠣᠬᠢᠰᠲᠠᠶ ᠰᠠᠨᠠᠯ ᠪᠠ ᠰᠠᠨᠠᠭᠤᠯᠭ᠎ᠠ ᠳᠤᠷᠠᠳᠪᠠ᠃ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ᠎ᠨᠢ ᠭᠦᠨᠵᠡᠭᠡᠶ ᠠᠲᠠᠯ᠎ᠠ ᠣᠢ᠌ᠯᠠᠭ᠋ᠠᠮᠵᠢᠲᠠᠢ᠂ ᠪᠠᠶᠠᠯᠢᠭ ᠶᠡᠬᠡ ᠠᠭᠤᠯᠭ᠎ᠠ᠎ᠲᠠᠢ᠂ ᠬᠤᠷᠠᠯ᠎ᠳᠤ ᠣᠷᠣᠯᠴᠠᠭᠰᠠᠨ ᠨᠥᠬᠥᠳ ᠪᠥᠬᠥᠳᠡ ᠬᠤᠷᠠᠯ᠎ᠤᠨ ᠵᠣᠷᠢᠭ ᠰᠠᠨᠠᠭ᠋ᠠᠨ᠎ᠤ ᠴᠢᠬᠤᠯᠠ ᠠᠭᠤᠯᠭ᠎ᠠ ᠵᠢ ᠤᠯᠠᠮ ᠨᠢᠭᠡ ᠠᠯᠬᠤᠮ ᠰᠢᠰᠲ᠋ᠧᠮ᠎ᠲᠠᠢ᠎ᠪᠠᠷ ᠤᠢ᠍ᠢ᠍ᠯᠠᠭ᠋ᠠᠨ ᠡᠵᠡᠮᠰᠢᠵᠦ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠲᠥᠪ ᠬᠣᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠤᠳᠤᠯᠭ᠎ᠠ ᠵᠢᠨ ᠪᠠᠢ᠌ᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠨ᠎ᠡ ᠭᠡᠵᠦ ᠢᠯᠡᠷᠬᠡᠢ᠌ᠯᠡᠵᠡᠭᠡᠵᠡᠢ᠃

ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ᠂ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ ᠪᠣᠯ ᠨᠠᠮ᠎ᠤᠨ ᠲᠡᠤᠬᠡᠨ ᠳᠡᠭᠡᠷᠡᠬᠢ ᠨᠢᠭᠡ ᠤᠳᠠᠭ᠋ᠠᠨ᠎ᠤ ᠲᠤᠶ᠋ᠢᠯ᠎ᠤᠨ ᠴᠢᠬᠤᠯᠠ ᠬᠤᠷᠠᠯ ᠮᠥᠨ᠂ ᠳᠤᠮᠳᠠᠳᠤ ᠤᠯᠤᠰ᠎ᠤᠨ ᠬᠥᠭᠵᠢᠯᠲᠡ ᠵᠢᠨ ᠴᠢᠬᠤᠯᠠ ᠵᠠᠨᠭ᠌ᠭᠢᠯᠠᠭᠠ ᠵᠢᠨ ᠦᠶ᠎ᠡ᠎ᠳᠤ ᠬᠤᠷᠠᠯᠳᠤᠭᠤᠯᠤᠭᠰᠠᠨ ᠨᠢᠭᠡ ᠤᠳᠠᠭ᠋ᠠᠨ᠎ᠤ ᠬᠤᠷᠠᠯ ᠮᠥᠨ᠃ ᠣᠷᠣᠨ᠎ᠤ ᠰᠢᠭᠤᠳ ᠬᠠᠷᠢᠶ᠎ᠠ ᠰᠣᠶᠤᠯ ᠵᠢᠭᠤᠯᠴᠢᠯᠠᠯ᠎ᠤᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠂ ᠥᠷᠭᠡᠨ ᠣᠯᠠᠨ ᠨᠠᠮ᠎ᠤᠨ ᠭᠡᠰᠢᠭᠦᠳ᠂ ᠺᠠᠳ᠋ᠷᠴᠤᠳ᠂ ᠲᠥᠪ ᠬᠣᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ᠂ ᠤᠬᠠᠭᠤᠯᠬᠤ᠂ ᠲᠤᠭᠤᠰᠢᠯᠠᠭᠤᠯᠬᠤ᠂ ᠨᠠᠶ᠋ᠢᠳᠠᠪᠤᠷᠢᠵᠢᠭᠤᠯᠬᠤ ᠵᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠤᠯᠤᠰ ᠲᠥᠷᠥ ᠵᠢᠨ ᠡᠭᠦᠷᠭᠡ᠎ᠪᠠᠨ ᠪᠣᠯᠭ᠋ᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠦᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠰᠠᠨᠠᠭᠤᠯᠭ᠎ᠠ》᠎ᠳᠤ᠎ᠬᠢ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠲᠤᠬᠠᠶ ᠶᠡᠷᠦᠩᠬᠡᠶ ᠱᠠᠭ᠋ᠠᠷᠳᠠᠯᠭ᠎ᠠ᠎ᠲᠠᠢ ᠬᠠᠷᠭᠤᠭᠤᠯᠤᠨ ᠲᠤᠯᠭ᠋ᠠᠵᠤ᠂ ᠰᠣᠶᠣᠯ ᠵᠢᠭᠤᠯᠴᠢᠯᠠᠯ᠎ᠤᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠨᠢᠭᠡ᠎ᠳᠤ᠂ ᠤᠳᠠᠭ᠋ᠠᠨ ᠳᠠᠭ᠋ᠠᠭ᠋ᠠᠮᠠᠭ᠋ᠠᠶ ᠰᠤᠷᠤᠯᠴᠠᠬᠤ ᠬᠡᠷᠡᠭᠲᠡᠶ᠃ ᠲᠥᠪ ᠬᠣᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ᠎ᠤᠨ ᠰᠤᠷᠤᠯᠴᠠᠯᠭ᠎ᠠ ᠵᠢ ᠤᠷᠲᠤ ᠬᠤᠭᠤᠴᠠᠭ᠋ᠠᠨ᠎ᠤ ᠤᠯᠤᠰ ᠲᠥᠷᠥ ᠵᠢᠨ ᠡᠭᠦᠷᠭᠡ᠎ᠪᠠᠨ ᠪᠣᠯᠭ᠋ᠠᠵᠤ᠂ ᠮᠠᠨ᠎ᠤ ᠠᠵᠢᠯ᠎ᠳᠤ᠎ᠪᠠᠨ ᠢᠮᠠᠭᠲᠠ ᠲᠤᠭᠤᠰᠢᠯᠠᠭᠤᠯᠬᠤ ᠬᠡᠷᠡᠭᠲᠡᠢ᠃ ᠤᠳᠠᠭ᠋ᠠᠨ ᠳᠠᠭ᠋ᠠᠭ᠋ᠠᠮᠠᠭ᠋ᠠᠶ ᠰᠤᠷᠤᠯᠴᠠᠨ᠎ᠠ᠂ ᠳᠠᠬᠢᠨ ᠳᠠᠪᠲᠠᠨ ᠰᠤᠷᠤᠯᠴᠠᠨ᠎ᠠ᠂ ᠴᠠᠭ ᠦᠷᠭᠦᠯᠵᠢ ᠰᠤᠷᠤᠯᠴᠠᠨ᠎ᠠ᠂ ᠪᠠᠢ᠌ᠨᠭ᠌ᠭᠤ ᠰᠤᠷᠤᠯᠴᠠᠵᠤ ᠪᠠᠢ᠌ᠨᠭ᠌ᠭᠤ ᠰᠢᠨ᠎ᠡ ᠵᠢ ᠮᠡᠳᠡᠨ᠎ᠡ᠃ ᠬᠣᠶᠠᠷ᠎ᠲᠤ᠂ ᠵᠢᠱ᠌ᠢᠶ᠎ᠡ ᠦᠵᠡᠭᠦᠯᠦᠨ ᠰᠤᠷᠤᠯᠴᠠᠬᠤ ᠬᠡᠷᠡᠭᠲᠡᠶ᠃ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ ᠪᠣᠯᠤᠨ ᠰᠢᠭᠤᠳ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ ᠲᠥᠪ ᠬᠣᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠠᠯ᠎ᠠ᠎ᠪᠠᠷ ᠡᠮᠦᠨ᠎ᠡ᠎ᠨᠢ ᠶᠠᠪᠤᠵᠤ᠂ ᠲᠦᠷᠦᠭᠦᠯᠡᠵᠦ ᠰᠤᠷᠤᠯᠴᠠᠨ᠂ ᠵᠣᠷᠢᠭ ᠰᠠᠨᠠᠭ᠋ᠠᠨ᠎ᠤ ᠮᠥᠨ ᠴᠢᠨᠠᠷ ᠪᠠ ᠭᠣᠣᠯ ᠴᠢᠬᠤᠯᠠ ᠲᠠᠯ᠎ᠠ ᠵᠢ ᠡᠵᠡᠮᠰᠢᠵᠦ᠂ ᠳᠡᠭᠡᠷ᠎ᠡ᠎ᠠᠴᠠ ᠳᠣᠷᠣᠭᠰᠢ ᠳᠠᠷᠤᠯᠲᠠ ᠦᠭᠭᠦᠨ᠂ ᠨᠠᠩ ᠥᠨᠳᠥᠷ ᠱᠠᠭ᠋ᠠᠷᠳᠠᠯᠭ᠎ᠠ ᠳᠤᠷᠠᠳᠬᠤ ᠬᠡᠷᠡᠭᠲᠡᠶ᠃ ᠭᠤᠷᠪᠠ᠎ᠳᠤ᠂ ᠪᠤᠲᠠᠲᠠᠢ᠎ᠲᠠᠢ ᠤᠶᠠᠯᠳᠤᠭᠤᠯᠤᠨ ᠰᠤᠷᠤᠯᠴᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢ ᠪᠦᠬᠦ ᠤᠯᠤᠰ᠎ᠤᠨ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ᠎ᠲᠠᠢ ᠨᠢᠭᠲᠠ ᠬᠣᠯᠪᠤᠯᠳᠠᠭᠤᠯᠵᠤ᠂ ᠥᠪᠥᠷ ᠮᠣᠩᠭᠣᠯ᠎ᠤᠨ ᠬᠥᠭᠵᠢᠯᠲᠡ ᠵᠢ ᠪᠦᠬᠦ ᠤᠯᠤᠰ᠎ᠤᠨ ᠬᠥᠭᠵᠢᠯᠲᠡ ᠵᠢᠨ ᠶᠡᠬᠡ ᠪᠠᠶ᠋ᠢᠷᠢᠰᠢᠯ᠎ᠳᠤ ᠲᠠᠯᠪᠢᠵᠤ ᠪᠣᠳᠤᠯᠬᠢᠯᠠᠨ᠂ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠠᠷᠪᠠᠨ ᠳᠥᠷᠪᠡᠳᠦᠭᠡᠷ ᠲᠠᠪᠤᠨ ᠵᠢᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠪᠦᠬᠦ ᠬᠦᠴᠦ᠎ᠪᠠᠷ ᠵᠶ᠋ᠠᠨ ᠰᠠᠶ᠋ᠢᠲᠤᠷ ᠬᠢᠵᠦ᠂ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠪᠣᠳᠠᠲᠠᠢ ᠠᠵᠢᠯ᠎ᠢ ᠵᠢᠯᠣᠭᠣᠳᠬᠤ ᠰᠡᠳᠬᠢᠬᠦᠢ ᠪᠠ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠲᠢᠩᠬᠢᠮ᠎ᠤᠨ ᠤᠳᠤᠷᠢᠳᠤᠯᠭ᠎ᠠ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶᠠᠨ᠎ᠤ ᠪᠠᠭ᠎ᠤᠨ ᠭᠡᠰᠢᠭᠦᠨ᠂ ᠲᠢᠩᠬᠢᠮ᠎ᠤᠨ ᠪᠠᠶ᠋ᠢᠭᠤᠯᠭ᠎ᠠ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶᠠᠨ᠎ᠤ ᠡᠯ᠎ᠡ ᠭᠠᠵᠠᠷ ᠭᠡᠷ ᠲᠠᠰᠤᠭ᠎ᠤᠨ ᠭᠣᠣᠯ ᠬᠠᠷᠢᠭᠤᠴᠠᠯᠭ᠋ᠠᠲᠠᠨ᠂ ᠠᠵᠢᠯᠳᠠᠨ᠂ ᠡᠯ᠎ᠡ ᠰᠢᠭᠤᠳ ᠬᠠᠷᠢᠶ᠎ᠠ ᠨᠢᠭᠡᠴᠢ ᠵᠢᠨ ᠭᠣᠣᠯ ᠬᠠᠷᠢᠭᠤᠴᠠᠯᠭ᠋ᠠᠲᠠᠨ᠂ ᠨᠠᠮ᠎ᠤᠨ ᠡᠭᠦᠷ᠎ᠤᠨ ᠱᠦᠵᠢ ᠪᠣᠯᠤᠨ ᠭᠡᠰᠢᠭᠦᠨ ᠨᠡᠢ᠌ᠲᠡ 200 ᠭᠠᠷᠤᠢ ᠬᠥᠮᠦᠨ ᠬᠤᠷᠠᠯ᠎ᠳᠤ ᠣᠷᠣᠯᠴᠠᠪᠠ᠃