ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠦ᠋ ᠰᠢᠶᠤᠤ ᠯᠢᠨ ᠤᠯᠠᠭ᠋ᠠᠨᠮᠥ᠋ᠴᠢᠷ᠎ᠤᠨ ᠭᠡᠰᠢᠭᠦᠳ᠎ᠢ ᠪᠣᠯᠭᠣᠭ᠋ᠠᠨ ᠲᠣᠬᠣᠨᠢᠭᠤᠯᠵᠤ ᠵᠢᠭ᠋ᠠᠵᠤ ᠭᠠᠷᠭ᠋ᠠᠬᠤ᠎ᠳᠤ᠎ᠪᠠᠨ᠄ ᠶᠡᠷᠦᠩᠬᠡᠶ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠭᠡᠬᠦ ᠡᠨᠡ ᠬᠦ᠌ ᠲᠤᠭ᠎ᠢ ᠨᠠᠩ ᠬᠡᠷᠡᠯ ᠭᠢᠯᠪᠠᠭ᠎ᠠ᠎ᠲᠠᠢ ᠨᠠᠮᠢᠷᠠᠭᠤᠯᠤᠭ᠋ᠠᠷᠠᠢ ᠭᠡᠪᠡ
ᠨᠡᠶᠢᠲᠡᠯᠡᠭᠰᠡᠨ ᠴᠠᠭ᠄ 2020-11-27

      ᠪᠦ᠋ ᠰᠢᠶᠤᠤ ᠯᠢᠨ ᠤᠯᠠᠭ᠋ᠠᠨᠮᠥ᠋ᠴᠢᠷ᠎ᠤᠨ ᠭᠡᠰᠢᠭᠦᠳ᠎ᠢ ᠪᠣᠯᠭᠣᠭ᠋ᠠᠨ ᠲᠣᠬᠣᠨᠢᠭᠤᠯᠵᠤ ᠵᠢᠭ᠋ᠠᠵᠤ ᠭᠠᠷᠭ᠋ᠠᠬᠤ᠎ᠳᠤ᠎ᠪᠠᠨ᠄ ᠶᠡᠷᠦᠩᠬᠡᠶ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠭᠡᠬᠦ ᠡᠨᠡ ᠬᠦ᠌ ᠲᠤᠭ᠎ᠢ ᠨᠠᠩ ᠭᠡᠷᠡᠯ᠎ᠲᠠᠢ ᠨᠠᠮᠢᠷᠠᠭᠤᠯᠤᠭ᠋ᠠᠷᠠᠢ ᠭᠡᠪᠡ
     11 ᠳ᠋ᠤᠭᠡᠷ ᠰᠠᠷ᠎ᠠ ᠵᠢᠨ 20᠎ᠤ ᠣᠷᠣᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠣᠤ ᠯᠢᠨ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠰᠢᠭᠤᠳ   ᠬᠠᠷᠢᠶ᠎ᠠ ᠤᠯᠠᠭ᠋ᠠᠨᠮᠥ᠋ᠴᠢᠷ᠎ᠲᠤ ᠬᠦᠷᠴᠦ᠂ ᠤᠯᠠᠭ᠋ᠠᠨᠮᠥ᠋ᠴᠢᠷ᠎ᠤᠨ ᠭᠡᠰᠢᠭᠦᠳ᠎ᠢ ᠪᠣᠯᠭᠣᠭ᠋ᠠᠨ ᠲᠣᠬᠣᠨᠢᠭᠤᠯᠵᠤ᠂ ᠣᠯᠠᠨ᠎ᠢ ᠶᠡᠷᠦᠩᠬᠡᠶ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠤᠯᠠᠭ᠋ᠠᠨᠮᠥ᠋ᠴᠢᠷ᠎ᠤᠨ ᠰᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠤᠯᠠᠭ᠋ᠠᠨᠮᠥ᠋ᠴᠢᠷ᠎ᠤᠨ ᠦᠢ᠍ᠯᠡᠰ᠎ᠢ ᠵᠠᠯᠭ᠋ᠠᠮᠵᠢᠯᠠᠨ ᠤᠯᠠᠮᠵᠢᠯᠠᠬᠤ ᠵᠢ ᠠᠬᠢᠭᠤᠯᠵᠤ᠂ 《ᠬᠤᠪᠢᠰᠬᠠᠯᠲᠤ ᠤᠳᠬ᠎ᠠ ᠤᠷᠠᠯᠢᠭ᠎ᠤᠨ ᠬᠦᠩᠭᠡᠨ ᠮᠣᠷᠢᠲᠤ ᠴᠡᠷᠢᠭ》 ᠭᠡᠬᠦ ᠡᠨᠡ ᠬᠦ᠌ ᠲᠤᠭ᠎ᠢ ᠨᠡᠩ ᠭᠡᠷᠡᠯ ᠭᠢᠯᠪᠠᠭ᠎ᠠ᠎ᠲᠠᠢ ᠨᠠᠮᠢᠷᠠᠭᠤᠯᠤᠭ᠋ᠠᠷᠠᠢ ᠭᠡᠵᠦ ᠵᠤᠷᠢᠭᠵᠢᠭᠤᠯᠪᠠ᠃

   
     11 ᠳ᠋ᠤᠭᠡᠷ ᠰᠠᠷ᠎ᠠ ᠵᠢᠨ 20᠎ᠤ ᠣᠷᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠤᠤ ᠯᠢᠨ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠰᠢᠭᠤᠳ ᠬᠠᠷᠢᠶ᠎ᠠ ᠤᠯᠠᠭ᠋ᠠᠨᠮᠥ᠋ᠴᠢᠷ᠎ᠲᠤ ᠬᠦᠷᠴᠦ᠂ ᠤᠯᠠᠭ᠋ᠠᠨᠮᠥ᠋ᠴᠢᠷ᠎ᠤᠨ ᠭᠡᠰᠢᠭᠦᠳ᠎ᠢ ᠪᠣᠯᠭᠣᠭ᠋ᠠᠨ ᠲᠣᠬᠣᠨᠢᠭᠤᠯᠪᠠ᠃
      ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ


   
     11 ᠳ᠋ᠤᠭᠡᠷ ᠰᠠᠷ᠎ᠠ ᠵᠢᠨ 20᠎ᠤ ᠣᠷᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠣᠤ ᠯᠢᠨ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠰᠢᠭᠤᠳ ᠬᠠᠷᠢᠶ᠎ᠠ ᠤᠯᠠᠭ᠋ᠠᠨᠮᠥ᠋ᠴᠢᠷ᠎ᠲᠤ ᠬᠦᠷᠴᠦ᠂ ᠤᠯᠠᠭ᠋ᠠᠨᠮᠥ᠋ᠴᠢᠷ᠎ᠤᠨ ᠭᠡᠰᠢᠭᠦᠳ᠎ᠤᠨ ᠪᠣᠯᠪᠠᠰᠤᠷᠠᠯ᠎ᠢ ᠰᠤᠨᠢᠷᠬᠠᠵᠤ᠂ ᠪᠠᠰᠠ ᠪᠥᠵᠢᠭ᠎ᠤᠨ ᠨᠠᠶ᠋ᠢᠷᠠᠭᠤᠯᠤᠨ ᠲᠢᠭᠯᠡᠬᠦ᠂ ᠪᠥᠵᠢᠭ᠎ᠤᠨ ᠬᠥᠳᠡᠯᠭᠡᠭᠡᠨ ᠪᠠ ᠢᠯᠡᠳᠬᠡᠬᠦ ᠠᠷᠭ᠎ᠠ ᠮᠠᠶᠢᠭ᠂ ᠲᠣᠭᠯᠠᠯᠲᠠ ᠵᠢᠨ ᠬᠤᠪᠴᠠᠰᠤ ᠵᠠᠰᠠᠯ ᠵᠡᠷᠭᠡ ᠨᠠᠷᠢᠨ ᠵᠦᠢ᠍ᠯᠡᠰ᠎ᠤᠨ ᠲᠤᠬᠠᠶ ᠣᠯᠠᠨ᠎ᠲᠠᠢ ᠶᠠᠷᠢᠯᠴᠠᠵᠤ᠂ ᠤᠯᠠᠠ ᠎ᠳᠤ ᠨᠠᠷᠢᠨ ᠨᠢᠮᠪᠠᠢ ᠠᠵᠢᠯᠯᠠᠵᠤ᠂ ᠦᠨᠳᠦᠰᠦᠨ ᠱᠠᠲᠤᠨ᠎ᠳᠤ ᠨᠡᠩ ᠤᠯᠠᠨ ᠨᠡᠩ ᠰᠠᠢ᠍ᠢ᠍ᠨ ᠫᠷᠤᠭ᠌ᠷᠠᠮ ᠬᠦᠷᠭᠡᠬᠦ ᠵᠢ ᠵᠤᠷᠢᠭᠵᠢᠭᠤᠯᠪᠠ᠃
      ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ


      ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠪᠣᠯᠪᠠᠰᠤᠷᠠᠯ᠎ᠤᠨ ᠶᠡᠬᠡ ᠲᠢᠩᠬᠢᠮ᠎ᠳᠤ ᠤᠯᠠᠭ᠋ᠠᠨᠮᠥ᠋ᠴᠢᠷ᠎ᠤᠨ ᠭᠡᠰᠢᠭᠦᠳ ᠨᠡᠶ᠋ᠢᠭᠡᠮ ᠲᠣᠭᠣᠷᠢᠭ᠎ᠲᠤ ᠲᠣᠭᠯᠠᠯᠲᠠ ᠭᠠᠷᠭ᠋ᠠᠬᠤ᠎ᠪᠠᠷ ᠪᠡᠯᠡᠳᠬᠡᠵᠦ ᠪᠠᠶ᠋ᠢᠭ᠎ᠠ ᠪᠥᠵᠢᠭ ᠵᠶ᠋ᠠᠨ ᠪᠤᠯᠪᠠᠰᠤᠷᠠᠭᠤᠯᠵᠤ ᠪᠠᠢ᠌ᠪᠠ᠃ ᠪᠦ᠋ ᠰᠢᠶᠣᠤ ᠯᠢᠨ ᠤᠯᠠᠭ᠋ᠠᠨᠮᠥ᠋ᠴᠢᠷ᠎ᠤᠨ ᠭᠡᠰᠢᠭᠦᠳ᠎ᠤᠨ ᠪᠣᠯᠪᠠᠰᠤᠷᠠᠯ᠎ᠢ ᠨᠠᠷᠢᠨ ᠬᠢᠨᠠᠮᠠᠭ᠋ᠠᠶ ᠦᠵᠡᠵᠦ᠂ ᠲᠡᠷᠡᠴᠢᠯᠡᠨ ᠪᠥᠵᠢᠭ᠎ᠤᠨ ᠨᠠᠶ᠋ᠢᠷᠠᠭᠤᠯᠤᠨ ᠲᠢᠭᠯᠡᠬᠦ᠂ ᠪᠥᠵᠢᠭ᠎ᠤᠨ ᠬᠦᠳᠡᠯᠭᠡᠭᠡᠨ ᠪᠠ ᠢᠯᠡᠳᠬᠡᠬᠦ ᠠᠷᠭ᠎ᠠ ᠮᠠᠶᠢᠭ᠂ ᠲᠣᠭᠯᠠᠯᠲᠠ ᠵᠢᠨ ᠬᠤᠪᠴᠠᠰᠤ ᠵᠠᠰᠠᠯ ᠵᠡᠷᠭᠡ ᠨᠠᠷᠢᠨ ᠵᠦᠢ᠍ᠯᠡᠰ᠎ᠤᠨ ᠲᠤᠬᠠᠶ ᠣᠯᠠᠨ᠎ᠲᠠᠢ ᠶᠠᠷᠢᠯᠴᠠᠵᠤ᠂ ᠣᠯᠠᠨ ᠎ᠢ ᠨᠠᠷᠢᠨ ᠨᠢᠮᠪᠠᠢ ᠠᠵᠢᠯᠯᠠᠵᠤ᠂ ᠦᠨᠳᠦᠰᠦᠨ ᠱᠠᠲᠤᠨ᠎ᠳᠤ ᠨᠠᠩ ᠣᠯᠠᠨ ᠨᠠᠩ ᠰᠠᠶ᠋ᠢᠨ ᠫᠷᠤᠭ᠌ᠷᠠᠮ ᠬᠦᠷᠭᠡᠬᠦ ᠵᠢ ᠵᠤᠷᠢᠭᠵᠢᠭᠤᠯᠪᠠ᠃ ᠡᠭᠦᠨ᠎ᠤ ᠬᠠᠮᠲᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠦᠨᠳᠦᠰᠦᠨ ᠱᠠᠲᠤᠨ᠎ᠳᠤ ᠪᠠᠭᠤᠵᠤ ᠲᠤᠭᠯᠠᠬᠤ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠬᠦ ᠬᠡᠷᠡᠭᠲᠡᠶ ᠭᠡᠵᠦ ᠵᠠᠬᠢᠪᠠ᠃
      ᠪᠦ᠋ ᠰᠢᠶᠤᠤ ᠯᠢᠨ ᠵᠢᠭ᠋ᠠᠵᠤ ᠭᠠᠷᠭ᠋ᠠᠬᠤ ᠎ᠳᠤ ᠎ᠪᠠᠨ᠂ 2017 ᠣᠨ᠎ᠤ 11 ᠳ᠋ᠤᠭᠡᠷ ᠰᠠᠷ᠎ᠠ ᠵᠢᠨ 21᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠰᠥᠨᠢᠳ ᠪᠠᠷᠠᠭᠤᠨ ᠬᠣᠰᠢᠭᠤᠨ᠎ᠤ ᠤᠯᠠᠭ᠋ᠠᠨᠮᠥ᠋ᠴᠢᠷ᠎ᠤᠨ ᠭᠡᠰᠢᠭᠦᠳ᠎ᠲᠤ ᠬᠠᠷᠢᠭᠤ ᠵᠠᠬᠢᠳᠠᠯ ᠢᠯᠡᠭᠡᠵᠦ᠂ 《ᠤᠯᠠᠭ᠋ᠠᠨᠮᠥ᠋ᠴᠢᠷ ᠪᠣᠯ ᠪᠥᠬᠥ ᠤᠯᠤᠰ᠎ᠤᠨ ᠤᠳᠬ᠎ᠠ ᠤᠷᠠᠯᠢᠭ᠎ᠤᠨ ᠹᠷᠣᠨᠲ᠎ᠤᠨ ᠲᠣᠭ ᠲᠡᠮᠲᠡᠭ ᠮᠥᠨ》 ᠭᠡᠵᠦ ᠰᠠᠢ᠌ᠰᠢᠶᠠᠵᠤ᠂ ᠲᠡᠳᠡᠨ᠎ᠢ ᠥᠨᠢ ᠡᠭᠦᠷᠢᠳᠡ ᠲᠠᠯ᠎ᠠ ᠨᠤᠲᠤᠭ᠎ᠤᠨ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠪᠣᠯᠲᠤᠭ᠋ᠠᠶ ᠭᠡᠵᠦ ᠵᠣᠷᠢᠭᠵᠢᠭᠤᠯᠪᠠ᠃ ᠪᠥᠬᠥ ᠣᠷᠣᠨ᠎ᠤ ᠤᠯᠠᠭ᠋ᠠᠨᠮᠥ᠋ᠴᠢᠷ᠎ᠤᠨ ᠭᠡᠰᠢᠭᠦᠳ ᠶᠡᠬᠡᠳᠡ ᠵᠣᠷᠢᠭᠵᠢᠪᠠ᠃ ᠭᠤᠷᠪᠠᠨ ᠵᠢᠯ᠎ᠤᠨ ᠲᠤᠷᠰᠢ᠂ ᠤᠯᠠᠭ᠋ᠠᠨᠮᠥ᠋ᠴᠢᠷ᠎ᠤᠨ ᠭᠡᠰᠢᠭᠦᠳ ᠶᠡᠷᠦᠩᠬᠡᠶ ᠱᠦᠵᠢ ᠵᠢᠨ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠠᠮᠢᠳᠤᠷᠠᠯ᠎ᠤᠨ ᠰᠢᠮᠡᠯᠢᠭ ᠬᠥᠷᠥᠰᠥᠨ᠎ᠳᠤ ᠦᠨᠳᠦᠰᠦᠯᠡᠭᠰᠡᠨ᠂ ᠰᠢᠯᠢᠳᠡᠭ ᠪᠦᠲᠦᠭᠡᠯ ᠵᠣᠬᠢᠶᠠᠨ ᠪᠦᠲᠦᠭᠡᠵᠦ᠂ ᠣᠯᠠᠨ ᠲᠦᠮᠡᠨ᠎ᠳᠤ ᠦᠢ᠍ᠯᠡᠴᠢᠯᠡᠵᠦ᠂ ᠨᠠᠮ᠎ᠤᠨ ᠲᠥᠪ ᠬᠣᠷᠢᠶ᠎ᠠ ᠪᠣᠯᠤᠨ ᠶᠡᠷᠦᠩᠬᠡᠶ ᠱᠦᠵᠢ ᠵᠢᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠠᠯᠠᠮᠵᠢᠯᠠᠭᠰᠠᠨ ᠬᠠᠶ᠋ᠢᠷ᠎ᠠ ᠬᠠᠯᠠᠮᠵᠢ ᠵᠢ ᠲᠦᠭ ᠲᠦᠮᠡᠨ ᠡᠷᠦᠬᠡ᠎ᠳᠤ ᠬᠦᠷᠭᠡᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠶᠤᠨ᠎ᠤ ᠪᠠ ᠰᠣᠶᠣᠯ᠎ᠤᠨ ᠠᠮᠢᠳᠤᠷᠠᠯ᠎ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ᠎ᠳᠤ ᠥᠪᠡᠷᠮᠢᠴᠡ ᠦᠢ᠍ᠯᠡᠳᠦᠯ ᠦᠵᠡᠭᠦᠯᠪᠡ ᠭᠡᠪᠡ᠃
      ᠪᠦ᠋ ᠰᠢᠶᠤᠤ ᠯᠢᠨ ᠴᠢᠬᠤᠯᠴᠢᠯᠠᠬᠤ ᠎ᠳᠤ ᠎ᠪᠠᠨ᠂ ᠪᠥᠬᠥ ᠣᠷᠣᠨ᠎ᠤ ᠥᠷᠭᠡᠨ ᠣᠯᠠᠨ ᠤᠯᠠᠭ᠋ᠠᠨᠮᠥ᠋ᠴᠢᠷ᠎ᠤᠨ ᠭᠡᠰᠢᠭᠦᠳ ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠵᠠᠯᠭ᠋ᠠᠮᠵᠢᠯᠠᠨ ᠪᠠᠳᠠᠷᠠᠭᠤᠯᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠦᠢ᠍ᠯᠡᠳᠦᠯᠭᠡᠵᠢᠭᠦᠯᠵᠦ᠂ ᠤᠳᠬ᠎ᠠ ᠤᠷᠠᠯᠢᠭ᠎ᠤᠨ ᠬᠡᠯᠪᠡᠷᠢ᠎ᠪᠠᠷ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠤᠬᠠᠭᠤᠯᠵᠤ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠰᠠᠶ᠋ᠢᠲᠤᠷ ᠤᠬᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠯᠢᠭᠡᠷ᠎ᠢ ᠰᠠᠶ᠋ᠢᠲᠤᠷ ᠶᠠᠷᠢᠵᠤ᠂ ᠦᠨᠳᠦᠰᠦᠲᠡᠨ᠎ᠨᠦᠭᠦᠳ ᠠᠨᠠᠷ᠎ᠤᠨ ᠮᠦᠬᠦᠯᠢᠭ ᠰᠢᠭ ᠬᠠᠮᠲᠤᠷᠠᠨ ᠨᠢᠭᠲᠠᠷᠠᠬᠤ ᠵᠢ ᠠᠬᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠦᠵᠡᠰᠬᠦᠯᠡᠩᠲᠦ ᠰᠠᠶ᠋ᠢᠬᠠᠨ ᠥᠪᠥᠷ ᠮᠤᠩᠭᠤᠯ ᠵᠶ᠋ᠠᠨ ᠪᠦᠲᠦᠭᠡᠨ ᠪᠠᠶ᠋ᠢᠭᠤᠯᠵᠤ᠂ ᠠᠭᠤᠤ ᠶᠡᠬᠡ ᠳᠤᠮᠳᠠᠳᠤ ᠵᠢᠨ ᠵᠡᠭᠦᠳᠦ᠎ᠪᠠᠨ ᠬᠠᠮᠲᠤᠪᠠᠷ ᠲᠡᠷᠭᠡᠯᠰᠢᠭᠦᠯᠦᠶ᠎ᠡ ᠭᠡᠵᠡᠢ᠃
      ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠲᠣᠬᠣᠨᠢᠭᠤᠯᠬᠤ ᠠᠵᠢᠯ᠎ᠳᠤ ᠣᠷᠣᠯᠴᠠᠪᠠ᠃

ᠢᠷᠡᠯᠲᠡ᠄ ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠡᠷᠲᠡᠭᠡᠨ ᠵᠠᠰᠠᠬᠤ ᠣᠷᠤᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠤᠯ ᠳᠤᠭᠤᠶ᠋ᠢᠯᠠᠩ 11 ᠳ᠋ᠦ᠍ᠭᠡᠷ ᠤᠳᠠᠭ᠋ᠠᠨ᠎ᠤ ᠣᠨᠣᠯ᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠵᠢ ᠰᠣᠨᠣᠰᠪᠠ
ᠪᠦᠬᠦ ᠤᠯᠤᠰ᠎ᠤᠨ ᠠᠩᠬᠠᠳᠠᠭᠴᠢ ᠪᠦᠯᠦᠭ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠡᠷᠡᠭ᠎ᠢ ᠲᠥᠪᠯᠡᠷᠡᠭᠦᠯᠦᠨ ᠰᠢᠢ᠍ᠳᠪᠦᠷᠢᠯᠡᠬᠦ ᠵᠢᠴᠢ ᠭᠡᠷᠡᠭ ᠵᠶ᠋ᠠᠷ ᠪᠣᠯᠪᠠᠰᠤᠷᠠᠯ ᠬᠢᠬᠦ ᠠᠵᠢᠯᠯᠠᠭ᠎ᠠ (ᠥᠪᠥᠷ ᠮᠣᠩᠭᠣᠯ ᠲᠣᠭᠣᠷᠢᠭ) ᠬᠥᠬᠡᠬᠣᠲᠠ᠎ᠳᠤ ᠲᠡᠭᠦᠰ ᠠᠮᠵᠢᠯᠲᠠ᠎ᠲᠠᠢ ᠦᠨᠳᠦᠷᠯᠡᠪᠡ
ᠠᠩᠬᠠᠳᠤᠭ᠋ᠠᠷ ᠬᠤᠭᠤᠴᠠᠭ᠋ᠠᠨ᠎ᠤ 《ᠰᠠᠶ᠋ᠢᠨ ᠳᠤᠷᠠᠴᠤᠳ᠎ᠤᠨ ᠣᠳᠣᠨ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠠᠶ᠋ᠢᠨ ᠲᠤᠷᠠᠴᠤᠳ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠲᠡᠭᠦᠰ ᠠᠮᠵᠢᠯᠲᠠ᠎ᠲᠠᠢ ᠥᠨᠳᠥᠷᠯᠡᠪᠡ
ᠰᠣᠶᠣᠯ ᠪᠠ ᠵᠢᠭᠤᠯᠴᠢᠯᠠᠯ᠎ᠤᠨ ᠶᠠᠮᠤᠨ ᠬᠠᠳᠤᠨ ᠭᠣᠣᠯ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ ᠬᠦᠭᠵᠢᠭᠦᠯᠬᠦ ᠰᠠᠭᠤᠳᠠᠯ᠎ᠤᠨ ᠬᠤᠷᠠᠯ ᠬᠤᠷᠠᠯᠳᠤᠭᠤᠯᠪᠠ
2020 ᠣᠨ᠎ᠤ 《ᠰᠢ ᠵᠦᠴᠦᠭᠡ᠂ ᠪᠣᠯᠪᠠᠰᠣᠷᠠᠯ᠎ᠤᠨ ᠠᠩᠭᠢ》 — ᠵᠦᠴᠦᠭᠡ ᠵᠢᠨ ᠴᠢᠳᠠᠪᠤᠷᠢᠲᠠᠨ᠎ᠢ ᠬᠥᠮᠦᠵᠢᠭᠦᠯᠬᠦ ᠲᠦᠰᠦᠪ᠎ᠤᠨ ᠪᠣᠯᠪᠠᠰᠣᠷᠠᠯ᠎ᠤᠨ ᠠᠩᠭᠢ ᠵᠢᠨ ᠦᠷ᠎ᠡ ᠪᠦᠲᠦᠭᠡᠯ᠎ᠤᠨ ᠬᠠᠷᠢᠭᠤ ᠮᠡᠳᠡᠭᠦᠯᠦᠯᠲᠡ ᠵᠢᠨ ᠲᠣᠭᠯᠠᠯᠲᠠ ᠲᠡᠭᠦᠰ ᠠᠮᠵᠢᠯᠲᠠ᠎ᠲᠠᠢ ᠦᠨᠳᠦᠷᠯᠡᠪᠡ
 
            