ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠦᠬᠦ ᠤᠯᠤᠰ᠎ᠤᠨ ᠠᠩᠬᠠᠳᠠᠭᠴᠢ ᠪᠦᠯᠦᠭ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠡᠷᠡᠭ᠎ᠢ ᠲᠥᠪᠯᠡᠷᠡᠭᠦᠯᠦᠨ ᠰᠢᠢ᠍ᠳᠪᠦᠷᠢᠯᠡᠬᠦ ᠵᠢᠴᠢ ᠭᠡᠷᠡᠭ ᠵᠶ᠋ᠠᠷ ᠪᠣᠯᠪᠠᠰᠤᠷᠠᠯ ᠬᠢᠬᠦ ᠠᠵᠢᠯᠯᠠᠭ᠎ᠠ (ᠥᠪᠥᠷ ᠮᠣᠩᠭᠣᠯ ᠲᠣᠭᠣᠷᠢᠭ) ᠬᠥᠬᠡᠬᠣᠲᠠ᠎ᠳᠤ ᠲᠡᠭᠦᠰ ᠠᠮᠵᠢᠯᠲᠠ᠎ᠲᠠᠢ ᠦᠨᠳᠦᠷᠯᠡᠪᠡ
ᠨᠡᠶᠢᠲᠡᠯᠡᠭᠰᠡᠨ ᠴᠠᠭ᠄ 2020-11-30

     11 ᠳ᠋ᠣᠭᠡᠷ ᠰᠠᠷ᠎ᠠ ᠵᠢᠨ 8᠎ᠤ ᠡᠳᠦᠷ᠎ᠠᠴᠠ 11 ᠳ᠋ᠣᠭᠡᠷ ᠰᠠᠷ᠎ᠠ ᠵᠢᠨ 14᠎ᠤ ᠡᠳᠦᠷ ᠪᠣᠯᠲᠠᠯ᠎ᠠ᠂ ᠪᠥᠬᠥ ᠤᠯᠤᠰ᠎ᠤᠨ ᠠᠩᠬᠠᠳᠠᠭᠴᠢ ᠪᠦᠯᠦᠭ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠡᠷᠡᠭ᠎ᠢ ᠲᠥᠪᠯᠡᠷᠡᠭᠦᠯᠦᠨ ᠰᠢᠢ᠍ᠳᠪᠦᠷᠢᠯᠡᠬᠦ ᠠᠵᠢᠯᠯᠠᠭ᠎ᠠ (ᠥᠪᠥᠷ ᠮᠣᠩᠭᠣᠯ ᠲᠣᠭᠣᠷᠢᠭ) ᠬᠥᠬᠡᠬᠣᠲᠠ᠎ᠳᠤ ᠶᠠᠪᠤᠭᠳᠠᠪᠠ᠃ ᠲᠤᠰ ᠤᠳᠠᠭ᠋ᠠᠨ᠎ᠤ ᠬᠡᠷᠡᠭ᠎ᠢ ᠲᠥᠪᠯᠡᠷᠡᠭᠦᠯᠦᠨ ᠰᠢᠢ᠍ᠳᠪᠦᠷᠢᠯᠡᠬᠦ ᠠᠵᠢᠯᠯᠠᠭ᠎ᠠ ᠵᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠬᠢᠨᠠᠯᠲᠠ ᠳᠠᠯᠪᠢᠬᠤ ᠲᠣᠪᠴᠢᠶ᠎ᠠ ᠵᠣᠬᠢᠶᠠᠨ ᠪᠠᠶ᠋ᠢᠭᠤᠯᠵᠠᠶ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠣᠤᠯᠯᠠᠨ ᠡᠷᠭᠢᠯᠡᠵᠦ᠂ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠳᠠᠭ᠋ᠠᠭ᠋ᠠᠨ ᠡᠷᠭᠢᠯᠡᠪᠡ᠃ ᠲᠢᠶᠠᠨᠵᠢᠨ᠂ ᠭᠢᠷᠢᠨ᠂ ᠥᠪᠥᠷ ᠮᠣᠩᠭᠣᠯ ᠵᠡᠷᠭᠡ ᠭᠠᠵᠠᠷ ᠣᠷᠣᠨ᠎ᠠᠴᠠ ᠢᠷᠡᠭᠰᠡᠨ 25 ᠬᠠᠤᠯᠢ ᠬᠡᠷᠡᠭᠵᠢᠭᠦᠯᠬᠦ ᠠᠵᠢᠯᠲᠠᠨ ᠬᠠᠮᠲᠤ᠎ᠪᠠᠷ 《ᠥᠪᠥᠷ ᠮᠣᠩᠭᠣᠯ᠎ᠤᠨ ᠨᠢᠭᠡᠨ ᠵᠢᠭᠤᠯᠴᠢᠯᠠᠯ᠎ᠤᠨ ᠭᠠᠵᠠᠷ ᠵᠢᠭᠤᠯᠴᠢᠯᠠᠭᠴᠢᠳ᠎ᠲᠠᠢ ᠵᠦᠪᠳᠡᠯᠴᠡᠭᠰᠡᠨ ᠦᠭᠡᠢ᠎ᠪᠠᠷ ᠣᠨᠳᠤᠤ ᠰᠦᠢ᠍ᠳᠭᠡᠯ ᠲᠤᠰᠢᠶᠠᠬᠤ ᠵᠢᠭᠤᠯᠴᠢᠯᠠᠯ᠎ᠤᠨ ᠲᠥᠷᠥᠯ ᠵᠦᠢ᠍ᠯ᠎ᠢ ᠲᠤᠬᠢᠷᠠᠭᠤᠯᠤᠭᠰᠠᠨ ᠰᠡᠵᠢᠭᠯᠡᠯᠲᠡᠢ ᠭᠡᠷᠡᠭ》᠎ᠢ ᠰᠢᠢ᠍ᠳᠪᠦᠷᠢᠯᠡᠬᠦ᠎ᠳᠤ ᠣᠷᠣᠯᠴᠠᠪᠠ᠃



      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠸᠸᠨ ᠵᠢᠶᠦ᠋ᠨ ᠲᠣᠰ ᠤᠳᠠᠭ᠋ᠠᠨ᠎ᠤ ᠬᠡᠷᠡᠭ᠎ᠢ ᠲᠦᠪᠯᠡᠷᠡᠭᠦᠯᠦᠨ ᠰᠢᠢ᠍ᠳᠪᠦᠷᠢᠯᠡᠬᠦ ᠵᠢ ᠳᠠᠶ᠋ᠢᠴᠢᠯᠠᠵᠤ᠂ ᠬᠡᠷᠡᠭ ᠰᠢᠢ᠍ᠳᠪᠦᠷᠢᠯᠡᠬᠦ ᠲᠥᠰᠦᠯ ᠲᠣᠭᠲᠠᠭ᠋ᠠᠬᠤ᠂ ᠭᠡᠷᠡᠴᠢ ᠪᠠᠷᠢᠮᠲᠠ ᠴᠤᠭᠯᠠᠭᠤᠯᠬᠤ᠂ ᠲᠤᠬᠠᠶ ᠵᠢᠨ ᠭᠠᠵᠠᠷ᠎ᠲᠤ᠎ᠨᠢ ᠪᠠᠶ᠋ᠢᠴᠠᠭ᠋ᠠᠬᠤ᠂ ᠬᠤᠷᠢᠶᠠᠩᠭᠤᠶ᠋ᠢᠯᠠᠨ ᠵᠠᠳᠠᠯᠬᠤ ᠵᠡᠷᠭᠡ ᠬᠡᠷᠡᠭ ᠰᠢᠢ᠍ᠳᠪᠦᠷᠢᠯᠡᠬᠦ ᠠᠵᠢᠯ᠎ᠳᠤ ᠰᠠᠨᠠᠯ ᠪᠠ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠳᠤᠷᠠᠳᠪᠠ᠃ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠬᠤ ᠭᠠᠵᠠᠷ᠎ᠤᠨ ᠳᠠᠷᠤᠭ᠎ᠠ ᠵᠢᠨ ᠳ᠋ᠧ ᠬᠤᠸᠠ ᠪᠥᠬᠥ ᠶᠠᠪᠤᠴᠠ ᠵᠢ ᠵᠢᠯᠣᠭᠣᠳᠴᠤ᠂ ᠬᠡᠷᠡᠭ ᠰᠢᠢ᠍ᠳᠪᠦᠷᠢᠯᠡᠬᠦ ᠶᠠᠪᠤᠴᠠ ᠵᠢ ᠪᠣᠳᠠᠲᠠᠶ᠎ᠪᠠᠷ ᠵᠢᠯᠣᠭᠣᠳᠪᠠ᠃



      ᠬᠡᠷᠡᠭ ᠰᠢᠢ᠍ᠳᠪᠦᠷᠢᠯᠡᠬᠦ ᠶᠠᠪᠤᠴᠠ᠎ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠡᠷᠡᠭ᠎ᠤᠨ ᠡᠮᠦᠨ᠎ᠡ ᠰᠤᠳᠤᠯᠤᠨ ᠶᠠᠷᠢᠯᠴᠠᠬᠤ᠂ ᠬᠡᠷᠡᠭ᠎ᠤᠨ ᠳᠤᠮᠳᠠ   ᠪᠣᠳᠠᠲᠠᠶ ᠬᠢᠬᠦ᠂ ᠬᠡᠷᠡᠭ᠎ᠤᠨ ᠳᠠᠷᠠᠭ᠎ᠠ ᠳ᠋ᠦᠩᠨᠡᠯᠲᠡ ᠬᠢᠵᠦ ᠦᠨᠡᠯᠡᠨ ᠵᠢᠱ᠌ᠢᠬᠦ ᠴᠤᠪᠤᠷᠠᠯ ᠵᠢ ᠦᠨᠳᠦᠰᠦᠯᠡᠵᠦ᠂ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠲᠥᠰᠦᠯ᠂ ᠬᠠᠤᠯᠢ ᠲᠣᠭᠲᠠᠭ᠋ᠠᠯ᠎ᠤᠨ ᠬᠡᠷᠡᠭᠯᠡᠯᠲᠡ᠂ ᠬᠡᠷᠡᠭ ᠰᠢᠢ᠍ᠳᠪᠦᠷᠢᠯᠡᠬᠦ ᠴᠤᠪᠤᠷᠠᠯ ᠵᠡᠷᠭᠡ ᠵᠢ ᠬᠠᠮᠲᠤ᠎ᠪᠠᠷ ᠶᠠᠷᠢᠯᠴᠠᠪᠠ᠃ ᠬᠡᠷᠡᠭ᠎ᠢ ᠪᠠᠶ᠋ᠢᠴᠠᠭ᠋ᠠᠨ   ᠰᠢᠢ᠍ᠳᠪᠦᠷᠢᠯᠡᠬᠦ ᠬᠡᠷᠡᠭᠴᠡᠭᠡ ᠵᠢ ᠦᠨᠳᠦᠰᠦᠯᠡᠨ᠂ ᠬᠡᠷᠡᠭ᠎ᠲᠤ ᠬᠣᠯᠪᠣᠭᠳᠠᠭᠰᠠᠨ ᠵᠢᠭᠤᠯᠴᠢᠯᠠᠯ᠎ᠤᠨ ᠭᠠᠵᠠᠷ᠎ᠢ ᠳᠤᠭᠤᠶ᠋ᠢᠯᠠᠩ ᠬᠤᠪᠢᠶᠠᠨ ᠪᠠᠶ᠋ᠢᠴᠠᠭ᠋ᠠᠵᠤ᠂ ᠪᠠᠶ᠋ᠢᠴᠠᠭ᠋ᠠᠬᠤ ᠠᠭᠤᠯᠭ᠎ᠠ᠂ ᠭᠡᠷᠡᠴᠢ ᠪᠠᠷᠢᠮᠲᠠ ᠰᠢᠯᠵᠢᠭᠦᠯᠦᠨ ᠠᠪᠬᠤ᠂ ᠯᠠᠪᠯᠠᠨ ᠠᠰᠠᠭᠤᠬᠤ ᠲᠥᠰᠦᠯ᠂ ᠪᠢᠴᠢᠭ ᠬᠠᠷ᠎ᠠ ᠵᠣᠬᠢᠶᠠᠬᠤ ᠵᠡᠷᠭᠡ ᠲᠠᠯ᠎ᠠ᠎ᠪᠠᠷ ᠴᠥᠮ ᠨᠠᠷᠢᠨ ᠨᠢᠭᠲᠠ ᠠᠵᠢᠯ᠎ᠤᠨ ᠬᠤᠪᠢᠶᠠᠷᠢᠯᠠᠯ ᠬᠢᠭᠰᠡᠨ ᠪᠠᠶ᠋ᠢᠨ᠎ᠠ᠃ 《ᠬᠡᠷᠡᠭ ᠪᠣᠯᠭ᠋ᠠᠨ ᠳᠠᠩᠰᠠᠯᠠᠬᠤ ᠵᠢ ᠬᠢᠨᠠᠨ ᠵᠥᠪᠰᠢᠶᠡᠷᠡᠬᠦ ᠬᠦᠰᠦᠨᠦᠭᠲᠦ》᠂ 《ᠲᠤᠬᠠᠶ ᠵᠢᠨ ᠲᠠᠯᠠᠪᠤᠷ᠎ᠲᠤ ᠪᠠᠢ᠌ᠴᠠᠭ᠋ᠠᠭᠰᠠᠨ ᠲᠡᠮᠳᠡᠭᠯᠡᠯ》᠂ 《ᠪᠠᠶ᠋ᠢᠴᠠᠭ᠋ᠠᠨ ᠠᠰᠠᠭᠤᠭᠰᠠᠨ ᠲᠡᠮᠳᠡᠭᠯᠡᠯ》᠂ 《ᠬᠡᠷᠡᠭ᠎ᠢ ᠪᠠᠶ᠋ᠢᠴᠠᠭ᠋ᠠᠨ ᠳᠠᠭᠤᠰᠬᠤ ᠵᠢ ᠬᠢᠨᠠᠨ ᠵᠥᠪᠰᠢᠶᠡᠷᠡᠬᠦ ᠬᠦᠰᠦᠨᠦᠭᠲᠦ》 ᠵᠡᠷᠭᠡ ᠬᠠᠤᠯᠢ ᠬᠡᠷᠡᠭᠵᠢᠭᠦᠯᠬᠦ ᠪᠢᠴᠢᠭ ᠬᠠᠷ᠎ᠠ ᠵᠢ ᠲᠡᠭᠦᠯᠳᠡᠷᠵᠢᠭᠦᠯᠪᠡ᠃



      ᠳᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠬᠠᠤᠯᠢ ᠲᠣᠭᠲᠠᠭ᠋ᠠᠯ ᠶᠣᠰᠤᠭ᠋ᠠᠷ ᠬᠡᠷᠡᠭ᠎ᠲᠤ ᠬᠣᠯᠪᠣᠭᠳᠠᠭᠰᠠᠨ ᠵᠢᠭᠤᠯᠴᠢᠯᠠᠯ᠎ᠤᠨ ᠭᠠᠵᠠᠷ᠎ᠲᠤ ᠵᠠᠰᠠᠭ ᠵᠠᠬᠢᠷᠭ᠋ᠠᠨ᠎ᠤ ᠰᠢᠢ᠍ᠳᠬᠡᠯ ᠥᠭᠴᠦ᠂ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠮᠡᠳᠡᠭᠳᠡᠬᠦ ᠪᠢᠴᠢᠭ ᠪᠣᠯᠤᠨ ᠲᠣᠭᠲᠠᠭ᠋ᠠᠯ᠎ᠤᠨ ᠪᠢᠴᠢᠭ ᠪᠠᠭᠤᠯᠭ᠋ᠠᠵᠤ᠂ ᠴᠠᠭ ᠲᠤᠬᠠᠶ᠎ᠳᠤ᠎ᠨᠢ ᠬᠡᠷᠡᠭ᠎ᠢ ᠳᠠᠭᠤᠰᠬᠠᠵᠤ ᠳᠠᠩᠰᠠ ᠡᠪᠬᠡᠮᠡᠯ᠎ᠳᠤ ᠣᠷᠣᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠠᠩᠬᠠᠳᠤᠭ᠋ᠠᠷ ᠬᠤᠭᠤᠴᠠᠭ᠋ᠠᠨ᠎ᠤ 《ᠰᠠᠶ᠋ᠢᠨ ᠳᠤᠷᠠᠴᠤᠳ᠎ᠤᠨ ᠣᠳᠣᠨ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠠᠶ᠋ᠢᠨ ᠲᠤᠷᠠᠴᠤᠳ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠲᠡᠭᠦᠰ ᠠᠮᠵᠢᠯᠲᠠ᠎ᠲᠠᠢ ᠥᠨᠳᠥᠷᠯᠡᠪᠡ
ᠰᠣᠶᠣᠯ ᠪᠠ ᠵᠢᠭᠤᠯᠴᠢᠯᠠᠯ᠎ᠤᠨ ᠶᠠᠮᠤᠨ ᠬᠠᠳᠤᠨ ᠭᠣᠣᠯ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ ᠬᠦᠭᠵᠢᠭᠦᠯᠬᠦ ᠰᠠᠭᠤᠳᠠᠯ᠎ᠤᠨ ᠬᠤᠷᠠᠯ ᠬᠤᠷᠠᠯᠳᠤᠭᠤᠯᠪᠠ
2020 ᠣᠨ᠎ᠤ 《ᠰᠢ ᠵᠦᠴᠦᠭᠡ᠂ ᠪᠣᠯᠪᠠᠰᠣᠷᠠᠯ᠎ᠤᠨ ᠠᠩᠭᠢ》 — ᠵᠦᠴᠦᠭᠡ ᠵᠢᠨ ᠴᠢᠳᠠᠪᠤᠷᠢᠲᠠᠨ᠎ᠢ ᠬᠥᠮᠦᠵᠢᠭᠦᠯᠬᠦ ᠲᠦᠰᠦᠪ᠎ᠤᠨ ᠪᠣᠯᠪᠠᠰᠣᠷᠠᠯ᠎ᠤᠨ ᠠᠩᠭᠢ ᠵᠢᠨ ᠦᠷ᠎ᠡ ᠪᠦᠲᠦᠭᠡᠯ᠎ᠤᠨ ᠬᠠᠷᠢᠭᠤ ᠮᠡᠳᠡᠭᠦᠯᠦᠯᠲᠡ ᠵᠢᠨ ᠲᠣᠭᠯᠠᠯᠲᠠ ᠲᠡᠭᠦᠰ ᠠᠮᠵᠢᠯᠲᠠ᠎ᠲᠠᠢ ᠦᠨᠳᠦᠷᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠤᠳᠬ᠎ᠠ ᠤᠷᠠᠯᠢᠭ᠎ᠤᠨ ᠵᠣᠬᠢᠶᠠᠨ ᠪᠥᠲᠦᠭᠡᠯᠭᠡ ᠵᠢᠨ ᠰᠠᠭᠤᠳᠠᠯ᠎ᠤᠨ ᠬᠤᠷᠠᠯ ᠬᠤᠷᠠᠯᠳᠤᠭᠤᠯᠪᠠ
《ᠬᠠᠷᠠᠮᠥ᠋ᠷᠡᠨ ᠭᠢᠷᠢᠨ ᠯᠢᠶᠣᠣᠨᠢᠩ ᠥᠪᠥᠷ ᠮᠣᠩᠭᠣᠯ》 ᠳᠥᠷᠪᠡᠨ ᠮᠤᠵᠢ (ᠣᠷᠣᠨ) ᠵᠢᠨ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠢᠲᠡᠭᠡᠮᠵᠢ ᠵᠢᠨ ᠰᠢᠰᠲ᠋ᠧᠮ᠎ᠢ ᠪᠥᠲᠥᠭᠡᠨ ᠪᠠᠶ᠋ᠢᠭᠤᠯᠬᠤ — ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠵᠦᠪᠯᠡᠯᠴᠡᠭᠡᠷ ᠲᠤᠭᠲᠠᠵᠠᠢ
 
            