ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠠᠷᠠᠳ᠎ᠤᠨ ᠪᠥᠵᠢᠭ᠎ᠤᠨ ᠤᠷᠤᠯᠳᠤᠭ᠋ᠠᠨ ᠬᠥᠬᠡᠬᠣᠲᠠ᠎ᠳᠤ ᠡᠬᠢᠯᠡᠪᠡ
ᠨᠡᠶᠢᠲᠡᠯᠡᠭᠰᠡᠨ ᠴᠠᠭ᠄ 2020-11-05

     2020 ᠣᠨ᠎ᠤ 11 ᠳ᠋ᠤᠭᠡᠷ ᠰᠠᠷ᠎ᠠ ᠵᠢᠨ 1᠎ᠤ ᠡᠳᠦᠷ᠎ᠤᠨ 20᠄ 00 ᠴᠠᠭ᠎ᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠣᠤᠯᠯᠠᠨ ᠡᠷᠬᠢᠯᠡᠵᠦ᠂ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ ᠳᠠᠭ᠋ᠠᠭ᠋ᠠᠴᠢᠯᠠᠨ ᠡᠷᠭᠢᠯᠡᠭᠰᠡᠨ ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠠᠷᠠᠳ᠎ᠤᠨ ᠪᠥᠵᠢᠭ᠎ᠤᠨ ᠤᠷᠤᠯᠳᠤᠭ᠋ᠠᠨ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠳᠠᠭᠤᠤ ᠬᠥᠭᠵᠢᠮ᠎ᠤᠨ ᠲᠢᠩᠬᠢᠮ᠎ᠳᠤ ᠡᠬᠢᠯᠡᠪᠡ᠃ ᠡᠬᠢᠯᠡᠯᠲᠡ ᠵᠢᠨ ᠶᠣᠰᠣᠯᠠᠯ᠎ᠢ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠨᠠᠮ᠎ᠤᠨ ᠬᠣᠷᠢᠶᠠᠨ᠎ᠤ ᠱᠦᠵᠢ᠂ ᠳᠠᠷᠤᠭ᠎ᠠ ᠯᠢ ᠯᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠸᠸᠨ ᠵᠢᠶᠦ᠋ᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃


     



      ᠤᠷᠤᠯᠳᠤᠭ᠋ᠠᠨ᠎ᠨᠢ ᠨᠢᠭᠡ ᠭᠠᠷᠠᠭ ᠶᠠᠪᠤᠭᠳᠠᠬᠤ᠎ᠪᠠᠷ ᠪᠠᠢ᠌ᠵᠤ᠂ ᠥᠪᠡᠷᠲᠡᠭᠡᠨ ᠵᠠᠰᠠᠬᠤ ᠤᠷᠤᠨ᠎ᠤ ᠡᠯ᠎ᠡ ᠠᠶ᠋ᠢᠮᠠᠭ ᠬᠣᠲᠠ ᠵᠢᠴᠢ ᠰᠢᠨᠵᠢᠶᠠᠩ᠎ᠤᠨ ᠤᠶ᠋ᠢᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠳᠤᠰᠬᠠᠢ ᠮᠡᠷᠭᠡᠵᠢᠯ᠎ᠤᠨ ᠬᠦᠷᠢᠶᠡᠯᠡᠩ ᠪᠦᠯᠬᠦᠮ᠂ ᠤᠷᠠᠯᠢᠭ᠎ᠤᠨ ᠳᠡᠭᠡᠳᠦ ᠰᠤᠷᠭ᠋ᠠᠭᠤᠯᠢ᠂ ᠤᠯᠠᠭ᠋ᠠᠨᠮᠥ᠋ᠴᠢᠷ᠎ᠤᠨ ᠵᠠᠭᠤ ᠰᠢᠬᠠᠮ ᠪᠦᠲᠦᠭᠡᠯ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠪᠠ᠃ ᠤᠷᠤᠯᠳᠤᠭ᠋ᠠᠨ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠤᠳᠬ᠎ᠠ ᠤᠷᠠᠯᠢᠭ᠎ᠤᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢᠵᠢᠬᠦᠯᠤᠨ᠂ ᠮᠠᠨ᠎ᠤ ᠣᠷᠣᠨ᠎ᠤ ᠰᠢᠯᠢᠳᠡᠭ ᠠᠷᠠᠳ᠎ᠤᠨ ᠪᠥᠵᠢᠭ᠎ᠤᠨ ᠤᠷᠠᠯᠢᠭ᠎ᠢ ᠤᠯᠠᠮᠵᠢᠯᠠᠨ ᠬᠦᠭᠵᠢᠬᠦᠯᠵᠦ᠂ ᠤᠷᠤᠯᠳᠤᠭ᠋ᠠᠨ᠎ᠤ ᠠᠵᠢᠯᠯᠠᠭ᠎ᠠ᠎ᠪᠠᠷ ᠳᠠᠮᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠤᠯᠠᠮᠵᠢᠯᠠᠯ᠎ᠢ ᠵᠢᠷᠤᠮᠵᠢᠭᠤᠯᠤᠨ᠂ ᠨᠡᠶ᠋ᠢᠭᠡᠮ᠎ᠤᠨ ᠠᠮᠢᠵᠢᠷᠠᠯ᠎ᠤᠨ ᠬᠦᠴᠦᠨ᠎ᠢ ᠪᠦᠬᠦ ᠲᠠᠯ᠎ᠠ᠎ᠪᠠᠷ ᠬᠥᠭᠵᠢᠭᠡᠵᠦ᠂ ᠨᠠᠩ ᠣᠯᠠᠨ ᠰᠢᠯᠢᠳᠡᠭ ᠪᠥᠵᠢᠭ᠎ᠤᠨ ᠪᠦᠲᠦᠭᠡᠯ᠎ᠢ ᠡᠭᠦᠳᠦᠨ ᠭᠠᠷᠭ᠋ᠠᠬᠤ ᠵᠢ ᠬᠥᠲᠥᠯᠥᠨ ᠵᠢᠯᠣᠭᠣᠳᠴᠤ ᠵᠤᠷᠢᠭᠵᠢᠭᠤᠯᠤᠨ ᠤᠷᠮᠠᠰᠢᠭᠤᠯᠵᠤ᠂ ᠵᠣᠬᠢᠶᠠᠨ ᠪᠦᠲᠦᠭᠡᠬᠦ᠂ ᠲᠤᠭᠯᠠᠬᠤ ᠴᠢᠳᠠᠪᠤᠷᠢᠲᠠᠨ᠎ᠢ ᠢᠯᠡᠷᠡᠬᠦᠯᠦᠨ ᠬᠦᠮᠦᠵᠢᠬᠦᠯᠵᠦ᠂ ᠮᠠᠨ᠎ᠤ ᠣᠷᠣᠨ᠎ᠤ ᠠᠷᠠᠳ᠎ᠤᠨ ᠪᠥᠵᠢᠭ᠎ᠢ ᠰᠢᠨ᠎ᠡ ᠠᠮᠢᠵᠢᠷᠠᠯ᠎ᠤᠨ ᠬᠦᠴᠦᠨ᠎ᠲᠠᠢ ᠪᠤᠯᠭ᠋ᠠᠬᠤ᠎ᠪᠠᠷ ᠵᠤᠷᠢᠪᠠ᠃ ᠥᠪᠥᠷ ᠮᠣᠩᠭᠣᠯ᠎ᠤᠨ ᠠᠷᠠᠳ᠎ᠤᠨ ᠪᠥᠵᠢᠭ᠎ᠢ ᠤᠯᠠᠮᠵᠢᠯᠠᠨ ᠵᠠᠯᠭ᠋ᠠᠮᠵᠢᠯᠠᠬᠤ᠂ ᠬᠥᠭᠵᠢᠭᠦᠯᠬᠦ᠂ ᠲᠥᠪ ᠶᠣᠰᠣ ᠵᠢ ᠰᠠᠬᠢᠵᠤ ᠰᠢᠨ᠎ᠡ ᠵᠢ ᠡᠭᠦᠳᠬᠦ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠪᠥᠵᠢᠭ᠎ᠤᠨ ᠤᠷᠠᠯᠢᠭ᠎ᠤᠨ 《ᠦᠨᠳᠦᠰᠦ》 ᠵᠢ ᠪᠠᠲᠤ ᠰᠠᠬᠢᠬᠤ᠂ ᠥᠪᠥᠷ ᠮᠣᠩᠭᠣᠯ᠎ᠤᠨ ᠠᠷᠠᠳ᠎ᠤᠨ ᠪᠥᠵᠢᠭ᠎ᠤᠨ ᠤᠷᠠᠯᠢᠭ᠎ᠢ ᠡᠷᠡᠭᠦᠯ ᠵᠶ᠋ᠠᠷ ᠬᠥᠭᠵᠢᠬᠦᠯᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢᠵᠢᠬᠦᠯᠬᠦ ᠪᠠ ᠰᠣᠶᠣᠯ ᠤᠷᠠᠯᠢᠭ᠎ᠤᠨ ᠦᠢ᠍ᠯᠡᠰ᠎ᠢ ᠴᠡᠴᠡᠭᠯᠡᠭᠦᠯᠦᠨ ᠬᠥᠭᠵᠢᠬᠦᠯᠬᠦ᠂ ᠰᠣᠶᠣᠯ᠎ᠤᠨ ᠢᠲᠡᠭᠡᠯ᠎ᠢ ᠪᠠᠲᠤᠳᠬᠠᠨ᠂ ᠨᠡᠶ᠋ᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠠᠷᠠᠳ᠎ᠤᠨ ᠪᠥᠵᠢᠭ᠎ᠤᠨ ᠤᠷᠤᠯᠳᠤᠭ᠋ᠠᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠭ᠋ᠠᠮᠵᠢᠯᠠᠨ ᠪᠠᠲᠠᠷᠠᠭᠤᠯᠤᠨ᠎ᠠ
ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠲᠡᠯᠭᠡᠭᠳᠡᠯ᠎ᠡ
ᠪᠦᠬᠦ ᠪᠥᠮᠪᠥᠷᠴᠡᠭ᠎ᠤᠨ ᠬᠠᠮᠤᠭ᠎ᠤᠨ ᠶᠡᠬᠡ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠢᠩᠬᠢᠨᠢ᠎ᠪᠠᠷ ᠲᠣᠭᠲᠠᠪᠠ!
ᠣᠷᠣᠨ ᠪᠦᠰᠡ ᠪᠠ ᠪᠦᠬᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠭᠰᠠᠨ ᠲᠤᠬᠠᠢ ᠲᠠᠢ᠌ᠯᠤᠮᠵᠢ
ᠵᠧᠩ ᠳ᠋ᠦᠩ ᠪᠥᠸᠧ ᠪᠠᠶ᠋ᠢᠭᠤᠯᠭ᠎ᠠ ᠵᠢᠨ ᠨᠢᠭᠡᠳᠦᠭᠡᠷ ᠨᠠᠮ᠎ᠤᠨ ᠡᠭᠦᠷ᠎ᠤᠨ ᠰᠤᠷᠤᠯᠴᠠᠯᠭ᠎ᠠ ᠵᠢᠨ ᠬᠤᠷᠠᠯ᠎ᠳᠤ ᠣᠷᠣᠯᠴᠠᠵᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠳᠠᠭ᠋ᠠᠭᠤᠯᠤᠨ ᠰᠤᠷᠤᠯᠴᠠᠪᠠ
 
            