ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠵᠧᠩ ᠳ᠋ᠦᠩ ᠪᠥᠸᠧ ᠬᠥᠬᠡᠬᠣᠲᠠ ᠵᠢᠨ ᠦᠴᠤᠸᠠᠨ ᠰᠢᠶᠠᠨ᠎ᠤ ᠤᠮᠠᠷᠠᠲᠤ ᠸᠸᠢ ᠵᠢᠨ ᠬᠠᠭ᠋ᠠᠨ᠎ᠤ ᠲᠡᠭᠷᠢ ᠵᠢᠨ ᠲᠠᠬᠢᠯᠭ᠎ᠠ ᠵᠢᠨ ᠭᠠᠵᠠᠷ᠎ᠤᠨ ᠪᠠᠭᠤᠷᠢ ᠵᠢ ᠪᠠᠶ᠋ᠢᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2020-11-05

     10 ᠳ᠋ᠤᠭ᠋ᠠᠷ ᠰᠠᠷ᠎ᠠ ᠵᠢᠨ 30᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠬᠥᠬᠡᠬᠣᠲᠠ ᠵᠢᠨ ᠦᠴᠤᠸᠠᠨ ᠰᠢᠶᠠᠨ᠎ᠤ ᠤᠮᠠᠷᠠᠲᠤ ᠸᠸᠢ ᠵᠢᠨ ᠬᠠᠭ᠋ᠠᠨ᠎ᠤ ᠲᠡᠭᠷᠢ ᠵᠢᠨ ᠲᠠᠬᠢᠯᠭ᠎ᠠ ᠵᠢᠨ ᠭᠠᠵᠠᠷ᠎ᠤᠨ ᠪᠠᠭᠤᠷᠢ᠎ᠳᠤ ᠪᠠᠢ᠌ᠴᠠᠭ᠋ᠠᠨ ᠰᠤᠳᠤᠯᠤᠯᠲᠠ ᠬᠢᠵᠦ᠂ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ᠎ᠤᠨ ᠠᠬᠢᠴᠠ ᠵᠢ ᠣᠢ᠌ᠯᠠᠭ᠋ᠠᠵᠤ᠂ ᠨᠢᠭᠡᠳᠦᠭᠡᠷ ᠹᠷᠣᠨᠲ᠎ᠲᠤ ᠠᠵᠢᠯᠯᠠᠵᠤ ᠪᠠᠢ᠌ᠭ᠎ᠠ ᠬᠠᠭᠤᠴᠢ ᠰᠤᠳᠤᠯᠤᠯ᠎ᠤᠨ ᠠᠵᠢᠯᠲᠠᠨ᠎ᠢ ᠲᠣᠬᠣᠨᠢᠭᠤᠯᠪᠠ᠃



      ᠵᠧᠩ ᠳ᠋ᠦᠩ ᠪᠥᠸᠧ ᠴᠢᠬᠤᠯᠠᠴᠢᠯᠠᠭᠰᠠᠨ᠎ᠨᠢ ᠂ ᠶᠡᠷᠦᠩᠬᠡᠶ ᠱᠦᠵᠢ ᠰᠢ ᠵᠢᠨ ᠫᠢᠩ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ 23 ᠳ᠋ᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ᠎ᠳᠤ᠎ᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠶ ᠰᠤᠷᠤᠯᠴᠠᠨ   ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ ᠪᠣᠯᠤᠨ ᠵᠢᠭ᠋ᠠᠪᠤᠷᠢ ᠴᠣᠬᠣᠯᠠᠪᠤᠷᠢ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ 《ᠳᠥᠷᠪᠡᠨ ᠤᠬᠠᠮᠰᠠᠷ》᠎ᠢ ᠴᠢᠩᠭ᠋ᠠᠳᠬᠠᠬᠤ᠂ 《ᠳᠥᠷᠪᠡᠨ ᠢᠲᠡᠭᠡᠯ》᠎ᠢ ᠪᠠᠲᠤᠳᠬᠠᠬᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ   ᠳᠡᠭᠡᠳᠦ ᠬᠡᠮᠵᠢᠶᠡᠨ᠎ᠠᠴᠠ ᠬᠠᠭᠤᠴᠢ ᠰᠤᠳᠤᠯᠤᠯ᠎ᠢ ᠨᠡᠭᠡᠭᠡᠨ ᠮᠠᠯᠲᠠᠬᠤ ᠪᠠ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂   ᠤᠯᠠᠮ ᠴᠢᠨᠠᠭᠰᠢᠲᠠ ᠤᠬᠠᠮᠰᠠᠷ᠎ᠠᠴᠠ᠎ᠪᠠᠨ ᠲᠡᠤᠬᠡ ᠵᠢᠨ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠶ᠃ ᠨᠢᠭᠡ᠎ᠳᠤ᠂ 《ᠬᠠᠮᠠᠭ᠋ᠠᠯᠠᠬᠤ᠎ᠪᠠᠷ ᠭᠤᠤᠯᠯᠠᠵᠤ᠂ ᠠᠪᠤᠷᠠᠯᠲᠠ ᠬᠢᠬᠦ ᠵᠢ ᠲᠡᠷᠢᠭᠦᠨ᠎ᠳᠤ ᠲᠠᠯᠪᠢᠵᠤ᠂ ᠵᠦᠶ ᠵᠣᠬᠢᠰᠲᠠᠶ ᠠᠰᠢᠭᠯᠠᠨ᠂ ᠬᠠᠮᠢᠶᠠᠷᠤᠯᠲᠠ᠎ᠪᠠᠨ ᠴᠢᠩᠭ᠋ᠠᠳᠬᠠᠬᠤ》 ᠲᠡᠤᠬᠡ ᠵᠢᠨ ᠳᠤᠷᠠᠰᠬᠠᠯᠲᠤ   ᠵᠦᠢ᠍ᠯᠡᠰ᠎ᠤᠨ ᠠᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠶ ᠵᠥᠪ ᠦᠵᠡᠯᠲᠡ ᠵᠢ ᠪᠤᠢ ᠪᠣᠯᠭ᠋ᠠᠵᠤ᠂ ᠬᠠᠮᠠᠭ᠋ᠠᠯᠠᠬᠤ ᠪᠠ ᠠᠰᠢᠭᠯᠠᠬᠤ ᠵᠢᠨ ᠬᠠᠷᠢᠴᠠᠭ᠎ᠠ ᠵᠢ ᠲᠣᠬᠢᠲᠠᠶ ᠰᠠᠶ᠋ᠢᠲᠤᠷ ᠰᠢᠢ᠍ᠳᠪᠦᠷᠢᠯᠡᠵᠦ᠂ ᠪᠦᠲᠦᠭᠡᠯᠴᠢ ᠴᠢᠨᠠᠷᠲᠠᠶ ᠡᠪᠳᠡᠯᠡᠭᠡ ᠬᠢᠬᠦ ᠵᠢ ᠰᠡᠷᠭᠡᠶ᠋ᠢᠯᠡᠵᠦ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠤᠤᠯ᠎ᠤᠨ ᠦᠷᠳᠡᠭ᠎ᠢ ᠡᠪᠳᠡᠬᠦ ᠵᠢ ᠰᠡᠷᠭᠡᠶ᠋ᠢᠯᠡᠨ᠎ᠡ᠃ ᠬᠣᠶᠠᠷ᠎ᠲᠤ᠂ ᠤᠬᠠᠭᠤᠯᠤᠨ ᠳᠡᠯᠭᠡᠷᠡᠭᠦᠯᠬᠦ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ ᠵᠶ᠋ᠠᠷ ᠲᠦᠰᠢᠭ ᠪᠣᠯᠭ᠋ᠠᠵᠤ᠂ ᠰᠣᠶᠣᠯ ᠵᠶ᠋ᠠᠷ ᠰᠠᠭᠤᠷᠢ ᠪᠣᠯᠭ᠋ᠠᠵᠤ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠲᠡᠤᠬᠡᠨ ᠦᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠨᠢᠭᠡ ᠠᠯᠬᠤᠮ ᠪᠠᠲᠤ ᠪᠡᠬᠢ ᠪᠤᠢ ᠪᠣᠯᠭ᠋ᠠᠨ᠎ᠠ᠃ ᠭᠤᠷᠪᠠ᠎ᠳᠤ᠂ ᠬᠠᠭᠤᠴᠢ ᠰᠤᠳᠤᠯᠤᠯ᠎ᠤᠨ ᠦᠷ᠎ᠡ ᠪᠦᠲᠦᠭᠡᠯ᠎ᠢ ᠠᠭᠤᠳᠠᠯᠬᠤ᠂ ᠡᠮᠬᠢᠳᠬᠡᠬᠦ᠂ ᠲᠣᠳᠣᠷᠬᠠᠶ᠋ᠢᠯᠠᠨ ᠦᠭᠦᠯᠡᠬᠦ ᠠᠵᠢᠯ᠎ᠢ ᠰᠠᠶ᠋ᠢᠲᠤᠷ ᠬᠢᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠵᠢ ᠨᠤᠲᠠᠯᠠᠵᠤ᠂ ᠳᠤᠮᠳᠠᠲᠤ ᠵᠢᠨ ᠦᠨᠳᠦᠰᠦᠲᠡᠨ᠎ᠤ ᠤᠯᠠᠨ ᠡᠰᠢᠲᠦ ᠨᠢᠭᠡ ᠴᠤᠬ᠍ᠴᠠᠵᠢᠯᠳᠠ ᠵᠢ   ᠨᠤᠲᠠᠯᠠᠨ᠎ᠠ᠃ ᠳᠥᠷᠪᠡ᠎ᠳᠤ᠂ ᠬᠠᠭᠤᠴᠢ ᠰᠤᠳᠤᠯᠤᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠭᠤᠴᠢ ᠰᠤᠳᠤᠯᠤᠯ᠎ᠤᠨ ᠠᠵᠢᠯᠲᠠᠨ᠎ᠢ ᠬᠠᠯᠠᠮᠵᠢᠯᠠᠨ ᠬᠠᠶ᠋ᠢᠷᠠᠯᠠᠵᠤ᠂ ᠬᠠᠭᠤᠴᠢ ᠰᠤᠳᠤᠯᠤᠯ᠎ᠤᠨ ᠦᠢ᠍ᠯᠡᠰ᠎ᠲᠤ ᠵᠤᠷᠢᠯᠲᠠ᠎ᠲᠠᠢ ᠵᠠᠯᠠᠭᠤᠴᠤᠳ᠎ᠢ ᠢᠳᠡᠪᠬᠢᠲᠡᠶ᠎ᠪᠠᠷ ᠣᠷᠣᠭᠤᠯᠤᠨ ᠠᠪᠴᠢᠷᠠᠵᠤ᠂ ᠴᠢᠳᠠᠪᠦᠷᠢᠲᠠᠨ᠎ᠤ ᠱᠠᠲᠤᠯᠵᠢᠨ ᠡᠩᠨᠡᠭᠡ ᠵᠢ ᠪᠦᠷᠢᠯᠳᠦᠭᠦᠯᠵᠦ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠠᠵᠢᠯ᠎ᠳᠤ ᠪᠠᠲᠤ ᠴᠢᠩᠭ᠎ᠠ ᠴᠢᠳᠠᠪᠤᠷᠢᠲᠠᠨ᠎ᠤ ᠪᠠᠲᠤᠯᠠᠭ᠎ᠠ ᠬᠠᠩᠭ᠋ᠠᠬᠤ ᠬᠡᠷᠡᠭᠲᠡᠶ᠃ ᠲᠠᠪᠤ᠎ᠳᠤ᠂ ᠬᠠᠭᠤᠴᠢ ᠰᠤᠳᠤᠯᠤᠯ᠎ᠤᠨ ᠠᠵᠢᠯ᠎ᠳᠤ᠎ᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠬᠠᠭᠤᠴᠢ ᠰᠤᠳᠤᠯᠤᠯ᠎ᠤᠨ ᠨᠢᠭᠡᠳᠦᠭᠡᠷ ᠹᠷᠣᠨᠲ᠎ᠲᠤ ᠲᠦᠷ ᠴᠠᠭ᠎ᠤᠨ ᠨᠠᠮ᠎ᠤᠨ ᠡᠭᠦᠷ ᠪᠠᠶ᠋ᠢᠭᠤᠯᠵᠤ᠂ ᠨᠠᠮ᠎ᠤᠨ ᠵᠤᠬᠢᠶᠠᠨ ᠪᠠᠶ᠋ᠢᠭᠤᠯᠤᠯᠲᠠ ᠵᠢᠨ ᠳᠠᠶ᠋ᠢᠴᠢᠨ ᠪᠡᠬᠢᠯᠡᠯᠲᠡ ᠵᠢᠨ ᠦᠢ᠍ᠯᠡᠳᠦᠯ ᠪᠠ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ   ᠭᠦᠢ᠍ᠴᠡᠳ ᠪᠠᠳᠠᠷᠠᠭᠤᠯᠤᠨ᠎ᠠ᠃
      ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠭᠠᠵᠠᠷ᠎ᠤᠨ ᠳᠠᠷᠤᠭ᠎ᠠ ᠼᠤᠤ ᠵᠢᠶᠠᠨ ᠧᠨ᠂ ᠳᠡᠳ᠋ ᠳᠠᠷᠤᠭ᠎ᠠ ᠵᠠᠩ ᠸᠸᠨ ᠫᠢᠩ ᠪᠠᠷ᠎ᠠ ᠪᠣᠯᠵᠣ ᠪᠠᠶ᠋ᠢᠴᠠᠭ᠋ᠠᠨ ᠰᠤᠳᠤᠯᠪᠠ᠃



ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠰᠣᠶᠣᠯ ᠵᠢᠭᠤᠯᠴᠢᠯᠠᠯᠲᠤ ᠳᠤᠮᠳᠠᠳᠤ ᠤᠯᠤᠰ᠎ᠤᠨ ᠵᠣᠴᠢᠳ᠎ᠤᠨ ᠲᠢᠩᠬᠢᠮ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠡᠳ᠋ ᠳᠠᠷᠤᠭ᠎ᠠ ᠢᠤᠢ ᡁᠢ ᠭᠦᠸᠧ ᠵᠢᠨ ᠲᠤᠰᠬᠠᠢ ᠰᠤᠷᠪᠤᠯᠵᠢᠯᠠᠭ᠎ᠠ
ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠠᠷᠠᠳ᠎ᠤᠨ ᠪᠥᠵᠢᠭ᠎ᠤᠨ ᠤᠷᠤᠯᠳᠤᠭ᠋ᠠᠨ ᠬᠥᠬᠡᠬᠣᠲᠠ᠎ᠳᠤ ᠡᠬᠢᠯᠡᠪᠡ
ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠠᠷᠠᠳ᠎ᠤᠨ ᠪᠥᠵᠢᠭ᠎ᠤᠨ ᠤᠷᠤᠯᠳᠤᠭ᠋ᠠᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠭ᠋ᠠᠮᠵᠢᠯᠠᠨ ᠪᠠᠲᠠᠷᠠᠭᠤᠯᠤᠨ᠎ᠠ
ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠲᠡᠯᠭᠡᠭᠳᠡᠯ᠎ᠡ
ᠪᠦᠬᠦ ᠪᠥᠮᠪᠥᠷᠴᠡᠭ᠎ᠤᠨ ᠬᠠᠮᠤᠭ᠎ᠤᠨ ᠶᠡᠬᠡ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠢᠩᠬᠢᠨᠢ᠎ᠪᠠᠷ ᠲᠣᠭᠲᠠᠪᠠ!
 
            