ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ 《ᠭᠤᠷᠪᠠᠨ ᠶᠡᠬᠡ ᠡᠷᠳᠡᠨᠢ》᠄ ᠮᠣᠷᠢ᠂ ᠲᠡᠮᠡᠭᠡ᠂ ᠵᠢᠯᠣᠭᠣᠴᠢ ᠥᠬᠡᠶ ᠨᠢᠰᠬᠡᠯ
ᠨᠡᠶᠢᠲᠡᠯᠡᠭᠰᠡᠨ ᠴᠠᠭ᠄ 2020-10-30



      ᠲᠤᠰ ᠵᠢᠷᠤᠭ ᠪᠣᠯ ᠲᠡᠮᠡᠭᠡᠨ᠎ᠤ ᠪᠦᠬᠦ ᠵᠢᠨ ᠳᠡᠭᠡᠷᠡᠬᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠩᠭᠢ ᠪᠣᠯᠣᠨ᠎ᠠ᠃ ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠵᠢᠨ ᠬᠠᠩᠭ᠋ᠠᠭᠰᠠᠨ ᠵᠢᠷᠤᠭ


      ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠰᠦᠯᠵᠢᠶ᠎ᠡ ᠵᠢᠨ ᠬᠥᠬᠡᠬᠣᠲᠠ᠎ᠳᠤ᠎ᠬᠢ 10 ᠳ᠋ᠤᠭ᠋ᠠᠷ ᠰᠠᠷ᠎ᠠ ᠵᠢᠨ 26᠎ᠤ ᠡᠳᠦᠷ᠎ᠤᠨ ᠮᠡᠳᠡᠭᠡ
      ᠳᠤᠮᠳᠠᠳᠤ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠮᠣ ᠣᠷᠣᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠠᠯ᠎ᠠ᠎ᠪᠠᠷ᠂ ᠮᠣᠷᠢᠨ ᠨᠢᠷᠤᠭᠤ᠂ ᠲᠡᠮᠡᠭᠡᠨ᠎ᠤ ᠪᠦᠬᠦ᠂ ᠵᠢᠯᠤᠭᠤᠴᠢ ᠦᠭᠡᠢ ᠨᠢᠰᠭᠡᠯ ᠵᠶ᠋ᠠᠷ ᠬᠠᠮᠠᠭ᠋ᠠᠯᠠᠬᠤ ᠠᠷᠭ᠎ᠠ ᠵᠢ ᠬᠡᠷᠡᠭᠵᠢᠭᠦᠯᠪᠡ᠂ ᠡᠨᠡ᠎ᠨᠢ ᠥᠪᠥᠷ ᠮᠣᠩᠭᠣᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ 《ᠭᠤᠷᠪᠠᠨ ᠶᠡᠬᠡ ᠡᠷᠳᠡᠨᠢ》 ᠬᠡᠮᠡᠭᠳᠡᠵᠡᠢ᠃
      ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠵᠢᠨ ᠳᠠᠷᠤᠭ᠎ᠠ ᠴᠧᠨ ᠶᠦᠩ ᡁᠢ ᠲᠠᠨᠢᠯᠴᠠᠭᠤᠯᠤᠭᠰᠠᠨ ᠵᠶ᠋ᠠᠷ᠂ ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠠᠯᠠᠭ᠎ᠠ ᠮᠥᠴᠢᠷ 2011 ᠣᠨ᠎ᠠᠴᠠ ᠡᠬᠢᠯᠡᠨ᠂ ᠲᠡᠤᠬᠡ ᠵᠢᠨ ᠳᠤᠷᠠᠰᠬᠠᠯᠲᠤ ᠵᠦᠢ᠍ᠯᠡᠰ᠂ ᠡᠷᠲᠡᠨ᠎ᠤ ᠤᠩᠭᠤᠨ᠂ ᠡᠷᠲᠡᠨ᠎ᠤ ᠤᠷᠲᠤ ᠴᠠᠭ᠋ᠠᠨ ᠬᠡᠷᠡᠮ᠎ᠤᠨ ᠪᠠᠭᠤᠷᠢ ᠵᠢᠨ ᠲᠠᠷᠬᠠᠯᠲᠠ ᠵᠢᠨ ᠲᠠᠷᠠᠬᠠᠶ ᠪᠤᠲᠠᠷᠬᠠᠶ᠎ᠠᠴᠠ ᠪᠣᠯᠵᠤ   ᠬᠠᠮᠠᠭ᠋ᠠᠯᠠᠨ ᠬᠠᠮᠢᠶᠠᠷᠬᠤ᠎ᠳᠤ ᠬᠦᠴᠢᠷᠲᠡᠶ ᠪᠠᠶ᠋ᠢᠭ᠎ᠠ ᠪᠣᠳᠠᠲᠤ ᠪᠠᠶ᠋ᠢᠳᠠᠯ᠎ᠳᠤ ᠴᠢᠭᠯᠡᠭᠦᠯᠦᠨ᠂ ᠰᠢᠯᠢ ᠵᠢᠨ ᠭᠣᠤᠯ ᠠᠶ᠋ᠢᠮᠠᠭ᠎ᠤᠨ ᠦᠨᠳᠦᠰᠦᠨ ᠱᠠᠲᠤᠨ᠎ᠤ ᠰᠤᠮᠤ᠂ ᠭᠠᠴᠠᠭ᠋ᠠᠨ᠎ᠤ ᠺᠠᠳ᠋ᠷ ᠣᠯᠠᠨ ᠲᠦᠮᠡᠨ᠎ᠤ ᠬᠦᠴᠦᠲᠡᠶ ᠳᠡᠮᠵᠢᠯᠭᠡ ᠳᠣᠤᠷ᠎ᠠ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠮᠣᠷᠢᠲᠤ ᠠᠩᠭᠢ ᠵᠢ ᠵᠣᠬᠢᠶᠠᠨ ᠪᠠᠶ᠋ᠢᠭᠤᠯᠪᠠ᠃



      ᠲᠤᠰ ᠵᠢᠷᠤᠭ ᠪᠣᠯ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠡᠮᠡᠭᠡᠲᠦ ᠠᠩᠬᠢ ᠪᠣᠯᠤᠨ᠎ᠠ᠃ ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠵᠢᠨ ᠬᠠᠩᠭ᠋ᠠᠭᠰᠠᠨ ᠵᠢᠷᠤᠭ


      ᠲᠠᠨᠢᠯᠴᠠᠭᠤᠯᠤᠭᠰᠠᠨ᠎ᠢ ᠦᠨᠳᠦᠰᠦᠯᠡᠪᠡᠯ᠂ ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠠᠯᠠᠭ᠎ᠠ ᠮᠥᠴᠢᠷ ᠦᠨᠳᠦᠰᠦᠨ ᠱᠠᠲᠤᠨ᠎ᠤ ᠮᠠᠯᠴᠢᠨ ᠲᠠᠷᠢᠶᠠᠴᠢᠳ᠎ᠢ ᠵᠣᠬᠢᠶᠠᠨ ᠪᠠᠶ᠋ᠢᠭᠤᠯᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠤᠬᠠᠭᠤᠯᠬᠤ ᠪᠠ ᠬᠠᠮᠠᠭ᠋ᠠᠯᠠᠬᠤ ᠠᠵᠢᠯ᠎ᠳᠤ ᠰᠠᠶ᠋ᠢᠨ ᠳᠤᠷ᠎ᠠ᠎ᠠᠴᠠ᠎ᠨᠢ ᠣᠷᠤᠯᠴᠠᠭᠤᠯᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠵᠢ ᠮᠠᠯᠴᠢᠨ ᠲᠠᠷᠢᠶᠠᠴᠢᠳ᠎ᠤᠨ ᠡᠳᠦᠷ ᠲᠤᠲᠤᠮ᠎ᠤᠨ ᠦᠢ᠍ᠯᠡᠳᠪᠦᠷᠢᠯᠡᠯ ᠠᠮᠢᠳᠤᠷᠠᠯ᠎ᠲᠠᠢ ᠨᠢᠭᠲᠠ ᠤᠶᠠᠯᠳᠤᠭᠤᠯᠵᠤ᠂ ᠲᠠᠯ᠎ᠠ ᠨᠤᠲᠤᠭ ᠮᠠᠯᠵᠢᠬᠤ ᠣᠷᠣᠨ᠎ᠳᠤ ᠲᠦᠭᠡᠮᠡᠯᠵᠢᠭᠦᠯᠬᠦ᠎ᠳᠤ ᠲᠣᠬᠢᠷᠠᠬᠤ ᠣᠯᠠᠨ ᠵᠶ᠋ᠠᠷ ᠵᠶ᠋ᠠᠨ ᠰᠡᠷᠭᠡᠢ᠌ᠯᠡᠵᠦ ᠣᠯᠠᠨ ᠵᠶ᠋ᠠᠷ ᠵᠶ᠋ᠠᠨ ᠬᠠᠮᠠᠭ᠋ᠠᠯᠠᠬᠤ᠂ ᠦᠨᠡᠨ ᠬᠦ᠌ ᠶᠠᠪᠤᠭᠳᠠᠭᠤᠰᠢᠲᠠᠶ ᠲᠡᠤᠬᠡ ᠵᠢᠨ ᠳᠤᠷᠠᠰᠬᠠᠯᠲᠤ   ᠵᠦᠢ᠍ᠯᠡᠰ᠎ᠤᠨ ᠬᠠᠮᠠᠭ᠋ᠠᠯᠠᠯᠲᠠ ᠵᠢᠨ ᠰᠢᠰᠲ᠋ᠧᠮᠵᠢ ᠵᠢ ᠪᠤᠢ ᠪᠣᠯᠭ᠋ᠠᠪᠠ᠃ ᠲᠤᠬᠠᠢ ᠵᠢᠨ ᠭᠠᠵᠠᠷ᠎ᠲᠤ ᠬᠡᠷᠡᠭᠵᠢᠭᠦᠯᠦᠭᠰᠡᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠮᠣᠷᠢᠲᠤ ᠠᠩᠬᠢ᠎ᠨᠢ ᠳᠤᠮᠳᠠᠳᠤ ᠤᠯᠤᠰ᠎ᠤᠨ ᠤᠯᠤᠰ᠎ᠤᠨ ᠲᠡᠦᠬᠡ ᠵᠢᠨ ᠳᠤᠷᠠᠰᠬᠠᠯᠲᠤ   ᠵᠦᠢ᠍ᠯ᠎ᠤᠨ ᠲᠣᠪᠴᠢᠶ᠎ᠠ ᠵᠢᠴᠢ ᠥᠪᠥᠷ ᠮᠣᠩᠭᠣᠯ᠎ᠤᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠵᠢᠨ ᠠᠩᠬᠠᠷᠤᠯ ᠪᠠ   ᠰᠠᠢ᠌ᠰᠢᠶᠠᠯ᠎ᠢ ᠣᠯᠪᠠ᠃
     26᠎ᠤ ᠡᠳᠦᠷ᠂ ᠰᠤᠷᠪᠤᠯᠵᠢᠯᠠᠭᠴᠢ ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠵᠢᠨ ᠠᠯᠪᠠᠨ᠎ᠤ ᠲᠠᠯ᠎ᠠ᠎ᠠᠴᠠ᠂ ᠥᠪᠥᠷ ᠮᠣᠩᠭᠣᠯ᠎ᠳᠤ ᠳᠤᠮᠳᠠᠳᠤ ᠤᠯᠤᠰ᠎ᠲᠤ ᠬᠠᠮᠤᠭ᠎ᠤᠨ ᠣᠯᠠᠨ᠂ ᠬᠠᠮᠤᠭ᠎ᠤᠨ ᠲᠥᠪᠯᠡᠷᠡᠩᠭᠦᠶ᠂ ᠲᠥᠷᠥᠯ ᠵᠦᠢ᠍ᠯ ᠵᠶ᠋ᠠᠷ ᠬᠠᠮᠤᠭ᠎ᠤᠨ ᠪᠦᠷᠢᠨ᠂ ᠠᠭᠤᠯᠭ᠎ᠠ᠎ᠪᠠᠷ ᠬᠠᠮᠤᠭ᠎ᠤᠨ ᠪᠠᠶᠠᠯᠢᠭ ᠣᠷᠳᠣ ᠴᠠᠭ᠋ᠠᠨ ᠬᠡᠷᠡᠮ᠎ᠤᠨ ᠦᠯᠡᠳᠡᠭᠳᠡᠯ ᠪᠣᠢ᠃ ᠴᠢᠨ ᠤᠯᠤᠰ᠎ᠤᠨ ᠡᠮᠦᠨ᠎ᠡ ᠦᠶ᠎ᠡ᠎ᠠᠴᠠ ᠮᠢᠩ ᠤᠯᠤᠰ᠎ᠤᠨ ᠰᠡᠭᠦᠯᠴᠢ ᠪᠣᠯᠲᠠᠯ᠎ᠠ᠂ ᠤᠷᠲᠤ ᠴᠠᠭ᠋ᠠᠨ ᠬᠡᠷᠡᠮ ᠥᠪᠥᠷ ᠮᠣᠩᠭᠤᠯ᠎ᠳᠤ ᠪᠠᠢ᠌ᠭᠰᠠᠨ ᠤᠯᠠ ᠮᠥᠷ᠎ᠢ ᠮᠦᠷᠳᠡᠵᠦ ᠣᠯᠤᠨ᠎ᠠ ᠭᠡᠬᠦ ᠰᠤᠷᠠᠭ ᠵᠠᠩᠬᠢ ᠵᠢ ᠣᠯᠪᠠ᠃
      ᠡᠬᠢ ᠪᠠᠶᠠᠯᠢᠭ ᠡᠯᠪᠡᠭ ᠳᠡᠯᠪᠡᠭ ᠥᠪᠥᠷ ᠮᠣᠩᠭᠣᠯ᠎ᠤᠨ ᠤᠷᠳᠤ ᠴᠠᠭ᠋ᠠᠨ ᠬᠡᠷᠡᠮ᠎ᠨᠢ ᠬᠠᠮᠠᠭ᠋ᠠᠯᠠᠯᠲᠠ ᠵᠢᠨ ᠲᠠᠯ᠎ᠠ᠎ᠪᠠᠷ ᠴᠤ᠌ ᠳᠤᠮᠳᠠᠳᠤ ᠤᠯᠤᠰ᠎ᠤᠨ ᠠᠩᠬᠠᠨ᠎ᠤ ᠵᠠᠮ᠎ᠢ ᠨᠡᠭᠡᠭᠡᠪᠡ᠃
      ᠢᠯᠡ ᠪᠣᠯᠭ᠋ᠠᠭᠰᠠᠨ ᠮᠠᠲ᠋ᠧᠷᠢᠶᠠᠯ᠎ᠠᠴᠠ ᠦᠵᠡᠪᠡᠯ᠂ ᠥᠪᠥᠷ ᠮᠣᠩᠭᠣᠯ ᠤᠷᠲᠤ ᠴᠠᠭ᠋ᠠᠨ ᠬᠡᠷᠡᠮ᠎ᠤᠨ ᠬᠠᠮᠠᠭ᠋ᠠᠯᠠᠯᠲᠠ ᠵᠢᠨ ᠲᠠᠯ᠎ᠠ᠎ᠪᠠᠷ᠂ ᠣᠳᠣᠬᠠᠨ᠎ᠳᠤ ᠬᠠᠮᠠᠭ᠋ᠠᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ 12 ᠠᠶ᠋ᠢᠮᠠᠭ ᠬᠣᠲᠠ ᠵᠢᠨ ᠤᠷᠲᠤ ᠴᠠᠭ᠋ᠠᠨ ᠬᠡᠷᠡᠮ᠎ᠤᠨ ᠳᠠᠩᠰᠠ ᠡᠪᠬᠡᠮᠡᠯ᠎ᠢ ᠨᠢᠭᠡᠨᠲᠡ ᠪᠠᠢ᠌ᠭᠤᠯᠤᠭᠰᠠᠨ ᠮᠦᠷᠲᠡᠭᠡᠨ ᠥᠪᠥᠷ ᠮᠣᠩᠭᠣᠯ᠎ᠤᠨ ᠣᠷᠳᠣ ᠴᠠᠭ᠋ᠠᠨ ᠬᠡᠷᠡᠮ᠎ᠤᠨ 13278 ᠬᠡᠰᠡᠭ ᠭᠠᠵᠠᠷ᠎ᠤᠨ ᠬᠠᠮᠠᠭ᠋ᠠᠯᠠᠯᠲᠠ ᠵᠢᠨ ᠬᠡᠪᠴᠢᠶ᠎ᠡ ᠪᠠ   ᠪᠦᠲᠦᠭᠡᠨ ᠪᠠᠶ᠋ᠢᠭᠤᠯᠤᠯᠲᠠ ᠵᠢᠨ ᠵᠠᠬᠢᠷᠬᠤ ᠣᠷᠣᠨ ᠪᠦᠰᠡ ᠵᠢ ᠨᠡᠶ᠋ᠢᠲᠡᠯᠡᠭᠰᠡᠨ ᠪᠠᠶ᠋ᠢᠨ᠎ᠠ᠃
      ᠥᠪᠥᠷ ᠮᠣᠩᠭᠣᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠡᠮᠡᠭᠡᠲᠦ ᠠᠩᠭᠢ 2015 ᠣᠨ᠎ᠤ 10 ᠳ᠋ᠤᠭ᠋ᠠᠷ ᠰᠠᠷ᠎ᠠ᠎ᠳᠤ ᠪᠠᠶ᠋ᠢᠭᠤᠯᠤᠭᠳᠠᠪᠠ᠃ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠮᠣᠷᠢᠲᠤ ᠠᠩᠭᠢ᠎ᠠᠴᠠ ᠬᠡᠳᠦᠨ ᠵᠢᠯ ᠣᠷᠣᠶ ᠪᠠᠢ᠌ᠭᠤᠯᠤᠭᠳᠠᠵᠤ᠂ ᠭᠤᠤᠯᠳᠠᠭᠤ ᠤᠷᠲᠤ ᠴᠠᠭ᠋ᠠᠨ ᠬᠡᠷᠡᠮ᠎ᠢ ᠬᠠᠮᠠᠭ᠋ᠠᠯᠠᠬᠤ ᠦᠢ᠍ᠯᠡᠳᠦᠯ᠎ᠲᠠᠢ ᠶᠤᠮ᠃



      ᠲᠤᠰ ᠵᠢᠷᠤᠭ ᠪᠣᠯ ᠥᠪᠥᠷ ᠮᠣᠩᠭᠣᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠠᠯᠠᠭ᠎ᠠ ᠮᠥᠴᠢᠷ᠎ᠤᠨ ᠵᠢᠯᠣᠭᠣᠴᠢ ᠦᠭᠡᠢ ᠨᠢᠰᠬᠡᠯ᠎ᠤᠨ ᠪᠣᠯᠪᠠᠰᠤᠷᠠᠭᠤᠯᠤᠯ ᠪᠣᠯᠤᠨ᠎ᠠ᠃ ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠵᠢᠨ ᠬᠠᠩᠭ᠋ᠠᠭᠰᠠᠨ ᠵᠢᠷᠤᠭ


      ᠠᠯᠪᠠᠨ᠎ᠤ ᠲᠠᠯ᠎ᠠ ᠵᠢᠨ ᠲᠠᠨᠢᠯᠴᠠᠭᠤᠯᠤᠭᠰᠠᠨ ᠵᠶ᠋ᠠᠷ᠂ ᠲᠣᠰ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠩᠭᠢ ᠪᠣᠯ ᠠᠯᠠᠱ᠌ᠠ ᠠᠶ᠋ᠢᠮᠠᠭ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ᠎ᠠᠴᠠ ᠲᠤᠬᠠᠶ ᠵᠢᠨ ᠭᠠᠵᠠᠷ᠎ᠤᠨ ᠮᠠᠯᠴᠢᠳ᠎ᠤᠨ ᠡᠯᠡᠰᠦᠨ ᠴᠥᠯ᠎ᠤᠨ ᠭᠦᠨ᠎ᠳᠤ ᠲᠡᠮᠡᠭᠡ ᠮᠠᠯᠵᠢᠵᠤ ᠪᠠᠶ᠋ᠢᠭ᠎ᠠ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ ᠪᠠᠢ᠌ᠭᠤᠯᠪᠠ᠃ ᠬᠠᠮᠠᠭ᠋ᠠᠯᠠᠯᠲᠠ ᠵᠢᠨ ᠠᠩᠭᠢ᠎ᠨᠢ ᠲᠤᠬᠠᠶ ᠵᠢᠨ ᠭᠠᠵᠠᠷ᠎ᠤᠨ 8 ᠰᠤᠮᠤᠨ᠎ᠠᠴᠠ ᠢᠷᠡᠭᠰᠡᠨ 31 ᠮᠠᠯᠴᠢᠳ ᠵᠶ᠋ᠠᠷ ᠪᠦᠷᠢᠯᠳᠦᠵᠦ᠂ ᠠᠯᠠᠱ᠌ᠠ ᠵᠡᠭᠦᠨ ᠬᠣᠰᠢᠭᠤᠨ᠎ᠤ ᠬᠢᠯᠢ ᠳᠣᠲᠣᠷᠠᠬᠢ ᠮᠢᠩ ᠤᠯᠤᠰ᠎ᠤᠨ ᠦᠶ᠎ᠡ ᠵᠢᠨ ᠣᠷᠳᠣ ᠴᠠᠭ᠋ᠠᠨ ᠬᠡᠷᠡᠮ᠂ ᠬᠠᠨ ᠤᠯᠤᠰ᠎ᠤᠨ ᠡᠷᠲᠡᠨ᠎ᠤ ᠣᠩᠭᠣᠨ᠂ ᠪᠠᠷᠠᠭᠤᠨ ᠰᠢᠶᠠ ᠤᠯᠤᠰ᠎ᠤᠨ ᠴᠢᠯᠠᠭᠤᠨ ᠠᠭᠤᠶ ᠵᠢᠨ ᠰᠦᠮ᠎ᠡ ᠵᠡᠷᠭᠡ 100 ᠭᠠᠷᠤᠶ ᠭᠤᠤᠯᠳᠠᠯᠭ᠎ᠠ᠎ᠲᠠᠢ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ᠂ ᠤᠬᠠᠭᠤᠯᠬᠤ᠂ ᠲᠣᠭᠣᠷᠢᠨ ᠪᠠᠶ᠋ᠢᠴᠠᠭ᠋ᠠᠬᠤ ᠠᠵᠢᠯ᠎ᠢ ᠬᠠᠷᠢᠭᠤᠴᠠᠳᠠᠭ᠃
      ᠪᠦᠷᠢᠳᠬᠡᠯ᠎ᠢ ᠦᠨᠳᠦᠰᠦᠯᠡᠪᠡᠯ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠡᠮᠡᠭᠡᠲᠦ ᠠᠩᠭᠢ ᠪᠠᠶ᠋ᠢᠭᠤᠯᠤᠭᠳᠠᠭᠰᠠᠨ᠎ᠠᠴᠠ ᠨᠠᠭ᠋ᠠᠰᠢ᠂ ᠲᠤᠬᠠᠶ ᠵᠢᠨ ᠭᠠᠵᠠᠷ᠎ᠤᠨ ᠡᠯ᠎ᠡ ᠰᠤᠮᠤ᠂ ᠪᠠᠯᠭ᠋ᠠᠰᠤ ᠨᠡᠶ᠋ᠢᠲᠡ 558 ᠬᠥᠮᠦᠨ ᠤᠳᠠᠭ᠎ᠠ ᠵᠢ ᠵᠣᠬᠢᠶᠠᠨ ᠪᠠᠶ᠋ᠢᠭᠤᠯᠵᠤ᠂ ᠠᠯᠠᠱ᠌ᠠ ᠵᠡᠭᠦᠨ ᠬᠣᠰᠢᠭᠤᠨ᠎ᠤ ᠬᠢᠯᠢ ᠳᠣᠲᠣᠷᠠᠬᠢ ᠡᠯ᠎ᠡ ᠴᠠᠭ ᠦᠶ᠎ᠡ ᠵᠢᠨ ᠣᠷᠳᠣ ᠴᠠᠭ᠋ᠠᠨ ᠬᠡᠷᠡᠮ᠂ ᠬᠠᠳᠠᠨ ᠵᠢᠷᠤᠭ ᠎ᠤᠨ ᠰᠦᠷᠦᠭ ᠵᠡᠷᠭᠡ 100 ᠭᠠᠷᠤᠶ ᠲᠤᠬᠢᠶᠠᠨ᠎ᠤ ᠭᠠᠯ᠂ ᠬᠣᠲᠠ ᠵᠢᠨ ᠬᠠᠯᠬᠠᠪᠴᠢ ᠵᠢᠨ ᠪᠠᠭᠤᠷᠢ ᠵᠢᠴᠢ ᠡᠯ᠎ᠡ ᠲᠥᠷᠥᠯ᠎ᠤᠨ ᠭᠣᠤᠯᠳᠠᠯᠭ᠎ᠠ᠎ᠲᠠᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ ᠵᠢ ᠲᠣᠭᠣᠷᠢᠨ ᠪᠠᠶ᠋ᠢᠴᠠᠭ᠋ᠠᠪᠠ᠃
      ᠳᠤᠷᠠᠳᠤᠭᠤᠰᠢᠲᠠᠶ᠎ᠨᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠠᠯ᠎ᠠ᠎ᠪᠠᠷ᠂ ᠥᠪᠥᠷ ᠮᠣᠩᠭᠣᠯ ᠪᠠᠰᠠ ᠲᠠᠰᠤᠷᠠᠯᠲᠠ ᠥᠬᠡᠶ 《ᠴᠠᠭ ᠦᠶ᠎ᠡ᠎ᠲᠠᠢ ᠵᠡᠷᠭᠡᠪᠡᠷ ᠤᠷᠤᠭᠰᠢᠯᠠᠵᠤ》 ᠪᠠᠢ᠌ᠨ᠎ᠠ᠂ ᠣᠳᠣᠬᠠᠨ᠎ᠳᠤ ᠦᠪᠦᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠲᠤᠬᠠᠶ ᠵᠢᠨ ᠭᠠᠵᠠᠷ᠎ᠤᠨ 103 ᠬᠣᠰᠢᠭᠤ ᠰᠢᠶᠠᠨ (ᠬᠣᠲᠠ᠂ ᠲᠣᠭᠣᠷᠢᠭ)᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠢᠶᠠᠷᠤᠯᠲᠠ ᠵᠢᠨ ᠨᠢᠭᠡᠴᠢ᠎ᠳᠤ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠠᠮᠤᠷ ᠲᠦᠪᠰᠢᠨ ᠵᠶ᠋ᠠᠷ ᠲᠣᠭᠣᠷᠢᠨ   ᠪᠠᠢ᠌ᠴᠠᠭ᠋ᠠᠵᠤ᠂ ᠲᠣᠭᠣᠷᠢᠨ ᠬᠠᠮᠠᠭ᠋ᠠᠯᠠᠬᠤ ᠵᠢᠯᠣᠭᠣᠴᠢ ᠥᠬᠡᠶ ᠨᠢᠰᠬᠡᠯ ᠲᠤᠬᠢᠷᠠᠭᠤᠯᠤᠨ ᠦᠭᠴᠦ᠂ ᠪᠠᠰᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠠᠮᠤᠷ ᠲᠦᠪᠰᠢᠨ ᠵᠶ᠋ᠠᠷ ᠲᠣᠭᠣᠷᠢᠨ ᠪᠠᠢ᠌ᠴᠠᠭ᠋ᠠᠵᠤ᠂ ᠲᠣᠭᠣᠷᠢᠨ ᠬᠠᠮᠠᠭ᠋ᠠᠯᠠᠬᠤ ᠵᠢᠯᠣᠭᠣᠴᠢ ᠦᠭᠡᠢ ᠨᠢᠰᠬᠡᠯ᠎ᠢ ᠬᠡᠷᠡᠭᠯᠡᠬᠦ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠵᠤ᠂ ᠵᠢᠯᠣᠭᠣᠴᠢ ᠥᠬᠡᠶ ᠨᠢᠰᠬᠡᠯ᠎ᠤᠨ ᠬᠡᠷᠡᠭᠯᠡᠯᠲᠡ᠂ ᠬᠠᠮᠢᠶᠠᠷᠤᠯᠲᠠ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠴᠠᠶ᠃



      ᠲᠤᠰ ᠵᠢᠷᠤᠭ ᠪᠣᠯ ᠥᠪᠥᠷ ᠮᠣᠩᠭᠣᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠮᠣᠷᠢᠲᠤ ᠠᠩᠬᠢ ᠪᠣᠯᠤᠨ᠎ᠠ᠃ ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠵᠢᠨ ᠬᠠᠩᠭ᠋ᠠᠭᠰᠠᠨ ᠵᠢᠷᠤᠭ


      ᠴᠧᠨ ᠶᠦᠩ ᡁᠢ ᠬᠡᠯᠡᠭᠰᠡᠨ᠎ᠨᠢ᠂ ᠵᠢᠯᠣᠭᠣᠴᠢ ᠦᠭᠡᠶ ᠨᠢᠰᠬᠡᠯ ᠲᠡᠭᠦᠨ᠎ᠤ ᠠᠮᠢᠳᠤᠯᠢᠭ᠂ ᠳᠥᠭᠥᠮ ᠳᠥᠲᠡ ᠵᠡᠷᠭᠡ ᠳᠠᠪᠠᠭᠤᠯᠢᠭ ᠵᠶ᠋ᠠᠷ ᠵᠶ᠋ᠠᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠳᠤ ᠬᠡᠷᠡᠭᠯᠡᠭᠳᠡᠵᠦ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠲᠣᠭᠣᠷᠢᠨ ᠪᠠᠢ᠌ᠴᠠᠭ᠋ᠠᠬᠤ᠂ ᠲᠣᠭᠣᠷᠢᠨ ᠬᠠᠮᠠᠭ᠋ᠠᠯᠠᠬᠤ ᠴᠠᠭ᠎ᠢ ᠠᠷᠪᠢᠯᠠᠭᠰᠠᠨ ᠵᠶ᠋ᠠᠷ ᠪᠠᠷᠠᠬᠤ ᠦᠭᠡᠶ᠂ ᠪᠠᠰᠠ ᠪᠠᠶ᠋ᠢᠴᠠᠭ᠋ᠠᠵᠤ ᠮᠡᠳᠡᠭᠰᠡᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠡᠷᠡ ᠳᠣᠤᠷ᠎ᠠ᠎ᠨᠢ ᠬᠣᠷᠢᠭᠯᠠᠨ ᠵᠣᠭᠰᠣᠭ᠋ᠠᠬᠤ ᠪᠠ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠭᠡᠷᠡᠴᠢ ᠪᠠᠷᠢᠮᠲᠠ ᠵᠢ ᠦᠯᠡᠳᠡᠭᠡᠵᠦ ᠴᠢᠳᠠᠨ᠎ᠠ᠃ ᠡᠭᠦᠨ᠎ᠤ ᠬᠠᠮᠲᠤ᠂ ᠬᠡᠭᠡᠷ᠎ᠡ ᠭᠠᠳᠠᠭ᠎ᠠ ᠶᠡᠬᠡ ᠵᠠᠢ ᠠᠯᠤᠰᠯᠠᠭᠰᠠᠨ ᠬᠡᠭᠡᠷ᠎ᠡ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠴᠠᠭ ᠲᠤᠬᠠᠶ᠎ᠳᠤ᠎ᠨᠢ ᠪᠦᠲᠦᠮᠵᠢᠲᠡᠶ ᠬᠢᠨᠠᠨ ᠡᠵᠡᠮᠳᠡᠵᠦ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠬᠢᠨᠠᠨ ᠬᠡᠮᠵᠢᠬᠦ᠎ᠳᠤ ᠤᠷᠲᠤ ᠬᠤᠭᠤᠴᠠᠭ᠋ᠠᠨ᠎ᠤ ᠲᠣᠭ᠎ᠠ ᠪᠠᠷᠢᠮᠲᠠ ᠵᠢᠨ ᠯᠠᠪᠯᠠᠯᠲᠠ ᠬᠠᠩᠭ᠋ᠠᠵᠤ᠂ ᠭᠡᠭᠡᠷ᠎ᠡ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠢᠶᠠᠷᠤᠯᠲᠠ ᠵᠢᠨ ᠴᠢᠳᠠᠪᠤᠷᠢ ᠪᠣᠯᠤᠨ ᠬᠢᠷᠢ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠵᠡᠶ᠃ (ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠰᠦᠯᠵᠢᠶ᠎ᠡ ᠵᠢᠨ ᠰᠤᠷᠪᠤᠯᠵᠢᠯᠠᠭᠴᠢ   ᠯᠢ ᠠᠶ ᠫᠢᠩ)

ᠢᠷᠡᠯᠲᠡ᠄ ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠵᠧᠩ ᠳ᠋ᠦᠩ ᠪᠥᠸᠧ ᠬᠥᠬᠡᠬᠣᠲᠠ ᠵᠢᠨ ᠦᠴᠤᠸᠠᠨ ᠰᠢᠶᠠᠨ᠎ᠤ ᠤᠮᠠᠷᠠᠲᠤ ᠸᠸᠢ ᠵᠢᠨ ᠬᠠᠭ᠋ᠠᠨ᠎ᠤ ᠲᠡᠭᠷᠢ ᠵᠢᠨ ᠲᠠᠬᠢᠯᠭ᠎ᠠ ᠵᠢᠨ ᠭᠠᠵᠠᠷ᠎ᠤᠨ ᠪᠠᠭᠤᠷᠢ ᠵᠢ ᠪᠠᠶ᠋ᠢᠴᠠᠭ᠋ᠠᠨ ᠰᠤᠳᠤᠯᠪᠠ
ᠰᠣᠶᠣᠯ ᠵᠢᠭᠤᠯᠴᠢᠯᠠᠯᠲᠤ ᠳᠤᠮᠳᠠᠳᠤ ᠤᠯᠤᠰ᠎ᠤᠨ ᠵᠣᠴᠢᠳ᠎ᠤᠨ ᠲᠢᠩᠬᠢᠮ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠡᠳ᠋ ᠳᠠᠷᠤᠭ᠎ᠠ ᠢᠤᠢ ᡁᠢ ᠭᠦᠸᠧ ᠵᠢᠨ ᠲᠤᠰᠬᠠᠢ ᠰᠤᠷᠪᠤᠯᠵᠢᠯᠠᠭ᠎ᠠ
ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠠᠷᠠᠳ᠎ᠤᠨ ᠪᠥᠵᠢᠭ᠎ᠤᠨ ᠤᠷᠤᠯᠳᠤᠭ᠋ᠠᠨ ᠬᠥᠬᠡᠬᠣᠲᠠ᠎ᠳᠤ ᠡᠬᠢᠯᠡᠪᠡ
ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠠᠷᠠᠳ᠎ᠤᠨ ᠪᠥᠵᠢᠭ᠎ᠤᠨ ᠤᠷᠤᠯᠳᠤᠭ᠋ᠠᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠭ᠋ᠠᠮᠵᠢᠯᠠᠨ ᠪᠠᠲᠠᠷᠠᠭᠤᠯᠤᠨ᠎ᠠ
ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠤᠳᠠᠰ᠎ᠤᠨ ᠪᠤᠰᠤ ᠰᠣᠶᠣᠯ᠎ᠤᠨ ᠥᠪ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠲᠡᠯᠭᠡᠭᠳᠡᠯ᠎ᠡ
 
            