ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠥᠯᠬᠦᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠣᠯᠪᠠᠰᠤᠷᠠᠯ᠎ᠤᠨ ᠠᠩᠭᠢ ᠬᠤᠷᠠᠯᠳᠤᠪᠠ
ᠨᠡᠶᠢᠲᠡᠯᠡᠭᠰᠡᠨ ᠴᠠᠭ᠄ 2020-12-15

     12 ᠳ᠋ᠤᠭ᠋ᠠᠷ ᠰᠠᠷ᠎ᠠ ᠵᠢᠨ 11᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠤᠯᠪᠠᠰᠤᠷᠠᠯ᠎ᠤᠨ ᠠᠩᠭᠢ ᠵᠢ ᠥᠪᠥᠷ ᠮᠣᠩᠭᠣᠯ᠎ᠤᠨ ᠷᠠᠳᠢᠣ᠋ ᠲᠧᠯᠸᠢᠰ᠎ᠤᠨ ᠲᠣᠤᠷ ᠰᠦᠯᠵᠢᠶᠡᠨ᠎ᠤ ᠪᠦᠯᠦᠭᠯᠡᠯ᠎ᠤᠨ ᠲᠧᠯᠸᠢᠰ ᠳ᠋ᠢᠶᠠᠩᠬᠤᠸᠠ ᠬᠤᠷᠠᠯ᠎ᠤᠨ ᠭᠡᠷ᠎ᠲᠤ ᠡᠷᠬᠢᠯᠡᠵᠦ᠂ ᠡᠯ᠎ᠡ ᠠᠶ᠋ᠢᠮᠠᠭ ᠬᠣᠲᠠ᠂ ᠡᠯ᠎ᠡ ᠬᠣᠰᠢᠭᠤ ᠰᠢᠶᠠᠨ᠎ᠳᠤ ᠬᠤᠪᠢᠶᠠᠷᠢ ᠬᠤᠷᠠᠯ᠎ᠤᠨ ᠲᠠᠯᠠᠪᠠᠶ ᠲᠤᠬᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠂ ᠤᠷᠠᠯᠢᠭ᠎ᠤᠨ ᠭᠠᠵᠠᠷ᠎ᠤᠨ ᠬᠠᠮᠢᠶ᠎ᠠ ᠪᠦᠬᠦᠢ ᠬᠥᠮᠦᠰ ᠵᠢᠴᠢ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ᠎ᠤ ᠰᠣᠶᠣᠯ ᠪᠠ ᠵᠢᠭᠤᠯᠴᠢᠯᠠᠯ᠎ᠤᠨ ᠲᠤᠪᠴᠢᠶᠠᠨ᠎ᠤ ᠭᠣᠤᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ᠂ ᠬᠠᠮᠢᠶ᠎ᠠ ᠪᠥᠬᠥᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ᠂ ᠪᠥᠬᠥ ᠣᠷᠣᠨ᠎ᠤ ᠭᠤᠷᠪᠠᠨ ᠱᠠᠲᠤᠨ᠎ᠤ ᠤᠯᠤᠰ᠎ᠤᠨ ᠥᠮᠴᠢᠯᠡᠯᠲᠦ ᠤᠷᠠᠯᠢᠭ᠎ᠤᠨ ᠬᠦᠷᠢᠶᠡᠯᠡᠩ ᠪᠦᠯᠬᠦᠮ᠎ᠤᠨ ᠬᠠᠷᠢᠭᠤᠴᠠᠯᠭ᠋ᠠᠲᠠᠨ ᠲᠣᠰ ᠲᠣᠰ ᠡᠯ᠎ᠡ ᠭᠠᠵᠠᠷ᠎ᠲᠤ᠎ᠪᠠᠨ ᠪᠣᠯᠪᠠᠰᠤᠷᠠᠯ᠎ᠤᠨ ᠠᠩᠭᠢ᠎ᠳᠤ ᠤᠷᠤᠯᠴᠠᠪᠠ᠃



      ᠪᠣᠯᠪᠠᠰᠤᠷᠠᠯ᠎ᠤᠨ ᠠᠩᠭᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠥᠭᠡᠷᠡᠴᠢᠯᠡᠯᠲᠡ ᠵᠢ ᠵᠢᠯᠤᠭᠤᠳᠬᠤ ᠭᠠᠵᠠᠷ᠎ᠤᠨ ᠳᠠᠷᠤᠭ᠎ᠠ ᠵᠤ᠌ ᠴᠢᠩ᠎ᠢ ᠤᠷᠢᠵᠤ ᠬᠢᠴᠢᠶᠡᠯᠯᠡᠬᠦᠯᠪᠡ᠃ ᠭᠠᠵᠠᠷ᠎ᠤᠨ ᠳᠠᠷᠤᠭ᠎ᠠ ᠵᠦ᠍ ᠴᠢᠩ   ᠨᠠᠮ᠎ᠤᠨ ᠲᠥᠪ ᠬᠤᠷᠢᠶᠠᠨ᠎ᠤ ᠠᠯᠪᠠᠨ ᠬᠡᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠬᠡᠷ᠎ᠤᠨ 《ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠰᠠᠨᠠᠯ》᠎ᠢ ᠰᠤᠷᠤᠯᠴᠠᠨ ᠦᠢ᠍ᠯᠠᠭ᠋ᠠᠬᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠳᠤ ᠡᠵᠡᠮᠰᠢᠬᠦ ᠴᠢᠬᠤᠯᠠᠲᠠᠶ ᠬᠡᠳᠦᠨ ᠲᠠᠯ᠎ᠠ᠎ᠳᠤ ᠲᠠᠶ᠋ᠢᠯᠤᠮᠵᠢ ᠬᠢᠪᠠ᠃ ᠪᠣᠯᠪᠠᠰᠤᠷᠠᠯ᠎ᠤᠨ ᠠᠩᠭᠢ᠎ᠳᠤ ᠪᠠᠰᠠ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢᠨ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠲᠠᠢ᠌ᠯᠪᠤᠷᠢᠯᠠᠵᠤ᠂ ᠪᠦᠬᠦ ᠣᠷᠣᠨ᠎ᠤ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠥᠪ᠎ᠤᠨ ᠶᠡᠷᠦᠩᠬᠡᠶ ᠱᠠᠭ᠋ᠠᠷᠳᠠᠯᠭ᠎ᠠ ᠵᠢ ᠪᠠᠢ᠌ᠷᠢᠯᠠᠭᠤᠯᠪᠠ᠃    
      ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠯᠢ ᠰᠢᠶᠤᠤ ᠴᠢᠦ ᠬᠤᠷᠠᠯ᠎ᠳᠤ ᠤᠷᠤᠯᠴᠠᠬᠤ ᠵᠢᠨ ᠬᠠᠮᠲᠤ ᠳ᠋ᠦᠩᠨᠡᠯᠲᠡ ᠬᠢᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲ᠋ᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠵᠢᠭᠤᠯᠴᠢᠯᠠᠯ᠎ᠤᠨ ᠦᠢ᠍ᠯᠡᠰ᠎ᠤᠨ ᠰᠢᠨ᠎ᠡ ᠵᠢ ᠡᠭᠦᠳᠦᠨ ᠬᠥᠭᠵᠢᠭᠦᠯᠬᠦ ᠰᠠᠭᠤᠳᠠᠯ᠎ᠤᠨ ᠬᠤᠷᠠᠯ ᠬᠢᠪᠠ
ᠰᠢᠨ᠎ᠡ ᠨᠢᠭᠡ ᠬᠤᠭᠤᠴᠠᠭ᠋ᠠᠨ᠎ᠤ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ ᠪᠠᠶ᠋ᠢᠭᠤᠯᠤᠭᠳᠠᠭᠰᠠᠨ ᠵᠢᠴᠢ ᠭᠡᠰᠢᠭᠦᠳ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠤᠨ ᠠᠩᠭᠢ ᠬᠥᠬᠡᠬᠣᠲᠠ᠎ᠳᠤ ᠶᠠᠪᠤᠭᠳᠠᠪᠠ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠠᠯᠢᠭ ᠰᠤᠳᠤᠯᠬᠤ ᠬᠦᠷᠢᠶᠡᠯᠡᠩ᠎ᠤᠨ ᠨᠠᠮ᠎ᠤᠨ ᠶᠡᠷᠦᠩᠬᠡᠶ ᠡᠭᠦᠷ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠲᠥᠪ᠎ᠤᠨ ᠨᠠᠮ᠎ᠤᠨ ᠡᠭᠦᠷ ᠬᠠᠮᠲᠤᠷᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠴᠣᠭᠴᠠᠯᠠᠬᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠣᠮ᠎ᠤᠨ ᠰᠠᠩ ᠰᠣᠶᠣᠯ ᠪᠠ ᠵᠢᠭᠤᠯᠴᠢᠯᠠᠯ᠎ᠤᠨ ᠶᠠᠮᠤᠨ᠎ᠤ 2020 ᠣᠨ᠎ᠤ ᠪᠥᠬᠥ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠰᠦᠯᠵᠢᠶᠡᠨ ᠳᠡᠭᠡᠷᠡᠬᠢ ᠤᠷᠤᠯᠳᠤᠭ᠋ᠠᠨ᠎ᠤ ᠨᠢᠭᠡᠳᠦᠭᠡᠷ ᠳᠡᠰ᠎ᠤᠨ ᠱᠠᠩᠨᠠᠯ ᠭᠥᠷᠳᠡᠪᠡ
ᠦᠬᠠᠶ ᠬᠣᠲᠠ ᠵᠢᠨ ᠬᠠᠲᠤᠨ ᠭᠣᠤᠯ᠎ᠤᠨ ᠪᠠᠷᠠᠭᠤᠨᠰᠢ ᠠᠶᠠᠯᠠᠬᠤ ᠵᠣᠴᠢᠳ᠎ᠤᠨ ᠪᠠᠭᠤᠳᠠᠯ ᠤᠯᠤᠰ᠎ᠤᠨ 3 A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠶ᠋ᠡᠷ ᠦᠨᠡᠯᠡᠭᠳᠡᠪᠡ
 
            