12 ᠳ᠋ᠤᠭ᠋ᠠᠷ ᠰᠠᠷ᠎ᠠ ᠵᠢᠨ 9᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠵᠢᠭᠤᠯᠴᠢᠯᠠᠯ᠎ᠤᠨ ᠦᠢ᠍ᠯᠡᠰ᠎ᠤᠨ ᠰᠢᠨ᠎ᠡ ᠵᠢ ᠡᠭᠦᠳᠦᠨ ᠬᠥᠭᠵᠢᠭᠦᠯᠬᠦ ᠰᠠᠭᠤᠳᠠᠯ᠎ᠤᠨ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠬᠤᠷᠠᠯ ᠡᠷᠬᠢᠯᠡᠵᠦ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᡁᠢ ᠭᠦᠸᠧ᠂ ᠲᠢᠩᠬᠢᠮ᠎ᠤᠨ ᠪᠠᠶ᠋ᠢᠭᠤᠯᠭ᠎ᠠ ᠵᠢᠨ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ᠎ᠤᠨ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠵᠢᠴᠢ ᠥᠪᠡᠷᠲᠡᠭᠡᠨ ᠵᠠᠰᠠᠬᠤ ᠣᠷᠣᠨ᠎ᠤ ᠨᠡᠷ᠎ᠡ ᠬᠦᠨᠳᠦᠲᠦ ᠲᠤᠰᠬᠠᠶ ᠮᠡᠷᠭᠡᠵᠢᠯᠲᠡᠨ᠂ ᠶᠡᠬᠡ ᠳᠡᠭᠡᠳᠦ ᠰᠤᠷᠭ᠋ᠠᠭᠤᠯᠢ ᠵᠢᠨ ᠳᠡᠭᠡᠳᠦ ᠲᠠᠰ᠎ᠤᠨ ᠣᠶᠤᠨ᠎ᠤ ᠬᠥᠮᠥᠷᠭᠡ ᠵᠢᠨ ᠴᠢᠳᠠᠪᠤᠷᠢᠲᠠᠨ᠂ ᠡᠮᠦᠨ᠎ᠡ ᠹᠷᠤᠨᠲ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠵᠣᠴᠢᠳ᠎ᠤᠨ ᠪᠠᠭᠤᠳᠠᠯ᠂ ᠵᠢᠭᠤᠯᠴᠢᠯᠠᠯ᠎ᠤᠨ ᠭᠠᠵᠠᠷ᠂ ᠰᠣᠶᠣᠯ᠎ᠤᠨ ᠰᠢᠨ᠎ᠡ ᠵᠢ ᠡᠭᠦᠳᠬᠦ ᠠᠵᠤ ᠠᠬᠤᠶ᠋ᠢᠯᠠᠯ᠎ᠤᠨ ᠲᠥᠯᠥᠭᠡᠯᠡᠭᠴᠢ ᠵᠡᠷᠭᠡ ᠬᠦᠮᠦᠰ ᠬᠤᠷᠠᠯ᠎ᠳᠤ ᠣᠷᠣᠯᠴᠠᠪᠠ᠃


ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠳ 2021 ᠣᠨ᠎ᠤ ᠭᠣᠤᠯᠳᠠᠯᠭ᠎ᠠ᠎ᠲᠠᠢ ᠵᠢᠭᠤᠯᠴᠢᠯᠠᠯ᠎ᠤᠨ ᠠᠵᠢᠯ ᠪᠣᠯᠤᠨ 《ᠠᠷᠪᠠᠨ ᠳᠦᠷᠪᠡᠳᠦᠭᠡᠷ ᠲᠠᠪᠤᠨ ᠵᠢᠯ》᠎ᠤᠨ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢᠨ ᠰᠡᠳᠬᠢᠮᠵᠢ ᠵᠢᠨ ᠲᠣᠭᠣᠷᠢᠨ᠎ᠳᠤ ᠢᠳᠡᠪᠬᠢᠲᠡᠢ᠎ᠪᠠᠷ ᠶᠠᠷᠢᠶ᠎ᠠ ᠲᠠᠯᠪᠢᠵᠤ᠂ ᠰᠣᠶᠣᠯ ᠪᠠ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠂ ᠰᠢᠨ᠎ᠡ ᠵᠢ ᠡᠭᠦᠳᠴᠦ ᠬᠦᠭᠵᠢᠭᠦᠯᠬᠦ᠂ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠦᠭᠵᠢᠬᠦ ᠵᠢ ᠠᠬᠢᠭᠤᠯᠬᠤ ᠵᠡᠷᠭᠡ ᠠᠵᠢᠯ᠎ᠳᠤ ᠰᠠᠨᠠᠯ ᠵᠥᠪᠯᠡᠯᠭᠡ᠎ᠪᠠᠨ ᠳᠤᠷᠠᠳᠪᠠ᠃

ᠲᠤᠰᠬᠠᠶ ᠮᠡᠷᠭᠡᠵᠢᠯᠲᠡᠨ ᠵᠠᠩ᠎ᠲᠠᠢ ᠫᠢᠩ᠄ 《ᠣᠳᠣᠬᠢᠴᠢᠯᠠᠭᠰᠠᠨ ᠪᠥᠲᠥᠭᠡᠨ ᠪᠠᠶ᠋ᠢᠭᠤᠯᠤᠯᠲᠠ᠂ ᠴᠢᠨᠠᠷᠵᠢᠭᠤᠯᠤᠨ ᠳᠡᠭᠡᠭᠰᠢᠯᠡᠭᠦᠯᠬᠦ᠂ ᠣᠨᠴᠠᠯᠢᠬ᠍ᠵᠢᠭᠤᠯᠤᠨ ᠬᠥᠭᠵᠢᠭᠦᠯᠬᠦ᠂ ᠠᠭᠤᠰᠤᠯᠴᠠᠭᠤᠯᠤᠨ ᠪᠠᠶ᠋ᠢᠭᠤᠯᠬᠤ᠂ ᠨᠠᠷᠠᠲᠤ ᠲᠦᠷᠦᠯ ᠲᠡᠮᠳᠡᠭᠲᠦ ᠲᠡᠮᠳᠡᠭᠵᠢᠭᠦᠯᠦᠨ ᠴᠣᠭᠴᠠᠯᠠᠬᠤ᠂ ᠤᠶᠤᠨᠴᠢᠯᠠᠨ ᠡᠵᠡᠩᠨᠡᠬᠦ᠂ ᠬᠡᠪᠴᠢᠶᠡᠵᠢᠭᠦᠯᠦᠨ ᠥᠷᠭᠡᠳᠬᠡᠬᠦ᠂ ᠦᠷᠭᠦᠯᠵᠢᠯᠡᠨ ᠬᠥᠭᠵᠢᠭᠦᠯᠬᠦ》 ᠭᠡᠬᠦ ᠨᠠᠢ᠍ᠮᠠᠨ ᠲᠠᠯ᠎ᠠ᠎ᠠᠴᠠ ᠭᠠᠷᠳᠠᠨ ᠪᠠᠢ᠌ᠵᠤ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠳᠡᠭᠡᠭᠰᠢᠯᠡᠭᠦᠯᠬᠦ ᠬᠡᠷᠡᠭᠲᠡᠶ ᠭᠡᠵᠦ ᠰᠠᠨᠠᠭᠤᠯᠭ᠎ᠠ᠎ᠪᠠᠨ ᠳᠤᠷᠠᠳᠴᠠᠢ᠃

ᠲᠤᠰᠬᠠᠶ ᠮᠡᠷᠭᠡᠵᠢᠯᠲᠡᠨ ᠶᠠᠩ ᠴᠸᠨ ᠬᠤᠸᠠ᠄ ᠰᠢᠨ᠎ᠡ ᠪᠠᠶ᠋ᠢᠷᠢᠰᠢᠯ᠂ ᠰᠢᠨ᠎ᠡ ᠱᠠᠲᠤ᠂ ᠰᠢᠨ᠎ᠡ ᠬᠡᠷᠡᠭᠯᠡᠭᠡᠨ᠎ᠤ ᠵᠠᠭᠪᠤᠷ᠎ᠤᠨ ᠬᠤᠪᠢᠷᠠᠯᠲᠠ ᠵᠢᠨ ᠲᠣᠭᠤᠷᠢᠨ᠎ᠳᠤ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠠᠩᠭᠢᠯᠠᠯ ᠪᠠ ᠢᠷᠡᠭᠡᠳᠦᠢ ᠵᠢᠨ ᠵᠠᠳᠠᠯᠤᠯᠲᠠ ᠵᠢ ᠰᠠᠶ᠋ᠢᠲᠤᠷ ᠬᠢᠬᠦ ᠬᠡᠷᠡᠭᠲᠡᠢ; ᠠᠵᠤ ᠦᠢ᠍ᠯᠡᠳᠪᠦᠷᠢ ᠵᠢᠨ ᠪᠣᠯᠪᠠᠰᠤᠨ᠂ ᠬᠤᠪᠢᠰᠬᠠᠯ᠎ᠤᠨ ᠤᠯᠠᠮᠵᠢᠯᠠᠯ᠎ᠤᠨ ᠲᠡᠤᠬᠡᠨ ᠪᠣᠳᠠᠲᠤ ᠠᠴᠢ ᠬᠣᠯᠪᠣᠭᠳᠠᠯ᠎ᠢ ᠠᠭᠤᠳᠠᠯᠤᠨ᠂ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ᠂ ᠨᠠᠷᠠᠲᠤ ᠲᠥᠷᠥᠯ ᠲᠡᠮᠳᠡᠭᠲᠦ ᠵᠢᠨ ᠪᠠᠶ᠋ᠢᠷᠢ ᠲᠣᠭᠲᠠᠭ᠋ᠠᠯᠲᠠ᠂ ᠳᠦᠷᠢ ᠲᠥᠷᠬᠦ ᠵᠢᠨ ᠪᠠᠶ᠋ᠢᠷᠢ ᠲᠣᠭᠲᠠᠭ᠋ᠠᠯᠲᠠ ᠵᠡᠷᠭᠡ ᠵᠢ ᠰᠢᠨ᠎ᠡ᠎ᠪᠠᠷ ᠬᠢᠵᠦ ᠲᠣᠳᠤᠷᠬᠠᠢ᠌ᠯᠠᠬᠤ ᠬᠡᠷᠡᠭᠲᠡᠢ; ᠰᠣᠶᠣᠯ ᠪᠠ ᠵᠢᠭᠤᠯᠴᠢᠯᠠᠯ᠎ᠤᠨ ᠳᠦᠷᠢ ᠲᠥᠷᠬᠦ ᠵᠢ ᠳᠡᠯᠭᠡᠷᠡᠭᠦᠯᠬᠦ ᠢᠨᠵᠧᠨᠧᠷᠢᠩ᠂ ᠨᠠᠷᠠᠲᠤ ᠲᠥᠷᠥᠯ ᠲᠡᠮᠳᠡᠭᠲᠦ ᠵᠢ ᠳᠡᠭᠡᠭᠰᠢᠯᠡᠭᠦᠯᠬᠦ ᠢᠨᠵᠧᠨᠧᠷᠢᠩ᠂ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠭᠰᠠᠨ ᠦᠢ᠍ᠯᠡᠳᠭᠦᠨ᠎ᠤ ᠪᠦᠲᠦᠭᠡᠯᠴᠢ᠎ᠲᠦ ᠢᠨᠵᠧᠨᠧᠷᠢᠩ᠂ ᠣᠷᠣᠨ ᠵᠠᠶ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ ᠡᠮᠬᠢᠯᠡᠵᠦ ᠨᠡᠶ᠋ᠢᠯᠡᠭᠦᠯᠬᠦ ᠢᠨᠵᠧᠨᠧᠷᠢᠩ᠎ᠢ ᠠᠬᠢᠭᠤᠯᠬᠤ ᠬᠡᠷᠡᠭᠲᠡᠶ ᠭᠡᠰᠡᠨ ᠣᠯᠠᠨ ᠰᠠᠨᠠᠭᠤᠯᠭ᠎ᠠ ᠳᠤᠷᠠᠳᠴᠠᠢ᠃

ᠲᠤᠰᠬᠠᠶ ᠮᠡᠷᠭᠡᠵᠢᠯᠲᠡᠨ ᠵᠤᠤ ᠬᠠᠢ ᠳ᠋ᠦᠩ᠄ ᠬᠠᠩᠭ᠋ᠠᠯᠭ᠎ᠠ ᠵᠢᠨ ᠵᠠᠮ᠎ᠢ ᠰᠠᠭ᠋ᠠᠳ ᠦᠭᠡᠢ ᠪᠣᠯᠭ᠋ᠠᠬᠤ ᠬᠡᠷᠡᠭᠲᠡᠶ᠂ ᠬᠡᠷᠡᠭᠯᠡᠭᠴᠢᠳ᠎ᠤᠨ ᠦᠨᠳᠦᠰᠦᠨ ᠬᠡᠷᠡᠭᠴᠡᠭᠡ ᠱᠠᠭ᠋ᠠᠷᠳᠠᠯᠭ᠎ᠠ + ᠳᠡᠭᠡᠳᠦ ᠳᠡᠰ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠨᠭ᠌ᠭ᠋ᠠᠭᠰᠠᠨ ᠵᠢᠭᠤᠯᠴᠢᠯᠠᠯ᠎ᠤᠨ ᠵᠣᠷᠢᠭᠰᠠᠨ ᠭᠠᠵᠠᠷ᠎ᠤᠨ ᠪᠦᠲᠦᠭᠡᠭᠳᠡᠬᠦᠨ ᠪᠠ ᠦᠢ᠍ᠯᠡᠴᠢᠯᠡᠭᠡ ᠵᠢ ᠬᠢᠵᠦ᠂ ᠭᠠᠵᠠᠷ ᠣᠷᠣᠨ᠎ᠤ ᠰᠣᠶᠣᠯ᠎ᠢ ᠭᠦᠢ᠍ᠴᠡᠳ ᠠᠭᠤᠳᠠᠯᠤᠨ᠂ ᠰᠣᠶᠣᠯ ᠵᠢᠭᠤᠯᠴᠢᠯᠠᠯ᠎ᠤᠨ ᠳᠡᠯᠭᠡᠷᠡᠭᠦᠯᠦᠯᠲᠡ ᠵᠢ ᠪᠣᠶ᠋ᠢᠵᠢᠭᠤᠯᠵᠤ᠂ ᠰᠣᠶᠣᠯ ᠵᠢᠭᠤᠯᠴᠢᠯᠠᠯ᠎ᠤᠨ ᠦᠢ᠍ᠯᠡᠳᠬᠦᠨ᠎ᠤ ᠰᠡᠯᠡᠭᠦᠴᠢᠯᠢᠭ᠂ ᠭᠣᠣᠯ ᠰᠡᠳᠦᠪᠴᠢᠯᠢᠭ᠂ ᠦᠪᠡᠷᠮᠢᠴᠡᠴᠢᠯᠢᠭ᠂ ᠪᠡᠶᠡᠴᠢᠯᠡᠨ ᠣᠢ᠌ᠯᠠᠭ᠋ᠠᠵᠢᠭᠤᠯᠢᠭ ᠲᠡᠰᠢ ᠬᠥᠭᠵᠢᠬᠦ ᠵᠢ ᠪᠡᠶᠡᠯᠡᠭᠦᠯᠪᠡᠯ ᠵᠣᠬᠢᠨ᠎ᠠ ᠭᠡᠵᠦ ᠰᠠᠨᠠᠭᠤᠯᠭ᠎ᠠ᠎ᠪᠠᠨ ᠳᠤᠷᠠᠳᠴᠠᠢ᠃

ᠲᠤᠰᠬᠠᠶ ᠮᠡᠷᠭᠡᠵᠢᠯᠲᠡᠨ ᠴᠠᠩ ᠠᠨ᠄ 5G ᠮᠡᠷᠭᠡᠵᠢᠯ᠎ᠢ ᠭᠦᠢ᠍ᠴᠡᠳ ᠠᠰᠢᠭᠯᠠᠨ ᠪᠠᠢ᠌ᠵᠤ ᠦᠢ᠍ᠯᠡᠴᠢᠯᠡᠭᠡ᠎ᠪᠠᠨ ᠳᠡᠭᠡᠭᠰᠢᠯᠡᠭᠦᠯᠬᠦ ᠬᠡᠷᠡᠭᠲᠡᠢ; 《ᠢᠨᠲᠸᠷ ᠰᠦᠯᠵᠢᠶ᠎ᠡ + ᠵᠢᠭᠤᠯᠴᠢᠯᠠᠯ》᠎ᠢ ᠭᠦᠨᠵᠡᠭᠡᠶ᠋ᠢᠷᠡᠭᠦᠯᠦᠨ ᠵᠢᠭᠤᠯᠴᠢᠯᠠᠯ᠎ᠤᠨ ᠦᠢ᠍ᠯᠡᠰ᠎ᠤᠨ ᠴᠢᠨᠠᠷᠲᠠᠢ ᠬᠥᠭᠵᠢᠯᠲᠡ ᠵᠢ ᠠᠬᠢᠭᠤᠯᠬᠤ ᠬᠡᠷᠡᠭᠲᠡᠶ; ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠵᠢ ᠪᠠᠷᠢᠮᠲᠠᠯᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠵᠠᠭ᠋ᠠᠭᠯᠠᠨ ᠲᠣᠭᠲᠠᠭ᠋ᠠᠵᠤ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠬᠡᠷᠡᠭᠲᠡᠢ; ᠲᠥᠷᠥ ᠵᠢᠨ ᠪᠣᠳᠣᠯᠭ᠎ᠠ ᠵᠢᠨ ᠵᠢᠯᠣᠭᠣᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠣᠷᠣᠨ ᠪᠦᠰᠡ ᠵᠢᠨ ᠰᠣᠶᠣᠯ᠎ᠢ ᠪᠣᠶ ᠪᠣᠯᠭ᠋ᠠᠨ᠂ ᠰᠣᠶᠣᠯ᠎ᠨᠢ ᠴᠢᠯᠥᠭᠡᠲᠡᠶ᠂ ᠵᠢᠭᠤᠯᠴᠢᠯᠠᠯ᠎ᠢ ᠬᠠᠮᠲᠤ᠎ᠪᠠᠷ ᠭᠥᠷᠳᠡᠬᠦ ᠪᠠᠶ᠋ᠢᠷᠢᠰᠢᠯ᠎ᠢ ᠪᠠᠢ᠌ᠭᠤᠯᠬᠤ ᠬᠡᠷᠡᠭᠲᠡᠢ; ᠵᠢᠭᠤᠯᠴᠢᠯᠠᠯ᠎ᠢ ᠲᠦᠷᠦᠯ ᠬᠤᠪᠢᠶᠠᠨ ᠤᠬᠠᠭᠤᠯᠵᠤ ᠡᠵᠡᠩᠨᠡᠨ ᠪᠣᠷᠣᠯᠠᠭᠤᠯᠬᠤ ᠵᠢ ᠴᠢᠩᠭ᠋ᠠᠳᠬᠠᠵᠤ᠂ ᠰᠣᠶᠣᠯ ᠵᠢᠭᠤᠯᠴᠢᠯᠠᠯ᠎ᠤᠨ ᠵᠣᠷᠢᠭᠰᠠᠨ ᠭᠠᠵᠠᠷ᠎ᠤᠨ ᠠᠯᠳᠠᠷᠰᠢᠯ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ; ᠪᠣᠭᠣᠮᠲᠠ ᠵᠢᠨ ᠬᠣᠲᠠ᠎ᠳᠤ 《ᠭᠠᠶ᠋ᠢᠯᠢ᠎ᠠᠴᠠ ᠬᠡᠯᠲᠦᠷᠢᠭᠦᠯᠵᠦ ᠪᠠᠷᠠᠭ᠎ᠠ ᠬᠤᠳᠠᠯᠳᠤᠨ ᠠᠪᠬᠤ ᠣᠷᠣᠨ》᠎ᠢ ᠪᠠᠶ᠋ᠢᠭᠤᠯᠬᠤ᠎ᠪᠠᠷ ᠴᠢᠷᠮᠠᠶ᠋ᠢᠵᠤ᠂ ᠵᠢᠭᠤᠯᠴᠢᠯᠠᠯ ᠵᠢᠴᠢ ᠬᠠᠮᠢᠶ᠎ᠠ ᠪᠦᠬᠦᠢ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠬᠦᠭᠵᠢᠭᠡᠪᠡᠯ ᠵᠣᠬᠢᠨ᠎ᠠ ᠭᠡᠰᠡᠨ ᠣᠯᠠᠨ ᠰᠠᠨᠠᠭᠤᠯᠭ᠎ᠠ᠎ᠪᠠᠨ ᠳᠤᠷᠠᠳᠴᠠᠢ᠃

ᠲᠤᠰᠬᠠᠶ ᠮᠡᠷᠭᠡᠵᠢᠯᠲᠡᠨ ᠡᠤ ᠲᠢᠶᠸ ᠬᠣᠩ᠄ ᠳᠤᠮᠳᠠᠳᠤ ᠤᠯᠤᠰ᠎ᠤᠨ ᠬᠦᠴᠦᠷᠬᠡᠭᠵᠢᠭᠰᠡᠨ ᠬᠥᠭᠵᠢᠯᠲᠡ ᠵᠢᠨ ᠴᠠᠭ ᠦᠶ᠎ᠡ ᠵᠢᠨ ᠠᠬᠤᠶ ᠪᠠᠶ᠋ᠢᠳᠠᠯ᠎ᠢ ᠠᠩᠬᠠᠷᠴᠤ᠂ ᠬᠠᠮ ᠬᠡᠯᠪᠡᠷᠢ ᠵᠢᠨ ᠬᠥᠭᠵᠢᠯᠲᠡ ᠵᠢᠨ ᠬᠠᠷᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠪᠠᠯ ᠵᠣᠬᠢᠨ᠎ᠠ; ᠬᠥᠷᠥᠩᠭᠡ ᠬᠢᠭᠡᠳ ᠮᠡᠷᠭᠡᠵᠢᠯ᠎ᠤᠨ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ᠎ᠳᠤ ᠦᠵᠡᠭᠦᠯᠬᠦ ᠨᠦᠯᠦᠭᠡ ᠵᠢ ᠠᠩᠬᠠᠷᠴᠤ᠂ ᠬᠥᠷᠥᠩᠭᠡ ᠪᠠ ᠮᠡᠷᠭᠡᠵᠢᠯ ᠬᠣᠶᠠᠷ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠳᠤ ᠦᠵᠡᠭᠦᠯᠬᠦ ᠲᠤᠯᠭ᠋ᠠᠭᠤᠷᠢᠯᠠᠯ᠎ᠢ ᠴᠢᠨᠭ᠌ᠭ᠋ᠠᠳᠬᠠᠬᠤ ᠬᠡᠷᠡᠭᠲᠡᠢ; ᠲᠥᠯᠥᠪᠵᠢᠭᠦᠯᠭᠡ ᠬᠢᠬᠦ᠎ᠳᠤ᠎ᠪᠠᠨ ᠭᠠᠵᠠᠷ ᠣᠷᠣᠨ᠎ᠤ ᠪᠠᠶ᠋ᠢᠭ᠋ᠠᠯᠢ ᠬᠢᠭᠡᠳ ᠰᠣᠶᠣᠯ᠎ᠤᠨ ᠣᠷᠴᠢᠨ᠎ᠤ ᠪᠣᠳᠠᠲᠤ ᠪᠠᠢ᠌ᠳᠠᠯᠳᠤᠨᠢ ᠰᠠᠭᠤᠷᠢᠯᠠᠨ᠂ ᠬᠥᠭᠵᠢᠯᠲᠡ ᠵᠢᠨ ᠬᠡᠪ ᠵᠠᠭᠪᠤᠷ᠎ᠤᠨ ᠲᠠᠯ᠎ᠠ᠎ᠪᠠᠷ ᠰᠢᠨ᠎ᠡ ᠵᠢ ᠡᠭᠦᠳᠬᠦ ᠬᠡᠷᠡᠭᠲᠡᠶ; ᠲᠥᠯᠥᠪᠵᠢᠭᠦᠯᠭᠡ᠎ᠨᠢ ᠵᠢᠭᠤᠯᠴᠢᠯᠠᠯ᠎ᠤᠨ ᠬᠡᠷᠡᠭᠴᠡᠭᠡᠨ᠎ᠤ ᠴᠢᠨᠠᠷ ᠰᠠᠶ᠋ᠢᠲᠠᠶ ᠪᠠ ᠣᠯᠠᠨ ᠲᠣᠭ᠋ᠠᠨ᠎ᠤ ᠬᠣᠭᠣᠷᠣᠨᠳᠣᠬᠢ ᠬᠠᠷᠢᠴᠠᠭ᠎ᠠ ᠵᠢ ᠰᠠᠶ᠋ᠢᠲᠤᠷ ᠵᠣᠬᠢᠴᠠᠭᠤᠯᠵᠤ ᠴᠢᠳᠠᠭᠰᠠᠨ ᠪᠠᠢ᠌ᠬᠤ ᠬᠡᠷᠡᠭᠲᠡᠶ; ᠲᠥᠯᠥᠪᠵᠢᠭᠦᠯᠭᠡ᠎ᠨᠢ ᠡᠬᠢ ᠪᠠᠶᠠᠯᠢᠭ᠎ᠤᠨ ᠵᠠᠳᠠᠯᠤᠯᠲᠠ ᠵᠢ ᠴᠢᠨᠭ᠌ᠭ᠋ᠠᠳᠬᠠᠭᠰᠠᠨᠤ ᠬᠠᠮᠲᠤ ᠵᠢᠭᠤᠯᠴᠢᠯᠠᠭᠴᠢ ᠵᠢᠨ ᠦᠢ᠍ᠯᠡ ᠠᠵᠢᠯᠯᠠᠭ᠎ᠠ ᠵᠢᠨ ᠵᠢᠮ᠎ᠡ ᠶᠣᠰᠣ ᠵᠢ ᠨᠠᠩ ᠴᠢᠬᠤᠯᠠᠴᠢᠯᠠᠭᠰᠠᠨ ᠪᠠᠢ᠌ᠵᠤ᠂ ᠦᠢ᠍ᠯᠡᠳᠪᠦᠷᠢᠯᠡᠯ᠎ᠤᠨ ᠬᠦᠴᠦᠨ᠎ᠢ ᠵᠦᠢ ᠵᠣᠬᠢᠰᠲᠠᠢ ᠪᠠᠢ᠌ᠷᠢᠯᠠᠭᠤᠯᠪᠠᠯ ᠵᠣᠬᠢᠨ᠎ᠠ; ᠵᠢᠭᠤᠯᠴᠢᠯᠠᠯ᠎ᠤᠨ ᠡᠯᠧᠮᠧᠨ᠋ᠲ᠎ᠨᠢ ᠵᠢᠭᠤᠯᠴᠢᠯᠠᠯ᠎ᠤᠨ ᠰᠢᠰᠲ᠋ᠧᠮ᠎ᠤᠨ ᠪᠠᠶ᠋ᠢᠷᠢ ᠰᠠᠭᠤᠷᠢ᠎ᠳᠤ ᠭᠠᠷᠬᠤᠢ᠌ᠴᠠ ᠬᠤᠪᠢᠷᠠᠯᠲᠠ ᠵᠢ ᠠᠨᠭ᠌ᠬᠠᠷᠴᠤ᠂ ᠵᠢᠭᠤᠯᠴᠢᠯᠠᠯ᠎ᠤᠨ ᠡᠯᠧᠮᠧᠨ᠋ᠲ ᠪᠡᠶ᠎ᠡ᠎ᠪᠠᠨ ᠳᠠᠭ᠋ᠠᠭ᠋ᠠᠭᠰᠠᠨ ᠲᠠᠲᠠᠬᠤ ᠬᠦᠴᠦᠨ ᠪᠣᠯᠤᠭᠰᠠᠨ᠎ᠤ ᠬᠣᠪᠢ᠎ᠳᠤ ᠬᠡᠯᠪᠡᠷᠢ ᠵᠢᠨ ᠬᠤᠪᠢᠷᠠᠯᠲᠠ ᠭᠠᠷᠬᠤ ᠬᠠᠨᠳᠤᠰᠢ ᠵᠢ ᠪᠣᠳᠤᠯᠬᠢᠯᠠᠬᠤ ᠬᠡᠷᠡᠭᠲᠡᠶ ᠵᠡᠷᠭᠡ ᠰᠠᠨᠠᠭᠤᠯᠭ᠎ᠠ᠎ᠪᠠᠨ ᠳᠤᠷᠠᠳᠴᠠᠢ ᠃

ᠲᠤᠰᠬᠠᠶ ᠮᠡᠷᠭᠡᠵᠢᠯᠲᠡᠨ ᠮᠧᠩ ᠴᠢᠶᠠᠩ᠄ ᠬᠣᠨᠤᠭ ᠬᠠᠨᠭ᠌ᠭ᠋ᠠᠬᠤ ᠦᠢ᠍ᠯᠡᠰ ᠲᠣᠭᠲᠠᠴᠠ᠎ᠳᠤ᠎ᠪᠠᠨ ᠰᠢᠨ᠎ᠡ ᠵᠢ ᠡᠭᠦᠳᠦᠨ᠂ ᠡᠷᠴᠢ ᠬᠦᠴᠦ᠎ᠪᠠᠨ ᠬᠦᠭᠵᠢᠭᠡᠵᠦ᠂ ᠪᠠᠶ᠋ᠢᠯᠳᠤᠬᠤ ᠪᠣᠳᠣᠯᠭ᠎ᠠ ᠵᠢ ᠰᠦᠪᠡᠭᠴᠢᠯᠡᠨ᠂ ᠡᠵᠡᠨᠭᠨᠡᠬᠦ ᠪᠠ ᠬᠦᠭᠵᠢᠭᠦᠯᠬᠦ ᠰᠡᠳᠬᠢᠴᠡ᠎ᠪᠠᠨ ᠬᠤᠪᠢᠷᠠᠭᠤᠯᠵᠤ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠡᠷᠡᠭᠴᠡᠭᠡ ᠵᠢ ᠭᠦᠨᠵᠡᠭᠡᠶ ᠪᠠᠢ᠌ᠴᠠᠭ᠋ᠠᠵᠤ ᠰᠤᠳᠤᠯᠤᠨ᠂ ᠦᠢ᠍ᠯᠡᠳᠭᠦᠨ᠎ᠤ ᠪᠦᠲᠦᠴᠡ ᠪᠣᠯᠤᠨ ᠵᠣᠴᠢᠳ᠎ᠤᠨ ᠢᠷᠡᠯᠲᠡ ᠵᠢᠨ ᠪᠦᠲᠦᠴᠡ ᠵᠢ ᠶᠡᠬᠡ ᠬᠦᠴᠦ ᠲᠠᠯᠪᠢᠵᠤ ᠲᠡᠭᠦᠯᠳᠡᠷᠵᠢᠭᠦᠯᠬᠦ ᠬᠡᠷᠡᠭᠲᠡᠢ; ᠠᠵᠤ ᠦᠢ᠍ᠯᠡᠰ᠎ᠤᠨ ᠪᠦᠲᠦᠴᠡ᠂ ᠦᠢ᠍ᠯᠡᠳᠬᠦᠨ᠎ᠤ ᠪᠦᠲᠦᠴᠡ ᠵᠢᠨ ᠲᠠᠯ᠎ᠠ᠎ᠪᠠᠷ ᠰᠣᠶᠣᠯ᠎ᠤᠨ ᠠᠭᠤᠯᠬᠤᠨ᠎ᠢ ᠳᠣᠪᠣᠶ᠋ᠢᠯᠭ᠋ᠠᠵᠤ᠂ ᠣᠷᠣᠨ ᠪᠦᠰᠡ ᠵᠢᠨ ᠣᠨᠴᠠᠯᠢᠭ᠎ᠲᠠᠢ ᠭᠣᠤᠯ ᠰᠡᠳᠦᠪᠲᠦ ᠪᠠᠭᠤᠳᠠᠯ᠎ᠢ ᠪᠠᠶ᠋ᠢᠭᠤᠯᠬᠤ ᠵᠢᠨ ᠬᠠᠮᠲᠤ ᠤᠶᠤᠨᠴᠢᠯᠠᠭᠰᠠᠨ ᠪᠠ ᠲᠣᠭ᠋ᠠᠵᠢᠭᠤᠯᠤᠭᠰᠠᠨ ᠬᠠᠮᠢᠶᠠᠷᠤᠯᠲᠠ ᠵᠢᠨ ᠬᠢᠷᠢ ᠲᠦᠪᠰᠢᠨ ᠵᠶ᠋ᠡᠨ ᠳᠡᠭᠡᠭᠰᠢᠯᠡᠭᠦᠯᠦᠨ᠂ ᠪᠣᠬᠢᠷᠲᠤᠯ ᠥᠬᠡᠶ ᠬᠠᠮᠢᠶᠠᠷᠤᠯᠲᠠ ᠵᠢ ᠪᠠᠷᠢᠮᠲᠠᠯᠠᠵᠤ᠂ ᠪᠣᠬᠢᠷᠲᠤᠯ ᠥᠬᠡᠶ ᠬᠡᠷᠡᠭᠯᠡᠭᠡ ᠵᠢ ᠰᠠᠨᠠᠭ᠋ᠠᠴᠢᠯᠠᠵᠤ᠂ ᠵᠣᠴᠢᠳ᠎ᠤᠨ ᠪᠠᠭᠤᠳᠠᠯ᠎ᠤᠨ ᠦᠷᠭᠦᠯᠵᠢᠯᠡᠨ ᠬᠦᠭᠵᠢᠬᠦ ᠵᠢ ᠪᠡᠶᠡᠯᠡᠭᠦᠯᠪᠡᠯ ᠵᠣᠬᠢᠨ᠎ᠠ ᠭᠡᠵᠦ ᠰᠠᠨᠠᠭᠤᠯᠭ᠎ᠠ᠎ᠪᠠᠨ ᠳᠤᠷᠠᠳᠴᠠᠢ᠃

ᠲᠤᠰᠬᠠᠶ ᠮᠡᠷᠭᠡᠵᠢᠯᠲᠡᠨ ᠪᠦᠦ ᠰᠢᠶᠤᠤ ᠳ᠋ᠦᠩ᠎ᠤᠨ ᠰᠠᠨᠠᠭ᠋ᠠᠴᠢᠯᠠᠭ᠎ᠠ᠄ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠤᠷᠰᠢᠭᠰᠠᠨ ᠴᠢᠳᠠᠪᠤᠷᠢᠲᠠᠨ᠎ᠢ ᠬᠦᠮᠦᠵᠢᠭᠦᠯᠬᠦ ᠵᠢᠭ᠋ᠠᠨ ᠰᠤᠷᠭ᠋ᠠᠯᠲᠠ ᠵᠢᠨ ᠵᠠᠭᠪᠤᠷ᠎ᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠬᠥᠭᠵᠢᠯᠲᠡ ᠵᠢᠨ ᠬᠡᠷᠡᠭᠴᠡᠭᠡ᠎ᠳᠤ ᠳᠣᠭᠢᠷᠠᠭᠰᠠᠨ ᠲᠤᠰᠬᠠᠶ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠲᠡᠶ; ᠲᠤᠬᠠᠢ᠌ᠯᠠᠭᠰᠠᠨ ᠠᠵᠢᠯ᠎ᠤᠨ ᠠᠵᠢᠯᠲᠠᠨ᠎ᠤ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠵᠢᠭᠤᠯᠴᠢᠯᠠᠯ᠎ᠤᠨ ᠠᠵᠢᠯ ᠲᠥᠷᠥᠯ᠎ᠤᠨ ᠵᠢᠱ᠌ᠢᠶᠡᠴᠢ᠂ ᠵᠢᠭᠤᠯᠴᠢᠯᠠᠯ᠎ᠤᠨ ᠰᠢᠨ᠎ᠡ ᠵᠢ ᠡᠭᠦᠳᠬᠦ ᠪᠦᠲᠦᠭᠡᠭᠳᠡᠬᠦᠨ᠎ᠤ ᠤᠷᠤᠯᠳᠤᠭ᠋ᠠᠨ᠎ᠢ ᠥᠷᠨᠢᠭᠦᠯᠵᠦ᠂ ᠠᠵᠤ ᠠᠬᠤᠶ᠋ᠢᠯᠠᠯ᠎ᠤᠨ ᠥᠷᠢᠰᠦᠯᠳᠦᠬᠦ ᠬᠦᠴᠦᠨ ᠪᠠ ᠵᠢᠭᠤᠯᠴᠢᠯᠠᠭᠴᠢᠳ᠎ᠤᠨ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ; ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠪᠣᠳᠠᠲᠠᠶ᠋ᠢᠵᠢᠭᠤᠯᠬᠤ ᠵᠢ ᠠᠬᠢᠭᠤᠯᠵᠤ᠂ ᠰᠢᠨ᠎ᠡ ᠬᠡᠯᠪᠡᠷᠢ ᠵᠢᠨ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ; ᠴᠢᠨᠠᠷ ᠰᠠᠶ᠋ᠢᠲᠠᠶ ᠲᠣᠭᠯᠠᠯᠲᠠ ᠵᠢᠨ ᠤᠷᠠᠯᠢᠭ ᠪᠠ ᠵᠤᠭ᠎ᠠ ᠴᠡᠩᠭᠡᠯ᠎ᠤᠨ ᠲᠥᠷᠥᠯ ᠵᠦᠢ᠍ᠯ᠎ᠢ ᠨᠡᠮᠡᠭᠳᠡᠭᠦᠯᠵᠦ᠂ ᠰᠥᠨᠢ ᠵᠢᠨ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠴᠤᠭᠯᠠᠷᠠᠯ᠎ᠤᠨ ᠣᠷᠣᠨ᠎ᠢ ᠪᠠᠶ᠋ᠢᠭᠤᠯᠵᠤ᠂ ᠵᠢᠭᠤᠯᠴᠢᠯᠠᠭᠴᠢᠳ᠎ᠤᠨ ᠬᠡᠷᠡᠭᠴᠡᠭᠡ ᠵᠢ ᠬᠠᠩᠭ᠋ᠠᠨ᠎ᠠ; ᠤᠯᠠᠮᠵᠢᠯᠠᠯᠲᠤ ᠭᠠᠷ ᠤᠷᠠᠯᠠᠯ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠂ ᠣᠷᠤᠯᠴᠠᠵᠤ ᠪᠤᠯᠬᠤ ᠲᠥᠷᠥᠯ ᠵᠦᠢ᠍ᠯ᠎ᠤᠨ ᠲᠠᠯ᠎ᠠ᠎ᠪᠠᠷ ᠰᠣᠭᠲᠤᠭᠤᠷᠠᠬᠤ ᠮᠠᠶᠢᠭ᠎ᠤᠨ ᠪᠡᠶᠡᠴᠢᠯᠡᠨ ᠣᠶ᠋ᠢᠯᠠᠭ᠋ᠠᠬᠤ ᠵᠢ ᠴᠢᠩᠭ᠋ᠠᠳᠬᠠᠬᠤ ᠬᠡᠷᠡᠭᠲᠡᠶ; ᠵᠢᠭᠤᠯᠴᠢᠯᠠᠯ᠎ᠤᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠦᠨ᠎ᠡ; ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠤᠨ ᠬᠠᠮᠢᠶᠠᠷᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ; ᠵᠢᠭᠤᠯᠴᠢᠯᠠᠯ᠎ᠤᠨ ᠠᠵᠢᠯ ᠲᠥᠷᠥᠯ᠎ᠤᠨ ᠨᠡᠶ᠋ᠢᠭᠡᠮᠯᠢᠭ᠎ᠤᠨ ᠦᠢ᠍ᠯᠡᠳᠦᠯ᠎ᠢ ᠪᠠᠳᠠᠷᠠᠭᠤᠯᠵᠤ᠂ ᠠᠵᠢᠯ ᠲᠥᠷᠥᠯ᠎ᠤᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠳᠡᠭᠡᠭᠰᠢᠯᠡᠭᠦᠯᠬᠦ ᠵᠢ ᠠᠬᠢᠭᠤᠯᠤᠨ᠎ᠠ; ᠨᠢᠰᠬᠡᠯ ᠳᠠᠭ᠋ᠠᠭ᠋ᠠᠴᠢᠯᠠᠬᠤ᠂ ᠲᠤᠰᠬᠠᠶ ᠭᠠᠯᠲᠤ ᠲᠡᠷᠭᠡ᠂ ᠲᠣᠮᠣ ᠬᠡᠯᠪᠡᠷᠢ ᠵᠢᠨ ᠠᠵᠢᠯᠯᠠᠭ᠎ᠠ ᠵᠡᠷᠭᠡ ᠵᠢ ᠲᠡᠳᠬᠦᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠦᠷᠭᠦᠯᠵᠢᠯᠡᠨ ᠤᠷᠤᠰᠬᠠᠯ ᠳᠠᠭ᠋ᠠᠭᠤᠯᠬᠤ ᠵᠣᠷᠢᠯᠭ᠎ᠠ ᠵᠢ ᠪᠡᠶᠡᠯᠡᠭᠦᠯᠦᠨ᠎ᠡ᠃

ᠲᠤᠰᠬᠠᠶ ᠮᠡᠷᠭᠡᠵᠢᠯᠲᠡᠨ ᠢᠦᠶ ᠬᠠᠶ ᠵᠦᠩ᠎ᠤᠨ ᠰᠠᠨᠠᠭ᠋ᠠᠴᠢᠯᠠᠭ᠎ᠠ᠄ ᠠᠮᠢ ᠠᠬᠤᠶ᠂ ᠦᠵᠡᠮᠵᠢ᠂ ᠰᠣᠶᠣᠯ᠂ ᠦᠢ᠍ᠯᠡᠴᠢᠯᠡᠭᠡᠨ᠎ᠤ ᠣᠷᠴᠢᠨ ᠲᠣᠭᠣᠷᠢᠨ᠂ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ ᠵᠡᠷᠭᠡ ᠲᠠᠯ᠎ᠠ᠎ᠪᠠᠷ ᠰᠢᠨ᠎ᠡ ᠵᠢ ᠡᠭᠦᠳᠴᠦ᠂ ᠬᠤᠳᠠᠯᠳᠤᠬᠤ ᠴᠡᠭ ᠪᠣᠯᠤᠨ ᠬᠢᠯᠠᠰ ᠴᠡᠭ᠎ᠢ ᠤᠶᠠᠯᠳᠤᠭᠤᠯᠤᠭᠰᠠᠨ ᠴᠢᠨᠠᠷ ᠰᠠᠶ᠋ᠢᠲᠠᠶ ᠦᠢ᠍ᠯᠡᠳᠬᠦᠨ᠎ᠢ ᠪᠣᠶ ᠪᠣᠯᠭ᠋ᠠᠨ᠎ᠠ; ᠦᠵᠡᠮᠵᠢ ᠵᠢᠨ ᠣᠷᠣᠨ᠎ᠤ ᠭᠠᠳᠠᠨᠠᠬᠢ ᠵᠢᠭᠤᠯᠴᠢᠯᠠᠯ᠎ᠤᠨ ᠫᠠᠶ᠋ᠢᠰᠠ ᠲᠡᠮᠳᠡᠭ᠎ᠢ ᠲᠡᠭᠦᠯᠳᠡᠷᠵᠢᠭᠦᠯᠵᠦ᠂ ᠠᠵᠤ ᠠᠬᠤᠶ᠋ᠢᠯᠠᠯ᠎ᠤᠨ ᠪᠣᠬᠢᠷᠲᠤᠯ ᠥᠬᠡᠶ ᠬᠥᠭᠵᠢᠯᠲᠡ ᠵᠢᠨ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠎ᠠ; ᠠᠵᠢᠯ ᠲᠥᠷᠥᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠢ ᠲᠡᠳᠬᠦᠵᠦ᠂ ᠣᠷᠣᠨ ᠪᠦᠰᠡ ᠵᠢᠨ ᠴᠢᠨᠠᠷᠲᠠᠶ ᠲᠥᠪᠯᠡᠷᠡᠩᠭᠦᠶ ᠣᠨᠴᠠᠯᠢᠭᠲᠤ ᠠᠵᠤ ᠠᠬᠤᠶ᠋ᠢᠯᠠᠯ᠎ᠢ ᠪᠠᠶ᠋ᠢᠭᠤᠯᠤᠨ᠎ᠠ᠃

ᠲᠤᠰᠬᠠᠶ ᠮᠡᠷᠭᠡᠵᠢᠯᠲᠡᠨ ᠵᠢᠶᠠ ᠬᠣᠩ ᠸᠧᠶ ᠵᠢᠨ ᠰᠠᠨᠠᠭ᠋ᠠᠴᠢᠯᠠᠭ᠎ᠠ᠄ ᠦᠵᠡᠮᠵᠢ ᠵᠢᠨ ᠣᠷᠣᠨ᠎ᠨᠢ ᠣᠷᠣᠨ ᠪᠦᠰᠡ ᠵᠢᠨ ᠤᠨᠴᠠᠯᠢᠭ᠎ᠲᠠᠢ ᠵᠠᠩ ᠦᠢ᠍ᠯᠡ ᠵᠢᠴᠢ ᠪᠣᠳᠠᠰ᠎ᠤᠨ ᠪᠤᠰᠤ ᠰᠣᠶᠣᠯ᠎ᠤᠨ ᠥᠪ᠎ᠢ ᠠᠭᠤᠳᠠᠯᠬᠤ ᠵᠢ ᠴᠢᠬᠤᠯᠠᠴᠢᠯᠠᠵᠤ᠂ ᠰᠣᠶᠣᠯ᠎ᠤᠨ ᠡᠭᠦᠳᠦᠯᠲᠡ᠂ ᠰᠤᠳᠤᠯᠤᠨ ᠰᠤᠷᠤᠯᠴᠠᠬᠤ ᠵᠡᠷᠭᠡ ᠰᠢᠷᠢᠰ ᠦᠢ᠍ᠯᠡᠳᠬᠦᠨ᠎ᠢ ᠭᠠᠷᠭ᠋ᠠᠨ᠎ᠠ; 《ᠥᠪᠥᠷ ᠮᠣᠩᠭᠣᠯ᠎ᠤᠨ ᠣᠬᠢ ᠠᠮᠲᠠ》 ᠵᠢᠴᠢ ᠪᠠᠶᠠᠷ᠎ᠤᠨ ᠡᠳᠦᠷ᠎ᠤᠨ ᠠᠵᠢᠯᠯᠠᠭ᠎ᠠ᠎ᠳᠤ ᠲᠦᠰᠢᠭᠯᠡᠨ᠂ ᠳᠥᠷᠪᠡᠨ ᠤᠯᠠᠷᠢᠯ᠎ᠤᠨ ᠵᠢᠭᠤᠯᠴᠢᠯᠠᠯ᠎ᠢ ᠬᠥᠭᠵᠢᠭᠦᠯᠦᠨ᠎ᠡ; ᠪᠦᠲᠦᠴᠡ᠎ᠨᠢ ᠵᠦᠶ ᠵᠣᠬᠢᠰᠲᠠᠶ᠂ ᠭᠣᠤᠯ ᠰᠡᠳᠦᠪ᠎ᠨᠢ ᠣᠯᠠᠨ ᠡᠰᠢᠵᠢᠭᠰᠡᠨ ᠪᠠᠭᠤᠳᠠᠯᠯᠠᠬᠤ ᠰᠢᠰᠲ᠋ᠧᠮ᠎ᠢ ᠪᠠᠶ᠋ᠢᠭᠤᠯᠵᠤ᠂ ᠠᠳᠠᠯᠢ ᠪᠤᠰᠤ ᠳᠡᠰ ᠳᠠᠪᠬᠤᠷᠭ᠎ᠠ ᠵᠢᠨ ᠬᠡᠷᠡᠭᠯᠡᠭᠡᠨ᠎ᠤ ᠬᠡᠷᠡᠭᠴᠡᠭᠡ ᠵᠢ ᠬᠠᠩᠭ᠋ᠠᠨ᠎ᠠ᠃

ᠲᠤᠰᠬᠠᠢ ᠮᠡᠷᠭᠡᠵᠢᠯᠲᠡᠨ ᠬᠤ᠌ ᠴᠢᠨᠤ ᠰᠠᠨᠠᠭ᠋ᠠᠴᠢᠯᠠᠭ᠎ᠠ᠄ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠤᠯᠭ᠋ᠠᠵᠤ᠂ ᠣᠨᠴᠠᠯᠢᠭ ᠪᠦᠬᠦᠢ ᠰᠣᠶᠣᠯ᠎ᠤᠨ ᠰᠢᠨ᠎ᠡ ᠵᠢ ᠡᠭᠦᠳᠬᠦ ᠦᠢ᠍ᠯᠡᠳᠬᠦᠨ᠎ᠢ ᠲᠦᠰᠦᠪᠯᠡᠵᠦ ᠪᠦᠲᠦᠭᠡᠨ᠎ᠡ᠃ ᠢᠨᠲ᠋ᠧᠷ ᠰᠦᠯᠵᠢᠶ᠎ᠡ ᠵᠢᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠠᠪᠴᠠᠩ᠎ᠳᠤ ᠲᠦᠰᠢᠭᠯᠡᠨ᠂ ᠬᠤᠳᠠᠯᠳᠤᠨ ᠠᠪᠬᠤ ᠵᠠᠮ ᠮᠥᠷ᠎ᠢ ᠰᠠᠭ᠋ᠠᠳ ᠥᠬᠡᠶ ᠨᠡᠪᠲᠡᠷᠡᠭᠦᠯᠦᠨ᠎ᠡ; ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠤ ᠦᠵᠡᠮᠵᠢ ᠵᠢᠨ ᠣᠷᠣᠨ᠂ ᠬᠤᠳᠠᠯᠳᠤᠭ᠋ᠠᠨ᠎ᠤ ᠲᠠᠯᠠᠪᠤᠷ᠂ ᠨᠢᠭᠡᠳᠦᠭᠡᠷ ᠳᠡᠰ᠎ᠤᠨ ᠬᠣᠲᠠ᠎ᠳᠤ ᠣᠷᠣᠬᠤ ᠵᠢ ᠠᠬᠢᠭᠤᠯᠤᠨ᠎ᠠ; ᠰᠣᠶᠣᠯ᠎ᠤᠨ ᠰᠢᠨ᠎ᠡ ᠵᠢ ᠡᠭᠦᠳᠬᠦ ᠦᠢ᠍ᠯᠡᠳᠬᠦᠨ᠎ᠢ ᠤᠬᠠᠭᠤᠯᠤᠨ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠨᠢᠰᠭᠡᠯ᠎ᠤᠨ ᠪᠠᠭᠤᠳᠠᠯ᠂ ᠭᠠᠵᠠᠷ ᠳᠣᠤᠷᠠᠬᠢ ᠲᠡᠮᠦᠷ ᠵᠠᠮ᠂ ᠳᠡᠭᠡᠳᠦ ᠬᠤᠷᠳᠤᠴᠠᠲᠤ ᠲᠡᠮᠦᠷ ᠵᠠᠮ᠂ ᠬᠤᠳᠠᠯᠳᠤᠭ᠋ᠠᠨ᠎ᠤ ᠵᠡᠭᠡᠯᠢ ᠲᠣᠭᠣᠷᠢᠭ᠎ᠲᠤ ᠰᠣᠶᠣᠯ᠎ᠤᠨ ᠰᠢᠨ᠎ᠡ ᠵᠢ ᠡᠭᠦᠳᠬᠦ ᠦᠢ᠍ᠯᠡᠳᠬᠦᠨ᠎ᠢ ᠤᠬᠠᠭᠤᠯᠤᠨ ᠳᠡᠯᠭᠡᠨ ᠦᠵᠡᠭᠦᠯᠬᠦ ᠬᠣᠷᠭᠣ ᠪᠠ ᠬᠤᠳᠠᠯᠳᠤᠬᠤ ᠴᠡᠭ ᠪᠠᠶ᠋ᠢᠷᠢᠯᠠᠭᠤᠯᠬᠤ ᠵᠢ ᠳᠠᠮᠵᠢᠨ᠎ᠠ; ᠲᠠᠪᠴᠠᠩ ᠪᠠᠶ᠋ᠢᠭᠤᠯᠵᠤ᠂ ᠡᠯ᠎ᠡ ᠱᠠᠲᠤᠨ᠎ᠤ ᠤᠬᠠᠭᠤᠯᠭ᠎ᠠ ᠵᠢᠨ ᠵᠠᠭᠤᠴᠢᠯᠠᠭᠤᠷ᠂ ᠸᠢᠴᠠᠲ᠂ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ᠎ᠤᠨ ᠲᠠᠪᠴᠠᠩ ᠵᠶ᠋ᠠᠷ ᠳᠠᠮᠵᠢᠭᠤᠯᠤᠨ ᠤᠬᠠᠭᠤᠯᠭ᠎ᠠ ᠪᠠ ᠪᠣᠷᠣᠯᠠᠭᠤᠯᠭ᠎ᠠ᠎ᠪᠠᠨ ᠴᠢᠩᠭ᠋ᠠᠳᠬᠠᠬᠤ ᠪᠤᠯᠤᠨ᠎ᠠ; ᠰᠣᠶᠣᠯ᠎ᠤᠨ ᠰᠢᠨ᠎ᠡ ᠵᠢ ᠡᠭᠦᠳᠬᠦ ᠠᠵᠤ ᠠᠬᠤᠶ᠋ᠢᠯᠠᠯ᠎ᠤᠨ ᠴᠢᠳᠠᠪᠤᠷᠢᠲᠠᠨ᠎ᠤ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠴᠢᠳᠠᠪᠦᠷᠢᠳᠠᠨᠤ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠨᠠᠩ ᠣᠯᠠᠨ ᠵᠢᠷᠤᠭ ᠲᠥᠯᠥᠪᠯᠡᠭᠡᠨ᠎ᠤ ᠴᠢᠳᠠᠪᠤᠷᠢᠲᠠᠨ᠎ᠢ ᠲᠠᠲᠠᠵᠤ ᠰᠣᠶᠣᠯ᠎ᠤᠨ ᠰᠢᠨ᠎ᠡ ᠵᠢ ᠡᠭᠦᠳᠬᠦ ᠦᠢ᠍ᠯᠡᠳᠬᠦᠨ᠎ᠤ ᠵᠢᠷᠤᠭ ᠲᠥᠯᠥᠪᠯᠡᠭᠡ ᠪᠠ ᠦᠢ᠍ᠯᠡᠳᠪᠦᠷᠢᠯᠡᠯ ᠬᠢᠯᠭᠡᠨ᠎ᠡ᠃

ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠢ ᠲᠥᠯᠥᠭᠡᠯᠡᠨ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠤᠨ 2021 ᠣᠨ᠎ᠤ ᠭᠣᠤᠯᠳᠠᠯᠭ᠎ᠠ᠎ᠲᠠᠢ ᠵᠢᠭᠤᠯᠴᠢᠯᠠᠯ᠎ᠤᠨ ᠠᠵᠢᠯ ᠪᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢᠨ ᠰᠡᠳᠬᠢᠮᠵᠢ ᠵᠢ ᠲᠥᠰᠦᠪᠯᠡᠭᠰᠡᠨ ᠰᠠᠨᠠᠭᠤᠯᠭ᠎ᠠ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠲᠤᠬᠠᠶ᠋ᠢᠯᠠᠭᠰᠠᠨ ᠠᠵᠢᠯ᠎ᠤᠨ ᠭᠠᠵᠠᠷ ᠲᠠᠰᠤᠭ᠎ᠤᠨ ᠬᠠᠷᠢᠭᠤᠴᠠᠯᠭ᠋ᠠᠳᠠᠨ ᠲᠤᠰᠬᠠᠶ ᠮᠡᠷᠭᠡᠵᠢᠯᠲᠡᠨ᠎ᠤ ᠰᠠᠨᠠᠭᠤᠯᠭ᠎ᠠ ᠵᠢ ᠨᠠᠷᠢᠨ ᠬᠢᠨᠠᠮᠠᠭ᠋ᠠᠶ ᠰᠤᠳᠤᠯᠵᠤ᠂ ᠠᠵᠢᠯ᠎ᠤᠨ ᠠᠭᠤᠯᠤᠭᠳᠠᠬᠤᠨ ᠵᠶ᠋ᠠᠨ ᠠᠭᠤᠳᠠᠯᠵᠤ᠂ ᠠᠵᠢᠯ᠎ᠤᠨ ᠰᠡᠳᠬᠢᠮᠵᠢ᠎ᠪᠠᠨ ᠥᠷᠭᠡᠳᠬᠡᠵᠦ᠂ ᠠᠷᠭ᠎ᠠ ᠪᠣᠳᠣᠯᠭ᠎ᠠ᠎ᠪᠠᠨ ᠪᠣᠯᠪᠠᠰᠤᠷᠠᠭᠤᠯᠬᠤ ᠵᠢ ᠱᠠᠭ᠋ᠠᠷᠳᠠᠵᠠᠶ᠃ ᠪᠣᠳᠠᠲᠠᠶ ᠠᠵᠢᠯ᠎ᠤᠨ ᠪᠠᠶ᠋ᠢᠳᠠᠯ ᠵᠶ᠋ᠠᠨ ᠦᠨᠳᠦᠰᠦᠯᠡᠨ ᠢᠷᠡᠬᠦ ᠵᠢᠯ ᠵᠢᠴᠢ ᠬᠣᠶ᠋ᠢᠰᠢᠳᠠ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠠᠵᠢᠯ᠎ᠳᠤ᠎ᠪᠠᠨ ᠨᠠᠢ᠌ᠳᠠᠪᠦᠷᠢᠵᠢᠭᠤᠯᠤᠨᠠ᠃
ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠵᠢᠭ᠋ᠠᠵᠤ ᠭᠠᠷᠭ᠋ᠠᠭᠰᠠᠨ᠎ᠨᠢ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ᠂ ᠨᠢᠭᠡ᠎ᠳᠤ᠂ ᠵᠢᠭᠤᠯᠴᠢᠯᠠᠯ᠎ᠤᠨ ᠦᠢ᠍ᠯᠡᠰ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ ᠵᠢᠨ ᠡᠷᠴᠢᠮ᠎ᠢ ᠴᠢᠩᠭ᠋ᠠᠷᠠᠭᠤᠯᠬᠤ ᠬᠡᠷᠡᠭᠲᠡᠢ᠃ ᠬᠥᠲᠥᠴᠢ ᠠᠵᠤ ᠠᠬᠤᠶ᠋ᠢᠯᠠᠯ᠎ᠤᠨ ᠬᠥᠲᠥᠯᠥᠨ ᠳᠠᠭ᠋ᠠᠭᠤᠯᠵᠤ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠳᠤ ᠪᠠᠯᠠ ᠲᠣᠬᠢᠷᠠᠭᠤᠯᠭ᠎ᠠ ᠵᠢᠨ ᠲᠠᠪᠴᠠᠩ ᠪᠠᠶ᠋ᠢᠭᠤᠯᠵᠤ ᠥᠭᠭᠦᠨ᠎ᠡ᠃ ᠬᠣᠶᠠᠷ᠎ᠲᠤ᠂ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢᠨ ᠪᠡᠯᠡ ᠮᠥᠩᠭᠥ ᠵᠢᠨ ᠵᠢᠯᠣᠭᠣᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠱᠠᠩᠨᠠᠬᠤ᠎ᠪᠠᠷ ᠨᠥᠬᠥᠪᠥᠷᠢᠯᠡᠬᠦ ᠵᠢ ᠣᠷᠣᠯᠠᠭᠤᠯᠬᠤ ᠵᠢ ᠶᠡᠬᠡᠪᠡᠷ ᠲᠦᠯᠬᠢᠨ ᠠᠬᠢᠭᠤᠯᠵᠤ᠂ ᠣᠷᠣᠨ ᠨᠤᠲᠤᠭ᠎ᠤᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ ᠪᠣᠯᠤᠨ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠬᠥᠭᠵᠢᠯᠲᠡ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠬᠤ ᠬᠡᠷᠡᠭᠲᠡᠶ᠃ ᠭᠤᠷᠪᠠ᠎ᠳᠤ᠂ ᠠᠵᠤ ᠦᠢ᠍ᠯᠡᠰ᠎ᠤᠨ ᠠᠭᠤᠰᠤᠯᠴᠠᠯ᠎ᠢ ᠰᠠᠶ᠋ᠢᠲᠤᠷ ᠠᠳᠬᠤᠵᠤ᠂ ᠢᠨᠲ᠋ᠧᠷ ᠰᠦᠯᠵᠢᠶ᠎ᠡ + ᠰᠣᠶᠣᠯ ᠵᠢᠭᠤᠯᠴᠢᠯᠠᠯ᠎ᠢ ᠶᠡᠬᠡᠪᠡᠷ ᠬᠥᠭᠵᠢᠭᠦᠯᠵᠦ᠂ ᠣᠨᠴᠠᠯᠢᠭᠲᠤ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠢ ᠡᠭᠦᠳᠴᠦ᠂ ᠵᠠᠩ ᠠᠭ᠋ᠠᠯᠢ ᠵᠢᠨ ᠣᠨᠴᠠᠯᠢᠭ᠎ᠢ ᠰᠠᠶ᠋ᠢᠲᠤᠷ ᠠᠳᠬᠤᠵᠤ᠂ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢ ᠳᠠᠶ᠋ᠢᠴᠢᠯᠠᠵᠤ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠤᠨ᠎ᠠ᠃