ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠠᠯᠢᠭ ᠰᠤᠳᠤᠯᠬᠤ ᠬᠦᠷᠢᠶᠡᠯᠡᠩ᠎ᠤᠨ ᠨᠠᠮ᠎ᠤᠨ ᠶᠡᠷᠦᠩᠬᠡᠶ ᠡᠭᠦᠷ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠲᠥᠪ᠎ᠤᠨ ᠨᠠᠮ᠎ᠤᠨ ᠡᠭᠦᠷ ᠬᠠᠮᠲᠤᠷᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠴᠣᠭᠴᠠᠯᠠᠬᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠨᠡᠶᠢᠲᠡᠯᠡᠭᠰᠡᠨ ᠴᠠᠭ᠄ 2020-12-18

      ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠪᠦᠬᠦ ᠲᠠᠯ᠎ᠠ ᠪᠠ ᠪᠠᠶ᠋ᠢᠯᠳᠤᠬᠤ ᠪᠣᠳᠣᠯᠭ᠎ᠠ ᠵᠢᠨ ᠳᠡᠭᠡᠳᠦ ᠬᠡᠮᠵᠢᠶᠡᠨ᠎ᠠᠴᠠ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠵᠢᠨ ᠴᠢᠬᠤᠯᠠ ᠴᠢᠨᠠᠷ᠎ᠢ ᠭᠦᠨᠵᠡᠭᠡᠶ ᠲᠠᠨᠢᠵᠤ᠂ 12 ᠳ᠋ᠤᠭ᠋ᠠᠷ ᠰᠠᠷ᠎ᠠ ᠵᠢᠨ 7᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠤᠷᠠᠯᠢᠭ ᠰᠤᠳᠤᠯᠬᠤ ᠬᠦᠷᠢᠶᠡᠯᠡᠩ᠎ᠤᠨ ᠨᠠᠮ᠎ᠤᠨ ᠶᠡᠷᠦᠩᠬᠡᠶ ᠡᠭᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠲᠥᠪ᠎ᠤᠨ ᠨᠠᠮ᠎ᠤᠨ ᠡᠭᠦᠷ᠎ᠲᠠᠢ ᠬᠠᠮᠲᠤᠷᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠴᠣᠭᠴᠠᠯᠠᠬᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠦ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠦᠨᠳᠦᠰᠦᠲᠡᠨ᠎ᠤ ᠣᠨᠣᠯ᠎ᠤᠨ ᠵᠢᠭ᠋ᠠᠬᠤ ᠵᠢ ᠰᠤᠳᠤᠯᠬᠤ ᠬᠡᠯᠲᠡᠰ᠎ᠤᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠬᠦᠨ ᠰᠠᠷᠠᠨ ᠫᠷᠤᠹᠸᠰᠰᠤᠷ᠎ᠢ ᠤᠷᠢᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠴᠣᠭᠴᠠᠯᠠᠬᠤ ᠲᠤᠰᠬᠠᠶ ᠰᠡᠳᠦᠪᠲᠦ ᠲᠠᠶ᠋ᠢᠯᠤᠮᠵᠢ ᠬᠢᠯᠭᠡᠵᠦ᠂ ᠤᠷᠠᠯᠢᠭ ᠰᠤᠳᠤᠯᠬᠤ ᠬᠦᠷᠢᠶᠡᠯᠡᠩ ᠪᠠ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠲᠥᠪ᠎ᠠᠴᠠ ᠢᠷᠡᠭᠰᠡᠨ ᠨᠠᠮ᠎ᠤᠨ ᠭᠡᠰᠢᠭᠦᠨ᠂ ᠨᠠᠮ᠎ᠳᠤ ᠡᠷᠡᠮᠡᠯᠵᠡᠯᠡᠵᠦ ᠪᠠᠢ᠌ᠭ᠎ᠠ ᠢᠳᠡᠪᠬᠢᠲᠡᠨ ᠨᠡᠢ᠍ᠢ᠍ᠳᠡ 40 ᠭᠠᠷᠤᠢ ᠬᠥᠮᠦᠨ ᠠᠵᠢᠯᠯᠠᠭ᠎ᠠ᠎ᠳᠤ ᠣᠷᠣᠯᠴᠠᠪᠠ᠃ ᠠᠵᠢᠯᠯᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠯᠢᠭ ᠰᠤᠳᠤᠯᠬᠤ ᠬᠦᠷᠢᠶᠡᠯᠡᠩ᠎ᠤᠨ ᠨᠠᠮ᠎ᠤᠨ ᠶᠡᠷᠦᠩᠬᠡᠶ ᠡᠭᠦᠷ᠎ᠤᠨ ᠬᠠᠷᠢᠭᠤᠴᠠᠯᠭ᠋ᠠᠲᠠᠨ ᠭᠣᠤ ᠰᠢᠶᠤᠤ ᠬᠣᠩ ᠡᠷᠭᠢᠯᠡᠪᠡ᠃



      ᠰᠠᠷᠠᠨ ᠫᠷᠤᠹᠸᠰᠰᠤᠷ 《ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠦᠭᠦᠯᠡᠯᠲᠡ ᠵᠢ ᠰᠤᠷᠤᠯᠴᠠᠵᠤ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠢ》 ᠭᠡᠬᠦ ᠰᠡᠳᠦᠪ ᠵᠶ᠋ᠠᠷ ᠲᠠᠢ᠌ᠯᠤᠮᠵᠢ ᠬᠢᠵᠦ᠂ ᠡᠩ ᠲᠡᠷᠢᠭᠦᠨ᠎ᠳᠤ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠤᠯᠠ ᠮᠥᠷ᠎ᠢ ᠡᠷᠭᠢᠴᠡᠭᠦᠯᠵᠦ᠂ ᠢᠯᠠᠩᠭᠤᠶ᠎ᠠ ᠶᠡᠷᠦᠩᠬᠡᠢ ᠱᠦᠵᠢ 2014 ᠤᠨ ᠪᠠ 2019 ᠣᠨ᠎ᠳᠤ ᠬᠣᠶᠠᠷ ᠤᠳᠠᠭ᠎ᠠ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠵᠤ ᠰᠤᠳᠤᠯᠤᠯᠲᠠ ᠬᠢᠭᠰᠡᠨ ᠵᠢᠴᠢ ᠶᠡᠷᠦᠩᠬᠡᠢ ᠱᠦᠵᠢ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ᠎ᠨᠢ ᠶᠡᠷᠦᠩᠬᠡᠢ ᠱᠦᠵᠢ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠭᠦᠨ ᠬᠠᠯᠠᠮᠵᠢᠯᠠᠭᠰᠠᠨ᠎ᠢ ᠤᠯᠠᠨ᠎ᠳᠤ ᠭᠦᠨᠵᠡᠭᠡᠢ ᠮᠡᠳᠡᠷᠡᠭᠦᠯᠪᠡ᠃ ᠵᠠᠯᠭ᠋ᠠᠭ᠋ᠠᠳ᠂ ᠮᠠᠨ᠎ᠤ ᠤᠯᠤᠰ᠎ᠤᠨ ᠨᠢᠭᠡᠳᠦᠭᠰᠡᠨ ᠣᠯᠠᠨ ᠦᠨᠳᠦᠰᠦᠲᠡᠨ᠎ᠲᠠᠢ ᠤᠯᠤᠰ᠎ᠤᠨ ᠦᠨᠳᠦᠰᠦᠨ ᠪᠠᠶ᠋ᠢᠳᠠᠯ᠎ᠢ ᠣᠨᠣᠪᠴᠢᠲᠠᠶ ᠡᠵᠡᠮᠰᠢᠵᠦ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠦᠨ᠂ ᠦᠨᠳᠦᠰᠦᠲᠡᠨ᠎ᠤ ᠪᠦᠯᠬᠦᠮᠳᠡᠯ   ᠳᠠᠪᠰᠢᠯᠲᠠ ᠵᠢᠨ ᠦᠢ᠍ᠯᠡᠰ᠎ᠢ ᠪᠠᠷᠢᠮᠲᠠᠯᠠᠨ ᠠᠬᠢᠭᠤᠯᠬᠤ ᠵᠡᠷᠭᠡ ᠳᠥᠷᠪᠡᠨ ᠲᠠᠯ᠎ᠠ᠎ᠪᠠᠷ ᠠᠮᠢᠳᠤᠯᠢᠭ ᠬᠡᠯᠡ ᠬᠡᠯᠡᠯᠭᠡ ᠪᠣᠯᠤᠨ ᠨᠠᠷᠢᠨ ᠪᠣᠳᠠᠲᠠᠶ ᠡᠯᠪᠡᠭ ᠪᠠᠶᠠᠯᠢᠭ ᠲᠣᠭ᠎ᠠ ᠪᠠᠷᠢᠮᠲᠠ᠂ ᠪᠣᠳᠠᠲᠤ ᠵᠢᠱ᠌ᠢᠶ᠎ᠡ᠎ᠪᠠᠷ ᠤᠯᠠᠨ ᠲᠦᠮᠡᠨ᠎ᠳᠤ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠤᠨ ᠠᠮᠢᠳᠤᠯᠢᠭ ᠬᠢᠴᠢᠶᠡᠯ ᠤᠷᠤᠵᠠᠢ᠃ ᠰᠠᠷᠠᠨ ᠫᠷᠤᠹᠧᠰᠰᠤᠷ 《ᠭᠤᠷᠪᠠ᠎ᠳᠤ ᠠᠰᠢᠭᠲᠠᠢ》᠎ᠪᠠᠷ ᠳᠠᠮᠵᠢᠭᠤᠯᠤᠨ᠂ ᠳᠠᠷᠤᠶ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠲᠡᠤᠬᠡᠲᠦ ᠡᠭᠦᠷᠭᠡ ᠵᠢ ᠪᠡᠶᠡᠯᠡᠭᠦᠯᠬᠦ ᠵᠢᠨ ᠲᠥᠯᠥᠭᠡ ᠰᠡᠳᠬᠢᠯ ᠨᠢᠭᠡᠳᠦᠨ ᠬᠦᠴᠦᠨ ᠵᠶ᠋ᠠᠨ ᠬᠠᠮᠲᠤᠳᠬᠠᠬᠤ᠎ᠳᠤ ᠠᠰᠢᠭᠲᠠᠶ᠂ ᠳᠡᠯᠡᠬᠡᠶ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠶ ᠶᠡᠬᠡ ᠬᠤᠪᠢᠷᠠᠯᠲᠠ᠎ᠲᠠᠢ ᠣᠯᠠᠨ ᠤᠯᠤᠰ᠎ᠤᠨ ᠪᠤᠳᠤᠯᠢᠶᠠᠨᠲᠤ ᠪᠠᠶ᠋ᠢᠳᠠᠯ᠎ᠢ ᠯᠠᠪᠳᠠᠭᠤᠨ ᠠᠷᠭ᠋ᠠᠴᠠᠬᠤ᠎ᠳᠤ ᠠᠰᠢᠭᠲᠠᠶ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠠᠶᠠᠵᠢᠨ ᠬᠠᠮᠲᠤ᠎ᠪᠠᠷ ᠬᠦᠭᠵᠢᠨ ᠪᠦᠯᠬᠦᠮᠳᠡᠬᠦ ᠦᠢ᠍ᠯᠡᠰ᠎ᠤᠨ ᠲᠠᠪᠰᠢᠯᠳᠠ ᠬᠥᠭᠵᠢᠯᠲᠡ ᠵᠢ ᠠᠬᠢᠭᠤᠯᠬᠤ᠎ᠳᠤ ᠠᠰᠢᠭᠲᠠᠶ ᠪᠠᠶ᠋ᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠣᠳᠣᠷᠬᠠᠶ᠋ᠢᠯᠠᠨ ᠥᠭᠦᠯᠡᠪᠡ᠃   ᠪᠦᠬᠦ ᠨᠠᠮ᠎ᠤᠨ ᠭᠡᠰᠢᠭᠦᠳ᠎ᠲᠤ ᠨᠠᠮ᠎ᠤᠨ ᠦᠨᠳᠦᠰᠦᠲᠡᠨ᠎ᠤ ᠣᠨᠣᠯ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠬᠤ ᠵᠢ ᠨᠠᠩ ᠭᠦᠨᠵᠡᠭᠡᠶ ᠲᠠᠨᠢᠭᠤᠯᠵᠤ᠂ ᠦᠨᠳᠦᠰᠦᠨ ᠬᠠᠤᠯᠢ ᠪᠣᠯᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ᠵᠢ ᠭᠦᠨᠵᠡᠭᠡᠶ ᠲᠤᠭᠤᠰᠢᠯᠠᠭᠤᠯᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠬᠤ ᠵᠢᠨ ᠴᠢᠬᠤᠯᠠ ᠴᠢᠨᠠᠷ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ᠎ᠳᠤ ᠰᠡᠳᠬᠢᠴᠡ ᠨᠡᠭᠡᠭᠡᠵᠦ᠂ ᠲᠣᠯᠢ ᠬᠠᠩᠭ᠋ᠠᠪᠠ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠯᠢᠭ ᠰᠤᠳᠤᠯᠬᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ᠎ᠤᠨ ᠬᠠᠷᠢᠭᠤᠴᠠᠯᠭ᠋ᠠᠲᠠᠨ ᠭᠤᠤ ᠰᠢᠶᠣᠤ ᠬᠣᠩ ᠳ᠋ᠦᠩᠨᠡᠬᠦ᠎ᠳᠤ᠎ᠪᠠᠨ ᠴᠢᠬᠤᠯᠠᠴᠢᠯᠠᠭᠰᠠᠨ᠎ᠨᠢ᠄ ᠪᠦᠬᠦ ᠨᠠᠮ᠎ᠤᠨ ᠭᠡᠰᠢᠭᠦᠨ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠦᠭᠦᠯᠡᠯᠲᠡ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠰᠤᠷᠤᠯᠴᠠᠯᠭ᠎ᠠ ᠵᠢ ᠪᠠᠢ᠌ᠩᠭᠤᠵᠢᠭᠤᠯᠵᠤ᠂ ᠨᠠᠮ᠎ᠤᠨ ᠡᠭᠦᠷ᠎ᠤᠨ ᠡᠳᠦᠷ ᠲᠤᠲᠤᠮ᠎ᠤᠨ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠳᠤ ᠠᠭᠤᠰᠬᠠᠵᠤ᠂ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠨᠢᠭᠲᠠ ᠤᠶᠠᠯᠳᠤᠭᠤᠯᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ 《ᠲᠠᠪᠤ ᠵᠢ ᠮᠡᠳᠡᠷᠡᠬᠦ》 ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠬᠠᠮᠰᠠᠷ᠎ᠠᠴᠠ᠎ᠪᠠᠨ ᠪᠠᠲᠤ ᠪᠡᠬᠢ ᠪᠤᠢ ᠪᠣᠯᠭ᠋ᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠦᠨᠳᠦᠰᠦᠲᠡᠨ᠎ᠤ ᠪᠦᠯᠬᠦᠮᠳᠡᠯ᠎ᠢ ᠦᠢ᠍ᠯᠡᠳᠦᠯᠭᠡᠵᠢᠭᠦᠯᠬᠦ ᠬᠡᠷᠡᠭᠲᠡᠢ ᠭᠡᠪᠡ᠃




      ᠲᠠᠶ᠋ᠢᠯᠤᠮᠵᠢ ᠳᠠᠭᠤᠰᠤᠭᠰᠠᠨ᠎ᠤ ᠳᠠᠷᠠᠭ᠎ᠠ᠂ ᠬᠤᠷᠠᠯ᠎ᠳᠤ ᠣᠷᠣᠯᠴᠠᠭᠰᠠᠨ ᠨᠠᠮ᠎ᠤᠨ ᠭᠡᠰᠢᠭᠦᠳ ᠰᠡᠷᠡᠨ ᠫᠷᠣᠫᠧᠰᠰᠤᠷ᠎ᠤᠨ ᠳᠡᠷᠭᠡᠳᠡ ᠴᠤᠭᠯᠠᠷᠠᠵᠤ᠂ ᠰᠤᠷᠤᠯᠴᠠᠭᠰᠠᠨ ᠲᠥᠷᠥᠭᠳᠡᠯ ᠵᠶ᠋ᠠᠨ ᠠᠭᠤᠵᠢᠷᠠᠲᠠᠯ᠎ᠠ ᠶᠠᠷᠢᠯᠴᠠᠪᠠ᠃ ᠣᠯᠠᠨ ᠵᠶ᠋ᠠᠷ ᠵᠶ᠋ᠠᠨ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠲᠤᠰᠬᠠᠢ ᠰᠡᠳᠦᠪᠲᠦ ᠲᠠᠶ᠋ᠢᠯᠤᠮᠵᠢ ᠵᠢ ᠰᠣᠨᠣᠰᠬᠤ᠎ᠪᠠᠷ ᠳᠠᠮᠵᠢᠨ ᠮᠠᠰᠢ ᠤᠯᠠᠨ ᠠᠰᠢᠭ ᠬᠦᠷᠳᠡᠵᠦ᠂ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ᠎ᠨᠢ ᠮᠠᠨ᠎ᠤ ᠳᠡᠷᠭᠡᠳᠡ ᠪᠠᠶ᠋ᠢᠬᠤ ᠵᠢ ᠦᠨᠡᠨ ᠬᠦ᠌ ᠤᠢ᠌ᠯᠠᠭ᠋ᠠᠵᠤ᠂ ᠬᠥᠮᠦᠨ ᠨᠢᠭᠡᠪᠦᠷᠢ ᠵᠢᠨ ᠡᠳᠦᠷ ᠲᠤᠲᠤᠮ᠎ᠤᠨ ᠠᠵᠢᠯ ᠠᠮᠢᠳᠤᠷᠠᠯ ᠳᠤᠮᠳᠠ ᠦᠨᠡᠨ ᠬᠦ᠌ ᠣᠷᠣᠰᠢᠵᠤ᠂ ᠤᠷᠠᠯᠢᠭ ᠰᠤᠳᠤᠯᠬᠤ ᠬᠦᠷᠢᠶᠡᠯᠡᠩ ᠪᠣᠯᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠲᠥᠪ᠎ᠨᠢ ᠲᠤᠰ ᠲᠤᠰ᠎ᠤᠨ ᠲᠤᠬᠠᠶ᠋ᠢᠯᠠᠭᠰᠠᠨ ᠠᠵᠢᠯ᠎ᠤᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠤᠷᠠᠯᠢᠭ᠎ᠤᠨ ᠵᠤᠬᠢᠶᠠᠨ ᠪᠦᠲᠦᠭᠡᠯᠭᠡ᠂ ᠰᠡᠳᠦᠪ᠎ᠤᠨ ᠰᠤᠳᠤᠯᠭ᠋ᠠᠨ᠎ᠤ ᠶᠠᠪᠤᠴᠠ᠎ᠳᠤ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠬᠤ ᠵᠢ ᠴᠠᠭ ᠢᠮᠠᠭᠲᠠ ᠴᠢᠬᠤᠯᠠᠴᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠬᠡᠷᠡᠭᠲᠡᠢ᠃ ᠤᠯᠠᠨ ᠵᠶ᠋ᠠᠷ ᠵᠶ᠋ᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠤᠢ ᠪᠣᠯᠭ᠋ᠠᠬᠤ ᠭᠤᠤᠯ ᠰᠡᠳᠦᠪᠲᠦ ᠨᠠᠮ᠎ᠤᠨ ᠡᠳᠦᠷ᠎ᠤᠨ ᠣᠯᠤᠯᠲᠠ ᠮᠠᠰᠢ ᠡᠯᠪᠡᠭ᠂ ᠠᠯᠤᠰ ᠬᠡᠳᠦ ᠵᠢᠨ ᠠᠴᠢ ᠬᠣᠯᠪᠣᠭᠳᠠᠯ᠎ᠲᠠᠢ ᠭᠡᠵᠦ ᠰᠠᠨᠠᠯ ᠨᠢᠭᠡᠲᠡᠢ ᠦᠵᠡᠪᠡ᠃ ᠢᠷᠡᠭᠡᠳᠦᠶ ᠵᠢᠨ ᠠᠵᠢᠯ᠎ᠤᠨ ᠳᠤᠮᠳᠠ᠂ ᠦᠨᠳᠦᠰᠦᠲᠡᠨ᠎ᠤ ᠪᠦᠯᠬᠦᠮᠳᠡᠯ᠎ᠤᠨ ᠶᠡᠬᠡ ᠲᠠᠯ᠎ᠠ ᠵᠢ ᠢᠮᠠᠭᠲᠠ ᠤᠬᠠᠮᠰᠠᠷ᠎ᠠᠴᠠ᠎ᠪᠠᠨ ᠬᠠᠮᠠᠭ᠋ᠠᠯᠠᠵᠤ᠂ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠭᠣᠤᠯ ᠰᠡᠳᠦᠪ᠎ᠢ ᠪᠠᠲᠤ ᠡᠵᠡᠮᠳᠡᠵᠦ᠂ ᠠᠵᠢᠯ᠎ᠤᠨ ᠪᠠᠢ᠍ᠷᠢᠨ᠎ᠳᠤ ᠰᠠᠭᠤᠷᠢᠯᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠴᠣᠭᠴᠠᠯᠠᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠲᠥᠪ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠣᠮ᠎ᠤᠨ ᠰᠠᠩ ᠰᠣᠶᠣᠯ ᠪᠠ ᠵᠢᠭᠤᠯᠴᠢᠯᠠᠯ᠎ᠤᠨ ᠶᠠᠮᠤᠨ᠎ᠤ 2020 ᠣᠨ᠎ᠤ ᠪᠥᠬᠥ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠰᠦᠯᠵᠢᠶᠡᠨ ᠳᠡᠭᠡᠷᠡᠬᠢ ᠤᠷᠤᠯᠳᠤᠭ᠋ᠠᠨ᠎ᠤ ᠨᠢᠭᠡᠳᠦᠭᠡᠷ ᠳᠡᠰ᠎ᠤᠨ ᠱᠠᠩᠨᠠᠯ ᠭᠥᠷᠳᠡᠪᠡ
ᠦᠬᠠᠶ ᠬᠣᠲᠠ ᠵᠢᠨ ᠬᠠᠲᠤᠨ ᠭᠣᠤᠯ᠎ᠤᠨ ᠪᠠᠷᠠᠭᠤᠨᠰᠢ ᠠᠶᠠᠯᠠᠬᠤ ᠵᠣᠴᠢᠳ᠎ᠤᠨ ᠪᠠᠭᠤᠳᠠᠯ ᠤᠯᠤᠰ᠎ᠤᠨ 3 A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠶ᠋ᠡᠷ ᠦᠨᠡᠯᠡᠭᠳᠡᠪᠡ
2020 ᠣᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠠᠯᠬᠤᠮ᠎ᠢ ᠲᠥᠯᠦᠪᠵᠢᠭᠦᠯᠦᠭᠰᠡᠨ᠎ᠢ ᠠᠵᠢᠬᠤ᠎ᠨᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠤᠬᠠᠢ᠌ᠯᠠᠭᠰᠠᠨ ᠠᠵᠢᠯ᠎ᠢ ᠭᠤᠤᠯᠯᠠᠨ ᠬᠠᠮᠢᠶᠠᠷᠤᠭᠴᠢ ᠪᠠ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠭᠣᠤᠯ ᠬᠠᠷᠢᠭᠤᠴᠠᠯᠭ᠋ᠠᠲᠠᠨ᠎ᠤ ᠰᠠᠭᠤᠳᠠᠯ᠎ᠤᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ2020 ᠣᠨ᠎ᠤ ᠬᠡᠷᠡᠭ ᠡᠷᠬᠢᠯᠡᠭᠴᠢᠳ᠎ᠤᠨ ᠬᠤᠷᠠᠯ᠎ᠢ ᠬᠤᠷᠠᠯᠳᠤᠭᠤᠯᠪᠠ
 
            