ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠣᠮ᠎ᠤᠨ ᠰᠠᠩ ᠰᠣᠶᠣᠯ ᠪᠠ ᠵᠢᠭᠤᠯᠴᠢᠯᠠᠯ᠎ᠤᠨ ᠶᠠᠮᠤᠨ᠎ᠤ 2020 ᠣᠨ᠎ᠤ ᠪᠥᠬᠥ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠰᠦᠯᠵᠢᠶᠡᠨ ᠳᠡᠭᠡᠷᠡᠬᠢ ᠤᠷᠤᠯᠳᠤᠭ᠋ᠠᠨ᠎ᠤ ᠨᠢᠭᠡᠳᠦᠭᠡᠷ ᠳᠡᠰ᠎ᠤᠨ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄ 2020-12-18

     12 ᠳ᠋ᠤᠭ᠋ᠠᠷ ᠰᠠᠷ᠎ᠠ ᠵᠢᠨ 5᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠎ᠤᠨ 《ᠰᠡᠳᠬᠢᠯ᠎ᠤᠨ ᠬᠡᠷᠡᠯ》 — ᠬᠠᠷᠠᠭ᠋ᠠᠨ᠎ᠤ ᠰᠠᠭ᠋ᠠᠳ᠎ᠲᠠᠢ ᠤᠩᠰᠢᠭᠴᠢᠳ᠎ᠤᠨ ᠰᠠᠭ᠋ᠠᠳ ᠥᠬᠡᠶ ᠦᠢ᠍ᠯᠡᠴᠢᠯᠡᠭᠡᠨ᠎ᠤ ᠲᠥᠷᠥᠯ ᠵᠦᠢ᠍ᠯ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠡᠷᠭᠢᠯᠡᠭᠰᠡᠨ 2020 ᠣᠨ᠎ᠤ ᠪᠥᠬᠥ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠰᠦᠯᠵᠢᠶᠡᠨ ᠳᠡᠭᠡᠷᠡᠬᠢ ᠤᠷᠤᠯᠳᠤᠭ᠋ᠠᠨ᠎ᠤ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠭᠰᠡᠨ ᠪᠦᠭᠡᠳ ᠭᠤᠸᠠᠩᠳᠦ᠋ᠩ ᠮᠤᠵᠢ ᠵᠢᠨ ᠵᠦᠩᠱ᠌ᠠᠨ ᠬᠣᠲᠠ᠎ᠳᠤ ᠡᠷᠭᠢᠯᠡᠭᠰᠡᠨ 《ᠪᠣᠯᠪᠠᠰᠤᠨ ᠦᠢ᠍ᠯᠡᠳᠦᠯᠭᠡ   ᠰᠠᠶ᠋ᠢᠨ ᠰᠠᠢ᠌ᠬᠠᠨ ᠠᠮᠢᠳᠤᠷᠠᠯ》 2020 ᠣᠨ᠎ᠤ ᠪᠥᠬᠥ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠰᠤᠯᠢᠯᠴᠠᠭ᠎ᠠ ᠦᠵᠡᠭᠦᠯᠦᠯᠭᠡ ᠵᠢᠨ ᠠᠵᠢᠯᠯᠠᠭ᠎ᠠ᠎ᠳᠤ ᠣᠷᠣᠯᠴᠠᠪᠠ᠃



     2020 ᠣᠨ᠎ᠤ 8 ᠳ᠋ᠤᠭ᠋ᠠᠷ ᠰᠠᠷ᠎ᠠ — 10 ᠳ᠋ᠤᠭ᠋ᠠᠷ ᠰᠠᠷ᠎ᠠ ᠪᠣᠯᠲᠠᠯ᠎ᠠ᠂ ᠰᠣᠶᠣᠯ ᠪᠠ ᠵᠢᠭᠤᠯᠴᠢᠯᠠᠯ᠎ᠤᠨ ᠶᠠᠮᠤᠨ 2020 ᠣᠨ᠎ᠤ ᠪᠥᠬᠥ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠰᠦᠯᠵᠢᠶᠡᠨ ᠳᠡᠭᠡᠷᠡᠬᠢ ᠤᠷᠤᠯᠳᠤᠭ᠋ᠠᠨ᠎ᠢ ᠠᠩᠬ᠎ᠠ ᠤᠳᠠᠭ᠎ᠠ ᠡᠷᠭᠢᠯᠡᠵᠦ᠂ ᠤᠷᠤᠯᠳᠤᠭ᠋ᠠᠨ᠎ᠨᠢ ᠪᠥᠬᠥ ᠤᠯᠤᠰ ᠎ᠠᠴᠠ ᠳᠡᠪᠰᠢᠭᠦᠯᠵᠦ ᠮᠡᠳᠡᠭᠦᠯᠦᠭᠰᠡᠨ 286 ᠲᠥᠷᠥᠯ ᠵᠦᠢ᠍ᠯ᠎ᠠᠴᠠ 141 ᠵᠢ ᠰᠢᠯᠭ᠋ᠠᠷᠠᠭᠤᠯᠵᠤ᠂ ᠡᠭᠦᠨ ᠎ᠤ ᠳᠤᠲᠤᠷ᠎ᠠ 15 ᠲᠥᠷᠥᠯ ᠵᠦᠢ᠍ᠯ᠎ᠨᠢ ᠨᠢᠭᠡᠳᠦᠭᠡᠷ ᠳᠡᠰ᠎ᠤᠨ ᠱᠠᠩᠨᠠᠯ ᠬᠦᠷᠲᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠎ᠤᠨ ᠵᠡᠮᠳᠡᠭᠴᠦᠳ᠎ᠤᠨ ᠨᠣᠮ᠎ᠤᠨ ᠰᠠᠩ᠎ᠤᠨ 《ᠰᠡᠳᠭᠢᠯ᠎ᠤᠨ ᠭᠡᠷᠡᠯ》 — ᠬᠠᠷᠠᠭ᠋ᠠᠨ᠎ᠤ ᠰᠠᠭ᠋ᠠᠳ᠎ᠲᠠᠢ ᠤᠩᠰᠢᠭᠴᠢᠳ᠎ᠤᠨ ᠰᠠᠭ᠋ᠠᠳ ᠥᠬᠡᠶ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠱᠠᠩᠨᠠᠯ ᠣᠯᠭᠣᠬᠤ ᠦᠳᠡᠰᠢᠯᠡᠭᠡ ᠵᠢᠨ ᠠᠬᠤᠶ ᠲᠠᠯᠠᠪᠠᠶ᠎ᠳᠤ ᠳᠡᠯᠭᠡᠨ ᠦᠵᠡᠭᠦᠯᠪᠡ᠃ ᠦᠵᠡᠭᠦᠯᠦᠯᠭᠡ ᠵᠢ ᠳᠡᠭᠡᠳᠦ᠂ ᠳᠤᠮᠳᠠᠳᠤ᠂ ᠳᠤᠤᠷᠠᠲᠤ ᠭᠤᠷᠪᠠᠨ ᠪᠦᠯᠦᠭ ᠬᠤᠪᠢᠶᠠᠵᠤ᠂ ᠲᠥᠯᠥᠭᠡᠯᠡᠬᠦ ᠴᠢᠨᠠᠷᠲᠠᠶ ᠰᠣᠶᠣᠯ ᠪᠠ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ 9 ᠲᠥᠷᠥᠯ ᠵᠦᠢ᠍ᠯ᠎ᠢ ᠭᠣᠤᠯᠳᠠᠯᠭ᠎ᠠ᠎ᠲᠠᠢ ᠳᠡᠯᠭᠡᠨ ᠦᠵᠡᠭᠦᠯᠵᠦ᠂ ᠰᠣᠶᠣᠯ ᠪᠠ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ ᠎ᠤ ᠡᠭᠦᠷᠭᠡᠯᠡᠯ᠎ᠢ ᠲᠤᠰᠬᠠᠭᠰᠠᠨ ᠰᠢᠨ᠎ᠡ ᠴᠠᠭ ᠦᠶ᠎ᠡ ᠵᠢᠨ ᠡᠭᠦᠷᠭᠡ ᠬᠠᠷᠢᠭᠤᠴᠠᠯᠭ᠎ᠠ᠂ ᠣᠯᠠᠨ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠳᠤ ᠠᠪᠴᠢᠷᠠᠭᠰᠠᠨ ᠬᠠᠯᠠᠭᠤᠨ ᠳᠤᠯᠠᠭ᠋ᠠᠨ᠂ ᠭᠦᠢ᠍ᠴᠡᠳᠭᠡᠬᠦ ᠴᠢᠬᠤᠯᠠ᠎ᠲᠠᠢ ᠬᠠᠷᠢᠭᠤᠴᠠᠯᠭ᠎ᠠ ᠵᠢ ᠲᠤᠪᠤᠢ᠌ᠯᠭ᠋ᠠᠪᠠ᠃ ᠠᠵᠢᠯᠯᠠᠭ᠎ᠠ᠎ᠨᠢ ᠲᠥᠷᠥᠯ ᠵᠦᠢ᠍ᠯ᠎ᠤᠨ ᠣᠬᠣᠷ ᠹᠢᠯᠢᠮ᠎ᠢ ᠨᠡᠪᠲᠡᠷᠡᠭᠦᠯᠬᠦ᠂ ᠬᠥᠲᠥᠯᠥᠭᠴᠢ ᠪᠣᠯᠤᠨ ᠲᠥᠷᠥᠯ ᠵᠦᠢ᠍ᠯ᠎ᠤᠨ ᠲᠥᠯᠥᠭᠡᠯᠡᠭᠴᠢᠳ ᠬᠠᠷᠢᠯᠴᠠᠨ ᠶᠠᠷᠢᠯᠴᠠᠬᠤ᠂ ᠲᠤᠰᠬᠠᠢ ᠮᠡᠷᠭᠡᠵᠢᠯᠲᠡᠨ ᠦᠨᠡᠯᠡᠯᠲᠡ ᠬᠢᠬᠦ ᠵᠡᠷᠭᠡ ᠬᠡᠯᠪᠡᠷᠢ ᠵᠢ ᠠᠪᠴᠤ᠂ ᠰᠣᠶᠣᠯ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠰᠢᠯᠢᠳᠡᠭ ᠦᠷ᠎ᠡ ᠪᠦᠲᠦᠭᠡᠯ᠎ᠢ ᠢᠯᠡᠷᠡᠭᠦᠯᠪᠡ᠃ ᠲᠤᠰ ᠤᠳᠠᠭ᠋ᠠᠨ᠎ᠤ ᠠᠵᠢᠯᠯᠠᠭ᠎ᠠ᠎ᠨᠢ ᠤᠯᠤᠰ᠎ᠤᠨ ᠣᠯᠠᠨ ᠨᠡᠢ᠍ᠢ᠍ᠲᠡ ᠵᠢᠨ ᠰᠣᠶᠣᠯ᠎ᠤᠨ ᠡᠭᠦᠯᠡ᠎ᠪᠠᠷ ᠳᠠᠮᠵᠢᠭᠤᠯᠤᠨ ᠪᠦᠬᠦ ᠤᠯᠤᠰ᠎ᠲᠤ ᠰᠢᠭᠤᠳ ᠨᠡᠪᠲᠡᠷᠡᠭᠦᠯᠵᠦ᠂ ᠦᠵᠡᠵᠦ ᠠᠩᠬᠠᠷᠠᠭᠰᠠᠨ ᠬᠦᠮᠦᠨ᠎ᠤ ᠲᠤᠭ᠎ᠠ 28 ᠲᠦᠮᠡ ᠬᠦᠷᠴᠦ᠂ ᠪᠦᠬᠦ ᠤᠯᠤᠰ᠎ᠤᠨ ᠦᠵᠡᠭᠴᠢᠳ᠎ᠲᠤ ᠠᠳᠠᠯᠢ ᠪᠤᠰᠤ ᠰᠣᠶᠣᠯ ᠪᠠ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠦᠯᠢᠭᠡᠷ ᠪᠣᠯᠤᠨ ᠳᠣᠭᠳᠣᠯᠤᠯ᠎ᠢ ᠮᠡᠳᠡᠷᠡᠭᠦᠯᠵᠡᠶ᠃
     《ᠰᠡᠳᠬᠢᠯ᠎ᠤᠨ ᠬᠡᠷᠡᠯ》 — ᠬᠠᠷᠠᠭ᠋ᠠᠨ᠎ᠤ ᠰᠠᠭ᠋ᠠᠳ᠎ᠲᠠᠢ ᠤᠩᠰᠢᠭᠴᠢᠳ᠎ᠤᠨ ᠰᠠᠭ᠋ᠠᠳ ᠦᠭᠡᠢ ᠦᠢ᠍ᠯᠡᠴᠢᠯᠡᠭᠡ ᠬᠠᠷᠠᠭ᠋ᠠᠨ᠎ᠤ ᠰᠠᠭ᠋ᠠᠳ᠎ᠲᠠᠢ ᠨᠠᠢ᠌ᠵᠠ ᠨᠠᠷ᠎ᠲᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠺᠢᠨᠣ᠋ ᠶᠠᠷᠢᠨ ᠦᠭᠴᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠨᠣᠮ᠎ᠤᠨ ᠰᠠᠩ᠎ᠤᠨ ᠰᠣᠶᠣᠯ ᠵᠶ᠋ᠠᠷ ᠲᠤᠰᠠᠯᠠᠬᠤ ᠠᠵᠢᠯᠯᠠᠭ᠎ᠠ ᠵᠢ ᠳᠠᠶ᠋ᠢᠴᠢᠯᠠᠭᠰᠠᠨ ᠪᠠᠶ᠋ᠢᠨ᠎ᠠ᠃ 《ᠶᠠᠷᠢᠶ᠎ᠠ᠎ᠪᠠᠷ ᠪᠣᠯᠪᠠᠰᠤᠷᠠᠭᠤᠯᠬᠤ》᠎ᠪᠠᠷ ᠳᠠᠮᠵᠢᠭᠤᠯᠤᠨ ᠲᠤᠬᠠᠶ ᠵᠢᠨ ᠭᠠᠵᠠᠷ᠎ᠤᠨ ᠰᠤᠶᠤᠯ᠎ᠤᠨ ᠰᠠᠶ᠋ᠢᠨ ᠳᠤᠷᠠᠴᠤᠳ᠎ᠲᠤ ᠶᠠᠷᠢᠶᠠᠨ᠎ᠤ ᠺᠢᠨᠣ᠋ ᠵᠢᠨ ᠪᠤᠯᠪᠠᠰᠤᠷᠠᠭᠤᠯᠤᠯ ᠬᠢᠭᠰᠡᠨ᠎ᠤ ᠳᠠᠷᠠᠭ᠎ᠠ᠂ ᠵᠡᠭᠦᠨᠲᠡᠢ ᠬᠥᠯᠥᠨ ᠪᠣᠶ᠋ᠢᠷ᠎ᠤᠨ ᠲᠠᠯ᠎ᠠ ᠨᠤᠲᠤᠭ᠎ᠠᠴᠠ ᠡᠬᠢᠯᠡᠵᠦ᠂ ᠪᠠᠷᠠᠭᠤᠨᠰᠢ᠎ᠪᠠᠨ ᠠᠯᠠᠱ᠌ᠠ ᠶᠡᠬᠡ ᠡᠯᠡᠰᠦᠨ ᠴᠦᠯ ᠬᠦᠷᠲᠡᠯ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠷ ᠠᠶ᠋ᠢᠮᠠᠭ ᠬᠣᠲᠠ ᠵᠢᠨ ᠲᠠᠰ᠎ᠤᠨ ᠨᠣᠮ᠎ᠤᠨ ᠰᠠᠩ ᠴᠥᠮ ᠬᠠᠷᠠᠭ᠋ᠠᠨ᠎ᠤ ᠰᠠᠭ᠋ᠠᠳ᠎ᠲᠠᠢ ᠨᠠᠶ᠋ᠢᠵᠠ ᠨᠠᠷ᠎ᠲᠤ ᠺᠢᠨᠣ᠋ ᠶᠠᠷᠢᠵᠤ ᠥᠭᠬᠦ ᠠᠵᠢᠯᠯᠠᠭ᠎ᠠ ᠥᠷᠨᠢᠭᠦᠯᠵᠦ᠂ ᠨᠢᠭᠡ ᠵᠦᠢ᠍ᠯ᠎ᠤᠨ ᠨᠡᠶ᠋ᠢᠭᠡᠮ ᠳᠠᠶᠠᠭ᠋ᠠᠷ ᠵᠶ᠋ᠠᠨ ᠣᠶᠤᠨ ᠰᠠᠨᠠᠭ᠋ᠠᠨ᠎ᠤ ᠬᠡᠷ ᠣᠷᠣᠨ ᠵᠶ᠋ᠠᠨ ᠬᠠᠮᠲᠤ᠎ᠪᠠᠷ ᠪᠥᠲᠥᠭᠡᠨ ᠪᠠᠶ᠋ᠢᠭᠤᠯᠬᠤ ᠥᠨᠢ ᠡᠭᠦᠷᠢᠳᠡ ᠵᠢᠨ ᠢᠨᠵᠧᠨᠧᠷᠢᠩ ᠶᠠᠭ ᠶᠠᠪᠤᠭᠳᠠᠵᠤ ᠪᠠᠶ᠋ᠢᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ
          
ᠬᠠᠮᠢᠶ᠎ᠡ ᠪᠦᠬᠦᠢ ᠰᠣᠨᠢᠨ
ᠦᠬᠠᠶ ᠬᠣᠲᠠ ᠵᠢᠨ ᠬᠠᠲᠤᠨ ᠭᠣᠤᠯ᠎ᠤᠨ ᠪᠠᠷᠠᠭᠤᠨᠰᠢ ᠠᠶᠠᠯᠠᠬᠤ ᠵᠣᠴᠢᠳ᠎ᠤᠨ ᠪᠠᠭᠤᠳᠠᠯ ᠤᠯᠤᠰ᠎ᠤᠨ 3 A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠶ᠋ᠡᠷ ᠦᠨᠡᠯᠡᠭᠳᠡᠪᠡ
2020 ᠣᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠠᠯᠬᠤᠮ᠎ᠢ ᠲᠥᠯᠦᠪᠵᠢᠭᠦᠯᠦᠭᠰᠡᠨ᠎ᠢ ᠠᠵᠢᠬᠤ᠎ᠨᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠤᠬᠠᠢ᠌ᠯᠠᠭᠰᠠᠨ ᠠᠵᠢᠯ᠎ᠢ ᠭᠤᠤᠯᠯᠠᠨ ᠬᠠᠮᠢᠶᠠᠷᠤᠭᠴᠢ ᠪᠠ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠭᠣᠤᠯ ᠬᠠᠷᠢᠭᠤᠴᠠᠯᠭ᠋ᠠᠲᠠᠨ᠎ᠤ ᠰᠠᠭᠤᠳᠠᠯ᠎ᠤᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ2020 ᠣᠨ᠎ᠤ ᠬᠡᠷᠡᠭ ᠡᠷᠬᠢᠯᠡᠭᠴᠢᠳ᠎ᠤᠨ ᠬᠤᠷᠠᠯ᠎ᠢ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠥᠲᠥᠯᠪᠦᠷᠢ ᠵᠢᠨ ᠲᠤᠬᠠᠶ ᠰᠠᠨᠠᠯ ᠬᠤᠷᠢᠶᠠᠬᠤ ᠶᠠᠷᠢᠯᠴᠠᠭ᠋ᠠᠨ᠎ᠤ ᠬᠤᠷᠠᠯ ᠬᠤᠷᠠᠯᠳᠤᠭᠤᠯᠪᠠ
 
            