ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠦᠬᠠᠶ ᠬᠣᠲᠠ ᠵᠢᠨ ᠬᠠᠲᠤᠨ ᠭᠣᠤᠯ᠎ᠤᠨ ᠪᠠᠷᠠᠭᠤᠨᠰᠢ ᠠᠶᠠᠯᠠᠬᠤ ᠵᠣᠴᠢᠳ᠎ᠤᠨ ᠪᠠᠭᠤᠳᠠᠯ ᠤᠯᠤᠰ᠎ᠤᠨ 3 A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠶ᠋ᠡᠷ ᠦᠨᠡᠯᠡᠭᠳᠡᠪᠡ
ᠨᠡᠶᠢᠲᠡᠯᠡᠭᠰᠡᠨ ᠴᠠᠭ᠄ 2020-12-23

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2020 ᠣᠨ᠎ᠤ 1 ᠳ᠋ᠦ᠍ᠭᠡᠷ ᠲᠣᠭ᠋ᠠᠲᠤ ᠠᠯᠪᠠᠨ ᠵᠠᠷᠯᠠᠯ᠎ᠳᠤ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠡᠬᠢ ᠪᠠᠶᠠᠯᠢᠭ᠎ᠢ ᠲᠦᠯᠦᠪᠵᠢᠭᠦᠯᠬᠦ ᠨᠡᠭᠡᠭᠡᠨ ᠬᠥᠭᠵᠢᠭᠦᠯᠬᠦ ᠶᠠᠰᠤ ᠴᠢᠨᠠᠷ᠎ᠢ ᠦᠨᠡᠯᠡᠨ ᠲᠣᠭᠲᠠᠭ᠋ᠠᠬᠤ ᠵᠥᠪᠯᠡᠯ᠎ᠤᠨ ᠲᠤᠰᠬᠠᠶ ᠮᠡᠷᠭᠡᠵᠢᠯᠲᠡᠨ᠎ᠤ ᠦᠨᠡᠯᠡᠨ ᠲᠣᠭᠲᠠᠭ᠋ᠠᠯᠲᠠ᠎ᠪᠠᠷ ᠳᠡᠮᠵᠢᠨ᠂ ᠪᠥᠬᠥ ᠣᠷᠣᠨ᠎ᠳᠤ ᠤᠯᠤᠰ᠎ᠤᠨ 4 A ᠲᠠᠰ ᠪᠠ 3 A ᠲᠠᠰ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠭᠦᠷᠦᠭᠰᠡᠨ 15 ᠵᠢᠭᠤᠯᠴᠢᠯᠠᠯ᠎ᠤᠨ ᠦᠵᠡᠮᠵᠢ ᠵᠢᠨ ᠣᠷᠣᠨ ᠪᠤᠢ᠂ ᠡᠭᠦᠨ᠎ᠳᠤ ᠦᠬᠠᠶ ᠬᠣᠲᠠ ᠵᠢᠨ ᠬᠠᠲᠤᠨ ᠭᠣᠤᠯ᠎ᠤᠨ ᠪᠠᠷᠠᠭᠤᠨᠰᠢ ᠠᠶᠠᠯᠠᠬᠤ ᠵᠣᠴᠢᠳ᠎ᠤᠨ ᠪᠠᠭᠤᠳᠠᠯ 3 A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠬᠦᠷᠦᠭᠡᠳ ᠤᠯᠤᠰ᠎ᠤᠨ 3 A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠶ᠋ᠠᠷ ᠦᠨᠡᠯᠡᠭᠳᠡᠪᠡ᠃



      ᠬᠠᠲᠤᠨ ᠭᠣᠤᠯ᠎ᠤᠨ ᠪᠠᠷᠠᠭᠤᠨᠰᠢ ᠠᠶᠠᠯᠠᠬᠤ ᠵᠣᠴᠢᠳ᠎ᠤᠨ ᠪᠠᠭᠤᠳᠠᠯ᠎ᠨᠢ ᠬᠠᠢ᠌ᠨᠠᠨ ᠲᠣᠭᠣᠷᠢᠭ᠎ᠤᠨ ᠵᠦᠸᠧᠽᠢ ᠱᠠᠨ ᠪᠠᠷᠠᠭᠤᠨ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠰᠠᠢ᠌ᠬᠠᠨ ᠤᠰᠤ ᠲᠣᠰᠬᠣᠨ᠎ᠤ ᠳᠧᠦ ᠳ᠋ᠤᠤ ᠺᠠᠨ ᠲᠠᠷᠢᠶᠠᠯᠠᠩ ᠮᠠᠯᠵᠢᠯ᠎ᠤᠨ ᠲᠠᠯᠠᠪᠠᠶ᠎ᠳᠤ ᠪᠠᠢ᠌ᠷᠢᠯᠠᠵᠤ ᠪᠠᠢ᠌ᠳᠠᠭ᠃ ᠦᠵᠡᠮᠵᠢ ᠵᠢᠨ ᠣᠷᠣᠨ᠎ᠨᠢ ᠬᠠᠲᠤᠨ ᠭᠣᠤᠯ᠎ᠤᠨ ᠠᠷᠠᠳ᠎ᠤᠨ ᠵᠠᠩ ᠦᠢᠯᠡ ᠵᠢᠨ ᠰᠣᠶᠣᠯ ᠵᠶ᠋ᠠᠷ ᠭᠣᠤᠯ ᠴᠣᠭᠴᠠ ᠪᠣᠯᠭ᠋ᠠᠵᠤ᠂ ᠬᠥᠳᠡᠭᠡ ᠲᠣᠰᠬᠣᠨ᠎ᠤ ᠤᠷᠠᠯᠢᠭ᠎ᠤᠨ ᠵᠣᠬᠢᠶᠠᠨ ᠪᠦᠲᠦᠭᠡᠯᠭᠡ᠂ ᠰᠡᠯᠡᠭᠦᠴᠡᠨ ᠠᠮᠠᠷᠠᠬᠤ᠂ ᠡᠷᠡᠭᠦᠯᠵᠢᠯ ᠪᠡᠶ᠎ᠡ ᠰᠣᠪᠢᠯᠠᠯᠲᠠ᠂ ᠵᠢᠭᠤᠯᠴᠢᠯᠠᠨ ᠲᠣᠭᠣᠷᠢᠬᠤ ᠵᠡᠷᠭᠡ ᠴᠢᠳᠠᠮᠵᠢ ᠵᠢ   ᠬᠠᠪᠰᠤᠷᠭ᠋ᠠᠨ᠂ ᠬᠣᠭᠤᠯᠠ ᠤᠮᠳᠠ᠂ ᠬᠣᠨᠣᠭ᠂ ᠬᠦᠳᠡᠭᠡ ᠲᠠᠷᠢᠶ᠎ᠠ᠂ ᠵᠢᠮᠢᠰ ᠲᠡᠭᠦᠬᠦ᠂ ᠡᠴᠢᠭᠡ ᠡᠬᠡ ᠦᠷ᠎ᠡ ᠬᠡᠦᠬᠡᠳ᠎ᠤᠨ ᠵᠢᠭᠤᠯᠴᠢᠯᠠᠯ᠂ ᠵᠠᠯᠠᠭᠤᠴᠤᠳ ᠪᠠᠭ᠋ᠠᠴᠤᠳ᠎ᠤᠨ ᠴᠢᠳᠠᠪᠤᠷᠢ ᠵᠢ ᠥᠷᠭᠡᠳᠬᠡᠬᠦ ᠰᠠᠭᠤᠷᠢᠨ ᠭᠠᠵᠠᠷ ᠵᠡᠷᠭᠡ ᠵᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠦᠵᠡᠮᠵᠢ ᠵᠢᠨ ᠣᠷᠣᠨ ᠪᠣᠯᠤᠨ᠎ᠠ᠃ ᠣᠳᠣᠬᠠᠨ ᠪᠣᠯᠲᠠᠯ᠎ᠠ᠂ ᠦᠬᠠᠶ ᠬᠣᠲᠠ᠎ᠳᠤ A ᠲᠠᠰ᠎ᠤᠨ ᠦᠵᠡᠮᠵᠢ ᠵᠢᠨ ᠣᠷᠣᠨ ᠨᠡᠢ᠌ᠲᠡ 16 ᠪᠤᠢ᠂ ᠡᠭᠦᠨ᠎ᠳᠤ 4 A ᠲᠠᠰ᠎ᠤᠨ ᠦᠵᠡᠮᠵᠢ ᠵᠢᠨ ᠣᠷᠣᠨ 5᠂ 3 A ᠲᠠᠰ᠎ᠤᠨ ᠦᠵᠡᠮᠵᠢ ᠵᠢᠨ ᠣᠷᠣᠨ 5᠂ 2 A ᠲᠠᠰ᠎ᠤᠨ ᠦᠵᠡᠮᠵᠢ ᠵᠢᠨ ᠣᠷᠣᠨ 6 ᠪᠠᠢ᠌ᠨ᠎ᠠ᠃

ᠢᠷᠡᠯᠲᠡ᠄ ᠦᠬᠠᠶ ᠬᠣᠲᠠ ᠵᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2020 ᠣᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠠᠯᠬᠤᠮ᠎ᠢ ᠲᠥᠯᠦᠪᠵᠢᠭᠦᠯᠦᠭᠰᠡᠨ᠎ᠢ ᠠᠵᠢᠬᠤ᠎ᠨᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠤᠬᠠᠢ᠌ᠯᠠᠭᠰᠠᠨ ᠠᠵᠢᠯ᠎ᠢ ᠭᠤᠤᠯᠯᠠᠨ ᠬᠠᠮᠢᠶᠠᠷᠤᠭᠴᠢ ᠪᠠ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠭᠣᠤᠯ ᠬᠠᠷᠢᠭᠤᠴᠠᠯᠭ᠋ᠠᠲᠠᠨ᠎ᠤ ᠰᠠᠭᠤᠳᠠᠯ᠎ᠤᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ2020 ᠣᠨ᠎ᠤ ᠬᠡᠷᠡᠭ ᠡᠷᠬᠢᠯᠡᠭᠴᠢᠳ᠎ᠤᠨ ᠬᠤᠷᠠᠯ᠎ᠢ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠥᠲᠥᠯᠪᠦᠷᠢ ᠵᠢᠨ ᠲᠤᠬᠠᠶ ᠰᠠᠨᠠᠯ ᠬᠤᠷᠢᠶᠠᠬᠤ ᠶᠠᠷᠢᠯᠴᠠᠭ᠋ᠠᠨ᠎ᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠮᠠᠤ ᠽᠸ ᠳ᠋ᠦᠩ᠎ᠤᠨ ᠱᠤᠭᠤᠮᠠᠯ ᠬᠦᠷᠦᠭ᠎ᠲᠤ ᠴᠡᠴᠡᠭᠲᠦ ᠰᠠᠭᠰᠤ ᠡᠷᠭᠦᠨ ᠪᠠᠷᠢᠬᠤ ᠶᠣᠰᠣᠯᠠᠯ ᠶᠠᠪᠤᠭᠤᠯᠪᠠ
 
            