ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
2020 ᠣᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠠᠯᠬᠤᠮ᠎ᠢ ᠲᠥᠯᠦᠪᠵᠢᠭᠦᠯᠦᠭᠰᠡᠨ᠎ᠢ ᠠᠵᠢᠬᠤ᠎ᠨᠢ
ᠨᠡᠶᠢᠲᠡᠯᠡᠭᠰᠡᠨ ᠴᠠᠭ᠄ 2020-12-24

     12 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠪᠡᠭᠡᠵᠢᠩ᠎ᠤᠨ ᠰᠢᠨᠬᠤᠸᠠ ᠬᠤᠷᠢᠶᠠᠨ᠎ᠤ ᠴᠠᠬᠢᠯᠭ᠋ᠠᠨ ᠮᠡᠳᠡᠭᠡ᠄ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠰᠢᠨ᠎ᠡ ᠠᠶᠠᠯᠠᠯ ᠵᠶ᠋ᠠᠨ ᠡᠬᠢᠯᠡᠭᠦᠯᠪᠡ — 2020 ᠣᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠠᠯᠬᠤᠮ᠎ᠢ ᠲᠥᠯᠦᠪᠵᠢᠭᠦᠯᠦᠭᠰᠡᠨ᠎ᠢ ᠠᠵᠢᠬᠤ᠎ᠨᠢ

      ᠵᠢᠯ᠎ᠤᠨ ᠡᠴᠦᠰ ᠪᠣᠯᠵᠤ᠂ ᠵᠢᠯ᠎ᠳᠤ ᠨᠢᠭᠡ ᠤᠳᠠᠭ᠎ᠠ ᠶᠠᠪᠤᠭᠳᠠᠳᠠᠭ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠨᠢ ᠪᠦᠬᠦ ᠪᠥᠮᠪᠥᠷᠴᠡᠭ᠎ᠤᠨ ᠠᠩᠬᠠᠷᠤᠯ᠎ᠢ ᠲᠠᠲᠠᠪᠠ᠃ ᠡᠨᠡ ᠵᠢᠯ᠎ᠤᠨ ᠬᠤᠷᠠᠯ᠎ᠤᠨ ᠠᠬᠤᠶ ᠪᠠᠶ᠋ᠢᠳᠠᠯ᠎ᠨᠢ ᠣᠨᠴᠠᠭ᠋ᠠᠶ᠂ ᠵᠠᠩᠭᠢᠯᠠᠭ᠎ᠠ᠎ᠨᠢ ᠴᠢᠬᠤᠯᠠ᠂ ᠠᠴᠢ ᠬᠤᠯᠪᠣᠭᠳᠠᠯ᠎ᠨᠢ ᠶᠡᠭᠡ ᠶᠤᠮ᠃

     12 ᠳ᠋ᠤᠭ᠋ᠠᠷ ᠰᠠᠷ᠎ᠠ ᠵᠢᠨ 16᠎ᠤ ᠡᠳᠦᠷ᠎ᠠᠴᠠ 18᠎ᠤ ᠡᠳᠦᠷ ᠪᠣᠯᠲᠠᠯ᠎ᠠ ᠪᠡᠭᠡᠵᠢᠩ᠎ᠤᠨ ᠵᠢᠩ ᠰᠢ ᠵᠣᠴᠢᠳ᠎ᠤᠨ ᠪᠠᠭᠤᠳᠠᠯ᠃

     《ᠬᠤᠶᠠᠷ ᠵᠠᠭᠤᠨ ᠵᠢᠯ》᠎ᠤᠨ ᠲᠡᠮᠡᠴᠡᠬᠦ ᠬᠠᠷᠠᠯᠲᠠ ᠵᠢᠨ ᠲᠡᠦᠬᠡ ᠵᠢᠨ ᠠᠭᠤᠯᠵᠠᠷ᠎ᠲᠤ ᠵᠣᠭᠰᠣᠵᠤ᠂ 2020 ᠣᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠨᠢ ᠳᠤᠮᠳᠠᠳᠤ ᠤᠯᠤᠰ᠎ᠤᠨ ᠠᠵᠤ ᠠᠬᠤᠢ ᠵᠢᠨ ᠬᠥᠭᠵᠢᠯᠲᠡ ᠵᠢᠨ ᠶᠡᠭᠡ ᠪᠤᠳᠤᠯᠭ᠎ᠠ ᠵᠢ ᠲᠥᠯᠥᠪᠵᠢᠭᠦᠯᠪᠡ᠃

      ᠶᠡᠷᠦᠩᠬᠡᠶ ᠱᠦᠵᠢ ᠰᠢ ᠵᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠤ ᠠᠬᠤᠶ ᠵᠢᠨ ᠪᠠᠶ᠋ᠢᠳᠠᠯ᠎ᠢ ᠭᠦᠨᠵᠡᠭᠡᠶ ᠵᠠᠳᠠᠯᠵᠤ᠂ 2021 ᠣᠨ᠎ᠤ ᠠᠵᠤ ᠠᠬᠤᠶ ᠵᠢᠨ ᠠᠵᠢᠯ᠎ᠤᠨ ᠶᠡᠷᠦᠩᠬᠡᠶ ᠱᠠᠭ᠋ᠠᠷᠳᠠᠯᠭ᠎ᠠ ᠪᠣᠯᠤᠨ ᠲᠥᠷᠥ ᠵᠢᠨ ᠪᠣᠳᠣᠯᠭ᠎ᠠ ᠵᠢᠨ ᠬᠠᠨᠳᠤᠰᠢ ᠵᠢ ᠳᠤᠷᠠᠳᠴᠤ᠂ ᠭᠤᠣᠯᠳᠠᠯᠭ᠎ᠠ᠎ᠲᠠᠢ ᠡᠭᠦᠷᠭᠡ ᠵᠢ ᠪᠠᠶ᠋ᠢᠷᠢᠯᠠᠭᠤᠯᠤᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠯᠠᠯ᠎ᠢ ᠡᠬᠢᠯᠡᠭᠦᠯᠬᠦ᠎ᠳᠤ ᠴᠢᠭᠯᠡᠯ᠎ᠢ ᠲᠣᠭᠲᠠᠭ᠋ᠠᠨ ᠥᠭᠪᠡ᠃



      ᠲᠡᠦᠬᠡ ᠵᠢᠨ ᠬᠠᠭᠤᠳᠠᠰᠤᠨ᠎ᠠ ᠲᠡᠮᠳᠡᠭᠯᠡᠭᠳᠡᠬᠦ — ᠶᠡᠷᠦ ᠪᠤᠰᠤ ᠵᠢᠨ ᠣᠨ ᠵᠢᠯ᠎ᠳᠠᠬᠢ ᠶᠡᠷᠦ ᠪᠤᠰᠤ ᠵᠢᠨ ᠠᠮᠵᠢᠯᠲᠠ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠲᠦᠭ ᠲᠦᠮᠡᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠡᠷᠡᠯᠬᠡᠭᠯᠡᠨ ᠲᠠᠮᠡᠴᠡᠭᠡᠳ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ᠂ ᠲᠡᠦᠬᠡ ᠵᠢᠨ ᠬᠠᠭᠤᠳᠠᠰᠤᠨ᠎ᠳᠤ ᠲᠡᠮᠳᠡᠭᠯᠡᠭᠳᠡᠬᠦ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠪᠠ᠃

     《ᠲᠦᠢ᠍ᠯ᠎ᠤᠨ ᠶᠡᠷᠦ ᠪᠤᠰᠤ》 — ᠡᠨᠡ ᠤᠳᠠᠭ᠋ᠠᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠡᠨᠡᠬᠦ ᠵᠠᠩᠭᠢᠯᠠᠭ᠎ᠠ ᠵᠢᠨ ᠦᠭᠡ᠎ᠪᠠᠷ 2020 ᠣᠨ᠎ᠢ ᠬᠤᠷᠢᠶᠠᠩᠭᠤᠶ᠋ᠢᠯᠠᠵᠤ᠂ 《ᠡᠨᠡ ᠵᠢᠯ ᠪᠣᠯ ᠰᠢᠨ᠎ᠡ ᠳᠤᠮᠳᠠᠳᠤ ᠤᠯᠤᠰ᠎ᠤᠨ ᠲᠡᠦᠬᠡᠨ᠎ᠳᠠᠬᠢ ᠲᠦᠢ᠍ᠯ᠎ᠤᠨ ᠶᠡᠷᠦ ᠪᠤᠰᠤ ᠵᠢᠨ ᠨᠢᠭᠡ ᠵᠢᠯ ᠪᠣᠯᠤᠨ᠎ᠠ》 ᠭᠡᠵᠦ ᠴᠢᠬᠤᠯᠠᠴᠢᠯᠠᠪᠠ᠃

      ᠬᠤᠶᠠᠷ ᠡᠳᠦᠷ ᠬᠠᠭ᠋ᠠᠰ᠎ᠤᠨ ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠨ ᠨᠥᠬᠦᠳ ᠤᠳᠠᠯ ᠦᠭᠡᠢ ᠥᠩᠭᠡᠷᠡᠬᠦ ᠭᠡᠵᠦ ᠪᠠᠶ᠋ᠢᠭ᠎ᠠ ᠡᠨᠡ ᠨᠢᠭᠡᠨ ᠵᠢᠯ᠎ᠢ ᠡᠷᠭᠢᠴᠡᠭᠦᠯᠬᠦ᠎ᠳᠤ᠎ᠪᠠᠨ ᠰᠡᠳᠬᠢᠯ ᠶᠡᠭᠡ ᠳᠣᠭᠳᠤᠯᠵᠤ ᠪᠠᠶ᠋ᠢᠯ᠎ᠠ᠃ 《〈ᠲᠦᠢ᠍ᠯ〉 ᠭᠡᠳᠡᠭ ᠨᠢᠭᠡᠯᠡ ᠦᠭᠡᠨ᠎ᠳᠤ ᠰᠦᠷ ᠳᠠᠯᠠᠶ᠋ᠢᠴᠠᠲᠠᠢ᠂ ᠲᠦᠭ ᠲᠦᠮᠡᠨ ᠠᠶᠤᠯ ᠲᠦᠭᠰᠢᠭᠦᠷᠢ᠎ᠲᠠᠢ᠂ ᠮᠠᠭᠲᠠᠨ ᠳᠠᠭᠤᠯᠠᠭᠤᠰᠢᠲᠠᠢ᠂ ᠭᠡᠷᠡᠯ ᠰᠠᠴᠤᠷᠠᠩᠭᠤᠢ ᠠᠮᠵᠢᠯᠲᠠ ᠵᠡᠷᠭᠡ ᠡᠯᠪᠡᠭ ᠠᠭᠤᠯᠭ᠎ᠠ ᠵᠢ ᠪᠠᠭᠲᠠᠭ᠋ᠠᠵᠠᠢ》 ᠭᠡᠵᠦ ᠵᠠᠷᠢᠮ ᠨᠥᠬᠦᠷ ᠬᠡᠯᠡᠪᠡ᠃

      ᠬᠤᠷᠠᠯ᠎ᠠᠴᠠ ᠵᠢᠭ᠋ᠠᠨ ᠭᠠᠷᠭ᠋ᠠᠭᠰᠠᠨ᠎ᠨᠢ᠂ ᠡᠨᠡ ᠵᠢᠯ ᠪᠥᠬᠦ ᠪᠥᠮᠪᠥᠷᠴᠡᠭ᠎ᠤᠨ ᠠᠵᠤ ᠠᠬᠤᠶ᠎ᠳᠤ ᠤᠴᠠᠷᠠᠭᠰᠠᠨ ᠲᠠᠭ᠋ᠠᠷᠢᠯᠲᠠ᠎ᠨᠢ 1929 ᠣᠨ᠎ᠤ ᠠᠵᠤ ᠠᠬᠤᠶ ᠵᠢᠨ ᠶᠡᠭᠡ ᠳᠣᠷᠤᠶ᠋ᠢᠳᠠᠯ᠎ᠲᠠᠢ ᠠᠳᠠᠯᠢ ᠥᠬᠡᠶ ᠪᠥᠭᠡᠳ 2008 ᠣᠨ᠎ᠤ ᠣᠯᠠᠨ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠮᠤᠷᠠᠯ᠎ᠤᠨ ᠦᠷᠪᠢᠰᠦᠯᠲᠡ᠎ᠠᠴᠠ ᠪᠣᠯᠤᠭᠰᠠᠨ ᠨᠥᠯᠥᠭᠡ᠎ᠲᠠᠢ ᠴᠦ᠍ ᠠᠳᠠᠯᠢ ᠥᠬᠡᠶ ᠶᠤᠮ᠂ ᠬᠠᠷᠢᠨ ᠬᠠᠩᠭ᠋ᠠᠯᠭ᠎ᠠ ᠲᠠᠰᠤᠷᠠᠭᠰᠠᠨ ᠪᠠ ᠬᠡᠷᠡᠭᠴᠡᠭᠡ ᠠᠪᠴᠢᠭᠰᠠᠨ ᠳᠠᠪᠬᠤᠷ ᠲᠠᠭ᠋ᠠᠷᠢᠯᠲᠠ᠎ᠳᠤ ᠲᠤᠯᠭ᠋ᠠᠷᠠᠪᠠ᠂ ᠬᠦᠴᠢᠷᠳᠡᠯ᠎ᠨᠢ ᠤᠷᠢᠳ ᠡᠮᠦᠨ᠎ᠡ ᠪᠠᠶ᠋ᠢᠭ᠎ᠠ ᠥᠬᠡᠶ ᠶᠤᠮ᠃

      ᠳᠤᠮᠳᠠᠳᠤ ᠤᠯᠤᠰ᠎ᠤᠨ ᠠᠵᠤ ᠠᠬᠤᠶ ᠡᠷᠡᠨ ᠵᠠᠭᠤᠨ᠎ᠳᠤ ᠬᠤᠪᠣᠷ ᠲᠣᠬᠢᠶᠠᠯᠳᠤᠬᠤ ᠭᠤᠷᠪᠠᠨ ᠳᠠᠪᠬᠤᠷ ᠬᠦᠨᠳᠦ ᠨᠣᠴᠢᠲᠠᠶ ᠲᠠᠭ᠋ᠠᠷᠢᠯᠲᠠ᠎ᠳᠤ ᠤᠴᠠᠷᠠᠵᠠᠶ᠄ ᠨᠢᠭᠡ᠎ᠳᠤ ᠵᠠᠭᠤᠨ ᠵᠢᠯ᠎ᠳᠤ ᠲᠣᠬᠢᠶᠠᠯᠳᠤᠭ᠎ᠠ ᠥᠬᠡᠶ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠭᠡᠨᠡᠳᠲᠡ ᠡᠭᠦᠰᠪᠡ᠂ ᠬᠤᠶᠠᠷ᠎ᠲᠤ ᠳᠡᠯᠡᠬᠡᠶ ᠵᠢᠨ ᠠᠵᠤ ᠠᠬᠤᠶ ᠳᠡᠯᠡᠬᠡᠶ ᠵᠢᠨ ᠬᠤᠶᠠᠳᠤᠭ᠋ᠠᠷ ᠲᠡᠶ᠋ᠢᠨ ᠳᠠᠭᠤᠰᠤᠭᠰᠠᠨ᠎ᠠᠴᠠ ᠨᠠᠭ᠋ᠠᠰᠢᠳᠠ ᠬᠠᠮᠤᠭ᠎ᠤᠨ ᠬᠦᠨᠳᠦ ᠨᠣᠴᠢᠲᠠᠶ ᠪᠠᠭᠤᠷᠠᠯᠲᠠ᠎ᠳᠤ ᠤᠴᠠᠷᠠᠪᠠ᠂ ᠭᠤᠷᠪᠠ᠎ᠳᠤ ᠪᠥᠬᠦ ᠲᠠᠯ᠎ᠠ᠎ᠪᠠᠷ ᠲᠠᠰ ᠳᠡᠪᠰᠢᠬᠦ ᠵᠢ ᠵᠠᠷᠢᠮ ᠤᠯᠤᠰ ᠬᠤᠷᠢᠭᠯᠠᠵᠤ᠂ ᠭᠠᠳᠠᠭ᠋ᠠᠳᠤ ᠣᠷᠴᠢᠨ᠎ᠳᠤ ᠯᠤᠲᠤ ᠶᠡᠭᠡ ᠥᠷᠢᠰᠥᠯᠳᠦᠭᠡᠨ ᠠᠪᠴᠢᠷᠠᠪᠠ᠃

     《ᠡᠩ ᠲᠡᠷᠢᠭᠦᠨ᠎ᠳᠤ ᠬᠢᠵᠢᠭ᠎ᠤᠨ ᠪᠠᠶ᠋ᠢᠳᠠᠯ᠎ᠢ ᠬᠤᠷᠢᠭᠯᠠᠨ ᠵᠣᠭᠰᠤᠭ᠋ᠠᠵᠤ》 《ᠡᠩ ᠲᠡᠷᠢᠭᠦᠨ᠎ᠳᠤ ᠠᠵᠢᠯ ᠵᠶ᠋ᠠᠨ ᠰᠡᠷᠭᠦᠭᠡᠨ ᠦᠢ᠍ᠯᠡᠳᠪᠦᠷᠢᠯᠡᠯ ᠵᠶ᠋ᠠᠨ ᠰᠡᠷᠭᠦᠭᠡᠵᠦ》 《ᠡᠩ ᠲᠡᠷᠢᠭᠦᠨ᠎ᠳᠤ ᠠᠵᠤ ᠠᠬᠤᠢ ᠵᠢᠨ ᠨᠡᠮᠡᠭᠳᠡᠯ ᠰᠥᠭᠡᠷᠭᠦ ᠪᠠᠶ᠋ᠢᠭᠰᠠᠨ᠎ᠠᠴᠠ᠎ᠪᠠᠨ ᠡᠶᠡᠷᠭᠦ ᠪᠣᠯᠬᠤ ᠵᠢ ᠪᠡᠶᠡᠯᠡᠭᠦᠯᠵᠡᠢ》᠂ ᠲᠤᠰ ᠤᠳᠠᠭ᠋ᠠᠨ᠎ᠤ ᠬᠤᠷᠠᠯ᠎ᠨᠢ 《ᠭᠤᠷᠪᠠᠨ ᠡᠩ ᠲᠡᠷᠢᠭᠦᠨ》 ᠵᠶ᠋ᠠᠷ ᠡᠨᠡ ᠵᠢᠯ᠎ᠤᠨ ᠳᠤᠮᠳᠠᠳᠤ ᠤᠯᠤᠰ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠢᠯᠡ ᠲᠣᠳᠣ ᠣᠨᠴᠠᠯᠢᠭ᠎ᠢ ᠲᠣᠶ᠋ᠢᠮᠤᠴᠢᠯᠠᠨ ᠳᠤᠷᠠᠳᠪᠠ᠃



      《ᠭᠤᠷᠪᠠᠨ ᠬᠦᠨᠳᠦ ᠨᠣᠴᠢᠲᠠᠢ ᠲᠠᠭ᠋ᠠᠷᠢᠯᠳᠠ ᠳᠣᠣᠷ᠎ᠠ 〈ᠭᠤᠷᠪᠠᠨ ᠲᠡᠷᠢᠭᠦᠨ〉᠎ᠢ ᠪᠡᠶᠡᠯᠡᠭᠦᠯᠵᠦ᠂ ᠳᠤᠮᠳᠠᠳᠤ ᠤᠯᠤᠰ ᠨᠢᠭᠡᠨ ᠤᠳᠠᠭ᠋ᠠᠨ᠎ᠤ ᠠᠮᠵᠢᠯᠲᠠᠲᠠᠢ ᠲᠠᠶ᠋ᠢᠨ ᠬᠢᠭᠰᠡᠨ ᠪᠥᠭᠡᠳ 〈ᠭᠤᠷᠪᠠᠨ ᠶᠡᠭᠡ ᠠᠮᠵᠢᠯᠲᠠ〉 ᠵᠢ ᠣᠯᠵᠠᠢ᠄ ᠡᠯᠪᠡᠭ ᠪᠠᠶᠠᠯᠢᠭ ᠪᠣᠳᠠᠰ᠎ᠤᠨ ᠦᠷ᠎ᠡ ᠪᠦᠲᠦᠭᠡᠯ᠎ᠢ ᠣᠯᠪᠠ; ᠣᠶᠤᠨ ᠰᠠᠨᠠᠭ᠋ᠠᠨ᠎ᠤ ᠡᠳ᠋ ᠪᠠᠶᠠᠯᠢᠭ᠎ᠢ ᠣᠯᠪᠠ; ᠶᠡᠭᠡ᠎ᠪᠠᠷ ᠳᠡᠭᠡᠭᠰᠢᠯᠡᠭᠰᠡᠨ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ᠎ᠢ ᠣᠯᠪᠠ᠃ ᠪᠢᠳᠡᠨ᠎ᠤ ᠨᠢᠭᠲᠠᠷᠠᠯ᠎ᠤᠨ ᠬᠦᠴᠦᠨ᠂ ᠲᠥᠪᠯᠡᠩᠭᠦᠢ ᠬᠦᠴᠦᠨ ᠶᠡᠭᠡ᠎ᠪᠠᠷ ᠳᠡᠭᠡᠭᠰᠢᠯᠡᠪᠡ᠃》 ᠭᠡᠵᠦ ᠬᠤᠷᠠᠯ᠎ᠳᠤ ᠣᠷᠣᠯᠴᠠᠭᠰᠠᠨ ᠨᠢᠭᠡ ᠨᠥᠬᠦᠷ ᠰᠡᠳᠬᠢᠯ ᠬᠥᠳᠡᠯᠦᠨ ᠬᠡᠯᠡᠪᠡ᠃

      ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠳᠡᠯᠡᠬᠡᠶ ᠵᠢᠨ ᠪᠠᠶ᠋ᠢᠳᠠᠯ᠂ ᠬᠠᠲᠠᠭᠤ ᠪᠡᠷᠬᠡᠰᠢᠶᠡᠯᠲᠡᠢ ᠨᠦᠰᠡᠷ ᠬᠦᠨᠳᠦ ᠤᠯᠤᠰ᠎ᠤᠨ ᠳᠣᠲᠣᠭ᠋ᠠᠳᠤ ᠵᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠬᠦᠨᠳᠦ ᠨᠣᠴᠢᠲᠠᠶ ᠲᠠᠭ᠋ᠠᠷᠢᠯᠲᠠ ᠵᠢᠨ ᠡᠮᠦᠨ᠎ᠡ᠂ ᠰᠢ ᠵᠢᠨ ᠫᠢᠩ ᠨᠥᠬᠦᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠵᠤ᠂ ᠪᠠᠶ᠋ᠢᠳᠠᠯ᠎ᠢ ᠣᠨᠣᠪᠴᠢᠲᠠᠶ ᠮᠠᠭ᠋ᠠᠳᠯᠠᠨ᠂ ᠨᠠᠷᠢᠨ ᠨᠢᠮᠪᠠᠶ ᠲᠥᠯᠥᠪᠵᠢᠭᠦᠯᠦᠨ ᠪᠠᠶ᠋ᠢᠷᠢᠯᠠᠭᠤᠯᠵᠤ᠂ ᠡᠷᠡᠰ ᠰᠢᠭᠤᠷᠬᠠᠶ᠎ᠪᠠᠷ ᠠᠵᠢᠯᠯᠠᠭ᠎ᠠ ᠬᠢᠵᠦ᠂ ᠬᠠᠲᠠᠭᠤᠵᠢᠯᠲᠠᠶ ᠴᠢᠷᠮᠠᠶ᠋ᠢᠯᠭ᠎ᠠ ᠭᠠᠷᠭ᠋ᠠᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ᠂ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠭᠰᠠᠨ᠂ ᠲᠡᠦᠬᠡ ᠵᠢᠨ ᠬᠠᠭᠤᠳᠠᠰᠤᠨ᠎ᠳᠤ ᠲᠡᠮᠳᠡᠭᠯᠡᠭᠳᠡᠭᠰᠡᠨ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠪᠠ᠃

     — ᠳᠤᠮᠳᠠᠳᠤ ᠤᠯᠤᠰ ᠪᠦᠬᠦ ᠪᠥᠮᠪᠥᠷᠴᠡᠭ᠎ᠤᠨ ᠴᠤᠷ᠎ᠤᠨ ᠭᠠᠭᠴᠠ ᠠᠵᠤ ᠠᠬᠤᠢ ᠵᠢᠨ ᠡᠶᠡᠷᠭᠦ ᠨᠡᠮᠡᠭᠳᠡᠯ᠎ᠢ ᠪᠡᠶᠡᠯᠡᠭᠦᠯᠦᠭᠰᠡᠨ ᠭᠤᠣᠯ ᠠᠵᠤ ᠠᠬᠤᠢ ᠵᠢᠨ ᠴᠣᠭᠴᠠ ᠪᠣᠯᠪᠠ᠃ ᠨᠢᠭᠡᠳᠦᠭᠡᠷ ᠤᠯᠠᠷᠢᠯ᠎ᠳᠤ 6.8%᠎ᠪᠠᠷ ᠪᠠᠭ᠋ᠠᠰᠴᠤ᠂ ᠬᠤᠶᠠᠳᠤᠭ᠋ᠠᠷ ᠤᠯᠠᠷᠢᠯ᠎ᠳᠤ 3.2% ᠵᠶ᠋ᠠᠷ ᠨᠡᠮᠡᠭᠳᠡᠨ᠂ ᠭᠤᠷᠪᠠᠳᠤᠭ᠋ᠠᠷ ᠤᠯᠠᠷᠢᠯ᠎ᠳᠤ 4.9%᠎ᠪᠠᠷ ᠳᠡᠭᠡᠭᠰᠢᠯᠡᠭᠡᠳ᠂ ᠳᠤᠮᠳᠠᠳᠤ ᠤᠯᠤᠰ᠎ᠤᠨ ᠠᠵᠤ ᠠᠬᠤᠢ ᠵᠢᠨ ᠡᠷᠭᠢᠯᠲᠡ ᠤᠯᠠᠷᠢᠯ ᠳᠠᠷᠠᠭ᠋ᠠᠯᠠᠨ ᠰᠠᠶ᠋ᠢᠵᠢᠷᠠᠵᠤ᠂ ᠠᠯᠬᠤᠮ ᠠᠯᠬᠤᠮ ᠵᠶ᠋ᠠᠷ ᠬᠡᠪ᠎ᠤᠨ ᠪᠠᠶ᠋ᠢᠳᠠᠯ ᠵᠶ᠋ᠠᠨ ᠰᠡᠷᠭᠦᠭᠡᠨ᠂ ᠪᠦᠬᠦ ᠵᠢᠯ᠎ᠤᠨ ᠠᠵᠤ ᠠᠬᠤᠢ ᠵᠢᠨ ᠶᠡᠷᠦᠩᠬᠡᠢ ᠬᠡᠮᠵᠢᠶ᠎ᠡ 100 ᠲᠦᠮᠡᠨ ᠳ᠋ᠦᠩᠰᠢᠭᠤᠷ ᠲᠥᠭᠦᠷᠢᠭ᠎ᠢ ᠳᠠᠪᠠᠭ᠍ᠤ ᠪᠣᠯᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ ᠴᠢᠬᠤᠯᠠ ᠶᠡᠭᠡ ᠠᠬᠢᠴᠠ᠎ᠲᠠᠢ ᠪᠤᠯᠵᠤ᠂ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠰᠢᠪᠲᠤᠯᠤᠯᠲᠠ ᠵᠢᠨ ᠠᠯᠬᠤᠴᠠ ᠲᠦᠷᠭᠡᠳᠴᠦ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠲᠠᠰᠤᠷᠠᠯᠲᠠ ᠦᠭᠡᠢ ᠴᠣᠯᠭᠤᠷᠠᠨ ᠢᠯᠡᠷᠡᠪᠡ᠃ ᠳᠤᠮᠳᠠᠳᠤ ᠤᠯᠤᠰ᠎ᠤᠨ ᠠᠵᠤ ᠠᠬᠤᠶ ᠠᠶᠤᠯ ᠲᠦᠭᠰᠢᠭᠦᠷᠢ᠎ᠲᠠᠢ ᠲᠡᠮᠡᠴᠡᠬᠦ ᠬᠦᠴᠦᠷᠬᠡᠭ ᠶᠡᠭᠡ ᠴᠢᠳᠠᠪᠤᠷᠢ᠂ ᠡᠷᠡᠰ ᠬᠠᠲᠠᠭᠤ ᠤᠶᠠᠨ ᠬᠠᠳᠠᠨ ᠴᠢᠨᠠᠷ᠎ᠢ ᠢᠯᠡᠷᠡᠭᠦᠯᠪᠡ᠃



     — ᠭᠤᠷᠪᠠᠨ ᠶᠡᠭᠡ ᠰᠢᠪᠲᠤᠯᠤᠯᠲᠠ ᠵᠢᠨ ᠳᠠᠶ᠋ᠢᠯᠠᠯᠳᠤᠭ᠋ᠠᠨ ᠰᠢᠢ᠍ᠳᠪᠦᠷᠢᠲᠦ ᠴᠢᠨᠠᠷᠲᠠᠢ ᠠᠮᠵᠢᠯᠲᠠ ᠤᠯᠪᠠ᠃ ᠵᠢᠯ᠎ᠤᠨ ᠡᠬᠢᠨ᠎ᠳᠤ ᠦᠯᠡᠳᠡᠵᠦ ᠪᠠᠶ᠋ᠢᠭᠰᠠᠨ 551 ᠲᠦᠮᠡᠨ ᠬᠥᠳᠡᠭᠡ ᠲᠣᠰᠬᠤᠨ᠎ᠤ ᠶᠠᠳᠠᠭᠤ ᠬᠦᠴᠢᠷᠳᠡᠯᠲᠡᠢ ᠬᠥᠮᠦᠨ ᠠᠮᠠ ᠪᠠ 52 ᠶᠠᠳᠠᠭᠤ ᠬᠦᠴᠢᠷᠳᠡᠯᠲᠡᠢ ᠰᠢᠶᠠᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠪᠠ᠃ ᠠᠮᠢ ᠠᠬᠤᠶ ᠵᠢᠨ ᠣᠷᠴᠢᠨ ᠲᠣᠭᠤᠷᠢᠨ᠎ᠤ ᠶᠠᠰᠤ ᠴᠢᠨᠠᠷ ᠦᠷᠭᠦᠯᠵᠢᠯᠡᠨ ᠰᠠᠶ᠋ᠢᠵᠢᠷᠠᠵᠤ᠂ ᠪᠣᠬᠢᠷᠲᠤᠯ ᠥᠬᠡᠶ ᠬᠥᠭᠵᠢᠯᠲᠡ ᠵᠢᠨ ᠬᠠᠨᠳᠤᠰᠢ ᠰᠠᠶ᠋ᠢᠨ ᠪᠠᠶ᠋ᠢᠨ᠎ᠠ᠃ ᠨᠢᠭᠡ ᠪᠦᠯᠦᠭ ᠬᠦᠨᠳᠦ ᠶᠡᠭᠡ ᠠᠶᠤᠯ ᠲᠦᠭᠰᠢᠭᠦᠷᠢᠲᠦ ᠳᠠᠯᠳᠡ ᠭᠡᠮ᠎ᠢ ᠣᠨᠣᠪᠴᠢᠲᠠᠢ ᠵᠠᠳᠠᠯᠵᠤ᠂ ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠢᠢ᠍ᠳᠪᠦᠷᠢᠯᠡᠬᠦ ᠠᠵᠢᠯ ᠴᠢᠬᠤᠯᠠ ᠱᠠᠳᠤᠴᠢ ᠴᠢᠨᠠᠷᠲᠠᠢ ᠦᠷ᠎ᠡ ᠪᠦᠲᠦᠭᠡᠯ ᠤᠯᠪᠠ᠃

     — ᠥᠭᠡᠷᠡᠴᠢᠯᠡᠯᠲᠡ ᠨᠡᠭᠡᠭᠡᠯᠲᠡ ᠴᠢᠬᠤᠯᠠ ᠳᠠᠪᠠᠯᠲᠠ ᠵᠢ ᠪᠡᠶᠡᠯᠡᠭᠦᠯᠪᠡ᠃ ᠬᠠᠶ᠋ᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠶ᠋ᠢᠭᠤᠯᠤᠯᠲᠠ ᠵᠡᠷᠭᠡ ᠴᠢᠬᠤᠯᠠ ᠶᠡᠭᠡ ᠥᠭᠡᠷᠡᠴᠢᠯᠡᠯᠲᠡ ᠨᠡᠬᠡᠭᠡᠯᠲᠡ ᠵᠢᠨ ᠠᠷᠭ᠎ᠠ ᠬᠡᠮᠵᠢᠶ᠎ᠡ ᠵᠢ ᠵᠠᠯᠭ᠋ᠠᠭ᠎ᠠ᠎ᠪᠠᠷ ᠨᠡᠶ᠋ᠢᠲᠡᠯᠡᠵᠦ᠂ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠪᠠ ᠭᠠᠳᠠᠭ᠋ᠠᠳᠤ ᠪᠡᠯᠡ ᠵᠢ ᠠᠰᠢᠭᠯᠠᠬᠤ ᠪᠠᠶ᠋ᠢᠳᠠᠯ ᠰᠥᠷᠥᠨ ᠨᠡᠮᠡᠭᠳᠡᠵᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠯᠠᠪᠳᠠᠭᠤᠨ ᠵᠶ᠋ᠠᠷ ᠠᠬᠢᠵᠤ᠂ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠵᠥᠪᠳᠡᠯᠴᠡᠭᠡᠷ᠎ᠲᠤ ᠭᠠᠷ᠎ᠤᠨ ᠦᠰᠦᠭ ᠠᠮᠵᠢᠯᠲᠠ᠎ᠲᠠᠢ ᠵᠢᠷᠤᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠡᠬᠢᠯᠡᠯᠲᠡ ᠵᠢᠨ ᠴᠡᠭ᠎ᠠᠴᠠ᠎ᠪᠠᠨ ᠠᠬᠢᠨ ᠮᠣᠷᠳᠠᠪᠠ᠃



     — ᠠᠷᠠᠳ᠎ᠤᠨ ᠠᠮᠢᠳᠤᠷᠠᠯ ᠬᠦᠴᠦᠲᠡᠶ ᠪᠠᠲᠤᠯᠠᠭ᠎ᠠ᠎ᠲᠠᠢ ᠪᠣᠯᠪᠠ᠃ ᠬᠤᠳᠠ ᠪᠠᠯᠭ᠋ᠠᠰᠤᠨ᠎ᠤ ᠰᠢᠨ᠎ᠡ᠎ᠪᠠᠷ ᠨᠡᠮᠡᠭᠳᠡᠭᠰᠡᠨ ᠠᠵᠢᠯ ᠣᠯᠭᠤᠯᠲᠠ 1100 ᠲᠦᠮᠡᠨ ᠬᠥᠮᠥᠨ᠎ᠢ ᠳᠠᠪᠠᠵᠤ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ ᠪᠠ ᠠᠵᠤ ᠠᠬᠤᠢ ᠵᠢᠨ ᠨᠡᠮᠡᠭᠳᠡᠯ ᠦᠨᠳᠦᠰᠦᠨ᠎ᠳᠤ᠎ᠪᠠᠨ ᠠᠳᠠᠯᠢ ᠠᠯᠬᠤᠮ᠎ᠲᠠᠢ ᠪᠣᠯᠪᠠ᠃ ᠰᠣᠶᠣᠯ ᠵᠢᠭᠤᠯᠴᠢᠯᠠᠯ᠂ ᠨᠡᠶ᠋ᠢᠭᠡᠮ᠎ᠤᠨ ᠪᠠᠲᠤᠯᠠᠭ᠎ᠠ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠨᠡᠶ᠋ᠢᠭᠡᠮ᠎ᠤᠨ ᠵᠠᠰᠠᠯᠲᠠ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠡᠷᠭᠡ ᠠᠵᠢᠯ ᠦᠢ᠍ᠯᠡᠰ ᠰᠢᠨ᠎ᠡ ᠠᠬᠢᠴᠠ᠎ᠲᠠᠢ ᠪᠣᠯᠵᠤ᠂ ᠨᠡᠶ᠋ᠢᠭᠡᠮ᠎ᠤᠨ ᠬᠥᠭᠵᠢᠯᠲᠡ ᠵᠢᠨ ᠬᠦᠷᠢᠶᠡᠨ᠎ᠳᠠᠬᠢ ᠳᠤᠲᠠᠭᠤᠳᠠᠯ᠎ᠢ ᠨᠥᠬᠦᠪᠥᠷᠢᠯᠡᠬᠦ ᠠᠵᠢᠯ ᠲᠦᠷᠭᠡᠪᠴᠢᠯᠡᠨ ᠠᠬᠢᠪᠠ᠃ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠡᠯᠪᠡᠭ ᠳᠡᠯᠪᠡᠭ᠂ ᠦᠨ᠎ᠡ ᠬᠠᠩᠰᠢ ᠦᠨᠳᠦᠰᠦᠨ᠎ᠳᠤ᠎ᠪᠠᠨ ᠲᠣᠭᠲᠠᠪᠤᠷᠢᠲᠠᠢ ᠪᠣᠯᠪᠠ᠃



     2020 ᠣᠨ ᠪᠣᠯ ᠪᠠᠰᠠ ᠴᠤ᠌ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ ᠮᠥᠨ᠃ 5 ᠵᠢᠯ᠎ᠤᠨ ᠲᠤᠷᠰᠢ ᠬᠠᠯᠠᠰᠢᠷᠠᠯ ᠦᠭᠡᠢ ᠲᠡᠮᠡᠴᠡᠬᠦ᠎ᠪᠠᠷ ᠳᠠᠮᠵᠢᠭ᠋ᠠᠳ᠂ ᠮᠠᠨ᠎ᠤ ᠤᠯᠤᠰ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠲᠡᠦᠬᠡᠲᠦ ᠴᠢᠨᠠᠷᠲᠠᠢ ᠰᠢᠨ᠎ᠡ ᠠᠮᠵᠢᠯᠲᠠ ᠣᠯᠵᠤ᠂ ᠠᠵᠤ ᠠᠬᠤᠢ ᠵᠢᠨ ᠪᠣᠳᠠᠲᠤ ᠬᠦᠴᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠪᠠ ᠠᠷᠠᠳ᠎ᠤᠨ ᠠᠮᠢᠳᠤᠷᠠᠯ᠎ᠤᠨ ᠬᠢᠷᠢ ᠲᠦᠪᠰᠢᠨ ᠳᠠᠬᠢᠨᠲᠠ ᠰᠢᠨ᠎ᠡ ᠳᠡᠭᠲᠡᠷ᠎ᠲᠤ ᠭᠠᠷᠴᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠢᠯᠠᠯᠲᠠ ᠵᠢ ᠤᠳᠠᠯ ᠦᠭᠡᠢ ᠣᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠰᠢᠨ᠎ᠡ ᠨᠢᠭᠡᠨ ᠲᠣᠮᠣ ᠠᠯᠬᠤᠮ᠎ᠢ ᠠᠯᠬᠤᠪᠠ᠃

     《ᠮᠠᠨ᠎ᠤ ᠤᠯᠤᠰ ᠳᠡᠯᠡᠬᠡᠶ ᠵᠢᠨ ᠠᠵᠤ ᠠᠬᠤᠶ ᠵᠢᠨ ᠪᠠᠭᠤᠷᠠᠯᠲᠠ ᠵᠢᠨ ᠳᠤᠮᠳᠠ ᠰᠠᠯᠬᠢ ᠳᠠᠪᠠᠯᠭ᠋ᠠᠨ᠎ᠢ ᠰᠥᠷᠥᠨ ᠤᠷᠤᠭᠰᠢᠯᠠᠪᠠ᠂ ᠡᠭᠦᠨ ᠵᠶ᠋ᠠᠨ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡᠨ ᠳᠡᠭᠡᠷ᠎ᠡ ᠣᠮᠤᠭ ᠪᠠᠭ᠍ᠠᠳᠤᠯ᠎ᠲᠠᠢ᠎ᠪᠠᠷ ᠪᠢᠴᠢᠵᠦ ᠪᠣᠯᠤᠨ᠎ᠠ》᠂ 《ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠢᠯᠭ᠋ᠠᠯᠲᠠ ᠵᠢᠨ ᠬᠠᠭᠤᠳᠠᠰᠤ ᠵᠢ ᠴᠢᠨᠠᠷ ᠰᠠᠶ᠋ᠢᠲᠠᠶ ᠬᠠᠷᠢᠭᠤᠯᠵᠤ᠂ ᠠᠷᠭ᠎ᠠ ᠪᠦᠬᠦᠨ᠎ᠢ ᠰᠦᠪᠡᠭᠴᠢᠯᠡᠨ ᠠᠵᠤ ᠠᠬᠤᠶ ᠵᠢᠨ ᠦᠨᠳᠦᠰᠦᠨ ᠰᠠᠭᠤᠷᠢ ᠵᠢ ᠲᠣᠭᠲᠠᠪᠤᠷᠢᠵᠢᠭᠤᠯᠵᠤ᠂ 〈ᠳᠤᠮᠳᠠᠳᠤ ᠤᠯᠤᠰ᠎ᠤᠨ ᠵᠠᠰᠠᠯᠲᠠ〉 ᠵᠢᠨ ᠢᠯᠡᠳᠲᠡ ᠳᠠᠪᠠᠭᠤᠯᠢᠭ᠎ᠢ ᠪᠥᠬᠦ ᠲᠠᠯ᠎ᠠ᠎ᠪᠠᠷ ᠢᠯᠡᠷᠡᠭᠦᠯᠪᠡ》 ᠁ ᠳᠤᠭᠤᠶ᠋ᠢᠯᠠᠩ ᠬᠤᠪᠢᠶᠠᠨ ᠶᠠᠷᠢᠯᠴᠠᠬᠤ ᠦᠶ᠎ᠡ᠎ᠳᠤ᠂ ᠡᠨᠡ ᠵᠢᠯ᠎ᠤᠨ ᠪᠡᠷᠬᠡ ᠬᠠᠲᠠᠭᠤᠵᠢᠯᠲᠠᠶ ᠪᠠᠶ᠋ᠢᠳᠠᠯ ᠪᠠ ᠣᠯᠤᠭᠰᠠᠨ ᠶᠡᠷᠦ ᠪᠤᠰᠤ ᠵᠢᠨ ᠠᠮᠵᠢᠯᠲᠠ ᠪᠦᠲᠦᠮᠵᠢ ᠵᠢᠨ ᠲᠤᠬᠠᠶ ᠬᠤᠷᠠᠯ᠎ᠳᠤ ᠣᠷᠣᠯᠴᠠᠭᠰᠠᠨ ᠨᠥᠬᠦᠳ ᠬᠥᠷ ᠬᠥᠭᠵᠢᠶᠡᠨ᠎ᠲᠠᠢ ᠶᠠᠷᠢᠯᠴᠠᠵᠤ᠂ ᠭᠦᠨ ᠲᠥᠷᠥᠭᠳᠡᠯ᠎ᠲᠠᠢ ᠪᠠᠶ᠋ᠢᠯ᠎ᠠ᠃

      ᠬᠦᠴᠢᠷ ᠪᠡᠷᠬᠡᠰᠢᠶᠡᠯ ᠬᠠᠷᠰᠢ ᠰᠠᠭ᠋ᠠᠳ᠎ᠢ ᠢᠯᠠᠨ ᠳᠠᠪᠠᠵᠤ᠂ ᠠᠮᠵᠢᠯᠲᠠ ᠪᠦᠲᠦᠮᠵᠢ ᠬᠢᠯᠪᠠᠷ ᠪᠤᠰᠤ᠎ᠪᠠᠷ ᠢᠷᠡᠭᠰᠡᠨ ᠶᠤᠮ᠂ ᠡᠨᠡ ᠪᠣᠯ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠵᠢᠨ ᠦᠷ᠎ᠡ ᠳ᠋ᠦᠩ ᠮᠥᠨ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠭᠰᠡᠨ᠎ᠤ ᠦᠷ᠎ᠡ ᠳ᠋ᠦᠩ ᠮᠥᠨ᠃

      ᠪᠦᠬᠦ ᠪᠥᠮᠪᠥᠷᠴᠡᠭ᠎ᠢ ᠠᠵᠢᠭᠯᠠᠪᠠᠯ᠂ 《ᠳᠤᠮᠳᠠᠳᠤ ᠤᠯᠤᠰ᠎ᠤᠨ ᠵᠠᠰᠠᠯᠲᠠ》 ᠪᠣᠯᠤᠨ 《ᠥᠷᠥᠨᠡᠳᠠᠬᠢᠨ᠎ᠤ ᠰᠠᠮᠠᠭᠤᠷᠠᠯ》᠎ᠤᠨ ᠬᠠᠷᠢᠴᠠᠭᠤᠯᠤᠯ ᠨᠡᠩ ᠢᠯᠡ ᠲᠣᠳᠣ ᠪᠤᠯᠵᠤ᠂ ᠠᠷᠠᠳ ᠤᠯᠠᠨ ᠳᠣᠲᠣᠭ᠋ᠠᠳᠤ ᠰᠡᠳᠬᠢᠯ᠎ᠠᠴᠠ᠎ᠪᠠᠨ ᠨᠠᠮ᠎ᠤᠨ ᠤᠳᠤᠷᠢᠳᠤᠯᠭ᠎ᠠ ᠵᠢ ᠬᠦᠷᠢᠶᠡᠯᠡᠵᠦ᠂ ᠨᠡᠶ᠋ᠢᠭᠡᠮ ᠵᠢᠷᠤᠮᠲᠤ ᠪᠠᠶ᠋ᠢᠭᠤᠯᠤᠯ᠎ᠤᠨ ᠳᠠᠪᠠᠭᠤᠯᠢᠭ ᠴᠢᠨᠠᠷ᠎ᠢ ᠨᠡᠩ ᠭᠦᠨᠵᠡᠭᠡᠢ ᠣᠶ᠋ᠢᠯᠠᠭ᠋ᠠᠵᠤ᠂ ᠠᠭᠤᠤ ᠶᠡᠭᠡ ᠡᠬᠡ ᠤᠯᠤᠰ᠎ᠤᠨ ᠵᠶ᠋ᠠᠨ ᠲᠥᠯᠥᠭᠡ ᠨᠡᠩ ᠴᠢᠩ ᠰᠡᠳᠬᠢᠯ᠎ᠠᠴᠠ᠎ᠪᠠᠨ ᠣᠮᠣᠭᠰᠢᠵᠤ ᠪᠠᠶ᠋ᠢᠨ᠎ᠠ᠃



      ᠡᠷᠬᠢᠮ ᠨᠠᠨᠳᠢᠨ ᠰᠡᠩᠬᠡᠷᠡᠭᠦᠯᠦᠯ — ᠴᠢᠬᠤᠯᠠ ᠶᠡᠭᠡ ᠵᠠᠩᠭᠢᠯᠠᠭ᠎ᠠ ᠵᠢᠨ ᠦᠶ᠎ᠡ ᠵᠢᠨ ᠴᠢᠬᠤᠯᠠ ᠶᠡᠭᠡ ᠰᠢᠯᠭ᠋ᠠᠯᠲᠠ᠂ ᠬᠠᠲᠠᠭᠤ ᠴᠢᠩᠭ᠎ᠠ ᠥᠷᠢᠰᠥᠯᠳᠦᠭᠡᠨ᠎ᠤ ᠳᠣᠣᠷ᠎ᠠ ᠠᠵᠤ ᠠᠬᠤᠢ ᠵᠢᠨ ᠠᠵᠢᠯ᠎ᠢ ᠰᠠᠶ᠋ᠢᠲᠤᠷ ᠬᠢᠬᠦ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ᠎ᠪᠠᠨ ᠭᠦᠨᠵᠡᠭᠡᠶ᠋ᠢᠷᠡᠭᠦᠯᠬᠦ᠎ᠳᠤ᠂ 《ᠲᠠᠪᠤᠨ ᠦᠨᠳᠦᠰᠦᠨ》᠎ᠤ ᠠᠭᠤᠯᠤᠭᠳᠠᠬᠤᠨ ᠭᠦᠨᠵᠡᠭᠡᠢ᠂ ᠰᠡᠩᠬᠡᠷᠡᠭᠦᠯᠦᠯ ᠭᠦᠨ ᠪᠠᠶ᠋ᠢᠨ᠎ᠠ

      ᠬᠤᠷᠠᠯ᠎ᠠᠴᠠ ᠴᠢᠬᠤᠯᠠᠴᠢᠯᠠᠨ ᠵᠢᠭ᠋ᠠᠵᠤ ᠭᠠᠷᠭ᠋ᠠᠭᠰᠠᠨ᠎ᠨᠢ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠶᠠᠷ ᠶᠡᠭᠡ ᠲᠠᠯ᠎ᠠ ᠵᠢ ᠨᠢᠭᠡᠳᠦᠯᠲᠡᠢ ᠲᠥᠯᠥᠪᠵᠢᠭᠦᠯᠬᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠬᠦ ᠦᠢ᠍ᠯᠡᠳᠦᠯᠭᠡ ᠳᠤᠮᠳᠠ᠂ ᠪᠢᠳᠡ ᠬᠠᠲᠠᠭᠤ ᠴᠢᠩᠭ᠎ᠠ ᠥᠷᠢᠰᠥᠯᠳᠦᠭᠡᠨ᠎ᠤ ᠳᠣᠣᠷ᠎ᠠ ᠠᠵᠤ ᠠᠬᠤᠢ ᠵᠢᠨ ᠠᠵᠢᠯ᠎ᠢ ᠰᠠᠶ᠋ᠢᠲᠤᠷ ᠬᠢᠬᠦ ᠵᠢᠮ᠎ᠡ ᠶᠣᠰᠣᠴᠢ ᠴᠢᠨᠠᠷᠲᠠᠢ ᠲᠠᠨᠢᠯᠲᠠ᠎ᠪᠠᠨ ᠭᠦᠨᠵᠡᠭᠡᠶ᠋ᠢᠷᠡᠭᠦᠯᠪᠡ᠃

     《ᠨᠠᠮ᠎ᠤᠨ ᠲᠥᠪ ᠬᠤᠷᠢᠶᠠᠨ᠎ᠤ ᠡᠷᠬᠡ ᠰᠦᠷ ᠪᠣᠯ ᠠᠶᠤᠯ ᠲᠦᠭᠰᠢᠭᠦᠷᠢᠲᠡᠢ ᠴᠠᠭ ᠮᠥᠴᠡ᠎ᠳᠤ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠦᠴᠢᠷ᠎ᠢ ᠰᠦᠷᠦᠨ ᠤᠷᠤᠭᠰᠢᠯᠠᠬᠤ ᠦᠨᠳᠦᠰᠦᠨ ᠲᠦᠰᠢᠭ ᠲᠤᠯᠭ᠋ᠠᠭᠤᠷᠢ ᠮᠥᠨ》᠃

     《ᠠᠷᠠᠳ ᠲᠦᠮᠡᠨ᠎ᠢ ᠳᠡᠭᠡᠳᠦᠯᠡᠬᠦ ᠪᠣᠯ ᠵᠥᠪ ᠰᠣᠩᠭᠤᠯᠲᠠ ᠬᠢᠬᠦ ᠵᠢᠨ ᠦᠨᠳᠦᠰᠦᠨ ᠤᠷᠢᠲᠠᠯ ᠮᠥᠨ》᠃

     《ᠪᠠᠶ᠋ᠢᠭᠤᠯᠤᠯ᠎ᠤᠨ ᠳᠠᠪᠠᠭᠤᠯᠢᠭ ᠪᠣᠯ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠬᠤ ᠠᠤᠭ᠎ᠠ ᠶᠡᠭᠡ ᠬᠦᠴᠦᠨ᠎ᠢ ᠪᠦᠷᠢᠯᠳᠦᠭᠦᠯᠬᠦ ᠦᠨᠳᠦᠰᠦᠨ ᠪᠠᠲᠤᠯᠠᠭ᠎ᠠ ᠮᠥᠨ》᠃

     《ᠰᠢᠨᠵᠢᠯᠡᠬᠦ ᠤᠬᠠᠭ᠋ᠠᠨᠴᠢ ᠰᠢᠶᠳᠪᠦᠷᠢᠲᠦ ᠪᠣᠳᠣᠯᠭ᠎ᠠ ᠲᠣᠭᠲᠠᠭ᠋ᠠᠬᠤ ᠪᠠ ᠪᠦᠲᠦᠭᠡᠯᠴᠢ᠎ᠪᠠᠷ ᠠᠷᠭ᠋ᠠᠴᠠᠭ᠋ᠠᠬᠤ ᠪᠣᠯ ᠠᠶᠤᠯ ᠲᠦᠭᠰᠢᠭᠦᠷᠢ ᠵᠢ ᠠᠵᠠ ᠲᠣᠬᠢᠶᠠᠯ ᠪᠤᠯᠭ᠋ᠠᠨ ᠬᠤᠪᠢᠷᠠᠭᠤᠯᠬᠤ ᠵᠢᠨ ᠦᠨᠳᠦᠰᠦᠨ ᠠᠷᠭ᠎ᠠ ᠮᠥᠨ》᠃

     《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠪᠣᠯ ᠬᠥᠭᠵᠢᠯᠲᠡ ᠵᠢᠨ ᠶᠡᠭᠡ ᠲᠠᠯ᠎ᠠ ᠵᠢ ᠠᠬᠢᠭᠤᠯᠬᠤ ᠵᠢᠨ ᠦᠨᠳᠦᠰᠦᠨ ᠲᠤᠯᠭ᠋ᠠᠭᠤᠷᠢᠯᠠᠯ ᠮᠥᠨ》᠃

      ᠬᠤᠷᠠᠯ᠎ᠠᠴᠠ ᠳᠤᠷᠠᠳᠤᠭᠰᠠᠨ ᠡᠨᠡ ᠬᠦ᠌ 《ᠲᠠᠪᠤᠨ ᠦᠨᠳᠦᠰᠦᠨ》 ᠲᠤᠷᠰᠢᠯᠭ᠎ᠠ᠎ᠨᠢ ᠥᠩᠭᠡᠷᠡᠭᠰᠡᠨ ᠵᠶ᠋ᠠᠨ ᠳ᠋ᠦᠩᠨᠡᠵᠦ᠂ ᠢᠷᠡᠭᠡᠳᠦᠢ᠎ᠳᠤ ᠰᠡᠩᠬᠡᠷᠡᠭᠦᠯᠦᠯ ᠪᠣᠯᠪᠠ᠃

     《ᠡᠨᠡ 〈ᠲᠠᠪᠤᠨ ᠦᠨᠳᠦᠰᠦᠨ〉 ᠪᠣᠯ ᠵᠢᠮ᠎ᠡ ᠶᠣᠰᠣ ᠮᠥᠨ᠂ ᠪᠠᠰᠠ ᠴᠤ᠌ ᠲᠤᠷᠰᠢᠯᠭ᠎ᠠ ᠮᠥᠨ᠂ ᠪᠢᠳᠡᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ᠂ ᠢᠯᠠᠯᠲᠠ᠎ᠠᠴᠠ ᠢᠯᠠᠯᠲᠠ᠎ᠳᠤ ᠬᠥᠷᠬᠦ ᠵᠢᠨ ᠦᠨᠳᠦᠰᠦᠨ ᠵᠢᠷᠤᠮᠯᠠᠯ ᠮᠥᠨ》᠂ ᠬᠤᠷᠠᠯ᠎ᠳᠤ ᠣᠷᠣᠯᠴᠠᠭᠰᠠᠨ ᠨᠥᠬᠦᠳ ᠶᠠᠷᠢᠯᠴᠠᠯᠭ᠎ᠠ᠎ᠳᠤ᠎ᠪᠠᠨ ᠨᠡᠶ᠋ᠢᠳᠡᠮ ᠦᠵᠡᠭᠰᠡᠨ᠎ᠨᠢ᠂ ᠡᠨᠡ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠵᠤ ᠠᠬᠤᠢ ᠵᠢᠨ ᠦᠵᠡᠯ ᠰᠠᠨᠠᠭ᠋ᠠᠨ᠎ᠤ ᠬᠠᠮᠤᠭ᠎ᠤᠨ ᠰᠢᠨ᠎ᠡ ᠦᠷ᠎ᠡ ᠪᠦᠲᠦᠭᠡᠯ᠎ᠤᠨ ᠳᠡᠭᠡᠳᠦ ᠬᠡᠮᠵᠢᠶᠡᠨ᠎ᠤ ᠬᠤᠷᠢᠶᠠᠩᠭᠤᠶ᠋ᠢᠯᠠᠯ ᠪᠣᠯᠤᠨ᠎ᠠ᠃

     《ᠲᠠᠪᠤᠨ ᠦᠨᠳᠦᠰᠦᠨ》᠎ᠤ ᠳᠣᠲᠣᠷ᠎ᠠ᠂ 《ᠨᠠᠮ᠎ᠤᠨ ᠲᠥᠪ ᠬᠤᠷᠢᠶᠠᠨ᠎ᠤ ᠡᠷᠬᠡ ᠰᠦᠷ ᠪᠣᠯ ᠠᠶᠤᠯ ᠲᠦᠭᠰᠢᠭᠦᠷᠢᠲᠡᠢ ᠴᠠᠭ ᠮᠥᠴᠡ᠎ᠳᠤ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠦᠴᠢᠷ᠎ᠢ ᠰᠦᠷᠦᠨ ᠤᠷᠤᠭᠰᠢᠯᠠᠬᠤ ᠵᠢᠨ ᠦᠨᠳᠦᠰᠦᠨ ᠲᠦᠰᠢᠭ ᠮᠥᠨ》 ᠭᠡᠬᠦ ᠵᠤᠷᠪᠤᠰ ᠪᠣᠯ ᠶᠡᠷᠦᠩᠬᠡᠢ ᠵᠠᠬᠢᠷᠤᠯᠲᠠ᠂ ᠵᠠᠩᠭᠢᠯᠠᠭ᠎ᠠ ᠪᠣᠯᠤᠨ᠎ᠠ᠃



      ᠬᠤᠷᠠᠯ᠎ᠠᠴᠠ ᠢᠯᠡ ᠲᠣᠳᠣᠷᠬᠠᠢ ᠳᠤᠷᠠᠳᠤᠭᠰᠠᠨ᠎ᠨᠢ᠂ ᠴᠢᠬᠤᠯᠠ ᠶᠡᠭᠡ ᠲᠡᠦᠬᠡ ᠵᠢᠨ ᠵᠠᠩᠭᠢᠯᠠᠭ᠎ᠠ ᠵᠢᠨ ᠦᠶ᠎ᠡ᠂ ᠴᠢᠬᠤᠯᠠ ᠶᠡᠭᠡ ᠰᠢᠯᠭ᠋ᠠᠯᠲᠠ ᠵᠢᠨ ᠡᠮᠦᠨ᠎ᠡ᠂ ᠨᠠᠮ᠎ᠤᠨ ᠲᠥᠪ ᠬᠤᠷᠢᠶᠠᠨ᠎ᠤ ᠮᠠᠭ᠋ᠠᠳᠯᠠᠬᠤ ᠴᠢᠳᠠᠪᠤᠷᠢ᠂ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠴᠢᠳᠠᠪᠤᠷᠢ᠂ ᠠᠵᠢᠯᠯᠠᠭ᠎ᠠ ᠠᠪᠬᠤ ᠴᠢᠳᠠᠪᠤᠷᠢ ᠪᠣᠯ ᠰᠢᠢ᠍ᠳᠪᠦᠷᠢᠲᠦ ᠴᠢᠨᠠᠷᠲᠠᠢ ᠦᠢ᠍ᠯᠡᠳᠦᠯ᠎ᠲᠠᠢ ᠶᠤᠮ᠃

     《ᠳᠤᠮᠳᠠᠳᠤ ᠤᠯᠤᠰ ᠠᠶᠤᠯ ᠲᠦᠭᠰᠢᠭᠦᠷᠢ ᠵᠢ ᠠᠵᠠ ᠲᠣᠬᠢᠶᠠᠯ ᠪᠣᠯᠭ᠋ᠠᠨ ᠬᠤᠪᠢᠷᠠᠭᠤᠯᠵᠤ᠂ ᠰᠠᠯᠬᠢ ᠰᠦᠷᠦᠨ ᠳᠠᠪᠠᠯᠭ᠋ᠠᠨ᠎ᠢ ᠵᠦᠰᠦᠵᠦ ᠶᠡᠷᠦ ᠪᠤᠰᠤ ᠵᠢᠨ ᠠᠮᠵᠢᠯᠲᠠ ᠪᠦᠲᠦᠮᠵᠢ ᠣᠯᠤᠭᠰᠠᠨ ᠶᠠᠪᠤᠳᠠᠯ᠎ᠨᠢ ᠭᠡᠨᠡᠳᠲᠡ ᠵᠢᠨ ᠶᠠᠪᠤᠳᠠᠯ ᠪᠢᠰᠢ᠂ ᠠᠵᠠ ᠲᠣᠬᠢᠶᠠᠯ ᠪᠢᠰᠢ᠂ ᠬᠠᠮᠤᠭ᠎ᠤᠨ ᠦᠨᠳᠦᠰᠦᠨ ᠵᠦᠢ᠍ᠯ ᠪᠣᠯ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠵᠠᠮᠴᠢᠯᠠᠭᠴᠢ ᠪᠣᠯᠵᠤ ᠵᠠᠯᠠᠭᠤᠷ ᠪᠠᠷᠢᠭᠰᠠᠨ᠎ᠳᠤ ᠪᠠᠶ᠋ᠢᠨ᠎ᠠ》 ᠭᠡᠵᠦ ᠨᠢᠭᠡᠨ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶ᠋ᠢᠯᠠᠩ᠎ᠤᠨ ᠪᠦᠷᠢᠯᠳᠦᠬᠦᠨ ᠢᠩᠭᠢᠵᠦ ᠢᠯᠡᠳᠬᠡᠪᠡ᠃



      ᠰᠢᠢ᠍ᠳᠪᠦᠷᠢᠲᠦ ᠪᠣᠳᠣᠯᠭ᠎ᠠ ᠲᠣᠭᠲᠠᠭ᠋ᠠᠵᠤ ᠦᠬᠠᠨ ᠬᠤᠲᠠ ᠵᠢ ᠪᠢᠲᠡᠭᠦᠮᠵᠢᠯᠡᠬᠦ᠎ᠠᠴᠠ ᠠᠪᠤᠭ᠋ᠠᠳ ᠡᠮᠬᠢ ᠵᠢᠷᠤᠮ᠎ᠲᠠᠢ᠎ᠪᠠᠷ ᠠᠵᠢᠯ ᠵᠶ᠋ᠠᠨ ᠰᠡᠷᠭᠦᠭᠡᠵᠦ ᠦᠶᠯᠡᠳᠪᠦᠷᠢᠯᠡᠯ ᠵᠶ᠋ᠠᠨ ᠰᠡᠷᠭᠦᠭᠡᠬᠦ ᠬᠦᠷᠲᠡᠯ᠎ᠡ᠂ ᠤᠯᠤᠰ ᠳᠠᠶᠠᠭ᠋ᠠᠷ᠎ᠤᠨ ᠬᠦᠴᠦᠨ ᠵᠶ᠋ᠠᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠠᠴᠠ ᠠᠪᠤᠭ᠋ᠠᠳ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠳᠠᠶ᠋ᠢᠯᠠᠯᠳᠤᠭ᠋ᠠᠨ᠎ᠳᠤ ᠢᠯᠠᠯᠲᠠ ᠣᠯᠬᠤ ᠬᠦᠷᠲᠡᠯ᠎ᠡ ᠁ ᠣᠯᠠᠨ ᠳᠠᠪᠬᠤᠴᠠᠭᠰᠠᠨ ᠬᠡᠯᠪᠡᠷᠢ ᠵᠢᠨ ᠲᠠᠭ᠋ᠠᠷᠢᠯᠲᠠ᠎ᠳᠤ ᠬᠠᠨᠳᠤᠵᠤ᠂ ᠶᠡᠷᠦᠩᠬᠡᠶ ᠱᠦᠵᠢ ᠰᠢ ᠵᠢᠨ ᠫᠢᠩ ᠶᠡᠷᠦ ᠪᠤᠰᠤ ᠵᠢᠨ ᠠᠷᠭ᠎ᠠ ᠬᠡᠮᠵᠢᠶ᠎ᠡ᠎ᠪᠠᠷ ᠶᠡᠷᠦ ᠪᠤᠰᠤ ᠵᠢᠨ ᠬᠦᠴᠢᠷᠳᠡᠯ᠎ᠳᠤ ᠬᠠᠨᠳᠤᠵᠤ᠂ ᠯᠠᠪᠳᠠᠭᠤᠨ ᠲᠣᠭᠲᠠᠭᠤᠨ ᠵᠶ᠋ᠠᠷ ᠠᠷᠭ᠋ᠠᠴᠠᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠵᠤ᠂ ᠴᠠᠴᠠᠷ᠎ᠲᠤ ᠰᠠᠭᠤᠵᠤ ᠰᠢᠶᠳᠪᠦᠷᠢᠲᠦ ᠠᠷᠭ᠎ᠠ ᠭᠠᠷᠭ᠋ᠠᠨ᠂ ᠠᠮᠠᠯᠠᠯᠲᠠ᠎ᠪᠠᠨ ᠪᠡᠶᠡᠯᠡᠭᠦᠯᠵᠦ᠂ ᠲᠡᠯᠡᠶ ᠵᠢ ᠰᠢᠩᠭᠡᠭᠡᠬᠦ ᠪᠢᠯᠢᠭᠲᠦ ᠡᠷᠳᠡᠮ ᠪᠣᠯᠤᠨ ᠤᠳᠤᠷᠢᠳᠬᠤ ᠭᠤᠤᠯᠯᠠᠭᠴᠢ ᠵᠢᠨ ᠦᠶᠯᠡᠳᠦᠯ ᠵᠶ᠋ᠠᠨ ᠪᠠᠳᠠᠷᠠᠭᠤᠯᠵᠤ᠂ ᠶᠡᠭᠡ ᠰᠡᠳᠬᠢᠴᠡ ᠶᠡᠭᠡ ᠪᠠᠶ᠋ᠢᠷᠢᠰᠢᠯᠠᠭᠤᠯᠤᠯᠲᠠ᠎ᠪᠠᠷ ᠶᠡᠭᠡ ᠬᠤᠪᠢᠰᠤᠯᠲᠠ ᠵᠢ ᠠᠷᠭ᠋ᠠᠴᠠᠭ᠋ᠠᠵᠤ᠂ ᠲᠥᠷᠥ ᠵᠢ ᠵᠠᠰᠠᠵᠤ ᠵᠠᠰᠠᠭ᠎ᠢ ᠡᠷᠭᠢᠯᠡᠬᠦ ᠭᠠᠷᠮᠠᠭ᠋ᠠᠶ ᠴᠢᠳᠠᠪᠤᠷᠢ᠎ᠪᠠᠨ ᠳᠠᠬᠢᠨᠲᠠ ᠢᠯᠡᠷᠡᠭᠦᠯᠪᠡ᠃

     《ᠡᠨᠡ ᠵᠢᠯ᠎ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠪᠣᠳᠠᠲᠠᠢ ᠦᠢ᠍ᠯᠡᠳᠦᠯᠭᠡ ᠳᠤᠮᠳᠠ ᠣᠯᠣᠭᠰᠠᠨ ᠶᠡᠭᠡ ᠠᠮᠵᠢᠯᠲᠠ ᠪᠦᠲᠦᠮᠵᠢ᠂ ᠡᠯᠪᠡᠭ ᠪᠠᠶᠠᠯᠢᠭ ᠦᠷ᠎ᠡ ᠪᠦᠲᠦᠭᠡᠯ ᠪᠣᠯᠤᠨ᠎ᠠ》 ᠬᠡᠮᠡᠨ ᠬᠤᠷᠠᠯ᠎ᠳᠤ ᠣᠷᠣᠯᠴᠠᠭᠰᠠᠨ ᠨᠥᠬᠦᠳ ᠳᠤᠭᠤᠶ᠋ᠢᠯᠠᠩ ᠬᠤᠪᠢᠶᠠᠨ ᠶᠠᠷᠢᠯᠴᠠᠬᠤ᠎ᠳᠤ᠎ᠪᠠᠨ ᠦᠨᠡᠨ ᠰᠡᠳᠬᠢᠯ᠎ᠠᠴᠠ᠎ᠪᠠᠨ ᠶᠠᠷᠢᠵᠠᠭ᠋ᠠᠪᠠ᠃

     《ᠠᠷᠠᠳ ᠲᠦᠮᠡᠨ᠎ᠢ ᠳᠡᠭᠡᠳᠦᠯᠡᠬᠦ》 《ᠪᠠᠶ᠋ᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠬᠤ》 《ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠪᠠ ᠪᠦᠲᠦᠭᠡᠯᠴᠢ ᠴᠢᠨᠠᠷᠲᠠᠢ ᠠᠷᠭ᠋ᠠᠴᠠᠭ᠋ᠠᠬᠤ》 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ》 ᠁ 《ᠦᠨᠳᠦᠰᠦᠨ》 ᠨᠢᠭᠡᠪᠦᠷᠢ᠎ᠳᠤ ᠴᠥᠮ ᠰᠡᠩᠬᠡᠷᠡᠭᠦᠯᠦᠯ ᠠᠭᠤᠯᠵᠤ ᠪᠤᠢ᠃ ᠡᠳᠡᠭᠡᠷ ᠡᠷᠬᠢᠮ ᠨᠠᠨᠳᠢᠨ ᠲᠤᠷᠰᠢᠯᠭ᠎ᠠ᠎ᠨᠢ ᠬᠥᠮᠦᠰ᠎ᠤᠨ ᠢᠮᠠᠭᠲᠠ ᠡᠷᠡᠯᠬᠡᠭᠯᠡᠨ ᠲᠡᠮᠡᠴᠡᠬᠦ ᠵᠢ ᠵᠣᠷᠢᠭᠵᠢᠭᠤᠯᠵᠤ᠂ ᠳᠤᠮᠳᠠᠳᠤ ᠤᠯᠤᠰ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠬᠦᠳᠦᠯᠥᠨ ᠳᠠᠭ᠋ᠠᠭᠤᠯᠵᠤ ᠰᠠᠭ᠋ᠠᠳ ᠦᠭᠡᠢ ᠤᠷᠤᠭᠰᠢᠯᠠᠭᠤᠯᠤᠮᠤᠢ᠃

      ᠰᠠᠷᠠᠨ ᠪᠦᠮᠪᠦᠷᠴᠡᠭ᠎ᠢ ᠬᠠᠶ᠋ᠢᠨ ᠰᠢᠨᠵᠢᠯᠡᠵᠦ᠂ ᠵᠡᠭᠦᠳᠦ᠎ᠪᠠᠨ ᠲᠡᠷᠭᠡᠯᠰᠢᠭᠦᠯᠦᠨ ᠤᠷᠤᠭᠰᠢᠯᠠᠵᠠᠭ᠋ᠠᠶ᠎ᠠ᠃ 《ᠡᠨᠡ ᠪᠣᠯ ᠰᠢᠨ᠎ᠡ ᠮᠠᠶᠢᠭ᠎ᠤᠨ ᠤᠯᠤᠰ ᠳᠠᠶᠠᠭ᠋ᠠᠷᠴᠢᠯᠠᠭᠰᠠᠨ ᠪᠠᠶ᠋ᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠵᠤ ᠬᠦᠴᠢᠷ᠎ᠢ ᠲᠤᠭᠤᠯᠤᠨ ᠪᠡᠷᠬᠡ ᠵᠢ ᠳᠠᠪᠠᠭ᠋ᠠᠳ ᠣᠯᠤᠭᠰᠠᠨ ᠪᠠᠰᠠ ᠨᠢᠭᠡᠨ ᠴᠢᠬᠤᠯᠠ ᠶᠡᠭᠡ ᠠᠮᠵᠢᠯᠲᠠ ᠪᠣᠯᠣᠨ᠎ᠠ》᠂ 12 ᠳ᠋ᠤᠭ᠋ᠠᠷ ᠰᠠᠷ᠎ᠠ ᠵᠢᠨ 17᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠪᠣᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠰᠠᠷᠠᠨ ᠪᠥᠮᠪᠥᠷᠴᠡᠭ᠎ᠢ ᠬᠠᠶ᠋ᠢᠨ ᠰᠢᠨᠵᠢᠯᠡᠬᠦ ᠢᠨᠵᠧᠨᠧᠷᠢᠩ᠎ᠤᠨ ᠴᠠᠩ ᠧ ᠲᠠᠪᠤᠳᠤᠭ᠋ᠠᠷ᠎ᠤᠨ ᠡᠭᠦᠷᠭᠡ ᠲᠡᠭᠦᠰ ᠠᠮᠵᠢᠯᠲᠠ ᠣᠯᠤᠭᠰᠠᠨ᠎ᠳᠤ ᠪᠠᠶᠠᠷ ᠬᠦᠷᠭᠡᠪᠡ᠃



      ᠬᠤᠷᠠᠯ᠎ᠤᠨ ᠬᠤᠭᠤᠴᠠᠭ᠋ᠠᠨ᠎ᠳᠤ᠂ 2 ᠺᠢᠯᠣᠭ᠌ᠷᠠᠮ ᠣᠷᠴᠢᠮ᠎ᠤᠨ ᠰᠠᠷᠠᠨ ᠪᠦᠮᠪᠦᠷᠴᠡᠭ᠎ᠤᠨ ᠬᠥᠷᠥᠰᠥ ᠵᠢ ᠲᠡᠭᠡᠭᠡᠭᠰᠡᠨ ᠴᠠᠩ ᠧ ᠲᠠᠪᠤᠳᠤᠭ᠋ᠠᠷ ᠬᠠᠶ᠋ᠢᠭᠤᠷ ᠠᠮᠵᠢᠯᠲᠠ᠎ᠲᠠᠢ᠎ᠪᠠᠷ ᠪᠤᠴᠠᠵᠤ ᠢᠷᠡᠭᠰᠡᠨ᠎ᠨᠢ ᠬᠤᠷᠠᠯ᠎ᠳᠤ ᠣᠷᠣᠯᠴᠠᠭᠰᠠᠳ᠎ᠤᠨ ᠠᠩᠬᠠᠷᠤᠯ ᠪᠠ ᠬᠠᠯᠠᠭᠤᠨ ᠶᠠᠷᠢᠯᠴᠠᠭ᠎ᠠ ᠵᠢ ᠲᠠᠲᠠᠭᠰᠠᠨ ᠪᠠᠶ᠋ᠢᠨ᠎ᠠ᠃

     《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠪᠣᠯ ᠬᠥᠭᠵᠢᠯᠲᠡ ᠵᠢᠨ ᠶᠡᠭᠡ ᠲᠠᠯ᠎ᠠ ᠵᠢ ᠠᠬᠢᠭᠤᠯᠬᠤ ᠦᠨᠳᠦᠰᠦᠨ ᠲᠦᠰᠢᠭ ᠲᠤᠯᠭ᠋ᠠᠭᠤᠷᠢ ᠮᠥᠨ᠂ ᠡᠭᠦᠨ᠎ᠢ ᠪᠢᠳᠡ ᠨᠡᠩ ᠭᠦᠨᠵᠡᠭᠡᠶ ᠣᠶ᠋ᠢᠯᠠᠭ᠋ᠠᠪᠠ》᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠯᠠᠭ᠎ᠠ ᠮᠥᠴᠢᠷ᠎ᠠᠴᠠ ᠢᠷᠡᠭᠰᠡᠨ ᠬᠤᠷᠠᠯ᠎ᠳᠤ ᠣᠷᠣᠯᠴᠠᠭᠰᠠᠨ ᠨᠢᠭᠡᠨ ᠨᠥᠬᠦᠷ ᠢᠯᠡᠳᠬᠡᠭᠰᠡᠨ᠎ᠨᠢ᠂ 《ᠲᠡᠮᠡᠴᠡᠭᠴᠢ》 ᠨᠡᠷᠡᠮᠵᠢᠲᠦ ᠲᠦᠮᠡᠨ ᠮᠧᠳ᠋ᠷ᠎ᠤᠨ ᠭᠦᠨ ᠳᠠᠯᠠᠶ᠎ᠳᠤ ᠱᠤᠩᠭᠤᠬᠤ ᠲᠤᠷᠰᠢᠯᠲᠠ᠎ᠠᠴᠠ ᠠᠪᠤᠭ᠋ᠠᠳ 《ᠵᠢᠦ ᠵᠠᠩ》 ᠺᠸᠠᠨ᠋ᠲ ᠺᠣᠮᠫᠢᠦ᠋ᠲ᠋ᠧᠷ᠎ᠢ ᠰᠤᠳᠤᠯᠤᠨ ᠦᠢ᠍ᠯᠡᠳᠬᠦ ᠠᠵᠢᠯ ᠴᠢᠬᠤᠯᠠ ᠠᠬᠢᠯᠲᠠ᠎ᠲᠠᠢ ᠪᠣᠯᠣᠭᠰᠠᠨ ᠬᠦᠷᠲᠡᠯ᠎ᠡ᠂ ᠠᠯᠢ ᠣᠯᠠᠨ ᠰᠢᠨ᠎ᠡ ᠡᠭᠦᠳᠦᠯᠲᠡ ᠵᠢᠨ ᠦᠷ᠎ᠡ ᠪᠦᠲᠦᠮᠵᠢ᠎ᠨᠢ ᠵᠢᠯ᠎ᠤᠨ ᠡᠴᠦᠰ᠎ᠲᠤ ᠭᠡᠷᠡᠯ ᠰᠠᠴᠤᠷᠠᠩᠭᠤᠢ᠎ᠪᠠᠷ ᠢᠯᠡᠷᠡᠨ ᠳᠣᠳᠤᠷᠠᠵᠤ᠂ ᠳᠤᠮᠳᠠᠳᠤ ᠤᠯᠤᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠢᠳᠡᠷᠡᠭᠦᠨ ᠠᠯᠬᠤᠭ᠎ᠠ ᠵᠢ ᠭᠡᠷᠡᠴᠢᠯᠡᠬᠦ ᠪᠣᠯᠣᠨ᠎ᠠ᠃

     《ᠤᠳᠠᠭ᠎ᠠ ᠪᠦᠷᠢ ᠬᠤᠷᠠᠯ᠎ᠳᠤ ᠣᠷᠣᠯᠴᠠᠨ᠂ ᠶᠡᠷᠦᠩᠬᠡᠢ ᠱᠦᠵᠢ ᠰᠢ ᠵᠢᠨ ᠫᠢᠩ᠎ᠤᠨ ᠶᠠᠷᠢᠶ᠎ᠠ᠂ ᠠᠵᠢᠯ᠎ᠤᠨ ᠪᠠᠶ᠋ᠢᠷᠢᠯᠠᠭᠤᠯᠤᠯᠲᠠ ᠵᠢ ᠰᠣᠨᠣᠰᠬᠤ ᠪᠦᠷᠢ ᠢᠲᠡᠭᠡᠯ ᠨᠡᠩ ᠪᠠᠲᠤ ᠴᠢᠩᠭ᠎ᠠ ᠪᠣᠯᠳᠠᠭ!》 《ᠶᠡᠭᠡ ᠳᠠᠶ᠋ᠢᠯᠠᠯᠳᠤᠭ᠋ᠠᠨ ᠶᠡᠭᠡ ᠰᠢᠯᠭ᠋ᠠᠯᠲᠠ᠎ᠳᠤ ᠭᠤᠣᠯᠳᠠᠯᠭ᠎ᠠ ᠵᠢ᠎ᠨᠢ ᠠᠵᠢᠵᠤ᠂ ᠡᠷᠡᠰ ᠴᠢᠩᠭ᠎ᠠ ᠲᠦᠰᠢᠭ ᠲᠤᠯᠭ᠋ᠠᠭᠤᠷᠢ᠎ᠨᠢ ᠬᠥᠮᠥᠨ᠎ᠢ ᠪᠢᠰᠢᠷᠡᠭᠦᠯᠳᠡᠭ!》 ᠬᠤᠷᠠᠯ᠎ᠳᠤ ᠣᠷᠣᠯᠴᠠᠭᠰᠠᠨ ᠨᠥᠬᠦᠳ ᠴᠥᠮ ᠡᠶ᠋ᠢᠮᠦ ᠭᠦᠨᠵᠡᠭᠡᠶ ᠲᠥᠷᠥᠭᠳᠡᠯ᠎ᠲᠠᠢ ᠪᠣᠯᠵᠤ᠂ ᠰᠢ ᠵᠢᠨ ᠫᠢᠩ ᠨᠥᠬᠦᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠬ᠎ᠠ ᠤᠳᠤᠷᠢᠳᠤᠯᠭ᠎ᠠ ᠪᠠᠶ᠋ᠢᠬᠤ ᠪᠣᠯᠬᠤᠷ 《ᠲᠠᠪᠤᠨ ᠦᠨᠳᠦᠰᠦᠨ》 ᠵᠢᠮ᠎ᠡ ᠶᠣᠰᠤᠴᠢ ᠲᠤᠷᠰᠢᠯᠭ᠎ᠠ ᠵᠢ ᠭᠦᠨᠵᠡᠭᠡᠶ ᠣᠶ᠋ᠢᠯᠠᠭ᠋ᠠᠵᠤ ᠲᠤᠭᠤᠰᠢᠯᠠᠭᠤᠯᠪᠠᠯ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢ᠍ᠯᠡᠰ ᠯᠠᠪᠲᠠᠶ ᠢᠯᠠᠭᠳᠠᠰᠢ ᠦᠭᠡᠢ ᠪᠠᠶ᠋ᠢᠷᠢᠨ᠎ᠳᠤ ᠰᠡᠬᠦᠶ᠋ᠢᠵᠦ᠂ ᠨᠡᠩ ᠶᠡᠭᠡ ᠰᠢᠨ᠎ᠡ ᠭᠠᠶ᠋ᠢᠬᠠᠮᠰᠢᠭ᠎ᠢ ᠲᠠᠰᠤᠷᠠᠯᠳᠠ ᠦᠭᠡᠢ ᠡᠭᠦᠳᠦᠨ ᠪᠦᠲᠦᠭᠡᠵᠦ ᠴᠢᠳᠠᠬᠤ ᠶᠤᠮ᠃

      ᠰᠢᠨ᠎ᠡ ᠪᠠᠶ᠋ᠢᠳᠠᠯ᠎ᠢ ᠡᠭᠦᠳᠬᠦ — ᠰᠢᠨ᠎ᠡ ᠡᠬᠢᠯᠡᠯᠲᠡ ᠰᠢᠨ᠎ᠡ ᠲᠡᠮᠡᠴᠡᠯ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠎ᠳᠤ ᠢᠷᠡᠬᠦ ᠵᠢᠯ ᠠᠩᠬᠠᠨ᠎ᠤ ᠠᠯᠬᠤᠮ ᠵᠶ᠋ᠠᠨ ᠰᠠᠶ᠋ᠢᠲᠤᠷ ᠠᠯᠬᠤᠵᠤ᠂ ᠰᠢᠨ᠎ᠡ ᠳᠦᠷᠰᠦ ᠪᠠᠶ᠋ᠢᠳᠠᠯ᠎ᠲᠠᠢ ᠪᠣᠯᠬᠤ ᠬᠡᠷᠡᠭᠲᠡᠶ

      ᠰᠠᠯᠬᠢ ᠳᠠᠪᠠᠯᠭ᠋ᠠᠨ᠎ᠢ ᠰᠦᠷᠦᠨ ᠣᠷᠣᠭᠰᠢᠯᠠᠵᠤ᠂ ᠳᠤᠮᠳᠠᠳᠤ ᠤᠯᠤᠰ᠎ᠤᠨ ᠠᠵᠤ ᠠᠬᠤᠢ ᠵᠢᠨ ᠬᠥᠯᠭᠡ ᠣᠩᠭᠤᠴᠠ ᠠᠭᠤᠳᠠᠮ ᠳᠠᠯᠠᠢ ᠵᠢᠨ ᠰᠢᠨ᠎ᠡ ᠣᠷᠣᠨ ᠵᠶ᠋ᠠᠷ ᠠᠶᠠᠯᠠᠬᠤ ᠪᠣᠯᠣᠨ᠎ᠠ᠃

     2021 ᠣᠨ ᠪᠣᠯ ᠮᠠᠨ᠎ᠤ ᠤᠯᠤᠰ᠎ᠤᠨ ᠣᠳᠣᠬᠢᠴᠢᠯᠠᠭᠰᠠᠨ ᠪᠦᠲᠦᠭᠡᠨ ᠪᠠᠶ᠋ᠢᠭᠤᠯᠤᠯᠲᠠ ᠵᠢᠨ ᠠᠬᠢᠴᠠ᠎ᠳᠠᠬᠢ ᠣᠨᠴᠠᠭ᠋ᠠᠶ ᠴᠢᠬᠤᠯᠠ ᠴᠢᠨᠠᠷ ᠪᠦᠬᠦᠢ ᠨᠢᠭᠡ ᠵᠢᠯ ᠪᠣᠯᠬᠤ — 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠵᠢᠯ ᠮᠥᠨ᠃ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ ᠡᠬᠢᠯᠡᠬᠦ ᠪᠣᠯᠣᠨ᠎ᠠ᠃

      ᠭᠡᠪᠡᠴᠦ ᠤᠷᠤᠭᠰᠢᠯᠠᠬᠤ ᠵᠠᠮ ᠪᠣᠯ ᠲᠡᠶ᠋ᠢᠮᠦ ᠲᠡᠭᠰᠢ ᠳᠠᠷᠳᠠᠩ ᠪᠢᠰᠢ ᠶᠤᠮ᠂ ᠢᠯᠠᠯᠲᠠ ᠵᠢᠨ ᠲᠡᠷᠲᠡᠭᠡ ᠡᠷᠭᠢ᠎ᠳᠤ ᠬᠡᠳᠦᠢ ᠣᠶ᠋ᠢᠷᠠᠳᠬᠤ ᠲᠤᠰᠤᠮ ᠤᠯᠠᠮ ᠬᠠᠲᠠᠭᠤ ᠰᠢᠯᠭ᠋ᠠᠯᠲᠠ ᠲᠤᠯᠭ᠋ᠠᠷᠠᠵᠤ᠂ ᠲᠤᠬᠰᠢᠠ ᠰᠢᠷᠦᠭᠦᠨ ᠤᠷᠤᠰᠬᠠᠯ᠎ᠤᠨ ᠠᠶᠤᠯ᠎ᠳᠤ ᠤᠴᠠᠷᠠᠬᠤ᠎ᠨᠢ ᠵᠠᠶ᠋ᠢᠯᠠᠰᠢ ᠤᠢ᠍ᠭᠡᠢ ᠶᠤᠮ᠃

      ᠳᠡᠯᠡᠬᠡᠢ ᠳ᠋ᠠᠬᠢᠨ᠎ᠢ ᠪᠠᠷᠠᠯᠠᠬᠤᠶ᠎ᠠ᠂ ᠬᠡᠪ᠎ᠤᠨ ᠪᠤᠰᠤ ᠰᠡᠳᠡᠯᠲᠡ ᠥᠭᠬᠦ ᠲᠥᠷᠥ ᠵᠢᠨ ᠪᠣᠳᠣᠯᠭ᠎ᠠ᠂ ᠳᠣᠤᠷ᠎ᠠ ᠰᠠᠭᠤᠷᠢ ᠲᠤᠭ᠎ᠠ ᠪᠣᠯᠤᠨ ᠸᠠᠺᠼᠢᠨ᠎ᠤ ᠠᠬᠢᠴᠠ ᠵᠡᠷᠭᠡ ᠡᠯᠧᠮᠧᠨ᠋ᠲ᠎ᠤᠨ ᠬᠠᠮᠲᠤ ᠵᠢᠨ ᠦᠢ᠍ᠯᠡᠳᠦᠯ ᠳᠣᠤᠷ᠎ᠠ ᠢᠷᠡᠬᠦ ᠵᠢᠯ ᠳᠡᠯᠡᠬᠡᠶ ᠵᠢᠨ ᠠᠵᠤ ᠠᠬᠤᠶ ᠰᠡᠷᠭᠦᠯᠲᠡ ᠵᠢᠨ ᠴᠢᠨᠠᠷᠲᠠᠶ ᠨᠡᠮᠡᠭᠳᠡᠯ ᠭᠠᠷᠬᠤ ᠪᠣᠯᠤᠮᠵᠢ᠎ᠲᠠᠢ ᠪᠠᠶ᠋ᠢᠨ᠎ᠠ᠂ ᠭᠡᠪᠡᠴᠦ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠵᠢᠨ ᠪᠠᠶ᠋ᠢᠳᠠᠯ ᠲᠦᠷᠭᠡᠨ ᠬᠤᠪᠢᠰᠤᠯᠲᠠ ᠵᠢᠨ ᠬᠤᠭᠤᠴᠠᠭ᠋ᠠᠨ᠎ᠳᠤ ᠣᠷᠣᠵᠤ᠂ ᠪᠠᠶ᠋ᠢᠳᠠᠯ ᠮᠥᠨ ᠬᠦ᠌ ᠡᠭᠡᠳᠡᠷᠡᠭᠡᠨ ᠪᠤᠳᠤᠯᠢᠶᠠᠨᠲᠠᠶ ᠪᠠᠶ᠋ᠢᠵᠤ᠂ ᠬᠢᠵᠢᠭ᠎ᠤᠨ ᠪᠠᠶ᠋ᠢᠳᠠᠯ᠎ᠤᠨ ᠳᠠᠭ᠋ᠠᠷᠢᠯᠲᠠ᠎ᠠᠴᠠ ᠪᠣᠯᠤᠭᠰᠠᠨ ᠡᠯ᠎ᠡ ᠵᠦᠢ᠍ᠯ᠎ᠤᠨ ᠡᠭᠦᠰᠦᠮᠡᠯ ᠠᠶᠤᠯ ᠲᠦᠭᠰᠢᠭᠦᠷᠢ ᠵᠢ ᠣᠮᠲᠣᠭ᠋ᠠᠶ᠋ᠢᠯᠠᠵᠤ ᠪᠣᠯᠤᠰᠢ ᠥᠬᠡᠶ ᠪᠠᠶ᠋ᠢᠨ᠎ᠠ᠃



      ᠤᠯᠤᠰ᠎ᠤᠨ ᠳᠣᠲᠣᠭ᠋ᠠᠳᠤ ᠵᠢᠨ ᠪᠠᠶ᠋ᠢᠳᠠᠯ᠎ᠢ ᠡᠷᠭᠢᠨ ᠬᠠᠷᠠᠬᠤ᠎ᠳᠤ᠂ ᠳᠤᠮᠳᠠᠳᠤ ᠤᠯᠤᠰ᠎ᠤᠨ ᠠᠵᠤ ᠠᠬᠤᠶ ᠦᠷᠭᠦᠯᠵᠢᠯᠡᠨ ᠰᠡᠷᠭᠦᠵᠦ᠂ ᠪᠠᠶ᠋ᠢᠳᠠᠯ ᠰᠠᠶ᠋ᠢᠨ ᠪᠠᠶ᠋ᠢᠨ᠎ᠠ᠂ ᠭᠡᠪᠡᠴᠦ ᠬᠢᠵᠢᠭ᠎ᠤᠨ ᠬᠤᠪᠢᠷᠠᠯᠲᠠ ᠪᠣᠯᠤᠨ ᠭᠠᠳᠠᠭ᠋ᠠᠳᠤ ᠣᠷᠴᠢᠨ ᠲᠣᠭᠤᠷᠢᠨ᠎ᠳᠤ ᠮᠠᠰᠢ ᠣᠯᠠᠨ ᠲᠣᠭᠲᠠᠪᠤᠷᠢᠲᠤ ᠪᠣᠰᠤ ᠴᠢᠨᠠᠷ ᠣᠷᠣᠰᠢᠵᠤ᠂ ᠠᠵᠤ ᠠᠬᠤᠢ ᠵᠢᠨ ᠰᠡᠷᠭᠦᠯᠲᠡ ᠵᠢᠨ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶ᠋ᠢᠵᠤ᠂ ᠢᠷᠡᠬᠦ ᠵᠢᠯ᠎ᠤᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ᠎ᠳᠤ ᠤᠷᠢᠳ ᠵᠶ᠋ᠠᠷ ᠲᠦᠷᠭᠡᠨ ᠰᠡᠭᠦᠯᠡᠷ᠎ᠨᠢ ᠤᠳᠠᠭ᠋ᠠᠰᠢᠷᠠᠬᠤ ᠪᠠᠶ᠋ᠢᠳᠠᠯ ᠢᠯᠡᠷᠡᠵᠦ ᠮᠡᠳᠡᠬᠦ ᠶᠤᠮ᠂ ᠠᠵᠤ ᠠᠬᠤᠢ ᠵᠢᠨ ᠠᠵᠢᠯᠯᠠᠭ᠋ᠠᠨ᠎ᠢ ᠬᠡᠷᠬᠢᠨ ᠵᠦᠢ ᠵᠣᠬᠢᠰᠲᠠᠢ ᠬᠡᠪᠴᠢᠶᠡᠨ᠎ᠳᠤ ᠪᠠᠶ᠋ᠢᠯᠭ᠋ᠠᠬᠤ ᠪᠣᠯ ᠨᠢᠭᠡᠨ ᠶᠡᠭᠡ ᠰᠢᠯᠭ᠋ᠠᠯᠲᠠ ᠪᠣᠯᠤᠨ᠎ᠠ᠃

     《ᠨᠠᠷᠢᠨ ᠪᠤᠳᠤᠯᠢᠶᠠᠨᠲᠠᠶ ᠪᠥᠭᠡᠳ ᠬᠠᠲᠠᠭᠤ ᠪᠡᠷᠬᠡ ᠭᠠᠳᠠᠭ᠋ᠠᠳᠤ ᠣᠷᠴᠢᠨ ᠨᠥᠬᠦᠴᠡᠯ᠎ᠳᠤ ᠬᠠᠨᠳᠤᠬᠤ᠎ᠳᠤ᠂ ᠵᠠᠩᠭᠢᠯᠠᠭ᠎ᠠ᠎ᠨᠢ ᠥᠪᠡᠷ᠎ᠤᠨ ᠶᠠᠪᠤᠳᠠᠯ ᠵᠶ᠋ᠠᠨ ᠰᠠᠶ᠋ᠢᠲᠤᠷ ᠬᠢᠬᠦ᠎ᠳᠤ ᠪᠣᠶ》᠃

     《ᠪᠢᠳᠡ ᠰᠠᠨᠠᠭ᠋ᠠᠰᠢᠷᠠᠨ ᠵᠣᠪᠠᠨᠢᠬᠤ ᠤᠬᠠᠮᠰᠠᠷ ᠵᠶ᠋ᠠᠨ ᠴᠢᠩᠭ᠋ᠠᠳᠬᠠᠨ᠂ ᠵᠠᠪᠠᠯ ᠢᠯᠠᠬᠤ ᠢᠲᠡᠭᠡᠯ ᠵᠣᠷᠢᠭ ᠵᠶ᠋ᠠᠨ ᠪᠠᠲᠤᠳᠬᠠᠵᠤ᠂ ᠠᠵᠤ ᠠᠬᠤᠶ ᠵᠢᠨ ᠦᠷᠭᠦᠯᠵᠢᠯᠡᠨ ᠰᠡᠷᠭᠦᠬᠦ ᠪᠠ ᠴᠢᠨᠠᠷ ᠰᠠᠶ᠋ᠢᠲᠠᠶ ᠬᠥᠭᠵᠢᠬᠦ ᠵᠢ ᠠᠬᠢᠭᠤᠯᠬᠤ ᠬᠡᠷᠡᠭᠲᠡᠢ》᠃

      ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ᠎ᠤᠨ ᠶᠠᠷᠢᠶ᠎ᠠ ᠥᠨᠳᠥᠷ᠎ᠲᠤ ᠵᠣᠭᠰᠣᠨ ᠠᠯᠤᠰ᠎ᠢ ᠪᠠᠷᠠᠯᠠᠵᠥ᠂ ᠠᠶᠠᠯᠠᠯ᠎ᠤᠨ ᠴᠢᠭᠯᠡᠯ᠎ᠢ ᠵᠢᠯᠣᠭᠤᠳᠤᠨ᠂ ᠢᠷᠡᠬᠦ ᠵᠢᠯ᠎ᠤᠨ ᠠᠵᠤ ᠠᠬᠤᠢ ᠵᠢᠨ ᠠᠵᠢᠯ᠎ᠳᠤ ᠶᠡᠷᠦᠩᠬᠡᠢ ᠱᠠᠭ᠋ᠠᠷᠳᠠᠯᠭ᠎ᠠ ᠪᠠ ᠲᠥᠷᠥ ᠵᠢᠨ ᠪᠣᠳᠣᠯᠭ᠎ᠠ ᠵᠢᠨ ᠴᠢᠭᠯᠡᠯ᠎ᠢ ᠳᠤᠷᠠᠳᠪᠠ — ᠲᠣᠭᠲᠠᠭᠤᠨ ᠪᠠᠶ᠋ᠢᠯᠭ᠋ᠠᠬᠤ ᠮᠥᠷᠲᠡᠭᠡᠨ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠪᠠᠷ ᠭᠤᠤᠯ ᠰᠡᠳᠦᠪ ᠪᠣᠯᠭ᠋ᠠᠨ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠭᠤᠤᠯ ᠰᠢᠵᠢᠮ ᠪᠣᠯᠭ᠋ᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠦᠨᠳᠦᠰᠦᠨ ᠬᠥᠳᠡᠯᠭᠡᠬᠦ ᠬᠦᠴᠦᠨ ᠪᠣᠯᠭ᠋ᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠎ᠪᠠᠷ ᠦᠨᠳᠦᠰᠦᠨ ᠵᠣᠷᠢᠯᠲᠠ ᠪᠣᠯᠭ᠋ᠠᠬᠤ ᠬᠡᠷᠡᠭᠲᠡᠢ ᠁

      ᠬᠤᠷᠸ᠎ᠠ ᠲᠦᠷᠦ ᠵᠢᠨ ᠪᠤᠳᠤᠯᠭ᠎ᠠ᠎ᠨᠢ ᠦᠷᠭᠦᠯᠵᠢᠯᠡᠯᠲᠦ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠭᠦᠶ᠋ᠢᠴᠡ ᠴᠢᠨᠠᠷ᠎ᠢ ᠪᠠᠲᠤᠯᠠᠬᠤ ᠬᠡᠷᠡᠭᠲᠡᠶ᠃ ᠡᠳ᠋᠎ᠤᠨ ᠵᠠᠰᠠᠭ᠎ᠤᠨ ᠢᠳᠡᠪᠬᠢᠲᠡᠢ ᠲᠥᠷᠥ ᠵᠢᠨ ᠪᠣᠳᠣᠯᠭ᠎ᠠ ᠪᠠ ᠵᠣᠭᠤᠰᠣᠨ᠎ᠤ ᠲᠣᠭᠲᠠᠭᠤᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠠᠵᠤ ᠠᠬᠤᠶ ᠵᠢᠨ ᠰᠡᠷᠭᠦᠯᠲᠡ᠎ᠳᠤ ᠦᠵᠡᠭᠦᠯᠬᠦ ᠴᠢᠬᠤᠯᠠ ᠳᠡᠮᠵᠢᠯᠭᠡ ᠵᠢᠨ ᠡᠷᠴᠢᠮ᠎ᠢ ᠪᠠᠲᠤᠯᠠᠵᠤ᠂ ᠲᠥᠷᠥ ᠵᠢᠨ ᠪᠣᠳᠣᠯᠭ᠎ᠠ ᠵᠢᠨ ᠠᠵᠢᠯᠯᠠᠭ᠋ᠠᠨ᠎ᠤ ᠲᠠᠯ᠎ᠠ᠎ᠪᠠᠷ ᠨᠡᠩ ᠣᠨᠣᠪᠴᠢᠲᠠᠶ ᠪᠦᠲᠦᠮᠵᠢᠲᠡᠶ ᠪᠠᠶ᠋ᠢᠬᠤ᠂ ᠪᠠᠴᠢᠮ ᠡᠷᠭᠢᠯᠲᠡ ᠭᠠᠷᠭ᠋ᠠᠬᠤ ᠦᠭᠡᠢ ᠪᠠᠶ᠋ᠢᠵᠤ᠂ ᠲᠦᠷᠦ ᠵᠢᠨ ᠪᠤᠳᠤᠯᠭ᠎ᠠ ᠵᠢᠨ ᠴᠠᠭ ᠬᠤᠭᠤᠴᠠᠭ᠋ᠠᠨ᠎ᠤ ᠦᠷ᠎ᠡ ᠪᠦᠲᠦᠮᠵᠢ ᠵᠢ ᠰᠠᠶ᠋ᠢᠲᠤᠷ ᠡᠵᠡᠮᠳᠡᠬᠦ ᠬᠡᠷᠡᠭᠲᠡᠢ ᠁



      ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠴᠣᠭᠴᠠᠯᠠᠬᠤ — ᠡᠨᠡ ᠪᠣᠯ ᠲᠤᠰ ᠤᠳᠠᠭ᠎ᠠ ᠵᠢᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠵᠢᠨ ᠠᠵᠢᠯ᠎ᠤᠨ ᠳᠤᠮᠳᠠᠬᠢ ᠢᠯᠡ ᠲᠣᠳᠣ ᠴᠢᠭᠯᠡᠯ ᠪᠣᠯᠤᠨ᠎ᠠ᠃

     《ᠳᠠᠷᠠᠭ᠎ᠠ ᠵᠢᠯ᠎ᠤᠨ ᠠᠵᠤ ᠠᠬᠤᠢ ᠵᠢᠨ ᠠᠵᠢᠯ᠎ᠢ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠵᠢᠨ ᠲᠣᠭᠤᠷᠢᠨ᠎ᠳᠤ ᠥᠷᠨᠢᠭᠦᠯᠬᠦ ᠬᠡᠷᠡᠭᠲᠡᠢ》᠃ ᠶᠡᠷᠦᠩᠬᠡᠢ ᠱᠦᠵᠢ ᠰᠢ ᠵᠢᠨ ᠫᠢᠩ ᠬᠤᠷᠠᠯ ᠳᠡᠭᠡᠷ᠎ᠡ᠂ 《ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠎ᠳᠤ ᠳᠠᠷᠠᠭ᠎ᠠ ᠵᠢᠯ ᠠᠩᠬᠠᠨ᠎ᠤ ᠠᠯᠬᠤᠮ᠎ᠢ ᠰᠠᠶ᠋ᠢᠲᠤᠷ ᠠᠯᠬᠤᠵᠤ᠂ ᠰᠢᠨ᠎ᠡ ᠳᠦᠷᠰᠦ ᠪᠠᠶ᠋ᠢᠳᠠᠯ᠎ᠲᠠᠢ ᠪᠣᠯᠭ᠋ᠠᠬᠤ ᠬᠡᠷᠡᠭᠲᠡᠢ》 ᠭᠡᠵᠦ ᠲᠣᠳᠤᠷᠬᠠᠢ ᠱᠠᠭ᠋ᠠᠷᠳᠠᠪᠠ᠃

      ᠬᠤᠷᠠᠯ᠎ᠠᠴᠠ᠂ ᠤᠯᠤᠰ᠎ᠤᠨ ᠳᠤᠳᠤᠭ᠋ᠠᠳᠤ ᠵᠢᠨ ᠶᠡᠭᠡ ᠤᠷᠴᠢᠯ ᠵᠶ᠋ᠠᠷ ᠭᠤᠤᠯ ᠴᠤᠭᠴᠠ ᠪᠤᠯᠭ᠋ᠠᠵᠦ᠂ ᠤᠯᠤᠰ᠎ᠤᠨ ᠳᠤᠳᠤᠭ᠋ᠠᠳᠤ ᠭᠠᠳᠠᠭ᠋ᠠᠳᠤ ᠵᠢᠨ ᠬᠤᠤᠰ ᠤᠷᠴᠢᠯ ᠬᠠᠷᠢᠯᠴᠠᠨ ᠠᠬᠢᠭᠤᠯᠤᠭᠰᠠᠨ ᠰᠢᠨ᠎ᠠ ᠬᠦᠭᠵᠢᠯᠳᠡ ᠵᠢᠨ ᠪᠠᠶ᠋ᠢᠷᠢᠰᠢᠯ᠎ᠢ ᠲᠦᠷᠭᠡᠳᠭᠡᠨ ᠪᠠᠶ᠋ᠢᠭᠤᠯᠬᠤ᠎ᠳᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠳᠠᠢ ᠦᠭᠡᠷᠡᠴᠢᠯᠡᠯᠳᠡ ᠵᠢᠨ ᠡᠨᠡ ᠬᠦ᠌ ᠭᠤᠤᠯ ᠰᠢᠵᠢᠮ᠎ᠢ ᠴᠢᠩᠭ᠎ᠠ ᠠᠳᠬᠤᠵᠤ᠂ ᠬᠡᠷᠡᠭᠴᠡᠭᠡᠨ᠎ᠤ ᠲᠠᠯ᠎ᠠ ᠵᠢᠨ ᠬᠠᠮᠢᠶᠠᠷᠤᠯᠳᠠ ᠵᠢ ᠠᠩᠬᠠᠷᠤᠨ ᠴᠢᠬᠤᠯᠠᠴᠢᠯᠠᠵᠤ᠂ ᠲᠦᠭᠵᠢᠷᠡᠯ᠎ᠢ ᠨᠡᠪᠳᠡᠷᠡᠭᠦᠯᠵᠦ᠂ ᠳᠤᠳᠠᠭᠤᠳᠠᠯ᠎ᠢ ᠨᠦᠬᠦᠪᠦᠷᠢᠯᠡᠨ᠂ ᠦᠢ᠍ᠯᠡᠳᠪᠦᠷᠢᠯᠡᠯ᠂ ᠬᠤᠪᠢᠶᠠᠷᠢᠯᠠᠯᠳᠠ᠂ ᠭᠦᠢ᠍ᠯᠭᠡᠭᠡ᠂ ᠬᠡᠷᠡᠭᠯᠡᠭᠡ ᠵᠡᠷᠭᠡ ᠡᠯ᠎ᠠ ᠭᠤᠭᠴᠤᠭ᠎ᠠ ᠵᠢ ᠨᠡᠪᠳᠡᠷᠡᠭᠦᠯᠵᠤ᠂ ᠬᠡᠷᠡᠭᠴᠡᠭᠡ᠎ᠪᠠᠷ ᠬᠠᠩᠭ᠋ᠠᠯᠭ᠎ᠠ ᠵᠢ ᠬᠦᠳᠦᠯᠬᠦ᠂ ᠬᠠᠩᠭ᠋ᠠᠯᠭ᠎ᠠ᠎ᠪᠠᠷ ᠬᠡᠷᠡᠭᠴᠡᠭᠡ ᠵᠢ ᠡᠭᠦᠳᠬᠦ ᠨᠡᠩ ᠦᠨᠳᠦᠷ ᠲᠦᠪᠰᠢᠨ᠎ᠤ ᠬᠦᠳᠡᠯᠦᠩᠭᠦᠢ ᠲᠡᠩᠴᠡᠭᠦᠷᠢ ᠵᠢ ᠪᠦᠷᠢᠯᠳᠦᠭᠦᠯᠬᠦ ᠬᠡᠷᠡᠭᠲᠡᠢ ᠭᠡᠵᠦ ᠳᠤᠷᠠᠳᠪᠠ᠃

      ᠰᠢᠨ᠎ᠡ ᠬᠦᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠎ᠪᠠᠷ ᠶᠡᠷᠦᠩᠬᠡᠢ ᠬᠦᠲᠦᠴᠢ ᠪᠣᠯᠭ᠋ᠠᠵᠤ᠂ ᠬᠤᠷᠠᠯ᠎ᠠᠴᠠ ᠳᠠᠷᠠᠭ᠎ᠠ ᠵᠢᠯ᠎ᠤᠨ ᠠᠵᠤ ᠠᠬᠤᠢ ᠵᠢᠨ ᠠᠵᠢᠯ᠎ᠤᠨ ᠨᠠᠢ᠍ᠮᠠᠨ ᠭᠤᠣᠯᠳᠠᠯᠭ᠎ᠠ᠎ᠲᠠᠢ ᠡᠭᠦᠷᠭᠡ ᠵᠢ ᠳᠤᠷᠠᠳᠪᠠ᠄ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠢ ᠴᠢᠩᠭ᠋ᠠᠷᠠᠭᠤᠯᠤᠨ᠎ᠠ; ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠪᠡᠶ᠎ᠡ᠎ᠪᠠᠨ ᠳᠠᠭ᠋ᠠᠭ᠋ᠠᠵᠤ ᠡᠵᠡᠮᠳᠡᠬᠦ ᠴᠢᠳᠠᠪᠤᠷᠢ ᠵᠢ ᠴᠢᠩᠭ᠋ᠠᠳᠬᠠᠨ᠎ᠠ; ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠡᠨᠡ ᠬᠦ᠌ ᠪᠠᠶ᠋ᠢᠯᠳᠤᠬᠤ ᠪᠤᠳᠤᠯᠭ᠎ᠠ ᠵᠢᠨ ᠰᠠᠭᠤᠷᠢ ᠴᠡᠭ᠎ᠢ ᠪᠠᠷᠢᠮᠲᠠᠯᠠᠨ᠎ᠠ; ᠥᠭᠡᠷᠡᠴᠢᠯᠡᠯᠲᠡ ᠨᠡᠭᠡᠭᠡᠯᠲᠡ ᠵᠢ ᠪᠦᠬᠦ ᠲᠠᠯ᠎ᠠ᠎ᠪᠠᠷ ᠠᠬᠢᠭᠤᠯᠤᠨ᠎ᠠ; ᠦᠷ᠎ᠡ ᠪᠠ ᠲᠠᠷᠢᠶᠠᠨ ᠭᠠᠵᠠᠷ᠎ᠤᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠨ᠎ᠡ; ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠪᠠ ᠬᠦᠷᠦᠩᠭᠡ ᠵᠢᠨ ᠡᠮᠬᠢ ᠵᠠᠮᠪᠠᠷᠠᠭ᠎ᠠ ᠦᠭᠡᠢ ᠦᠷᠭᠡᠳᠬᠦ ᠵᠢ ᠬᠤᠷᠢᠭᠯᠠᠨ ᠵᠣᠭᠰᠤᠭ᠋ᠠᠬᠤ ᠵᠢ ᠴᠢᠩᠭ᠋ᠠᠳᠬᠠᠨ᠎ᠠ; ᠶᠡᠭᠡ ᠬᠤᠳᠠ ᠵᠢᠨ ᠣᠷᠣᠨ ᠰᠠᠭᠤᠴᠠ ᠵᠢᠨ ᠲᠤᠪᠤᠶ᠋ᠢᠮ᠎ᠠ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠨ᠎ᠡ; ᠨᠡᠭᠦᠷᠡᠰᠦᠲᠥ᠋ᠷᠥᠭᠴᠢ ᠵᠢ ᠣᠷᠭᠢᠯ ᠬᠡᠮᠵᠢᠶᠡᠨ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠠᠵᠢᠯ᠎ᠢ ᠰᠠᠶ᠋ᠢᠲᠤᠷ ᠬᠢᠨ᠎ᠡ᠃

      ᠬᠤᠷᠠᠯ᠎ᠳᠤ ᠣᠷᠣᠯᠴᠠᠭᠰᠠᠨ ᠨᠥᠬᠦᠳ᠎ᠤᠨ ᠦᠵᠡᠬᠦ᠎ᠪᠠᠷ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠥᠨᠳᠥᠷ᠎ᠲᠤ ᠵᠣᠭᠰᠣᠨ ᠠᠯᠤᠰ᠎ᠢ ᠪᠡᠷᠡᠯᠡᠵᠦ᠂ ᠦᠵᠡᠯ ᠰᠠᠨᠠᠭ᠎ᠠ ᠭᠦᠨ ᠭᠦᠨᠵᠡᠭᠡᠶ ᠪᠠᠶ᠋ᠢᠵᠤ᠂ ᠴᠢᠭᠯᠡᠯ᠎ᠢ ᠵᠢᠭ᠋ᠠᠭᠰᠠᠨ ᠵᠶ᠋ᠠᠷ ᠪᠠᠷᠠᠬᠤ ᠥᠬᠡᠶ ᠪᠠᠰᠠ ᠠᠷᠭ᠎ᠠ ᠵᠠᠮ᠎ᠢ ᠲᠣᠳᠣᠷᠬᠠᠶ᠋ᠢᠯᠠᠵᠤ᠂ ᠪᠥᠬᠦ ᠲᠠᠯ᠎ᠠ ᠵᠢ ᠬᠠᠮᠤᠷᠠᠭᠰᠠᠨ ᠵᠶ᠋ᠠᠷ ᠪᠠᠷᠠᠬᠤ ᠥᠬᠡᠶ ᠪᠠᠰᠠ ᠭᠤᠣᠯᠳᠠᠯᠭ᠎ᠠ ᠵᠢ ᠳᠣᠪᠤᠶ᠋ᠢᠯᠭ᠋ᠠᠵᠤ᠂ ᠠᠯᠢ ᠣᠯᠠᠨ ᠴᠢᠭᠯᠡᠯᠲᠦ ᠴᠢᠨᠠᠷᠲᠠᠶ᠂ ᠦᠨᠳᠦᠰᠦᠨ ᠴᠢᠨᠠᠷᠲᠠᠶ᠂ ᠪᠥᠬᠦ ᠲᠠᠯ᠎ᠠ ᠵᠢᠨ ᠴᠢᠨᠠᠷᠲᠠᠶ ᠠᠰᠠᠭᠤᠳᠠᠯ᠎ᠢ ᠭᠦᠨᠵᠡᠭᠡᠶ ᠲᠣᠳᠣᠷᠬᠠᠶ᠋ᠢᠯᠠᠨ ᠥᠭᠦᠯᠡᠪᠡ᠃

     《ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠢ ᠴᠢᠩᠭ᠋ᠠᠷᠠᠭᠤᠯᠬᠤ》 ᠵᠢ ᠨᠠᠢ᠍ᠮᠠᠨ ᠶᠡᠭᠡ ᠭᠤᠣᠯᠳᠠᠯᠭ᠎ᠠ᠎ᠲᠠᠢ ᠡᠭᠦᠷᠭᠡ ᠵᠢᠨ ᠲᠡᠷᠢᠭᠦᠨ᠎ᠳᠤ ᠲᠠᠯᠪᠢᠪᠠ᠃ ᠡᠭᠦᠨ᠎ᠠᠴᠠ ᠡᠮᠦᠨ᠎ᠡ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠠᠨᠠᠭᠤᠯᠭ᠎ᠠ᠎ᠳᠤ ᠪᠠᠰᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠡᠯ᠎ᠡ ᠵᠦᠢ᠍ᠯ᠎ᠤᠨ ᠡᠭᠦᠷᠭᠡ ᠵᠢᠨ ᠲᠡᠷᠢᠭᠦᠨ ᠪᠠᠶ᠋ᠢᠷᠢᠨ᠎ᠳᠤ ᠲᠠᠯᠪᠢᠪᠠ᠃ ᠡᠳᠦᠷ ᠢᠷᠡᠬᠦᠶ᠎ᠡ ᠰᠢᠷᠦᠭᠦᠰᠴᠦ ᠪᠠᠶ᠋ᠢᠭ᠎ᠠ ᠪᠦᠬᠦ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠥᠷᠢᠰᠥᠯᠳᠦᠭᠡᠨ᠎ᠳᠤ ᠬᠠᠨᠳᠤᠭᠤᠯᠵᠤ᠂ ᠬᠤᠷᠠᠯ᠎ᠠᠴᠠ ᠤᠯᠤᠰ᠎ᠨᠢ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠠ ᠵᠢ ᠡᠭᠦᠳᠬᠦ ᠵᠤᠬᠢᠶᠠᠨ ᠪᠠᠶ᠋ᠢᠭᠤᠯᠤᠭᠴᠢ ᠪᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠳᠠᠢ ᠬᠡᠷᠡᠭᠴᠡᠭᠡ᠎ᠪᠠᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠭᠯᠡᠯ ᠪᠠ ᠭᠤᠤᠯᠳᠠᠯᠭ᠎ᠠ ᠵᠢ ᠲᠤᠭᠳᠠᠭ᠋ᠠᠵᠤ᠂ ᠤᠯᠤᠰ᠎ᠤᠨ ᠬᠦᠭᠵᠢᠯᠳᠡ ᠪᠠ ᠠᠮᠤᠷ ᠲᠦᠪᠰᠢᠨ᠎ᠢ ᠬᠢᠵᠠᠭ᠋ᠠᠷᠯᠠᠵᠤ ᠪᠠᠶ᠋ᠢᠭ᠎ᠠ ᠴᠢᠬᠤᠯᠠ ᠶᠡᠭᠡ ᠬᠦᠴᠢᠷ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠴᠢᠳᠠᠪᠤᠷᠢᠲᠠᠨ ᠪᠠ ᠲᠣᠭᠲᠠᠴᠠ ᠭᠡᠬᠦ ᠬᠤᠶᠠᠷ ᠵᠠᠩᠭᠢᠯᠠᠭ᠎ᠠ ᠵᠢᠨ ᠴᠡᠭ᠎ᠢ ᠰᠠᠶ᠋ᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

      ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠠᠮᠤᠷ ᠲᠣᠭᠲᠠᠭᠤᠨ ᠪᠠᠶ᠋ᠢᠯᠭ᠋ᠠᠬᠤ ᠪᠣᠯ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠵᠢᠨ ᠰᠠᠭᠤᠷᠢ ᠮᠥᠨ᠃ ᠬᠤᠷᠠᠯ᠎ᠠᠴᠠ᠂ ᠵᠠᠩᠭᠢᠯᠠᠭ᠎ᠠ ᠵᠢᠨ ᠭᠤᠤᠯᠯᠠᠭᠴᠢ ᠮᠡᠷᠭᠡᠵᠢᠯ᠎ᠤᠨ ᠰᠢᠪᠲᠤᠯᠤᠯᠲᠠ ᠵᠢᠨ ᠢᠨᠵᠧᠨᠧᠷᠢᠩ᠎ᠢ ᠰᠠᠶ᠋ᠢᠳᠤᠷ ᠬᠡᠷᠡᠭᠵᠢᠭᠦᠯᠵᠤ᠂ ᠨᠢᠭᠡ ᠪᠦᠯᠦᠭ 《ᠪᠤᠭᠤᠮᠢ》 ᠪᠤᠯᠵᠦ ᠪᠠᠶ᠋ᠢᠭ᠎ᠠ ᠠᠰᠠᠭᠤᠳᠠᠯ᠎ᠢ ᠲᠦᠷᠭᠡᠨ ᠰᠢᠢ᠍ᠳᠪᠦᠷᠢᠯᠡᠵᠤ᠂ ᠠᠵᠤ ᠦᠢ᠍ᠯᠡᠰ᠎ᠤᠨ ᠳᠠᠪᠠᠭᠤᠯᠢᠭ ᠬᠦᠷᠢᠶᠡᠨ᠎ᠳᠤ ᠠᠵᠢᠯ ᠵᠶ᠋ᠠᠨ ᠨᠠᠷᠢᠯᠢᠭ ᠬᠢᠵᠤ᠂ ᠨᠡᠩ ᠤᠯᠠᠨ ᠭᠤᠴᠤ ᠮᠡᠷᠭᠡᠵᠢᠯ᠎ᠢ ᠡᠭᠦᠳᠬᠦ ᠬᠡᠷᠡᠭᠳᠠᠢ ᠁ ᠳᠤᠲᠠᠭᠤᠳᠠᠯ ᠲᠠᠯ᠎ᠠ᠎ᠪᠠᠨ ᠨᠥᠬᠦᠪᠥᠷᠢᠯᠡᠨ ᠳᠠᠪᠠᠭᠤᠯᠢᠭ ᠲᠠᠯ᠎ᠠ᠎ᠪᠠᠨ ᠳᠠᠪᠲᠠᠨ ᠪᠣᠯᠪᠠᠰᠤᠷᠠᠭᠤᠯᠵᠤ᠂ ᠣᠨᠤᠪᠴᠢᠲᠠᠢ᠎ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠬᠡᠷᠡᠭᠲᠡᠢ ᠭᠡᠵᠦ ᠳᠤᠷᠠᠳᠪᠠ᠃



     《ᠦᠷ᠎ᠡ ᠪᠠ ᠲᠠᠷᠢᠶᠠᠨ ᠭᠠᠵᠠᠷ᠎ᠤᠨ ᠠᠰᠠᠭᠤᠳᠠᠯ》᠎ᠢ ᠤᠷᠢᠳᠤ ᠭᠠᠷᠤᠭ᠎ᠠ ᠤᠢ᠍ᠭᠡᠢ ᠴᠢᠬᠤᠯᠠᠴᠢᠯᠠᠨ ᠦᠵᠡᠪᠡ᠃ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠪᠠᠶ᠋ᠢᠯᠳᠤᠬᠤ ᠪᠣᠳᠣᠯᠭ᠎ᠠ ᠵᠢᠨ ᠲᠠᠯ᠎ᠠ᠎ᠠᠴᠠ᠂ ᠬᠤᠷᠠᠯ᠎ᠠᠴᠠ ᠦᠷ᠎ᠡ ᠵᠢᠨ ᠡᠬᠢ ᠰᠤᠷᠪᠤᠯᠵᠢ ᠵᠢᠨ 《ᠪᠤᠭᠤᠮᠢ》 ᠪᠤᠯᠵᠦ ᠪᠠᠶ᠋ᠢᠭ᠎ᠠ ᠮᠡᠷᠭᠡᠵᠢᠯ᠎ᠤᠨ ᠰᠢᠪᠳᠤᠯᠤᠯᠳᠠ ᠵᠢ ᠦᠷᠨᠢᠭᠦᠯᠵᠤ᠂ ᠦᠷ᠎ᠠ ᠵᠢᠨ ᠦᠢ᠍ᠯᠡᠰ᠎ᠤᠨ ᠬᠤᠪᠢᠰᠤᠯᠲᠠ ᠵᠢᠨ ᠲᠠᠶ᠋ᠢᠨ᠎ᠢ ᠵᠤᠷᠢᠭᠳᠠᠢ ᠬᠢᠬᠦ ᠬᠡᠷᠡᠭᠳᠠᠢ᠂ 18 ᠳ᠋ᠦᠩᠰᠢᠭᠤᠷ ᠮᠦ᠍ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠪᠠᠳᠤ ᠰᠠᠬᠢᠵᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ》 ᠪᠣᠯᠭ᠋ᠠᠬᠤ ᠵᠢ ᠡᠷᠡᠰ ᠬᠤᠷᠢᠭᠯᠠᠨ᠂ 《ᠠᠮᠤ ᠪᠤᠳᠠᠭ᠋ᠠᠨ᠎ᠤ ᠪᠤᠰᠤ》 ᠪᠤᠯᠭ᠋ᠠᠬᠤ ᠵᠢ ᠡᠷᠡᠰ ᠰᠡᠷᠭᠡᠶ᠋ᠢᠯᠡᠵᠤ᠂ ᠲᠠᠷᠢᠶᠠᠨ ᠭᠠᠵᠠᠷ᠎ᠤᠨ ᠡᠵᠡᠯᠡᠯᠲᠡ ᠨᠦᠬᠦᠪᠦᠷᠢ ᠵᠢ ᠲᠡᠩᠴᠡᠭᠦᠷᠢᠳᠠᠢ ᠪᠤᠯᠭ᠋ᠠᠬᠤ ᠵᠢ ᠵᠢᠷᠤᠮᠵᠢᠭᠤᠯᠬᠤ ᠬᠡᠷᠡᠭᠳᠠᠢ ᠭᠡᠵᠦ ᠴᠢᠬᠤᠯᠠᠴᠢᠯᠠᠪᠠ᠃

     《ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠪᠠ ᠬᠦᠷᠦᠩᠭᠡ ᠵᠢᠨ ᠡᠮᠬᠢ ᠵᠠᠮᠪᠠᠷᠠᠭ᠎ᠠ ᠦᠭᠡᠢ ᠦᠷᠭᠡᠳᠬᠦ ᠵᠢ ᠬᠤᠷᠢᠭᠯᠠᠨ ᠵᠣᠭᠰᠤᠭ᠋ᠠᠬᠤ ᠵᠢ ᠴᠢᠩᠭ᠋ᠠᠳᠬᠠᠬᠤ》᠎ᠨᠢ ᠠᠯᠤᠰ ᠬᠡᠲᠦ ᠵᠢᠨ ᠬᠤᠯᠪᠤᠭᠳᠠᠯ᠎ᠲᠠᠢ ᠪᠠᠶ᠋ᠢᠵᠤ᠂ ᠤᠯᠠᠨ᠎ᠤ ᠠᠩᠬᠠᠷᠤᠯ᠎ᠢ ᠥᠷᠭᠡᠨ ᠵᠶ᠋ᠠᠷ ᠲᠠᠲᠠᠵᠤ ᠪᠠᠶ᠋ᠢᠨ᠎ᠠ᠃ ᠬᠤᠷᠠᠯ᠎ᠠᠴᠠ᠂ ᠭᠠᠭᠴᠠᠭ᠋ᠠᠷ ᠡᠵᠡᠮᠰᠢᠯ᠎ᠢ ᠡᠰᠡᠷᠭᠦᠴᠡᠬᠦ᠂ ᠲᠦᠪ ᠪᠤᠰᠤ ᠦᠷᠢᠰᠦᠯᠲᠦᠭᠡᠡ᠎ᠢ ᠡᠰᠡᠷᠭᠦᠴᠡᠬᠦ ᠪᠤᠯ ᠨᠡᠶ᠋ᠢᠭᠡᠮ ᠵᠢᠷᠤᠮ᠎ᠤᠨ ᠵᠠᠬ᠎ᠠ ᠲᠡᠯᠭᠡᠭᠦᠷ᠎ᠤᠨ ᠠᠵᠦ ᠠᠬᠤᠢ ᠵᠢᠨ ᠪᠠᠶ᠋ᠢᠭᠤᠯᠤᠮᠵᠢ ᠵᠢ ᠪᠦᠷᠢᠨᠰᠢᠭᠦᠯᠵᠤ᠂ ᠴᠢᠨᠠᠷ ᠰᠠᠶ᠋ᠢᠲᠠᠢ ᠬᠦᠭᠵᠢᠯᠲᠠ ᠵᠢ ᠠᠬᠢᠭᠤᠯᠬᠤ ᠲᠤᠲᠤᠭ᠋ᠠᠲᠤ ᠱᠠᠭ᠋ᠠᠷᠲᠠᠯᠭ᠎ᠠ ᠮᠦᠨ ᠭᠡᠵᠦ ᠲᠣᠳᠤᠷᠬᠠᠢ ᠵᠢᠭ᠋ᠠᠵᠤ ᠭᠠᠷᠭ᠋ᠠᠪᠠ᠃ ᠤᠯᠤᠰ᠎ᠠᠴᠠ ᠲᠠᠪᠴᠠᠩᠳᠦ ᠠᠵᠦ ᠠᠬᠤᠢ᠍ᠢ᠍ᠯᠠᠯ᠎ᠤᠨ ᠰᠢᠨ᠎ᠠ ᠵᠢ ᠡᠭᠦᠳᠴᠤ ᠬᠦᠭᠵᠢᠬᠦ ᠵᠢ᠎ᠨᠢ ᠳᠡᠮᠵᠢᠬᠦ᠂ ᠤᠯᠠᠠ ᠤᠯᠤᠰ᠎ᠤᠨ ᠦᠷᠢᠰᠦᠯᠲᠦᠬᠦ ᠬᠦᠴᠦᠨ᠎ᠢ ᠴᠢᠩᠭ᠋ᠠᠳᠬᠠᠬᠤ ᠵᠢ ᠲᠣᠳᠤᠷᠬᠠᠶ᠋ᠢᠯᠠᠭᠰᠠᠨ᠎ᠤ ᠬᠠᠮᠲᠤ ᠳᠦᠷᠢᠮ ᠲᠤᠭᠲᠠᠭ᠋ᠠᠯ᠎ᠢ ᠴᠢᠩᠭ᠋ᠠᠳᠬᠠᠠ᠂ ᠬᠢᠨᠠᠯᠲᠠ ᠬᠠᠮᠢᠶᠠᠷᠤᠯᠲᠠ ᠵᠢᠨ ᠴᠢᠲᠠᠪᠤᠷᠢ ᠵᠢ ᠲᠡᠭᠡᠭᠰᠢᠯᠡᠭᠦᠯᠵᠦ᠂ ᠭᠠᠭᠴᠠᠭ᠋ᠠᠷ ᠡᠵᠡᠮᠰᠢᠯ ᠪᠠ ᠲᠦᠪ ᠪᠤᠰᠤ ᠦᠷᠢᠰᠦᠯᠲᠦᠭᠡᠡ᠎ᠤ ᠠᠵᠢᠯᠯᠠᠭ᠎ᠠ ᠵᠢ ᠡᠷᠡᠰ ᠡᠰᠡᠷᠭᠦᠴᠡᠬᠦ ᠵᠢ ᠴᠢᠩᠭ᠋ᠠᠳᠬᠠᠬᠤ ᠬᠡᠷᠡᠭᠲᠡᠢ ᠭᠡᠪᠡ᠃

     《ᠶᠡᠭᠡ ᠬᠤᠳᠠ ᠵᠢᠨ ᠣᠷᠣᠨ ᠰᠠᠭᠤᠴᠠ ᠵᠢᠨ ᠲᠤᠪᠤᠶ᠋ᠢᠮ᠎ᠠ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ》᠎ᠨᠢ ᠠᠷᠠᠳ ᠤᠯᠠᠨ᠎ᠤ ᠪᠤᠶᠠᠨ ᠵᠢᠷᠭ᠋ᠠᠯ᠎ᠲᠠᠢ ᠬᠤᠯᠪᠣᠭᠳᠠᠨ᠎ᠠ᠃ ᠡᠨᠡ ᠤᠳᠠᠭ᠎ᠠ ᠵᠢᠨ ᠬᠤᠷᠠᠯ᠎ᠠᠴᠠ 《ᠭᠡᠷ ᠪᠠᠶ᠋ᠢᠰᠢᠩ᠎ᠨᠢ ᠰᠠᠭᠤᠬᠤ᠎ᠳᠤ ᠵᠣᠷᠢᠭᠤᠯᠤᠭᠰᠠᠨ ᠶᠤᠮ᠂ ᠰᠠᠷᠢᠭ᠋ᠠᠯᠠᠬᠤ᠎ᠳᠤ ᠵᠣᠷᠢᠭᠤᠯᠤᠭᠰᠠᠨ ᠪᠢᠰᠢ》 ᠭᠡᠳᠡᠭ ᠲᠦᠷᠦ ᠵᠢᠨ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠪᠠᠷᠢᠮᠲᠠᠯᠠᠬᠤ ᠵᠢᠨ ᠬᠠᠮᠲᠤ ᠤᠢ᠍ᠢ᠍ᠷ᠎ᠠ ᠵᠢᠨ ᠬᠤᠭᠤᠴᠠᠭ᠋ᠠᠨ᠎ᠤ 《ᠳ᠋ᠠᠨ ᠺᠧ ᠨᠡᠶ᠋ᠢᠲᠡ ᠵᠢᠨ ᠰᠠᠭᠤᠴᠠ》 ᠵᠡᠷᠭᠡ ᠠᠰᠠᠭᠤᠳᠠᠯ᠎ᠳᠤ ᠣᠨᠤᠪᠴᠢᠲᠠᠢ ᠴᠢᠭᠯᠡᠭᠦᠯᠵᠦ᠂ ᠭᠡᠷ ᠪᠠᠶ᠋ᠢᠰᠢᠩ᠎ᠢ 《ᠤᠷᠲᠤ ᠬᠤᠭᠤᠴᠠᠭ᠎ᠠ᠎ᠪᠠᠷ ᠲᠦᠷᠢᠶᠡᠰᠦᠯᠡᠬᠦ ᠲᠦᠷᠦ ᠵᠢᠨ ᠪᠤᠲᠤᠯᠭ᠎ᠠ ᠵᠢ ᠲᠦᠷᠭᠡᠡ ᠪᠦᠷᠢᠨᠰᠢᠭᠦᠯᠵᠦ᠂ ᠲᠦᠷᠢᠶᠡᠰᠦᠯᠡᠬᠦ ᠬᠤᠲᠠᠯᠲᠤᠨ ᠠᠪᠬᠤ ᠤᠷᠤᠨ ᠰᠠᠭᠤᠴᠠ ᠵᠢ ᠠᠯᠬᠤᠮ ᠠᠯᠬᠤᠮ ᠵᠶ᠋ᠠᠷ ᠤᠯᠠᠠ ᠨᠡᠶ᠋ᠢᠲᠡ ᠵᠢᠨ ᠦᠢ᠍ᠯᠡᠴᠢᠯᠡᠭᠡ ᠵᠢ ᠡᠳ᠋ᠯᠡᠬᠦ ᠲᠠᠯ᠎ᠠ᠎ᠪᠠᠷ ᠡᠷᠭᠡ ᠲᠡᠭᠰᠢ ᠡᠷᠭᠡ᠎ᠲᠠᠢ ᠪᠤᠯᠭ᠋ᠠᠵᠦ᠂ ᠤᠷᠲᠤ ᠬᠤᠭᠤᠴᠠᠭ᠎ᠠ᠎ᠪᠠᠷ ᠲᠦᠷᠢᠶᠡᠰᠦᠯᠡᠬᠦ ᠭᠡᠷ ᠪᠠᠶ᠋ᠢᠰᠢᠩ᠎ᠤᠨ ᠵᠠᠬ᠎ᠠ ᠲᠡᠯᠭᠡᠬᠦᠷ᠎ᠤᠨ ᠬᠦᠭᠵᠢᠯᠲᠠ ᠵᠢ ᠵᠢᠷᠤᠮᠵᠢᠭᠤᠯᠬᠤ ᠭᠡᠷᠡᠭᠲᠡᠢ》 ᠭᠡᠵᠦ ᠲᠣᠳᠤᠷᠬᠠᠢ ᠳᠤᠷᠠᠳᠤᠨ ᠭᠠᠷᠭ᠋ᠠᠪᠠ᠃

      ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠡᠨᠡ ᠬᠦ᠌ ᠪᠠᠶ᠋ᠢᠯᠳᠤᠬᠤ ᠪᠤᠳᠤᠯᠭ᠎ᠠ ᠵᠢᠨ ᠰᠠᠭᠤᠷᠢ ᠴᠡᠭ᠎ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠵᠢ ᠤᠷᠬᠢᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃



      ᠡᠳᠡᠭᠡᠷ ᠠᠯᠢ ᠤᠯᠠᠨ ᠭᠤᠣᠯᠳᠠᠯᠭ᠎ᠠ᠎ᠲᠠᠢ ᠡᠭᠦᠷᠭᠡ᠎ᠨᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠡᠷᠴᠢᠮᠲᠡᠢ ᠬᠠᠷᠢᠭᠤᠯᠲᠠ ᠥᠭᠴᠡᠢ᠃

      ᠳᠤᠭᠤᠶ᠋ᠢᠯᠠᠩ ᠬᠤᠪᠢᠶᠠᠨ ᠶᠠᠷᠢᠯᠴᠠᠬᠤ ᠳᠤᠮᠳᠠ᠂ ᠬᠤᠷᠠᠯ᠎ᠳᠤ ᠣᠷᠣᠯᠴᠠᠭᠰᠠᠨ ᠨᠥᠬᠦᠳ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠪᠣᠯᠤᠨ ᠪᠠᠶ᠋ᠢᠷᠢᠯᠠᠭᠤᠯᠤᠯᠲᠠ ᠡᠭᠦᠷᠭᠡ ᠵᠢᠨ ᠲᠣᠭᠤᠷᠢᠨ᠎ᠳᠤ ᠢᠳᠡᠪᠬᠢᠲᠡᠶ᠎ᠪᠠᠷ ᠶᠠᠷᠢᠶ᠎ᠠ ᠲᠠᠯᠪᠢᠵᠤ᠂ ᠲᠣᠰ ᠲᠣᠰ᠎ᠤᠨ ᠲᠤᠰᠬᠠᠶ ᠮᠡᠷᠭᠡᠵᠢᠯ᠎ᠤᠨ ᠬᠠᠷᠠᠭ᠋ᠠᠰᠤ᠎ᠠᠴᠠ ᠲᠠᠷᠠᠭ᠎ᠠ ᠵᠢᠯ᠎ᠤᠨ ᠠᠵᠤ ᠠᠬᠤᠶ ᠵᠢᠨ ᠠᠵᠢᠯ᠎ᠤᠨ ᠭᠤᠣᠯᠳᠠᠯᠭ᠎ᠠ᠎ᠲᠠᠢ ᠡᠭᠦᠷᠭᠡ ᠵᠢ ᠬᠡᠷᠬᠢᠨ ᠰᠠᠶ᠋ᠢᠲᠤᠷ ᠨᠠᠶ᠋ᠢᠳᠠᠪᠤᠷᠢᠵᠢᠭᠤᠯᠬᠤ ᠲᠤᠬᠠᠶ ᠠᠭᠤᠵᠢᠷᠠᠲᠠᠯ᠎ᠠ ᠶᠠᠷᠢᠯᠴᠠᠵᠤ᠂ ᠬᠤᠷᠠᠯ᠎ᠤᠨ ᠲᠠᠯᠠᠪᠠᠶ ᠬᠥᠷ ᠬᠥᠭᠵᠢᠶᠡᠨ ᠵᠶ᠋ᠠᠷ ᠪᠢᠯᠬᠠᠵᠤ ᠪᠠᠶ᠋ᠢᠯ᠎ᠠ᠃

      ᠬᠤᠷᠠᠯ᠎ᠳᠤ ᠣᠷᠣᠯᠴᠠᠭᠰᠠᠨ ᠨᠥᠬᠦᠳ᠎ᠠᠴᠠ ᠢᠯᠡᠳᠬᠡᠬᠦ᠎ᠳᠤ᠎ᠪᠠᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠨᠠᠷᠢᠨ ᠪᠤᠳᠤᠯᠢᠶᠠᠨᠲᠠᠶ ᠪᠠᠶ᠋ᠢᠳᠠᠯ᠎ᠤᠨ ᠲᠤᠬᠠᠢ ᠰᠢᠨᠵᠢᠯᠡᠬᠦ ᠤᠬᠠᠭ᠋ᠠᠨᠴᠢ ᠡᠵᠡᠮᠳᠡᠯ᠂ ᠬᠥᠭᠵᠢᠯᠲᠡ ᠵᠢᠨ ᠵᠢᠮ᠎ᠡ ᠶᠣᠰᠣ ᠵᠢᠨ ᠲᠤᠬᠠᠢ ᠭᠦᠨᠵᠡᠭᠡᠶ ᠠᠵᠢᠭᠯᠠᠯᠲᠠ᠂ ᠬᠥᠭᠵᠢᠯᠲᠡ ᠵᠢᠨ ᠬᠠᠷᠠᠯᠲᠠ ᠵᠢᠨ ᠲᠤᠬᠠᠢ ᠣᠨᠤᠪᠴᠢᠲᠠᠢ ᠲᠦᠯᠦᠪᠯᠡᠭᠡ ᠵᠢ ᠲᠤᠰᠬᠠᠵᠤ᠂ ᠴᠢᠨᠠᠷ ᠰᠠᠶ᠋ᠢᠲᠠᠶ ᠬᠥᠭᠵᠢᠯᠲᠡ ᠵᠢ ᠪᠥᠬᠦ ᠲᠠᠯ᠎ᠠ᠎ᠪᠠᠷ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭ᠋ᠠᠵᠤ᠂ ᠳᠠᠷᠠᠭ᠎ᠠ ᠵᠢᠯ᠎ᠤᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠎ᠳᠤ 《ᠠᠩᠬᠠᠨ᠎ᠤ ᠠᠯᠬᠤᠮ᠎ᠢ ᠰᠠᠶ᠋ᠢᠲᠤᠷ ᠠᠯᠬᠤᠵᠤ᠂ ᠰᠢᠨ᠎ᠡ ᠳᠦᠷᠰᠦ ᠪᠠᠶ᠋ᠢᠳᠠᠯ᠎ᠢ ᠨᠡᠭᠡᠭᠡᠬᠦ》 ᠴᠢᠭᠯᠡᠯ᠎ᠢ ᠲᠣᠳᠣᠷᠬᠠᠶ ᠵᠢᠭ᠋ᠠᠵᠤ ᠥᠭᠴᠡᠶ ᠭᠡᠪᠡ᠃



      ᠭᠤᠣᠯ ᠲᠤᠯᠭ᠋ᠠᠭᠤᠷᠢᠯᠠᠬᠤ ᠬᠦᠴᠦᠨ — ᠲᠦᠭ ᠲᠦᠮᠡᠨ ᠵᠶ᠋ᠠᠷ ᠵᠶ᠋ᠠᠨ ᠰᠡᠳᠬᠢᠯ ᠠᠯᠬᠤᠭ᠎ᠠ᠎ᠪᠠᠨ ᠨᠢᠭᠡᠳᠬᠡᠵᠦ᠂ ᠨᠠᠮ᠎ᠤᠨ ᠠᠵᠤ ᠠᠬᠤᠢ ᠵᠢᠨ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠂ ᠦᠨᠡᠨ ᠬᠦ᠌ ᠠᠳᠬᠤᠵᠤ ᠰᠢᠷᠭ᠋ᠠᠭᠤ ᠠᠵᠢᠯᠯᠠᠨ ᠡᠯ᠎ᠡ ᠵᠦᠢ᠍ᠯ᠎ᠤᠨ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠠᠵᠤ ᠠᠬᠤᠢ ᠵᠢᠨ ᠠᠵᠢᠯ᠎ᠤᠨ ᠡᠯ᠎ᠡ ᠲᠠᠯ᠎ᠠ᠎ᠳᠤ ᠲᠤᠭᠤᠰᠢᠯᠠᠭᠤᠯᠬᠤ ᠬᠡᠷᠡᠭᠲᠡᠢ

      ᠰᠢᠨ᠎ᠡ ᠠᠶᠠᠯᠠᠯ᠎ᠢ ᠡᠬᠢᠯᠡᠭᠦᠯᠬᠦ᠎ᠳᠤ ᠶᠠᠭᠤᠨ᠎ᠳᠤ ᠲᠥᠰᠢᠭᠯᠡᠵᠦ᠂ ᠲᠤᠬᠰᠢᠨ ᠳᠠᠪᠠᠯᠭ᠋ᠠᠨ ᠰᠢᠷᠦᠭᠦᠨ ᠤᠷᠤᠰᠬᠠᠯ᠎ᠢ ᠠᠷᠭ᠋ᠠᠴᠠᠭ᠋ᠠᠵᠤ ᠴᠤᠴᠠᠯᠲᠠ ᠦᠭᠡᠢ ᠤᠷᠤᠭᠰᠢᠯᠠᠬᠤ ᠪᠤᠢ?

      ᠨᠠᠮ᠎ᠤᠨ ᠤᠳᠤᠷᠢᠳᠤᠯᠭ᠎ᠠ ᠪᠣᠯ ᠨᠠᠮ ᠪᠠ ᠤᠯᠤᠰ ᠣᠷᠣᠨ᠎ᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠪᠠᠲᠤᠯᠠᠭ᠎ᠠ ᠮᠥᠨ᠂ ᠠᠯᠢᠪᠠ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠵᠢ ᠢᠯᠠᠨ ᠳᠠᠪᠠᠭ᠍ᠤ ᠵᠢᠨ 《ᠷᠢᠳᠢ ᠰᠢᠳᠢ》 ᠮᠥᠨ᠃

      ᠶᠡᠷᠦᠩᠬᠡᠢ ᠱᠦᠵᠢ ᠰᠢ ᠵᠢᠨ ᠫᠢᠩ ᠡᠨᠡ ᠤᠳᠠᠭ᠎ᠠ ᠵᠢᠨ ᠬᠤᠷᠠᠯ ᠳᠡᠭᠡᠷ᠎ᠡ ᠴᠢᠬᠤᠯᠠᠴᠢᠯᠠᠭᠰᠠᠨ᠎ᠨᠢ᠂ ᠰᠢᠨ᠎ᠡ ᠬᠥᠭᠵᠢᠯᠲᠡ ᠵᠢᠨ ᠱᠠᠲᠤᠨ᠎ᠳᠤ ᠵᠣᠬᠢᠴᠠᠬᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠎ᠳᠤ ᠡᠷᠬᠡᠪᠰᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ᠎ᠠᠴᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠤᠳᠤᠷᠢᠳᠬᠤ ᠪᠠᠶ᠋ᠢᠭᠤᠯᠤᠯ ᠲᠣᠭᠲᠠᠴᠠ ᠵᠢ ᠪᠠᠷᠢᠮᠲᠠᠯᠠᠨ ᠪᠦᠷᠢᠨᠰᠢᠭᠦᠯᠵᠦ᠂ ᠪᠦᠬᠦ ᠨᠠᠮ᠎ᠤᠨ ᠠᠯᠬᠤᠭ᠎ᠠ ᠨᠢᠭᠡᠳᠦᠯᠲᠡᠢ ᠪᠠᠶ᠋ᠢᠬᠤ ᠵᠢ ᠪᠠᠲᠤᠯᠠᠬᠤ ᠬᠡᠷᠡᠭᠲᠡᠢ ᠭᠡᠪᠠ᠃

      ᠠᠵᠤ ᠠᠬᠤᠢ ᠵᠢᠨ ᠠᠵᠢᠯ᠎ᠢ ᠰᠠᠶ᠋ᠢᠲᠤᠷ ᠬᠢᠬᠦ ᠪᠣᠯ ᠮᠠᠨ᠎ᠤ ᠨᠠᠮ᠎ᠤᠨ ᠲᠦᠷᠦ ᠵᠢ ᠵᠠᠰᠠᠬᠤ ᠵᠢᠨ ᠴᠢᠬᠤᠯᠠ ᠶᠡᠭᠡ ᠡᠭᠦᠷᠭᠡ ᠮᠥᠨ᠃

     《ᠨᠠᠮ᠎ᠤᠨ ᠤᠳᠤᠷᠢᠳᠤᠯᠭ᠎ᠠ ᠲᠤᠬᠰᠢᠨ ᠳᠠᠪᠠᠯᠭ᠋ᠠᠨ ᠰᠢᠷᠦᠭᠦᠨ ᠤᠷᠤᠰᠬᠠᠯ᠎ᠤᠨ ᠳᠤᠮᠳᠠ ᠬᠠᠳᠠ ᠴᠢᠯᠠᠭᠤ ᠮᠡᠲᠦ ᠪᠠᠲᠤ ᠪᠠᠬᠢ ᠶᠤᠮ》 《ᠶᠡᠷᠦ ᠪᠤᠰᠤ ᠵᠢᠨ ᠠᠮᠵᠢᠯᠲᠠ ᠪᠦᠲᠦᠮᠵᠢ ᠵᠢᠨ ᠠᠷᠤ᠎ᠳᠤ ᠪᠦᠬᠦ ᠤᠯᠤᠰ᠎ᠤᠨ ᠠᠷᠠᠳ ᠲᠦᠮᠡᠨ᠎ᠤ ᠬᠠᠮᠲᠤ ᠵᠢᠨ ᠴᠢᠷᠮᠠᠶ᠋ᠢᠯᠭ᠎ᠠ ᠪᠠᠶ᠋ᠢᠨ᠎ᠠ᠂ ᠨᠠᠮ᠎ᠤᠨ ᠤᠳᠤᠷᠢᠳᠤᠯᠭ᠎ᠠ ᠳᠣᠣᠷ᠎ᠠ ᠬᠦᠴᠦᠷᠬᠡᠭ ᠶᠡᠭᠡ ᠲᠠᠶ᠋ᠢᠴᠢᠨ ᠬᠦᠴᠦᠨ᠎ᠢ ᠪᠦᠷᠢᠯᠳᠦᠭᠦᠯᠵᠡᠢ》 《〈ᠳᠤᠮᠳᠠᠳᠤ ᠤᠯᠤᠰ᠎ᠤᠨ ᠵᠠᠰᠠᠯᠲᠠ〉 ᠵᠢᠨ ᠢᠯᠡᠳᠲᠡ ᠳᠠᠪᠠᠭᠤᠯᠢᠭ᠎ᠢ ᠪᠦᠬᠦ ᠲᠠᠯ᠎ᠠ᠎ᠪᠠᠷ ᠲᠤᠰᠬᠠᠪᠠ》 ᠁ ᠬᠤᠷᠠᠯ᠎ᠤᠨ ᠬᠤᠭᠤᠴᠠᠭ᠋ᠠᠨ᠎ᠳᠤ᠂ 《ᠨᠠᠮ᠎ᠤᠨ ᠠᠵᠤ ᠠᠬᠤᠢ ᠵᠢᠨ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ》᠎ᠨᠢ ᠡᠯ᠎ᠡ ᠳᠤᠭᠤᠶ᠋ᠢᠯᠠᠩ᠎ᠤᠨ ᠶᠠᠷᠢᠯᠴᠠᠭ᠋ᠠᠨ᠎ᠤ ᠬᠠᠮᠲᠤ ᠵᠢᠨ ᠲᠠᠨᠢᠯᠲᠠ ᠪᠣᠯᠪᠠ᠃



     《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠪᠠᠷᠠᠯᠠᠨ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠬᠠᠷᠠᠬᠤᠶ᠎ᠠ᠂ ᠪᠢᠳᠡ ᠦᠷᠭᠦᠯᠵᠢᠯᠡᠨ ᠡᠷᠡᠮᠡᠬᠡᠶ᠋ᠢᠯᠡᠨ ᠲᠡᠮᠡᠴᠡᠵᠦ᠂ ᠰᠢᠨ᠎ᠡ ᠵᠢ ᠡᠭᠦᠳᠦᠨ ᠤᠷᠤᠭᠰᠢᠯᠠᠬᠤ ᠴᠢᠬᠤᠯᠠᠲᠠᠢ ᠪᠠᠶ᠋ᠢᠨ᠎ᠠ᠃ ᠪᠠᠶ᠋ᠢᠳᠠᠯ ᠬᠡᠳᠦᠢ ᠨᠠᠷᠢᠨ ᠪᠤᠳᠤᠯᠢᠶᠠᠨᠲᠠᠢ ᠡᠭᠦᠷᠭᠡ ᠬᠡᠳᠦᠢ ᠪᠡᠷᠬᠡ ᠬᠠᠲᠠᠭᠤᠵᠢᠯᠲᠠᠢ ᠪᠣᠯᠬᠤ ᠳᠣᠲᠣᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠨᠡ ᠬᠦ᠌ ᠴᠢᠭᠯᠡᠯ ᠵᠢᠭ᠋ᠠᠭᠰᠠᠨ ᠵᠦᠭᠯᠡᠭᠦᠷ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠬᠤ ᠲᠦᠰᠢᠭ ᠲᠤᠯᠭ᠋ᠠᠭᠤᠷᠢ᠎ᠠᠴᠠ ᠤᠯᠠᠮ ᠰᠠᠯᠵᠤ ᠪᠣᠯᠬᠤ ᠦᠭᠡᠢ ᠪᠦᠭᠡᠳ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠤᠯᠠᠮ ᠪᠠᠷᠢᠮᠲᠠᠯᠠᠨ ᠴᠢᠩᠭ᠋ᠠᠳᠬᠠᠬᠤ ᠬᠡᠷᠡᠭᠲᠡᠢ᠃

      ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠲᠠᠪᠤᠳᠤᠭ᠋ᠠᠷ ᠪᠥᠬᠦᠳᠡ ᠬᠤᠷᠠᠯ᠎ᠠᠴᠠ ᠴᠢᠬᠤᠯᠠᠴᠢᠯᠠᠭᠰᠠᠨ᠎ᠨᠢ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠪᠡᠶᠡᠯᠡᠭᠦᠯᠬᠦ᠎ᠳᠤ ᠡᠷᠬᠡᠪᠰᠢ ᠨᠠᠮ᠎ᠤᠨ ᠪᠥᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ᠂ ᠠᠯᠢᠪᠠ ᠢᠳᠡᠪᠬᠢ ᠬᠦᠴᠦᠨ ᠵᠦᠶᠯ᠎ᠢ ᠭᠦᠶᠴᠡᠳ ᠳᠠᠶ᠋ᠢᠴᠢᠯᠠᠵᠤ᠂ ᠪᠦᠯᠬᠦᠮᠳᠡᠵᠦ ᠪᠣᠯᠬᠤ ᠬᠦᠴᠦᠨ ᠪᠦᠬᠦᠨ᠎ᠲᠠᠢ ᠥᠷᠭᠡᠨ ᠵᠶ᠋ᠠᠷ ᠪᠦᠯᠬᠦᠮᠳᠡᠵᠦ᠂ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠶ ᠭᠡᠪᠠ᠃

      ᠨᠠᠮ᠎ᠤᠨ ᠠᠵᠤ ᠠᠬᠤᠢ ᠵᠢᠨ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠎ᠳᠤ ᠤᠯᠤᠰ ᠲᠦᠷᠦ ᠵᠢᠨ ᠤᠬᠠᠮᠰᠠᠷ ᠵᠶ᠋ᠠᠨ ᠪᠠᠲᠤᠳᠬᠠᠨ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠬᠦ ᠬᠡᠷᠡᠭᠲᠡᠢ — ᠡᠨᠡ ᠤᠳᠠᠭ᠎ᠠ ᠵᠢᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠴᠢᠬᠤᠯᠠᠴᠢᠯᠠᠭᠰᠠᠨ᠎ᠨᠢ᠂ 《ᠤᠯᠤᠰ ᠲᠦᠷᠦ ᠵᠢ ᠡᠷᠬᠢᠮᠯᠡᠬᠦ ᠦᠨᠳᠦᠷᠴᠡ᠎ᠠᠴᠠ ᠠᠵᠤ ᠠᠬᠤᠢ ᠵᠢᠨ ᠠᠵᠢᠯ᠎ᠢ ᠴᠢᠬᠤᠯᠠᠴᠢᠯᠠᠬᠤ ᠬᠡᠷᠡᠭᠲᠡᠢ》 《ᠤᠯᠤᠰ ᠲᠦᠷᠦ ᠵᠢᠨ ᠬᠠᠷᠠᠴᠠ᠎ᠪᠠᠷ ᠠᠵᠤ ᠠᠬᠤᠢ ᠨᠡᠶ᠋ᠢᠭᠡᠮ᠎ᠤᠨ ᠠᠰᠠᠭᠤᠳᠠᠯ᠎ᠢ ᠠᠵᠢᠭᠯᠠᠬᠤ ᠪᠠ ᠵᠠᠳᠠᠯᠬᠤ᠎ᠳᠤ ᠴᠢᠳᠠᠮᠠᠭ᠋ᠠᠢ ᠪᠠᠶ᠋ᠢᠬᠤ ᠬᠡᠷᠡᠭᠲᠡᠢ》 《ᠤᠯᠤᠰ ᠲᠦᠷᠦ ᠵᠢᠨ ᠰᠡᠷᠭᠡᠭ ᠴᠢᠨᠠᠷ ᠪᠠ ᠤᠯᠤᠰ ᠲᠦᠷᠦ ᠵᠢᠨ ᠢᠯᠭ᠋ᠠᠨ ᠲᠠᠨᠢᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠠᠵᠤ ᠠᠬᠤᠢ ᠵᠢᠨ ᠠᠵᠢᠯᠯᠠᠭ᠋ᠠᠨ᠎ᠤ ᠤᠯᠤᠰ ᠲᠦᠷᠦ ᠵᠢᠨ ᠦᠷ᠎ᠡ ᠳ᠋ᠦᠩ᠎ᠢ ᠴᠢᠳᠠᠮᠠᠭ᠋ᠠᠢ ᠠᠵᠢᠭᠯᠠᠬᠤ ᠬᠡᠷᠡᠭᠲᠡᠢ》 ᠭᠡᠪᠠ᠃

      ᠨᠢᠭᠡ ᠬᠤᠪᠢ ᠵᠢᠨ ᠪᠠᠶ᠋ᠢᠷᠢᠯᠠᠭᠤᠯᠤᠯᠲᠠ᠂ ᠶᠢᠰᠦᠨ ᠬᠤᠪᠢ ᠵᠢᠨ ᠨᠠᠶ᠋ᠢᠳᠠᠪᠤᠷᠢᠵᠢᠭᠤᠯᠤᠯᠲᠠ᠃ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠰᠤᠯᠠᠷᠠᠭᠤᠯᠤᠯ ᠦᠭᠡᠢ ᠴᠢᠩᠭ᠎ᠠ ᠠᠳᠬᠤᠵᠤ ᠡᠷᠴᠢᠮᠲᠡᠢ ᠨᠠᠶ᠋ᠢᠳᠠᠪᠤᠷᠢᠵᠢᠭᠤᠯᠬᠤ ᠬᠡᠷᠡᠭᠲᠡᠢ᠂ ᠬᠤᠭᠤᠰᠣᠨ ᠤᠷᠢᠶ᠎ᠠ ᠬᠠᠰᠬᠢᠷᠤᠭ᠋ᠠᠳ ᠨᠠᠶ᠋ᠢᠳᠠᠪᠤᠷᠢᠵᠢᠭᠤᠯᠬᠤ ᠦᠭᠡᠢ ᠪᠠᠶ᠋ᠢᠵᠤ ᠪᠣᠯᠬᠤ ᠦᠭᠡᠢ᠂ ᠨᠡᠩ ᠴᠤ᠌ ᠬᠡᠯᠪᠡᠷᠢᠴᠢ ᠦᠵᠡᠯ᠂ ᠨᠣᠶᠠᠨᠴᠢ ᠰᠤᠷᠲᠠᠯ ᠭᠠᠷᠭ᠋ᠠᠵᠤ ᠪᠣᠯᠬᠤ ᠦᠭᠡᠢ᠃ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠴᠢᠬᠤᠯᠠ ᠪᠦᠬᠦᠢ ᠰᠢᠮᠳᠠᠭᠤᠯᠤᠨ ᠪᠠᠶ᠋ᠢᠴᠠᠭ᠋ᠠᠵᠤ᠂ ᠰᠢᠮᠳᠠᠭᠤᠯᠤᠨ ᠵᠢᠯᠣᠭᠤᠳᠬᠤ ᠠᠵᠢᠯ᠎ᠢ ᠥᠷᠨᠢᠭᠦᠯᠬᠦ ᠬᠡᠷᠡᠭᠲᠡᠢ᠂ ᠭᠡᠪᠡᠴᠦ ᠬᠤᠯᠪᠣᠭᠳᠠᠯ ᠪᠦᠬᠦᠢ ᠠᠵᠢᠯ᠎ᠢ ᠵᠢᠷᠤᠮᠵᠢᠭᠤᠨ ᠬᠢᠵᠦ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠬᠡᠷᠡᠭᠲᠡᠢ᠃

      ᠨᠠᠮ᠎ᠤᠨ ᠠᠵᠤ ᠠᠬᠤᠢ ᠵᠢᠨ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠎ᠳᠤ ᠲᠤᠰᠬᠠᠶ᠋ᠢᠵᠢᠭᠰᠠᠨ ᠴᠢᠳᠠᠪᠤᠷᠢ᠎ᠪᠠᠨ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠤᠳᠤᠷᠢᠳᠤᠨ ᠪᠠᠶ᠋ᠢᠭᠤᠯᠬᠤ ᠮᠡᠷᠭᠡᠵᠢᠯᠲᠡᠨ ᠪᠣᠯᠬᠤ᠎ᠪᠠᠷ ᠴᠢᠷᠮᠠᠶ᠋ᠢᠬᠤ ᠬᠡᠷᠡᠭᠲᠡᠢ —



      ᠴᠢᠳᠠᠪᠤᠷᠢᠲᠠᠨ ᠴᠤᠭᠯᠠᠷᠠᠪᠠᠯ ᠨᠠᠮ ᠰᠠᠶᠢ ᠬᠥᠭᠵᠢᠨ᠎ᠡ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠤᠯᠲᠠ ᠵᠢᠨ ᠬᠤᠷᠳᠤᠴᠠ ᠮᠠᠰᠢ ᠲᠦᠷᠭᠡᠰᠴᠦ᠂ ᠠᠵᠤ ᠠᠬᠤᠢ ᠨᠡᠶ᠋ᠢᠭᠡᠮ᠎ᠤᠨ ᠠᠵᠢᠯᠯᠠᠭ᠋ᠠᠨ᠎ᠤ ᠪᠤᠳᠤᠯᠢᠶᠠᠨᠲᠤ ᠴᠢᠨᠠᠷ ᠪᠦᠬᠦ ᠲᠠᠯ᠎ᠠ᠎ᠪᠠᠷ ᠳᠡᠭᠡᠭᠰᠢᠯᠡᠨ᠎ᠡ᠂ ᠬᠡᠷᠪᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠷᠠᠯᠲᠠ ᠵᠢᠨ ᠬᠠᠨᠳᠤᠰᠢ ᠵᠢ ᠡᠵᠡᠮᠰᠢᠬᠦ ᠦᠭᠡᠢ᠂ ᠰᠢᠨ᠎ᠡ᠎ᠪᠠᠷ ᠬᠥᠭᠵᠢᠭᠰᠡᠨ ᠬᠦᠷᠢᠶ᠎ᠡ ᠴᠠᠷᠠᠭ᠎ᠠ ᠵᠢᠨ ᠪᠠᠶ᠋ᠢᠳᠠᠯ᠎ᠢ ᠣᠶ᠋ᠢᠯᠠᠭ᠋ᠠᠬᠤ ᠦᠭᠡᠢ᠂ ᠤᠯᠠᠨ ᠲᠦᠮᠡᠨ᠎ᠤ ᠬᠦᠰᠡᠯ ᠡᠷᠡᠮᠡᠯᠵᠡᠯ ᠪᠠ ᠬᠦᠰᠡᠯ ᠱᠠᠭ᠋ᠠᠷᠳᠠᠯᠭ᠎ᠠ ᠵᠢᠨ ᠬᠤᠪᠢᠷᠠᠯᠲᠠ᠎ᠳᠤ ᠰᠡᠷᠡᠭᠳᠡᠯ ᠦᠭᠡᠢ ᠪᠣᠯ ᠠᠵᠤ ᠠᠬᠤᠢ ᠵᠢᠨ ᠠᠵᠢᠯ᠎ᠢ ᠰᠠᠶ᠋ᠢᠲᠤᠷ ᠵᠢᠯᠣᠭᠤᠳᠬᠤ ᠵᠢᠨ ᠠᠷᠭ᠎ᠠ ᠦᠭᠡᠢ ᠪᠥᠭᠡᠳ ᠣᠳᠣᠬᠢᠴᠢᠯᠠᠭᠰᠠᠨ ᠪᠦᠳᠦᠭᠡᠨ ᠪᠠᠶ᠋ᠢᠭᠤᠯᠤᠯᠲᠠ ᠵᠢ ᠴᠤ᠌ ᠤᠳᠤᠷᠢᠳᠬᠤ ᠵᠢᠨ ᠠᠷᠭ᠎ᠠ ᠦᠭᠡᠢ ᠶᠤᠮ᠃

      ᠠᠵᠤ ᠠᠬᠤᠢ ᠵᠢᠨ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠎ᠳᠤ ᠬᠥᠭᠵᠢᠯᠲᠡ ᠪᠠ ᠠᠮᠤᠷ ᠲᠦᠪᠰᠢᠨ᠎ᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠠᠳᠬᠤᠬᠤ ᠬᠡᠷᠡᠭᠲᠡᠢ —

      ᠰᠢᠨ᠎ᠡ ᠠᠶᠠᠨ᠎ᠢ ᠡᠬᠢᠯᠡᠭᠦᠯᠵᠦ᠂ ᠮᠠᠨ᠎ᠤ ᠤᠯᠤᠰ᠎ᠤᠨ ᠬᠥᠭᠵᠢᠯᠲᠡ ᠠᠶᠤᠯ ᠲᠦᠭᠰᠢᠭᠦᠷᠢ ᠠᠮᠠᠷᠬᠠᠨ ᠡᠭᠦᠰᠬᠦ ᠤᠯᠠᠨ ᠡᠭᠦᠰᠬᠦ ᠬᠤᠭᠤᠴᠠᠭ᠋ᠠᠨ᠎ᠳᠤ ᠣᠷᠣᠪᠠᠯ᠂ ᠡᠯ᠎ᠡ ᠵᠦᠢ᠍ᠯ᠎ᠤᠨ ᠵᠥᠷᠢᠴᠡᠯ ᠪᠠ ᠠᠰᠠᠭᠤᠳᠠᠯ ᠬᠠᠷᠢᠯᠴᠠᠨ ᠰᠣᠯᠪᠢᠴᠠᠬᠤ ᠪᠣᠯᠣᠨ᠎ᠠ᠂ ᠠᠮᠤᠷ ᠲᠦᠪᠰᠢᠨ ᠬᠥᠭᠵᠢᠯᠲᠡ ᠵᠢᠨ ᠬᠥᠪᠴᠢ ᠵᠢ ᠴᠢᠩᠭ᠋ᠠᠯᠠᠬᠤ ᠬᠡᠷᠡᠭᠲᠡᠢ᠃

      ᠤᠷᠤᠭᠰᠢᠯᠠᠯᠲᠠ ᠵᠢᠨ ᠵᠠᠮ ᠳᠡᠭᠡᠷᠡᠬᠢ ᠰᠢᠨ᠎ᠡ ᠥᠷᠢᠰᠥᠯᠳᠦᠭᠡᠨ᠎ᠤ ᠡᠮᠦᠨ᠎ᠡ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ ᠶᠡᠭᠡ ᠬᠠᠨᠳᠤᠰᠢ ᠵᠢ ᠪᠠᠶ᠋ᠢᠩᠭᠤ ᠠᠵᠢᠭᠯᠠᠨ᠂ ᠶᠡᠭᠡ ᠲᠠᠯ᠎ᠠ ᠵᠢ ᠪᠠᠶ᠋ᠢᠩᠭᠤ ᠪᠣᠳᠣᠯᠬᠢᠯᠠᠵᠤ᠂ ᠬᠤᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠨ᠂ ᠰᠠᠨᠠᠭ᠋ᠠᠰᠢᠷᠠᠬᠤ ᠤᠬᠠᠮᠰᠠᠷ ᠵᠶ᠋ᠠᠨ ᠴᠢᠩᠭ᠋ᠠᠳᠬᠠᠵᠤ᠂ 《ᠰᠠᠯᠬᠢ ᠰᠥᠷᠴᠦ ᠣᠩᠭᠤᠴᠠ ᠰᠡᠯᠢᠬᠦ》 ᠦᠵᠡᠯ ᠰᠠᠨᠠᠭ᠎ᠠ ᠪᠣᠯᠤᠨ ᠠᠵᠢᠯ᠎ᠤᠨ ᠪᠡᠯᠡᠳᠬᠡᠯ᠎ᠢ ᠰᠠᠶ᠋ᠢᠲᠤᠷ ᠬᠢᠵᠦ᠂ ᠤᠷᠢᠳᠴᠢᠯᠠᠵᠤ ᠪᠡᠯᠡᠳᠬᠡᠨ ᠰᠠᠨᠠᠭ᠋ᠠᠴᠢᠯᠠᠭ᠋ᠠᠲᠤ ᠳᠠᠶ᠋ᠢᠨ᠎ᠢ ᠰᠠᠶ᠋ᠢᠲᠤᠷ ᠬᠢᠬᠦ ᠬᠡᠷᠡᠭᠲᠡᠢ᠃ ᠵᠠᠷᠢᠮ ᠭᠤᠣᠯᠳᠠᠯᠭ᠎ᠠ᠎ᠲᠠᠢ ᠬᠦᠷᠢᠶᠡᠨ᠎ᠳᠠᠬᠢ ᠨᠦᠯᠦᠭᠡᠯᠡᠯ ᠶᠡᠬᠡᠲᠡᠢ ᠳᠠᠯᠳᠠ ᠬᠢᠮᠤᠷᠠᠯ ᠪᠠ ᠲᠥᠰᠥᠭᠡᠯᠡᠬᠦᠶ᠎ᠡ ᠪᠡᠷᠬᠡ ᠮᠦᠷᠲᠡᠭᠡᠨ ᠶᠡᠷᠦ ᠪᠣᠰᠤ ᠵᠢᠨ ᠬᠡᠷᠡᠭ᠎ᠢ ᠴᠢᠩᠭ᠎ᠠ ᠰᠡᠷᠭᠡᠶ᠋ᠢᠯᠡᠵᠦ᠂ ᠡᠯ᠎ᠡ ᠲᠦᠷᠦᠯ᠎ᠤᠨ ᠠᠶᠤᠯ ᠲᠦᠭᠰᠢᠭᠦᠷᠢ ᠵᠢᠨ ᠭᠡᠮ ᠰᠣᠭᠤᠭ᠎ᠢ ᠰᠡᠷᠭᠡᠶ᠋ᠢᠯᠡᠨ ᠠᠷᠢᠯᠭ᠋ᠠᠬᠤ 《ᠪᠤᠯᠤᠳ ᠬᠡᠷᠡᠮ ᠲᠡᠮᠦᠷ ᠬᠠᠨ᠎ᠠ》 ᠵᠢ ᠪᠠᠲᠤ ᠴᠣᠭᠴᠠᠯᠠᠬᠤ ᠬᠡᠷᠡᠭᠲᠡᠢ᠃



      ᠵᠢᠯ᠎ᠤᠨ ᠡᠴᠦᠰ ᠣᠨ᠎ᠤ ᠡᠬᠢᠨ ᠪᠣᠯᠬᠤ᠎ᠳᠤ᠂ ᠡᠯ᠎ᠡ ᠵᠦᠢ᠍ᠯ᠎ᠤᠨ ᠠᠵᠢᠯ᠎ᠢ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠠᠯ᠎ᠠ᠎ᠪᠠᠷ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠵᠦ᠂ ᠳᠣᠲᠣᠭ᠋ᠠᠳᠤ᠎ᠳᠤ᠎ᠪᠠᠨ ᠲᠠᠬᠢᠨ ᠡᠭᠦᠰᠬᠦ ᠵᠢ ᠰᠡᠷᠭᠡᠶ᠋ᠢᠯᠡᠬᠦ》 ᠠᠵᠢᠯ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠶ᠋ᠢᠲᠤᠷ ᠠᠳᠬᠤᠵᠤ᠂ ᠴᠢᠩᠭ᠎ᠠ ᠰᠡᠷᠭᠡᠶ᠋ᠢᠯᠡᠨ ᠰᠠᠬᠢᠵᠤ᠂ ᠬᠡᠪᠴᠢᠶᠡᠲᠦ ᠴᠢᠨᠠᠷᠲᠠᠢ᠎ᠪᠠᠷ ᠬᠠᠯᠳᠠᠪᠤᠷᠢᠯᠠᠨ ᠣᠷᠣᠵᠤ ᠢᠷᠡᠬᠦ ᠪᠠ ᠲᠠᠬᠢᠨ ᠳᠡᠯᠭᠡᠷᠡᠬᠦ ᠪᠠᠶ᠋ᠢᠳᠠᠯ ᠭᠠᠷᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ; ᠬᠤᠶᠠᠷ ᠪᠠᠶᠠᠷ᠎ᠤᠨ ᠬᠤᠭᠤᠴᠠᠭ᠋ᠠᠨ᠎ᠤ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠰᠠᠶ᠋ᠢᠲᠤᠷ ᠲᠤᠬᠢᠷᠠᠭᠤᠯᠵᠤ᠂ ᠠᠷᠠᠳ᠎ᠤᠨ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠨ᠂ ᠬᠦᠴᠢᠷᠳᠡᠯᠲᠡᠢ ᠬᠥᠮᠦᠰ᠎ᠤᠨ ᠦᠨᠳᠦᠰᠦᠨ ᠵᠦᠢ᠍ᠯ᠎ᠢ ᠪᠠᠲᠤᠯᠠᠨ ᠳᠠᠭ᠋ᠠᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ ᠁

      ᠳᠤᠮᠳᠠᠳᠤ ᠤᠯᠤᠰ᠎ᠤᠨ ᠶᠠᠪᠤᠳᠠᠯ᠎ᠢ ᠰᠠᠶ᠋ᠢᠲᠤᠷ ᠬᠢᠬᠦ ᠵᠢᠨ ᠵᠠᠩᠭᠢᠯᠠᠭ᠎ᠠ᠎ᠨᠢ ᠨᠠᠮ᠎ᠳᠤ ᠪᠠᠶ᠋ᠢᠨ᠎ᠠ᠂ ᠬᠥᠮᠦᠨ᠎ᠳᠤ ᠪᠠᠶ᠋ᠢᠨ᠎ᠠ᠃

      ᠰᠢᠨ᠎ᠡ ᠠᠶᠠᠨ᠎ᠤ ᠤᠷᠤᠭᠰᠢᠯᠠᠯᠲᠠ ᠵᠢᠨ ᠪᠦᠷᠢᠶ᠎ᠡ ᠨᠢᠭᠡᠨᠲᠡ ᠬᠠᠩᠭᠢᠨᠠᠯ᠎ᠠ᠃ ᠢᠷᠡᠬᠦ ᠵᠢᠯ᠎ᠤᠨ ᠠᠵᠤ ᠠᠬᠤᠢ ᠵᠢᠨ ᠠᠵᠢᠯ᠎ᠢ ᠰᠠᠶ᠋ᠢᠲᠤᠷ ᠬᠢᠬᠦ ᠡᠭᠦᠷᠭᠡ ᠮᠠᠰᠢ ᠬᠦᠨᠳᠦ ᠪᠠᠶ᠋ᠢᠨ᠎ᠠ᠂ ᠪᠦᠬᠦ ᠨᠠᠮ ᠵᠶ᠋ᠠᠷ ᠵᠶ᠋ᠠᠨ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠢᠭᠲᠠᠷᠠᠨ ᠪᠦᠯᠬᠦᠮᠳᠡᠵᠦ᠂ 14 ᠳ᠋ᠦᠩᠰᠢᠭᠤᠷ ᠳᠤᠮᠳᠠᠳᠤ ᠤᠯᠤᠰ᠎ᠤᠨ ᠠᠷᠠᠳ ᠲᠦᠮᠡᠨ᠎ᠤ ᠰᠦᠷ ᠳᠠᠯᠠᠶ᠋ᠢᠴᠠᠲᠠᠢ ᠠᠤᠭ᠎ᠠ ᠬᠦᠴᠦᠨ᠎ᠢ ᠨᠢᠭᠲᠠᠷᠠᠭᠤᠯᠤᠨ᠂ ᠰᠢᠯᠢᠳᠡᠭ ᠠᠮᠵᠢᠯᠲᠠ᠎ᠪᠠᠷ ᠵᠶ᠋ᠠᠨ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠤᠭᠲᠤᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠴᠥᠬᠦᠷᠡᠰᠢ ᠦᠭᠡᠢ ᠲᠡᠮᠡᠴᠡᠵᠡᠭᠡᠶ᠎ᠡ!


ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠤᠬᠠᠢ᠌ᠯᠠᠭᠰᠠᠨ ᠠᠵᠢᠯ᠎ᠢ ᠭᠤᠤᠯᠯᠠᠨ ᠬᠠᠮᠢᠶᠠᠷᠤᠭᠴᠢ ᠪᠠ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠭᠣᠤᠯ ᠬᠠᠷᠢᠭᠤᠴᠠᠯᠭ᠋ᠠᠲᠠᠨ᠎ᠤ ᠰᠠᠭᠤᠳᠠᠯ᠎ᠤᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ2020 ᠣᠨ᠎ᠤ ᠬᠡᠷᠡᠭ ᠡᠷᠬᠢᠯᠡᠭᠴᠢᠳ᠎ᠤᠨ ᠬᠤᠷᠠᠯ᠎ᠢ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠥᠲᠥᠯᠪᠦᠷᠢ ᠵᠢᠨ ᠲᠤᠬᠠᠶ ᠰᠠᠨᠠᠯ ᠬᠤᠷᠢᠶᠠᠬᠤ ᠶᠠᠷᠢᠯᠴᠠᠭ᠋ᠠᠨ᠎ᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠮᠠᠤ ᠽᠸ ᠳ᠋ᠦᠩ᠎ᠤᠨ ᠱᠤᠭᠤᠮᠠᠯ ᠬᠦᠷᠦᠭ᠎ᠲᠤ ᠴᠡᠴᠡᠭᠲᠦ ᠰᠠᠭᠰᠤ ᠡᠷᠭᠦᠨ ᠪᠠᠷᠢᠬᠤ ᠶᠣᠰᠣᠯᠠᠯ ᠶᠠᠪᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠤᠯᠤᠰ ᠲᠥᠷᠥ ᠵᠢᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ 2021 ᠣᠨ᠎ᠤ ᠠᠵᠢᠯ᠎ᠢ ᠲᠥᠯᠥᠪᠵᠢᠭᠦᠯᠦᠨ ᠪᠠᠢ᠌ᠷᠢᠯᠠᠭᠤᠯᠪᠠ
 
            