ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠤᠬᠠᠢ᠌ᠯᠠᠭᠰᠠᠨ ᠠᠵᠢᠯ᠎ᠢ ᠭᠤᠤᠯᠯᠠᠨ ᠬᠠᠮᠢᠶᠠᠷᠤᠭᠴᠢ ᠪᠠ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠭᠣᠤᠯ ᠬᠠᠷᠢᠭᠤᠴᠠᠯᠭ᠋ᠠᠲᠠᠨ᠎ᠤ ᠰᠠᠭᠤᠳᠠᠯ᠎ᠤᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄ 2020-12-28

      ᠲᠤᠬᠠᠢ᠌ᠯᠠᠭᠰᠠᠨ ᠠᠵᠢᠯ᠎ᠤᠨ ᠭᠤᠤᠯᠯᠠᠨ ᠬᠠᠮᠢᠶᠠᠷᠤᠭᠴᠢ ᠪᠠ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠲᠤᠬᠠᠢ᠌ᠯᠠᠭᠰᠠᠨ ᠠᠵᠢᠯ᠎ᠤᠨ ᠭᠣᠤᠯᠴᠢᠯᠠᠨ ᠬᠠᠮᠢᠶᠠᠷᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠵᠢᠨ ᠲᠤᠰᠠᠳᠠ᠂ 12 ᠳ᠋ᠤᠭ᠋ᠠᠷ ᠰᠠᠷ᠎ᠠ ᠵᠢᠨ 21  ᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠤᠬᠠᠢ᠌ᠯᠠᠭᠰᠠᠨ ᠠᠵᠢᠯ᠎ᠤᠨ ᠭᠤᠤᠯᠯᠠᠨ ᠬᠠᠮᠢᠶᠠᠷᠤᠭᠴᠢ ᠪᠠ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠭᠣᠤᠯ ᠬᠠᠷᠢᠭᠤᠴᠠᠯᠭ᠋ᠠᠲᠠᠨ᠎ᠤ ᠰᠠᠭᠤᠳᠠᠯ᠎ᠤᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ   ᠢᠦᠢ ᡁᠢ ᠭᠦᠸᠧ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠶ᠃



      ᠬᠤᠷᠠᠯ᠎ᠠᠴᠠ ᠥᠪᠥᠷ ᠮᠣᠩᠭᠣᠯ᠎ᠤᠨ ᠤᠯᠠᠭ᠋ᠠᠨᠮᠥ᠋ᠴᠢᠷ᠎ᠤᠨ ᠨᠡᠢ᠌ᠭᠡᠮᠯᠢᠭ᠂ ᠥᠪᠥᠷ ᠮᠣᠩᠭᠣᠯ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠨᠡᠢ᠌ᠭᠡᠮᠯᠢᠭ᠂ ᠥᠪᠥᠷ ᠮᠣᠩᠭᠣᠯ᠎ᠤᠨ ᠦᠵᠡᠰᠬᠦᠯᠡᠩ ᠴᠤᠭᠯᠠᠭ᠋ᠠᠨ᠎ᠤ ᠠᠵᠤ ᠠᠬᠤᠶ ᠵᠢᠨ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠰᠤᠳᠤᠯᠭ᠋ᠠᠨ᠎ᠤ ᠬᠤᠷᠠᠯ᠂ ᠥᠪᠥᠷ ᠮᠣᠩᠭᠣᠯ᠎ᠤᠨ 《ᠰᠡᠴᠡᠨ ᠲᠠᠨ᠎ᠠ ᠤᠷᠠᠯᠢᠭ᠎ᠤᠨ ᠮᠦᠽᠧᠶ》 ᠵᠢᠨ ᠶᠠᠷᠢᠶ᠎ᠠ ᠢᠯᠡᠳᠬᠡᠯ᠎ᠤᠨ ᠰᠤᠯᠢᠯᠴᠠᠭ᠎ᠠ ᠵᠢ ᠰᠣᠨᠣᠰᠴᠤ᠂ ᠲᠢᠩᠬᠢᠮ᠎ᠤᠨ ᠪᠠᠢ᠌ᠭᠤᠯᠭ᠎ᠠ ᠵᠢᠨ ᠠᠵᠢᠯᠲᠠᠨ᠎ᠤ ᠶᠠᠪᠤᠳᠠᠯ᠎ᠤᠨ ᠭᠠᠵᠠᠷ᠂ ᠡᠳ᠋᠎ᠤᠨ ᠶᠠᠪᠤᠳᠠᠯ᠎ᠤᠨ ᠭᠠᠵᠠᠷ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠎ᠠᠴᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠲᠠᠨ᠎ᠤ ᠶᠠᠪᠤᠳᠠᠯ᠂ ᠡᠳ᠋᠎ᠤᠨ ᠶᠠᠪᠤᠳᠠᠯ᠂ ᠨᠠᠮ᠎ᠤᠨ ᠪᠠᠢ᠌ᠭᠤᠯᠤᠯᠲᠠ ᠵᠡᠷᠭᠡ ᠬᠠᠮᠢᠶᠠᠷᠤᠯᠲᠠ ᠵᠢ ᠵᠢᠷᠤᠮᠵᠢᠭᠤᠯᠬᠤ ᠲᠤᠬᠠᠶ ᠲᠣᠰ ᠲᠣᠰ ᠠᠵᠢᠯ᠎ᠤᠨ ᠱᠠᠭ᠋ᠠᠷᠳᠠᠯᠭ᠎ᠠ ᠳᠤᠷᠠᠳᠴᠤ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠵᠢᠨ ᠮᠦᠽᠧᠶ ᠵᠢᠨ ᠭᠠᠵᠠᠷ᠎ᠠᠴᠠ ᠠᠷᠠᠳ᠎ᠠᠴᠠ ᠡᠷᠭᠢᠯᠡᠭᠰᠡᠨ ᠮᠦᠽᠧᠶ ᠵᠢᠨ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠬᠤ ᠲᠤᠬᠠᠶ ᠲᠣᠳᠣᠷᠬᠠᠶ ᠪᠣᠳᠠᠲᠠᠶ ᠱᠠᠭ᠋ᠠᠷᠳᠠᠯᠭ᠎ᠠ ᠳᠤᠷᠠᠳᠪᠠ᠃
      ᠢᠦᠢ ᡁᠢ ᠭᠦᠸᠧ ᠨᠥᠬᠥᠷ ᠶᠠᠷᠢᠶᠠᠨ᠎ᠳᠤ᠎ᠪᠠᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠣᠯ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠥᠨᠳᠥᠷ ᠲᠦᠪᠰᠢᠨ ᠪᠦᠬᠦᠢ ᠠᠭᠤᠰᠤᠯᠴᠠᠯ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠴᠢᠬᠤᠯᠠ ᠬᠦᠴᠦᠨ ᠮᠥᠨ᠃ ᠣᠯᠠᠨ ᠵᠢᠯ᠎ᠤᠨ ᠲᠤᠷᠰᠢ᠂ ᠣᠷᠣᠨ᠎ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠲᠤᠬᠠᠢ᠌ᠯᠠᠭᠰᠠᠨ ᠠᠵᠢᠯ᠎ᠤᠨ ᠭᠤᠤᠯᠯᠠᠨ ᠬᠠᠮᠢᠶᠠᠷᠤᠭᠴᠢ ᠪᠠ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠢ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ᠂ ᠴᠢᠩᠭ᠋ᠠᠳᠬᠠᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠢᠳᠡᠪᠬᠢᠲᠡᠶ᠎ᠪᠠᠷ ᠡᠷᠴᠢᠮᠵᠢᠭᠦᠯᠦᠨ᠂ ᠳᠣᠲᠣᠭ᠋ᠠᠳᠤ᠎ᠳᠤ᠎ᠬᠢ ᠬᠠᠮᠢᠶᠠᠷᠤᠯᠲᠠ ᠵᠢ ᠲᠠᠰᠤᠷᠠᠯᠲᠠ ᠤᠢ᠍ᠭᠡᠢ ᠵᠢᠷᠤᠮᠵᠢᠭᠤᠯᠵᠤ᠂ ᠳᠠᠩᠰᠠᠯᠠᠨ ᠬᠠᠮᠢᠶᠠᠷᠬᠤ ᠪᠠᠢ᠌ᠭᠤᠯᠭ᠎ᠠ ᠵᠢᠨ ᠬᠢᠨᠠᠯᠲᠠ ᠬᠠᠮᠢᠶᠠᠷᠤᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠨ ᠠᠪᠴᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠦᠢᠯᠡᠰ᠂ ᠰᠣᠶᠣᠯ᠎ᠤᠨ ᠠᠵᠤ ᠦᠢᠯᠡᠰ ᠪᠣᠯᠤᠨ ᠵᠢᠭᠤᠯᠴᠢᠯᠠᠯ᠎ᠤᠨ ᠦᠢᠯᠡᠰ᠎ᠤᠨ ᠬᠥᠭᠵᠢᠯᠲᠡ᠎ᠳᠤ ᠢᠳᠡᠪᠬᠢᠲᠡᠶ᠎ᠪᠠᠷ ᠬᠦᠴᠦᠨ ᠴᠢᠳᠠᠯ ᠵᠶ᠋ᠠᠨ ᠡᠷᠭᠦᠵᠦ᠂ ᠠᠰᠢᠭᠲᠠᠢ ᠦᠢᠯᠡᠳᠦᠯ ᠵᠶ᠋ᠡᠨ ᠪᠠᠳᠠᠷᠠᠭᠤᠯᠤᠨ᠂ ᠢᠳᠡᠪᠬᠢᠲᠡᠶ ᠬᠤᠪᠢ ᠨᠡᠮᠡᠷᠢ ᠦᠵᠡᠭᠦᠯᠪᠡ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ ᠴᠢᠬᠤᠯᠠᠴᠢᠯᠠᠭᠰᠠᠨ᠎ᠨᠢ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶᠠᠨ᠎ᠤ ᠬᠠᠮᠢᠶ᠎ᠠ ᠪᠦᠬᠦᠢ ᠭᠠᠵᠠᠷ ᠭᠡᠷ᠂ ᠪᠠᠢ᠌ᠭᠤᠯᠭ᠎ᠠ ᠨᠢᠭᠡᠴᠢ ᠵᠢᠴᠢ ᠡᠯ᠎ᠡ ᠲᠤᠬᠠᠢ᠌ᠯᠠᠭᠰᠠᠨ ᠠᠵᠢᠯ᠎ᠤᠨ ᠭᠣᠣᠯᠯᠠᠨ ᠬᠠᠮᠢᠶᠠᠷᠤᠭᠴᠢ ᠪᠠ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠲᠤᠮᠲᠠᠲᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ ᠎ᠤ ᠪᠦᠬᠦ ᠤᠯᠤᠰ᠎ᠤᠨ ᠲᠦᠯᠦᠭᠡᠯᠡᠭᠴᠢᠳ᠎ᠤᠨ ᠶᠡᠬᠡ ᠬᠤᠷᠠᠯ ᠵᠢᠴᠢ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠲᠤᠭ᠋ᠠᠷ᠂ ᠲᠦᠷᠪᠡᠲᠦᠭᠡᠷ᠂ ᠲᠠᠪᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠮᠵᠢ ᠪᠤᠯᠭ᠋ᠠᠨ᠂ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠰᠢᠨ᠎ᠡ ᠵᠣᠷᠢᠭ ᠰᠠᠨᠠᠭ᠎ᠠ ᠰᠢᠨ᠎ᠡ ᠱᠠᠭ᠋ᠠᠷᠳᠠᠯᠭ᠎ᠠ᠂ ᠤᠨᠴᠠᠭ᠋ᠠᠢ᠌ᠯᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠨᠡᠢ᠌ᠲᠡᠯᠡᠭᠰᠡᠨ ᠪᠣᠳᠠᠲᠠᠶ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠨᠠᠷᠢᠨ ᠬᠢᠨᠠᠮᠠᠭ᠋ᠠᠶ   ᠲᠤᠭᠤᠰᠢᠯᠠᠭᠤᠯᠤᠨ   ᠨᠠᠢ᠌ᠳᠠᠪᠤᠷᠢᠵᠢᠭᠤᠯᠤᠨ᠂   ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠪᠣᠳᠠᠲᠤ ᠪᠠᠢ᠌ᠳᠠᠯ᠎ᠠᠴᠠ ᠡᠭᠦᠰᠴᠦ᠂ ᠣᠷᠣᠨ᠎ᠤ ᠰᠢᠭᠤᠳ ᠬᠠᠷᠢᠶ᠎ᠠ ᠰᠣᠶᠣᠯ   ᠪᠠ ᠵᠢᠭᠤᠯᠴᠢᠯᠠᠯ᠎ᠤᠨ ᠰᠢᠰᠲ᠋ᠧᠮ᠎ᠤᠨ ᠲᠤᠬᠠᠢ᠌ᠯᠠᠭᠰᠠᠨ ᠠᠵᠢᠯ᠎ᠤᠨ ᠭᠤᠤᠯᠯᠠᠨ ᠬᠠᠮᠢᠶᠠᠷᠤᠭᠴᠢ ᠪᠠ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ   ᠵᠢᠨ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠶ ᠰᠠᠢ᠌ᠲᠤᠷ ᠬᠢᠬᠦ ᠬᠡᠷᠡᠭᠲᠠᠢ ᠬᠡᠪᠡ᠃
      ᠬᠤᠷᠠᠯ ᠳᠡᠭᠡᠷ᠎ᠡ᠂ ᠡᠯ᠎ᠡ ᠲᠤᠬᠠᠢ᠌ᠯᠠᠭᠰᠠᠨ ᠠᠵᠢᠯ᠎ᠤᠨ ᠭᠤᠤᠯᠯᠠᠨ ᠬᠠᠮᠢᠶᠠᠷᠤᠭᠴᠢ ᠪᠣᠯᠤᠨ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠢ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠵᠢᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠰᠣᠶᠣᠯ᠂ ᠤᠷᠠᠯᠢᠭ᠂ ᠲᠡᠦᠬᠡ ᠵᠢᠨ ᠳᠤᠷᠠᠰᠬᠠᠯᠲᠤ ᠵᠦᠢ᠍ᠯᠡᠰ᠂ ᠵᠢᠭᠤᠯᠴᠢᠯᠠᠯ ᠵᠡᠷᠭᠡ ᠵᠢᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠪᠠᠷ ᠤᠯᠤᠰ ᠲᠦᠷᠦ ᠵᠢᠨ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ 《ᠲᠦᠷᠪᠡᠨ ᠤᠬᠠᠮᠰᠠᠷ》᠎ᠢ ᠪᠠᠲᠤ ᠪᠤᠢ ᠪᠣᠯᠭ᠋ᠠᠵᠤ᠂  《ᠲᠦᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠬᠡᠷᠡᠭᠲᠡᠢ; ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠪᠡᠬᠢᠯᠡᠯᠲᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ ᠵᠶ᠋ᠡᠨ ᠪᠠᠳᠠᠷᠠᠭᠤᠯᠬᠤ ᠲᠦᠷᠢᠮ ᠪᠠ ᠲᠣᠭᠲᠠᠴᠠ ᠵᠢ ᠲᠡᠭᠦᠯᠳᠡᠷᠵᠢᠭᠦᠯᠦᠨ᠂ ᠠᠷᠠᠳᠴᠢᠯᠠᠯ ᠲᠥᠪᠯᠡᠷᠡᠯ᠎ᠤᠨ ᠶᠣᠰᠣ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠨᠠᠮ᠎ᠤᠨ ᠵᠣᠬᠢᠶᠠᠨ ᠪᠠᠢ᠌ᠭᠤᠯᠤᠯᠲᠠ᠎ᠨᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠬᠤᠯᠠ ᠬᠡᠷᠡᠭ ᠶᠠᠪᠤᠳᠠᠯ᠎ᠤᠨ ᠰᠢᠢ᠍ᠳᠪᠦᠷᠢᠲᠦ ᠪᠤᠳᠤᠯᠭ᠎ᠠ ᠵᠢᠨ ᠲᠤᠭᠲᠠᠭ᠋ᠠᠯᠲᠠ᠂ ᠲᠤᠬᠠᠢ᠌ᠯᠠᠭᠰᠠᠨ ᠠᠵᠢᠯ᠎ᠤᠨ ᠴᠢᠬᠤᠯᠠ ᠠᠵᠢᠯᠯᠠᠭ᠎ᠠ᠂ ᠶᠡᠬᠡ ᠲᠣᠭ᠋ᠠᠨ᠎ᠤ ᠵᠠᠷᠤᠳᠠᠯ᠂ ᠶᠡᠬᠡ ᠲᠣᠭ᠋ᠠᠨ᠎ᠤ ᠬᠠᠨᠳᠢᠪ ᠬᠦᠷᠭᠡᠯᠲᠡ ᠵᠢ ᠬᠦᠯᠢᠶᠡᠨ ᠠᠪᠬᠤ᠂ ᠭᠠᠳᠠᠭ᠋ᠠᠳᠤ᠎ᠲᠠᠢ ᠬᠣᠯᠪᠣᠭᠳᠠᠬᠤ ᠠᠵᠢᠯᠯᠠᠭ᠎ᠠ ᠵᠢ ᠥᠷᠨᠢᠭᠦᠯᠬᠦ ᠵᠡᠷᠭᠡ ᠲᠠᠯ᠎ᠠ᠎ᠪᠠᠷ ᠦᠷᠭᠦᠯᠵᠢ ᠰᠠᠨᠠᠯ ᠳᠤᠷᠠᠳᠬᠤ ᠬᠡᠷᠡᠭᠲᠡᠢ ᠭᠡᠵᠦ ᠱᠠᠭ᠋ᠠᠷᠳᠠᠪᠠ᠃
      ᠬᠤᠷᠠᠯ ᠳᠡᠭᠡᠷ᠎ᠡ᠂ ᠣᠷᠣᠨ᠎ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠲᠤᠬᠠᠢ᠌ᠯᠠᠭᠰᠠᠨ ᠠᠵᠢᠯ᠎ᠤᠨ ᠭᠤᠤᠯᠯᠠᠨ ᠬᠠᠮᠢᠶᠠᠷᠤᠭᠴᠢ ᠪᠠ   ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠤᠭᠤᠳ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠶᠡᠷᠦᠩᠬᠡᠶ ᠪᠠᠢ᠌ᠷᠢᠯᠠᠭᠤᠯᠤᠯᠲᠠ ᠵᠢᠴᠢ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠥᠪ᠎ᠤᠨ ᠠᠵᠢᠯ᠎ᠤᠨ ᠲᠣᠭᠣᠷᠢᠨ᠎ᠳᠤ᠂ ᠬᠦᠴᠦᠨ ᠵᠶ᠋ᠡᠨ ᠨᠢᠭᠲᠠᠷᠠᠭᠤᠯᠬᠤ᠂ ᠡᠬᠢ ᠪᠠᠶᠠᠯᠢᠭ   ᠪᠣᠯᠤᠨ ᠲᠤᠰᠬᠠᠶ ᠮᠡᠷᠭᠡᠵᠢᠯ᠎ᠢ ᠰᠢᠯᠵᠢᠬᠦᠯᠬᠦ ᠵᠡᠷᠭᠡ ᠲᠠᠯ᠎ᠠ ᠵᠢᠨ ᠴᠢᠳᠠᠪᠤᠷᠢ ᠪᠣᠯᠤᠨ ᠳᠠᠪᠠᠭᠤᠯᠢᠭ ᠵᠶ᠋ᠠᠨ ᠬᠦᠢ᠍ᠴᠡᠳ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠨ᠂ ᠢᠳᠡᠪᠬᠢᠲᠡᠶ ᠲᠡᠮᠡᠴᠡᠨ᠂ ᠣᠯᠠᠨ ᠨᠡᠢ᠌ᠲᠡ ᠵᠢᠨ ᠦᠢᠯᠡᠴᠢᠯᠡᠭᠡ ᠵᠢ ᠡᠭᠦᠷᠭᠡᠯᠡᠬᠦ᠂ ᠣᠶᠤᠨ᠎ᠤ ᠳᠡᠮᠵᠢᠯᠭᠡ ᠬᠠᠩᠭ᠋ᠠᠬᠤ᠂ ᠰᠢᠨᠵᠢᠯᠡᠬᠦ ᠤᠬᠠᠭ᠋ᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠦᠢ᠍ᠯᠡᠴᠢᠯᠡᠬᠦ ᠵᠡᠷᠭᠡ ᠲᠠᠯ᠎ᠠ᠎ᠪᠠᠷ ᠨᠠᠩ ᠶᠡᠬᠡ ᠦᠢᠯᠡᠳᠦᠯ ᠪᠠᠳᠠᠷᠠᠭᠤᠯᠵᠤ᠂ ᠡᠯ᠎ᠡ ᠱᠠᠲᠤᠨ᠎ᠤ᠂ ᠡᠯ᠎ᠡ ᠲᠦᠷᠦᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠡᠪ ᠳᠠᠭᠤᠷᠢᠶᠠᠯ ᠪᠠ ᠦᠯᠢᠭᠡᠷ ᠳᠠᠭᠤᠷᠢᠶᠠᠯ ᠪᠣᠯᠬᠤ᠎ᠪᠠᠷ ᠴᠢᠷᠮᠠᠢ᠌ᠬᠤ ᠬᠡᠷᠡᠭᠲᠡᠢ; ᠪᠦᠬᠦ ᠣᠷᠣᠨ᠎ᠤ ᠰᠣᠶᠣᠯ᠎ᠤᠨ ᠦᠢᠯᠡᠰ᠂ ᠰᠣᠶᠣᠯ᠎ᠤᠨ ᠠᠵᠤ ᠦᠢᠯᠡᠰ ᠪᠠ ᠵᠢᠭᠤᠯᠴᠢᠯᠠᠯ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ᠎ᠳᠤ ᠬᠤᠪᠢ ᠨᠡᠮᠡᠷᠢ ᠦᠵᠡᠬᠦᠯᠬᠦ᠎ᠪᠠᠷ ᠴᠢᠷᠮᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠳᠡᠭᠡᠷ᠎ᠡ᠂ ᠡᠯ᠎ᠡ ᠲᠤᠬᠠᠢ᠌ᠯᠠᠭᠰᠠᠨ ᠠᠵᠢᠯ᠎ᠤᠨ ᠭᠤᠤᠯᠯᠠᠨ ᠬᠠᠮᠢᠶᠠᠷᠬᠤ ᠭᠠᠵᠠᠷ ᠭᠡᠷ ᠪᠣᠯᠤᠨ ᠬᠣᠯᠪᠣᠭᠳᠠᠯ ᠪᠦᠬᠦᠢ ᠨᠢᠭᠡᠴᠢ᠎ᠨᠦᠭᠦᠳ ᠲᠤᠬᠠᠢ᠌ᠯᠠᠭᠰᠠᠨ ᠠᠵᠢᠯ᠎ᠤᠨ ᠭᠤᠤᠯ ᠬᠠᠮᠢᠶᠠᠷᠤᠭᠴᠢ ᠪᠠ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ᠎ᠬᠢ ᠳᠡᠮᠵᠢᠯᠭᠡ ᠪᠣᠯᠤᠨ ᠵᠢᠯᠣᠭᠣᠳᠤᠯᠭ᠎ᠠ᠎ᠪᠠᠨ ᠦᠨᠡᠨ ᠬᠦ᠌ ᠴᠢᠩᠭ᠋ᠠᠳᠬᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠵᠢᠷᠤᠮᠵᠢᠭᠤᠯᠬᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠶᠠᠪᠤᠳᠠᠯ᠎ᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠬᠤ ᠵᠢ ᠴᠢᠬᠤᠯᠠᠴᠢᠯᠠᠨ᠂ ᠦᠢᠯᠡᠴᠢᠯᠡᠭᠡ ᠬᠤᠳᠠᠯᠳᠤᠨ ᠠᠪᠬᠤ᠂ ᠤᠬᠠᠭᠤᠯᠤᠨ ᠤᠷᠮᠠᠰᠢᠭᠤᠯᠬᠤ ᠵᠡᠷᠭᠡ ᠣᠯᠠᠨ ᠵᠦᠢᠯ᠎ᠤᠨ ᠠᠷᠭ᠎ᠠ ᠮᠠᠶᠢᠭ ᠵᠶ᠋ᠠᠷ ᠳᠠᠮᠵᠢᠨ᠂ ᠲᠤᠬᠠᠢ᠌ᠯᠠᠭᠰᠠᠨ ᠠᠵᠢᠯ᠎ᠤᠨ ᠭᠤᠤᠯᠯᠠᠨ ᠬᠠᠮᠢᠶᠠᠷᠤᠭᠴᠢ ᠪᠠ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠣᠶᠣᠯ ᠪᠠ ᠵᠢᠭᠤᠯᠴᠢᠯᠠᠯ᠎ᠤᠨ ᠠᠵᠢᠯ᠎ᠳᠤ ᠣᠷᠣᠯᠴᠠᠬᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠤᠯᠠᠮ ᠨᠢᠭᠡ ᠠᠯᠬᠤᠮ ᠭᠦᠢᠴᠡᠳ ᠳᠠᠢ᠌ᠴᠢᠯᠠᠵᠤ᠂ ᠲᠤᠬᠠᠢ᠌ᠯᠠᠭᠰᠠᠨ ᠠᠵᠢᠯ᠎ᠤᠨ ᠭᠤᠤᠯᠯᠠᠨ ᠬᠠᠮᠢᠶᠠᠷᠤᠭᠴᠢ ᠪᠠ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠰᠣᠶᠣᠯ ᠪᠠ ᠵᠢᠭᠤᠯᠴᠢᠯᠠᠯ᠎ᠤᠨ ᠲᠥᠪ᠎ᠤᠨ ᠠᠵᠢᠯ᠎ᠲᠠᠢ ᠣᠨᠣᠪᠴᠢᠲᠠᠶ᠎ᠪᠠᠷ ᠵᠣᠯᠭ᠋ᠠᠭᠤᠯᠬᠤ ᠵᠢ ᠵᠢᠯᠤᠭᠤᠳᠤᠨ ᠠᠬᠢᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠣᠶᠣᠯ ᠪᠠ ᠵᠢᠭᠤᠯᠴᠢᠯᠠᠯ᠎ᠤᠨ ᠠᠵᠢᠯ᠎ᠳᠤ ᠣᠷᠣᠯᠴᠠᠬᠤ ᠲᠠᠪᠴᠠᠩ᠎ᠢ ᠦᠨᠡᠨ ᠬᠦ᠌ ᠪᠠᠢ᠌ᠭᠤᠯᠵᠤ  ᠂ ᠲᠠᠯᠠᠪᠤᠷ ᠬᠠᠩᠭ᠋ᠠᠬᠤ ᠬᠡᠷᠡᠭᠲᠡᠢ ᠭᠡᠵᠦ ᠱᠠᠭ᠋ᠠᠷᠳᠠᠪᠠ᠃



      ᠰᠣᠶᠣᠯ ᠪᠠ ᠵᠢᠭᠤᠯᠴᠢᠯᠠᠯ᠎ᠤᠨ ᠲᠢᠩᠬᠢᠮ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠤᠪᠴᠢᠶᠠᠨ᠎ᠤ ᠬᠣᠯᠪᠣᠭᠳᠠᠯ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠵᠢᠴᠢ ᠲᠤᠬᠠᠢ᠌ᠯᠠᠭᠰᠠᠨ ᠠᠵᠢᠯ᠎ᠤᠨ ᠭᠣᠣᠯ ᠬᠠᠷᠢᠭᠤᠴᠠᠯᠭ᠋ᠠᠲᠠᠨ ᠪᠣᠯᠤᠨ ᠲᠦᠰᠢᠭᠯᠡᠬᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠭᠣᠣᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ2020 ᠣᠨ᠎ᠤ ᠬᠡᠷᠡᠭ ᠡᠷᠬᠢᠯᠡᠭᠴᠢᠳ᠎ᠤᠨ ᠬᠤᠷᠠᠯ᠎ᠢ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠥᠲᠥᠯᠪᠦᠷᠢ ᠵᠢᠨ ᠲᠤᠬᠠᠶ ᠰᠠᠨᠠᠯ ᠬᠤᠷᠢᠶᠠᠬᠤ ᠶᠠᠷᠢᠯᠴᠠᠭ᠋ᠠᠨ᠎ᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠮᠠᠤ ᠽᠸ ᠳ᠋ᠦᠩ᠎ᠤᠨ ᠱᠤᠭᠤᠮᠠᠯ ᠬᠦᠷᠦᠭ᠎ᠲᠤ ᠴᠡᠴᠡᠭᠲᠦ ᠰᠠᠭᠰᠤ ᠡᠷᠭᠦᠨ ᠪᠠᠷᠢᠬᠤ ᠶᠣᠰᠣᠯᠠᠯ ᠶᠠᠪᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠤᠯᠤᠰ ᠲᠥᠷᠥ ᠵᠢᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ 2021 ᠣᠨ᠎ᠤ ᠠᠵᠢᠯ᠎ᠢ ᠲᠥᠯᠥᠪᠵᠢᠭᠦᠯᠦᠨ ᠪᠠᠢ᠌ᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠭᠣᠤᠯ ᠰᠡᠳᠦᠪᠲᠦ ᠨᠠᠮ᠎ᠤᠨ ᠬᠢᠴᠢᠶᠡᠯ ᠤᠷᠤᠪᠠ
 
            