ᠰᠣᠶᠣᠯ᠎ᠤᠨ ᠣᠷᠳᠣᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠭᠡᠷᠡᠴᠢᠯᠡᠯᠲᠡ ᠵᠢᠨ ᠡᠭᠦᠷᠭᠡ ᠵᠢ ᠦᠨᠡᠨ ᠬᠦ᠌ ᠪᠣᠳᠠᠲᠠᠶ᠎ᠳᠤ ᠨᠠᠢ᠌ᠳᠠᠪᠤᠷᠢᠵᠢᠭᠤᠯᠬᠤ ᠵᠢᠨ ᠲᠤᠰᠠᠲᠠ᠂ 12 ᠳ᠋ᠤᠭ᠋ᠠᠷ ᠰᠠᠷ᠎ᠠ ᠵᠢᠨ 25 ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ 2020 ᠣᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠪᠥᠬᠥᠳᠡ ᠬᠤᠷᠠᠯ᠎ᠢ ᠬᠤᠷᠠᠯᠳᠤᠭᠤᠯᠪᠠ᠃ ᠬᠡᠷᠡᠭ ᠡᠷᠬᠢᠯᠡᠭᠴᠢᠳ᠎ᠤᠨ ᠳᠠᠷᠤᠭ᠎ᠠ ᠸᠠᠩ ᠶᠢᠩ ᠺᠠᠶ ᠬᠤᠷᠠᠯ᠎ᠢ ᠡᠷᠭᠢᠯᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠤ ᠳᠠᠷᠤᠭ᠎ᠠ ᠹᠦ᠋ ᠶᠦᠩ ᠵᠢᠶᠦ᠋ᠨ ᠠᠵᠢᠯ ᠦᠢᠯᠡᠰ᠎ᠤᠨ ᠨᠢᠭᠡᠴᠢ ᠵᠢᠨ ᠥᠭᠡᠷᠡᠴᠢᠯᠡᠯᠲᠡ ᠵᠢᠨ ᠲᠥᠰᠦᠯ᠂ ᠠᠵᠢᠯᠲᠠᠨ᠎ᠤ ᠠᠵᠢᠯ᠎ᠤᠨ ᠦᠷ᠎ᠡ ᠪᠦᠲᠦᠮᠵᠢ ᠵᠢᠨ ᠴᠠᠯᠢᠩ᠎ᠢ ᠤᠯᠭᠤᠭᠰᠠᠨ᠂ 2020 ᠣᠨ᠎ᠤ ᠠᠵᠢᠯ᠎ᠤᠨ ᠳ᠋ᠦᠩᠨᠡᠯᠲᠡ᠂ 2021 ᠣᠨ᠎ᠤ ᠠᠵᠢᠯ᠎ᠤᠨ ᠲᠥᠯᠥᠪᠯᠡᠭᠡ ᠵᠢᠨ ᠲᠤᠬᠠᠶ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠪᠠ᠃

ᠬᠡᠷᠡᠭ ᠡᠷᠬᠢᠯᠡᠭᠴᠢᠳ ᠡᠯ᠎ᠡ ᠵᠦᠢᠯ᠎ᠤᠨ ᠵᠥᠪᠯᠡᠬᠦ ᠰᠡᠳᠦᠪ᠎ᠢ ᠨᠠᠷᠢᠨ ᠬᠢᠨᠠᠮᠠᠭ᠋ᠠᠶ ᠰᠤᠳᠤᠯᠤᠨ ᠶᠠᠷᠢᠯᠴᠠᠵᠤ᠂ ᠰᠣᠶᠣᠯ᠎ᠤᠨ ᠣᠷᠳᠣᠨ᠎ᠤ 2020 ᠣᠨ᠎ᠤ ᠠᠵᠢᠯ᠎ᠢ ᠭᠦᠢᠴᠡᠳ ᠨᠤᠲᠠᠯᠠᠵᠤ᠂ ᠤᠨᠴᠠᠭ᠋ᠠᠢ᠌ᠯᠠᠨ ᠥᠪᠥᠷ ᠮᠣᠩᠭᠣᠯ᠎ᠤᠨ ᠰᠣᠶᠣᠯ᠎ᠤᠨ ᠣᠷᠳᠣᠨ᠎ᠤ ᠬᠢᠵᠢᠭ᠎ᠤᠨ ᠪᠠᠢ᠌ᠳᠠᠯ᠎ᠤᠨ ᠬᠤᠭᠤᠴᠠᠭ᠋ᠠᠨ᠎ᠳᠤ 《ᠰᠤᠶᠤᠯ᠎ᠤᠨ ᠡᠭᠦᠯᠨ》 ᠲᠠᠪᠴᠠᠩ᠎ᠢ ᠠᠰᠢᠭᠯᠠᠨ ᠥᠷᠨᠢᠭᠦᠯᠦᠭᠰᠡᠨ ᠡᠯ᠎ᠡ ᠵᠦᠢᠯ᠎ᠤᠨ ᠰᠦᠯᠵᠢᠶᠡᠨ ᠳᠡᠭᠡᠷᠡᠬᠢ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ ᠦᠨᠲᠦᠷ ᠵᠶ᠋ᠠᠷ ᠦᠨᠡᠯᠡᠨ᠂ ᠡᠲᠡᠭᠡᠷ ᠠᠵᠢᠯᠯᠠᠭ᠎ᠠ᠎ᠨᠢ ᠠᠷᠠᠳ ᠣᠯᠠᠨ᠎ᠤ ᠬᠢᠵᠢᠭ᠎ᠤᠨ ᠬᠤᠭᠤᠴᠠᠭ᠋ᠠᠨ᠎ᠳᠤ᠎ᠬᠢ ᠣᠶᠤᠨ᠎ᠤ ᠰᠤᠶᠤᠯ᠎ᠤᠨ ᠠᠮᠢᠳᠤᠷᠠᠯ᠎ᠢ ᠪᠠᠶᠠᠯᠢᠭᠵᠢᠭᠤᠯᠤᠭᠰᠠᠨ ᠵᠶ᠋ᠠᠷ ᠪᠠᠷᠠᠬᠤ ᠥᠬᠡᠶ᠂ ᠠᠷᠠᠳ ᠣᠯᠠᠨ᠎ᠤ ᠪᠦᠯᠬᠦᠮᠳᠡᠨ ᠨᠢᠭᠡᠳᠴᠦ ᠬᠢᠵᠢᠭ᠎ᠢ ᠢᠯᠠᠬᠤ ᠢᠲᠡᠭᠡᠯ ᠵᠣᠷᠢᠭ᠎ᠢ ᠶᠡᠬᠡᠲᠡ ᠬᠦᠪᠴᠢᠯᠡᠵᠦ᠂ ᠬᠢᠵᠢᠭ᠎ᠲᠠᠢ ᠲᠡᠮᠡᠴᠡᠬᠦ ᠯᠤᠲᠤ ᠶᠡᠬᠡ ᠬᠦᠴᠦᠨ᠎ᠢ ᠨᠢᠭᠲᠠᠷᠠᠭᠤᠯᠪᠠ ᠭᠡᠵᠦ ᠢᠯᠡᠷᠬᠡᠢ᠌ᠯᠡᠪᠡ᠃ ᠳᠠᠷᠠᠭ᠎ᠠ᠎ᠨᠢ᠂ ᠣᠯᠠᠨ ᠲᠦᠮᠡᠨ᠎ᠤ ᠰᠣᠶᠣᠯ᠎ᠤᠨ ᠨᠠᠷᠠᠲᠤ ᠲᠥᠷᠥᠯ ᠲᠡᠮᠳᠡᠭᠲᠦ ᠵᠢᠨ ᠠᠵᠢᠯᠯᠠᠭ᠎ᠠ᠂ 《 ᠵᠠᠭᠤᠨ ᠣᠷᠳᠣᠨ ᠮᠢᠩᠭ᠋ᠠᠨ ᠥᠷᠲᠡᠭᠡ》 ᠵᠢᠨ ᠴᠢᠳᠠᠪᠤᠷᠢᠲᠠᠨ᠎ᠢ ᠬᠥᠮᠦᠵᠢᠭᠦᠯᠬᠦ᠂ ᠦᠨᠲᠦᠰᠦᠨ ᠣᠨᠣᠯ᠎ᠤᠨ ᠰᠤᠳᠤᠯᠭ᠋ᠠᠨ᠂ ᠲᠣᠭ᠋ᠠᠴᠢᠯᠠᠭᠰᠠᠨ ᠰᠣᠶᠣᠯ᠎ᠤᠨ ᠦᠢᠯᠡᠴᠢᠯᠡᠭᠡ ᠵᠡᠷᠭᠡ ᠵᠢᠨ ᠲᠣᠭᠣᠷᠢᠨ᠎ᠳᠤ ᠶᠠᠷᠢᠯᠴᠠᠪᠠ ᠃

ᠬᠡᠷᠡᠭ ᠡᠷᠬᠢᠯᠡᠭᠴᠢᠳ᠎ᠤᠨ ᠬᠤᠷᠠᠯ᠎ᠠᠴᠠ 2021 ᠣᠨ᠎ᠤ ᠠᠵᠢᠯ ᠵᠢᠴᠢ ᠬᠣᠢ᠌ᠰᠢᠳᠠ ᠵᠢᠨ ᠤᠯᠠᠨ ᠲᠦᠮᠡᠨ᠎ᠤ ᠰᠣᠶᠣᠯ᠎ᠤᠨ ᠬᠥᠭᠵᠢᠯᠲᠡ ᠵᠢᠨ ᠴᠢᠭᠯᠡᠯ᠎ᠳᠤ ᠡᠷᠬᠢᠮ ᠨᠠᠨᠳᠢᠨ ᠰᠠᠨᠠᠭᠤᠯᠤᠮᠵᠢ ᠳᠤᠷᠠᠳᠪᠠ᠃ ᠨᠢᠭᠡ᠎ᠳᠤ᠂ 2021 ᠣᠨ᠎ᠳᠤ ᠨᠠᠮ ᠪᠠᠢ᠌ᠭᠤᠯᠤᠭᠳᠠᠭᠰᠠᠨ 100 ᠵᠢᠯ᠎ᠤᠨ ᠤᠢ ᠵᠢᠨ ᠲᠣᠭᠣᠷᠢᠨ᠎ᠳᠤ ᠣᠯᠠᠨ ᠬᠡᠯᠪᠡᠷᠢ ᠵᠢᠨ ᠤᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ ᠥᠷᠨᠢᠭᠦᠯᠬᠦ ᠬᠡᠷᠡᠭᠲᠡᠢ᠃ ᠬᠣᠶᠠᠷ᠎ᠲᠤ᠂ ᠪᠦᠬᠦ ᠣᠷᠣᠨ᠎ᠤ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢᠨ ᠲᠦᠷᠦᠯ ᠲᠡᠮᠳᠡᠭ᠎ᠢ ᠤᠯᠠᠮ ᠨᠢᠭᠡ ᠠᠯᠬᠤᠮ ᠴᠤᠭᠴᠠᠯᠠᠨ᠂ ᠶᠠᠰᠤ ᠴᠢᠨᠠᠷ᠎ᠢ᠎ᠨᠢ ᠲᠠᠰᠤᠷᠠᠯᠲᠠ ᠤᠢ᠍ᠭᠡᠢ ᠳᠡᠭᠡᠭᠰᠢᠯᠡᠭᠦᠯᠦᠨ᠂ ᠣᠨᠴᠠᠯᠢᠭ᠎ᠢ᠎ᠨᠢ ᠲᠣᠪᠣᠢ᠌ᠯᠭ᠋ᠠᠵᠤ᠂ ᠵᠢᠱ᠌ᠢᠶᠡᠴᠢ ᠦᠢ᠍ᠯᠡᠳᠦᠯ᠎ᠢ᠎ᠨᠢ ᠳᠡᠭᠡᠭᠰᠢᠯᠡᠭᠦᠯᠬᠦ ᠬᠡᠷᠡᠭᠲᠡᠶ᠃ ᠭᠤᠷᠪᠠ᠎ᠳᠤ᠂ ᠨᠡᠢ᠌ᠭᠡᠮᠴᠢᠯᠡᠭᠰᠡᠨ ᠬᠠᠮᠲᠤᠷᠠᠯᠴᠠᠭ᠎ᠠ ᠵᠢ ᠴᠢᠩᠭ᠋ᠠᠳᠬᠠᠨ᠂ ᠬᠦᠴᠦᠨ ᠴᠢᠳᠠᠯ ᠵᠶ᠋ᠠᠨ ᠨᠢᠭᠲᠠᠷᠠᠭᠤᠯᠵᠤ᠂ ᠤᠯᠠᠨ ᠲᠦᠮᠡᠨ᠎ᠤ ᠰᠣᠶᠣᠯ᠎ᠤᠨ ᠨᠥᠯᠥᠭᠡᠯᠡᠬᠦ ᠬᠦᠴᠦᠨ᠎ᠢ ᠦᠷᠭᠡᠳᠬᠡᠬᠦ ᠬᠡᠷᠡᠭᠲᠠᠢ᠃ ᠲᠦᠷᠪᠡ᠎ᠳᠤ᠂ ᠰᠣᠶᠣᠯ᠎ᠤᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡ ᠵᠢ ᠴᠢᠩᠭ᠋ᠠᠳᠬᠠᠵᠤ᠂ ᠤᠯᠠᠨ ᠨᠡᠢ᠌ᠲᠡ ᠵᠢᠨ ᠰᠣᠶᠣᠯ᠎ᠤᠨ ᠴᠢᠳᠠᠪᠤᠷᠢᠲᠠᠨ᠎ᠤ ᠲᠤᠲᠠᠭᠤᠳᠠᠯᠢ ᠨᠥᠬᠥᠪᠥᠷᠢᠯᠡᠵᠦ᠂ ᠦᠨᠳᠦᠰᠦᠨ ᠱᠠᠲᠤᠨ᠎ᠤ ᠤᠯᠠᠨ ᠲᠦᠮᠡᠨ᠎ᠤ ᠰᠣᠶᠣᠯ᠎ᠤᠨ ᠠᠵᠢᠯᠳᠠᠨ ᠪᠠ ᠰᠣᠶᠣᠯ᠎ᠤᠨ ᠰᠠᠢ᠍ᠢ᠍ᠨ ᠲᠤᠷᠠᠴᠣᠳ᠎ᠤᠨ ᠪᠣᠯᠪᠠᠰᠤᠷᠠᠭᠤᠯᠤᠯ᠎ᠢ ᠴᠢᠩᠭ᠋ᠠᠳᠬᠠᠨ᠎ᠠ᠃ ᠲᠠᠪᠤ᠎ᠳᠤ᠂ ᠡᠯ᠎ᠡ ᠲᠦᠷᠦᠯ᠎ᠤᠨ ᠤᠯᠠᠨ ᠲᠦᠮᠡᠨ᠎ᠤ ᠰᠣᠶᠣᠯ᠎ᠤᠨ ᠴᠢᠳᠠᠪᠤᠷᠢᠲᠠᠨ᠎ᠢ ᠬᠦᠮᠦᠵᠢᠭᠦᠯᠦᠨ᠂ ᠴᠢᠳᠠᠪᠤᠷᠢᠲᠠᠨ᠎ᠤ ᠬᠥᠮᠥᠷᠭᠡ ᠪᠠᠢ᠌ᠭᠤᠯᠬᠤ ᠬᠡᠷᠡᠭᠲᠠᠢ᠃ ᠵᠢᠷᠭᠤᠭ᠎ᠠ᠎ᠳᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠤᠬᠠᠮᠰᠠᠷ᠎ᠢ ᠪᠠᠷᠢᠮᠲᠠᠯᠠᠵᠤ᠂ ᠨᠠᠮ᠎ᠤᠨ ᠭᠡᠰᠢᠭᠦᠨ᠎ᠤ ᠤᠯᠠᠨ ᠲᠦᠮᠡᠨ᠎ᠤ ᠰᠣᠶᠣᠯ᠎ᠤᠨ ᠡᠩᠨᠡᠭᠡᠨ᠎ᠳᠤ᠎ᠬᠢ ᠬᠣᠰᠢᠭᠤᠴᠢ ᠲᠠᠭᠤᠷᠢᠶᠠᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠭᠣᠣᠯ ᠬᠦᠭ ᠠᠶᠠᠰ᠎ᠢ ᠪᠠᠲᠠᠷᠠᠭᠤᠯᠵᠤ᠂ ᠢᠳᠡᠪᠬᠢ ᠬᠦᠴᠦᠨ᠎ᠢ ᠬᠥᠭᠵᠢᠭᠡᠬᠦ ᠬᠡᠷᠡᠭᠲᠡᠢ᠃
ᠬᠤᠷᠠᠯ᠎ᠠᠴᠠ ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠤ ᠬᠡᠷᠡᠭ ᠡᠷᠬᠢᠯᠡᠭᠴᠢᠳ᠎ᠤᠨ ᠬᠤᠷᠠᠯ᠎ᠤᠨ ᠪᠦᠷᠢᠯᠳᠦᠬᠦᠨ᠎ᠢ ᠨᠡᠮᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠤ ᠳᠡᠳ᠋ ᠳᠠᠷᠤᠭ᠎ᠠ ᠨᠠᠷᠠᠰᠤ ᠵᠢ ᠬᠡᠷᠡᠭ ᠡᠷᠬᠢᠯᠡᠭᠴᠢᠳ᠎ᠤᠨ ᠬᠤᠷᠠᠯ᠎ᠤᠨ ᠬᠡᠰᠢᠭᠦᠨ ᠵᠶ᠋ᠡᠷ ᠰᠠᠨᠠᠯ ᠨᠢᠭᠡᠲᠡᠶ ᠪᠠᠲᠤᠯᠠᠭᠰᠠᠨ ᠪᠥᠭᠡᠳ ᠬᠡᠷᠡᠭ ᠡᠷᠬᠢᠯᠡᠭᠴᠢᠳ᠎ᠤᠨ ᠳᠡᠳ᠋ ᠳᠠᠷᠤᠭ᠎ᠠ ᠵᠢᠨ ᠲᠤᠰᠢᠶᠠᠯ᠎ᠢ ᠡᠭᠦᠷᠭᠡᠯᠡᠭᠦᠯᠪᠡ ᠃
