ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
2020 ᠣᠨ᠎ᠤ 《ᠰᠢ ᠵᠦᠴᠦᠭᠡ᠂ ᠪᠣᠯᠪᠠᠰᠣᠷᠠᠯ᠎ᠤᠨ ᠠᠩᠭᠢ》 — ᠵᠦᠴᠦᠭᠡ ᠵᠢᠨ ᠴᠢᠳᠠᠪᠤᠷᠢᠲᠠᠨ᠎ᠢ ᠬᠥᠮᠦᠵᠢᠭᠦᠯᠬᠦ ᠲᠦᠰᠦᠪ᠎ᠤᠨ ᠪᠣᠯᠪᠠᠰᠣᠷᠠᠯ᠎ᠤᠨ ᠠᠩᠭᠢ ᠵᠢᠨ ᠦᠷ᠎ᠡ ᠪᠦᠲᠦᠭᠡᠯ᠎ᠤᠨ ᠬᠠᠷᠢᠭᠤ ᠮᠡᠳᠡᠭᠦᠯᠦᠯᠲᠡ ᠵᠢᠨ ᠲᠣᠭᠯᠠᠯᠲᠠ ᠲᠡᠭᠦᠰ ᠠᠮᠵᠢᠯᠲᠠ᠎ᠲᠠᠢ ᠦᠨᠳᠦᠷᠯᠡᠪᠡ
ᠨᠡᠶᠢᠲᠡᠯᠡᠭᠰᠡᠨ ᠴᠠᠭ᠄ 2020-12-03

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠣᠣᠯᠯᠠᠨ ᠡᠷᠬᠢᠯᠡᠵᠣ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠯᠢᠭ ᠰᠣᠳᠣᠯᠣᠯ᠎ᠤᠨ ᠬᠦᠷᠢᠶᠡᠯᠩ  ᠎ᠤᠨ ᠳᠠᠭ᠋ᠠᠭ᠋ᠠᠴᠢᠯᠠᠨ ᠡᠷᠬᠢᠯᠡᠭᠰᠡᠨ 《ᠰᠢ ᠵᠦᠴᠦᠭᠡ  ᠂ ᠪᠣᠯᠪᠠᠰᠣᠷᠠᠯ᠎ᠤᠨ ᠠᠩᠭᠢ —   ᠴᠢᠳᠠᠪᠦᠷᠢᠲᠡᠨ᠎ᠢ ᠬᠦᠮᠦᠵᠢᠭᠦᠯᠬᠦ ᠲᠦᠰᠦᠪ᠎ᠤᠨ ᠪᠣᠯᠪᠠᠰᠤᠷᠠᠯ᠎ᠤᠨ ᠠᠩᠭᠢ》 ᠵᠢᠨ ᠰᠤᠷᠤᠯᠭ᠎ᠠ ᠲᠡᠭᠦᠰᠬᠦ ᠬᠠᠷᠢᠭᠤ ᠮᠡᠳᠡᠭᠦᠯᠦᠯᠲᠡ ᠵᠢᠨ ᠲᠣᠭᠯᠠᠯᠲᠠ 11 ᠳ᠋ᠣᠭᠡᠷ ᠰᠠᠷ᠎ᠠ ᠵᠢᠨ 27᠎ᠤ ᠣᠷᠣᠶ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠳᠠᠭᠤᠤ ᠬᠥᠭᠵᠢᠮ᠎ᠤᠨ ᠲᠢᠩᠬᠢᠮ᠎ᠳᠤ ᠶᠠᠪᠤᠭᠳᠠᠪᠠ᠂ ᠡᠨᠡ᠎ᠨᠢ ᠲᠣᠰ ᠣᠳᠠᠭ᠋ᠠᠨ᠎ᠤ ᠴᠢᠳᠠᠪᠤᠷᠢᠲᠠᠨ᠎ᠢ ᠬᠥᠮᠦᠵᠢᠭᠦᠯᠬᠦ ᠲᠦᠰᠦᠪ᠎ᠤᠨ ᠲᠡᠭᠦᠰ ᠠᠮᠵᠢᠯᠲᠠ᠎ᠲᠠᠢ ᠥᠨᠳᠥᠷᠯᠡᠭᠰᠡᠨ᠎ᠢ ᠬᠠᠷᠠᠭᠤᠯᠵᠤ ᠪᠠᠶ᠋ᠢᠨ᠎ᠠ᠃ ᠰᠣᠶᠣᠯ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠣᠭ᠎ᠠ ᠯᠢ ᠰᠢᠶᠤᠤ ᠴᠢᠦ᠂ ᠤᠷᠠᠯᠢᠭ᠎ᠤᠨ ᠭᠠᠵᠠᠷ᠎ᠤᠨ ᠳᠠᠷᠤᠭ᠎ᠠ ᠰᠡᠴᠡᠨᠳᠠᠯᠠᠢ ᠲᠣᠰ   ᠲᠠᠯᠠᠪᠠᠢ᠎ᠤᠨ ᠲᠣᠭᠯᠠᠯᠲᠠ ᠵᠢ   ᠰᠣᠨᠢᠷᠬᠠᠪᠠ᠃
     《ᠰᠢ ᠵᠦᠴᠦᠭᠡ᠂ ᠪᠣᠯᠪᠠᠰᠣᠷᠠᠯ ᠵᠢᠨ ᠠᠩᠭᠢ  》 —   ᠵᠦᠴᠦᠭᠡ ᠵᠢᠨ ᠴᠢᠳᠠᠪᠦᠷᠢᠲᠡᠨ᠎ᠢ ᠬᠦᠮᠦᠵᠢᠭᠦᠯᠬᠦ ᠲᠦᠰᠦᠪ᠎ᠤᠨ ᠪᠣᠯᠪᠠᠰᠣᠷᠠᠯ᠎ᠤᠨ ᠠᠩᠭᠢ ᠵᠢ ᠡᠷᠬᠢᠯᠡᠭᠰᠡᠨ᠎ᠨᠢ ᠰᠢ ᠵᠢᠨ ᠫᠢᠩ ᠶᠡᠷᠦᠩᠬᠡᠶ ᠱᠦᠵᠢ ᠵᠢᠨ ᠤᠳᠬ᠎ᠠ ᠤᠷᠠᠯᠢᠭ᠎ᠤᠨ ᠠᠵᠢᠯ᠎ᠤᠨ ᠲᠤᠬᠠᠶ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠣᠭᠣᠰᠢᠯᠠᠭᠣᠯᠣᠨ ᠨᠠᠢ᠌ᠳᠠᠪᠦᠷᠢᠵᠢᠭᠣᠯᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠴᠢᠳᠠᠪᠤᠷᠢᠲᠠᠨ᠎ᠢ ᠬᠥᠮᠦᠵᠢᠭᠦᠯᠬᠦ ᠲᠦᠯᠦᠪᠯᠡᠭᠡ ᠵᠢ ᠨᠠᠢ᠌ᠳᠠᠪᠦᠷᠢᠵᠢᠭᠣᠯᠬᠣ ᠵᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠦᠰᠦᠪ᠎ᠤᠨ ᠵᠣᠷᠢᠯᠭ᠎ᠠ᠎ᠨᠢ ᠥᠪᠥᠷ ᠮᠣᠩᠭᠣᠯ᠎ᠤᠨ ᠲᠠᠶ᠋ᠢᠰᠠᠨ᠎ᠤ ᠤᠷᠠᠯᠢᠭ᠎ᠤᠨ ᠵᠣᠬᠢᠶᠠᠨ ᠪᠦᠲᠦᠭᠡᠬᠦ ᠡᠩᠨᠡᠭᠡᠨ᠎ᠤ ᠲᠤᠰᠬᠠᠶ ᠮᠡᠷᠭᠡᠵᠢᠯ᠎ᠤᠨ ᠬᠢᠷᠢ ᠲᠦᠪᠰᠢᠨ ᠪᠣᠯᠤᠨ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠵᠣᠬᠢᠶᠠᠨ ᠪᠦᠲᠦᠭᠡᠬᠦ ᠴᠢᠳᠠᠪᠤᠷᠢ᠎ᠲᠠᠢ ᠨᠢᠭᠡ ᠪᠦᠯᠦᠭ ᠳᠠᠭ᠋ᠠᠭᠤᠯᠤᠭᠴᠢ   ᠴᠢᠳᠠᠪᠦᠷᠢᠲᠡᠨ᠎ᠢ ᠬᠦᠮᠦᠵᠢᠭᠦᠯᠬᠦ ᠪᠠ ᠪᠡᠯᠡᠳᠭᠡᠬᠦ ᠵᠢᠨ ᠲᠦᠯᠦᠭᠡ ᠶᠣᠮ  ᠃



     《ᠵᠦᠴᠦᠭᠡᠯᠡᠯ ᠵᠶ᠋ᠠᠷ ᠪᠣᠯᠪᠠᠰᠣᠷᠠᠭᠣᠯᠬᠤ》 ᠵᠠᠭᠪᠤᠷ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠯᠢᠭ ᠰᠣᠳᠣᠯᠣᠯ᠎ᠤᠨ   ᠬᠦᠷᠢᠶᠡᠯᠡᠩ  ᠎ᠤᠨ ᠪᠦᠬᠦ ᠣᠷᠣᠨ᠎ᠤ ᠬᠡᠪᠴᠢᠶᠡᠨ᠎ᠳᠤ᠎ᠬᠢ ᠵᠦᠴᠦᠭᠡ ᠵᠢᠨ ᠴᠢᠳᠠᠪᠦᠷᠢᠳᠡᠨ᠎ᠤ ᠳᠠᠯᠳᠠ   ᠬᠦᠴᠦᠨ᠎ᠳᠤ   ᠬᠠᠨᠳᠣᠭᠣᠯᠣᠭᠰᠠᠨ᠂ ᠭᠤᠷᠪᠠᠨ ᠵᠢᠯ ᠳᠠᠷᠠᠭ᠋ᠠᠯᠠᠭᠰᠠᠨ ᠣᠨᠣᠯ᠎ᠤᠨ ᠪᠣᠯᠪᠠᠰᠤᠷᠠᠯ᠎ᠤᠨ ᠰᠠᠭᠤᠷᠢᠨ ᠳᠡᠭᠡᠷ᠎ᠡ ᠳ᠋ᠦᠩᠨᠡᠵᠦ ᠭᠠᠷᠭ᠋ᠠᠭᠰᠠᠨ ᠦᠢ᠍ᠯᠡᠳᠦᠯᠭᠡ᠎ᠪᠠᠷ ᠵᠢᠭ᠋ᠠᠨ ᠰᠣᠷᠭ᠋ᠠᠬᠣ᠎ᠪᠠᠷ ᠭᠣᠤᠯ ᠪᠣᠯᠭ᠋ᠠᠵᠤ᠂ ᠣᠨᠣᠯ᠎ᠤᠨ ᠵᠢᠭ᠋ᠠᠨ ᠰᠤᠷᠭ᠋ᠠᠯᠲᠠ᠎ᠪᠠᠷ ᠬᠠᠪᠰᠤᠷᠤᠮᠵᠢ ᠪᠣᠯᠭ᠋ᠠᠭᠰᠠᠨ ᠰᠢᠨ᠎ᠡ ᠵᠢ ᠡᠭᠦᠳᠬᠦ ᠠᠷᠭ᠎ᠠ ᠮᠠᠶᠢᠭ ᠶᠣᠮ᠂ ᠮᠦᠨ ᠴᠤ᠌ ᠨᠢᠭᠡᠨ ᠣᠳᠠᠭ᠋ᠠᠨ᠎ᠤ ᠥᠩᠭᠡᠷᠡᠭᠰᠡᠨ᠎ᠤ ᠣᠨᠣᠯ᠎ᠤᠨ ᠪᠣᠯᠪᠠᠰᠤᠷᠠᠭᠤᠯᠤᠯ᠎ᠤᠨ ᠳ᠋ᠦᠩᠨᠡᠯᠲᠡ ᠮᠦᠷᠳᠡᠭᠡᠨ ᠳᠡᠭᠡᠭᠰᠢᠯᠡᠭᠦᠯᠦᠯᠲᠡ ᠪᠣᠯᠤᠨ᠎ᠠ᠃ ᠲᠤᠰ ᠤᠳᠠᠭ᠋ᠠᠨ᠎ᠤ ᠪᠣᠯᠪᠠᠰᠤᠷᠠᠯ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠯᠢᠭ ᠰᠣᠳᠣᠯᠣᠯ᠎ᠤᠨ ᠬᠦᠷᠢᠶᠡᠯᠡᠩ᠎ᠤᠨ ᠨᠢᠭᠡᠳᠦᠭᠡᠷ ᠳᠡᠰ᠎ᠤᠨ ᠤᠷᠠᠯᠢᠭ ᠰᠤᠳᠤᠯᠤᠭᠴᠢ᠂   ᠰᠢᠭᠦᠮᠵᠢᠯᠡᠭᠴᠢ  ᠂ ᠬᠢᠨᠠᠨ ᠨᠠᠢ᠌ᠷᠠᠭᠣᠯᠣᠭᠴᠢ ᠯᠢᠦ ᠰᠢᠨ ᠾᠧ᠂ ᠤᠯᠤᠰ᠎ᠤᠨ ᠨᠢᠭᠡᠳᠦᠭᠡᠷ ᠳᠡᠰ᠎ᠤᠨ ᠲᠣᠭᠯᠠᠭᠴᠢ᠂ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠳᠡᠳ᠋ ᠲᠡᠷᠢᠭᠦᠯᠡᠭᠴᠢ ᠡᠦ ᠯᠢ ᠫᠢᠩ᠂ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠵᠢᠨ ᠳᠡᠳ᠋ ᠫᠷᠣᠹᠸᠰᠰᠣᠷ ᠭᠣᠤ ᠬᠦᠶ ᠢᠦᠶ᠂ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠵᠢᠨ ᠺᠢᠨᠣ᠋ ᠲᠧᠯᠸᠢᠰ ᠵᠦᠴᠦᠭᠡ ᠵᠢᠨ ᠳᠡᠭᠡᠳᠦ ᠰᠤᠷᠭ᠋ᠠᠭᠤᠯᠢ ᠵᠢᠨ ᠯᠧᠺᠲ᠋ᠣᠷ᠂ ᠵᠢᠯᠣᠭᠣᠳᠣᠭᠴᠢ ᠪᠠᠭᠰᠢ ᠵᠢᠨ ᠶᠠᠨ ᠯᠦᠩ᠂ ᠭᠤᠸᠠᠩᠵᠧᠦ ᠵᠢᠨ ᠤᠷᠠᠯᠢᠭ᠎ᠤᠨ ᠶᠠᠷᠢᠶᠠᠲᠤ ᠵᠦᠴᠦᠭᠡ ᠵᠢᠨ ᠲᠥᠪ᠎ᠤᠨ ᠵᠠᠯᠠᠭᠤ ᠤᠳᠤᠷᠢᠳᠤᠭ᠋ᠠᠴᠢ ᠯᠢᠦ ᠬᠤᠤ ᠨᠠᠷ᠎ᠢ ᠣᠨᠴᠠᠭ᠋ᠠᠶ᠋ᠢᠯᠠᠨ ᠤᠷᠢᠵᠤ ᠬᠢᠴᠢᠶᠡᠯᠡᠯᠭᠡ ᠵᠢᠯᠣᠭᠣᠳᠣᠯᠭ᠎ᠠ ᠬᠢᠯᠭᠡᠪᠡ᠃ 12 ᠠᠶ᠋ᠢᠮᠠᠭ ᠬᠣᠲᠠ᠎ᠠᠴᠠ ᠢᠷᠡᠭᠰᠡᠨ 18 ᠨᠠᠶ᠋ᠢᠷᠠᠭᠤᠯᠤᠨ ᠵᠣᠬᠢᠶᠠᠬᠤ ᠤᠷᠠᠯᠢᠭ᠎ᠤᠨ ᠭᠣᠤᠯᠯᠠᠭᠴᠢ ᠬᠦᠴᠦᠨ ᠲᠣᠰ ᠣᠳᠠᠭ᠋ᠠᠨ᠎ᠤ 42 ᠡᠳᠦᠷ᠎ᠤᠨ ᠬᠤᠭᠤᠴᠠᠭ᠎ᠠ᠎ᠲᠠᠢ   ᠲᠦᠪᠯᠡᠷᠡᠭᠦᠯᠦᠭᠰᠡᠨ   ᠪᠣᠯᠪᠠᠰᠣᠷᠠᠭᠣᠯᠣᠯᠲᠠ᠎ᠳᠤ ᠣᠷᠣᠯᠴᠠᠪᠠ᠃



      ᠪᠣᠯᠪᠠᠰᠤᠷᠠᠭᠤᠯᠤᠯ᠎ᠨᠢ ᠲᠥᠪᠯᠡᠷᠡᠭᠦᠯᠦᠨ ᠨᠠᠶ᠋ᠢᠷᠠᠭᠤᠯᠬᠤ᠂ ᠤᠳᠤᠷᠢᠳᠬᠤ᠂ ᠲᠤᠭᠯᠠᠬᠤ ᠣᠯᠠᠨ ᠡᠰᠢᠲᠦ ᠬᠥᠭᠵᠢᠯᠲᠡ ᠵᠢᠨ ᠬᠠᠮ ᠬᠡᠯᠪᠡᠷᠢ ᠵᠢᠨ ᠴᠢᠳᠠᠪᠤᠷᠢᠲᠠᠨ᠎ᠢ ᠬᠥᠮᠦᠵᠢᠭᠦᠯᠬᠦ ᠵᠢᠭ᠋ᠠᠨ ᠰᠤᠷᠭ᠋ᠠᠬᠤ ᠣᠶ᠋ᠢᠯᠠᠭ᠋ᠠᠭᠳᠠᠬᠤᠨ᠎ᠢ ᠴᠢᠬᠤᠯᠠᠴᠢᠯᠠᠨ᠂ ᠰᠤᠷᠤᠯᠭ᠋ᠠᠲᠠᠳ᠎ᠢ ᠵᠦᠴᠦᠭᠡ ᠵᠢᠨ ᠵᠣᠬᠢᠶᠠᠨ ᠪᠦᠲᠦᠭᠡᠬᠦ ᠪᠦᠬᠦ ᠶᠠᠪᠤᠴᠠ᠎ᠳᠤ ᠣᠷᠣᠯᠴᠠᠭᠤᠯᠵᠤ᠂ ᠦᠢ᠍ᠯᠡᠳᠦᠯᠭᠡ ᠵᠢᠨ ᠲᠠᠯ᠎ᠠ᠎ᠠᠴᠠ ᠤᠳᠤᠷᠢᠳᠤᠭ᠋ᠠᠴᠢ ᠵᠢᠨ ᠠᠵᠢᠯ᠎ᠤᠨ ᠠᠭᠤᠯᠭ᠎ᠠ ᠵᠢ ᠡᠵᠡᠮᠰᠢᠵᠦ᠂ ᠤᠳᠤᠷᠢᠳᠤᠭ᠋ᠠᠴᠢ ᠵᠢᠨ ᠠᠵᠢᠯ᠎ᠤᠨ ᠵᠢᠮ᠎ᠡ ᠶᠣᠰᠣ ᠵᠢ ᠲᠣᠳᠣᠷᠬᠠᠶ ᠣᠶ᠋ᠢᠯᠠᠭ᠋ᠠᠵᠤ᠂ ᠤᠳᠤᠷᠢᠳᠤᠭ᠋ᠠᠴᠢ ᠵᠢᠨ ᠵᠣᠭᠰᠣᠴᠠ᠎ᠠᠴᠠ ᠵᠦᠴᠦᠭᠡ ᠵᠢᠨ ᠳᠡᠪᠲᠡᠷ᠎ᠲᠤ ᠲᠠᠶ᠋ᠢᠯᠤᠮᠵᠢ ᠬᠢᠬᠦ ᠵᠢ ᠰᠤᠷᠤᠯᠴᠠᠵᠤ᠂ ᠬᠤᠶᠠᠷᠳᠡᠬᠢ ᠵᠣᠬᠢᠶᠠᠨ ᠪᠦᠲᠦᠭᠡᠬᠦ ᠤᠷ᠎ᠠ ᠴᠢᠳᠠᠪᠤᠷᠢ ᠵᠢ ᠳᠡᠭᠡᠭᠰᠢᠯᠡᠭᠦᠯᠵᠦ᠂ ᠴᠢᠨᠠᠭᠰᠢᠯᠠᠨ ᠵᠣᠬᠢᠶᠠᠨ ᠪᠦᠲᠦᠭᠡᠬᠦ ᠦᠢ᠍ᠯᠡᠳᠦᠯᠭᠡ ᠳᠤᠮᠳᠠ ᠰᠤᠷᠤᠯᠭ᠋ᠠᠲᠠᠳ᠎ᠤᠨ ᠵᠦᠴᠦᠭᠡ ᠵᠢᠨ ᠪᠦᠲᠦᠭᠡᠯ᠎ᠤᠨ ᠪᠦᠲᠦᠭᠡᠯᠴᠢ ᠰᠡᠳᠬᠢᠮᠵᠢ ᠵᠢᠨ ᠴᠢᠳᠠᠪᠤᠷᠢ ᠪᠠ ᠶᠡᠷᠦᠩᠬᠡᠶ᠋ᠢᠯᠡᠨ ᠡᠵᠡᠮᠳᠡᠬᠦ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃
      ᠲᠣᠰ ᠤᠳᠠᠭ᠋ᠠᠨ᠎ᠤ ᠪᠤᠯᠪᠠᠰᠤᠷᠠᠭᠤᠯᠤᠯ᠎ᠤᠨ ᠦᠷ᠎ᠡ ᠪᠦᠲᠦᠭᠡᠯ ᠪᠣᠯ ᠶᠠᠷᠢᠶᠠᠲᠤ ᠵᠦᠴᠦᠭᠡ 《ᠬᠦᠪᠦᠩ ᠴᠠᠭ᠋ᠠᠨ ᠡᠭᠦᠯᠡᠰ》᠎ᠤᠨ ᠪᠦᠷᠢᠨ ᠪᠦᠲᠦᠨ   ᠢᠯᠡᠷᠡᠭᠦᠯᠲᠡ᠎ᠪᠠᠷ ᠵᠢᠭ᠋ᠠᠨ ᠰᠤᠷᠭ᠋ᠠᠯᠲᠠ ᠵᠢᠨ ᠬᠠᠷᠠᠯᠲᠠ ᠪᠣᠯᠭ᠋ᠠᠭᠰᠠᠨ ᠶᠤᠮ᠃ ᠵᠦᠴᠦᠭᠡ ᠵᠢᠨ ᠦᠢ᠍ᠯᠡ ᠶᠠᠪᠤᠳᠠᠯ᠎ᠨᠢ 《ᠪᠠᠲᠤ ᠰᠠᠬᠢᠬᠤ》᠎ᠪᠠᠷ ᠭᠣᠣᠯ ᠪᠣᠯᠭ᠋ᠠᠵᠤ᠂ ᠬᠠᠶ᠋ᠢᠷ᠎ᠠ ᠵᠢᠨ ᠳᠠᠮᠵᠢᠭᠤᠯᠭ᠎ᠠ᠎ᠪᠠᠷ ᠲᠤᠭᠤᠰᠢᠯᠠᠭᠳᠠᠵᠤ᠂ ᠭᠤᠷᠪᠠᠨ ᠬᠡᠪ ᠨᠠᠮᠪᠠ᠎ᠨᠢ ᠡᠷᠡᠰ ᠣᠨᠳᠣᠣ ᠪᠣᠯᠪᠠᠴᠤ ᠠᠭᠤᠯᠤᠭᠳᠠᠬᠤᠨ ᠵᠶ᠋ᠠᠨ ᠦᠯᠦ ᠠᠯᠳᠠᠭᠰᠠᠨ ᠦᠯᠢᠭᠡᠷ ᠵᠶ᠋ᠠᠷ ᠦᠨᠡᠨ ᠰᠡᠳᠬᠢᠯᠭᠡ᠎ᠪᠠᠨ ᠳᠡᠯᠭᠡᠷᠡᠭᠦᠯᠪᠡ᠃ ᠰᠤᠷᠤᠯᠭ᠋ᠠᠲᠠᠳ ᠨᠠᠶ᠋ᠢᠷᠠᠭᠤᠯᠬᠤ᠂ ᠤᠳᠤᠷᠢᠳᠬᠤ᠂ ᠲᠣᠭᠯᠠᠬᠤ ᠵᠢ ᠣᠷᠭ᠋ᠠᠨᠢᠭ ᠵᠶ᠋ᠠᠷ ᠤᠶᠠᠯᠳᠤᠭᠤᠯᠬᠤ᠎ᠪᠠᠷ ᠳᠠᠮᠵᠢᠨ ᠲᠤᠰᠬᠠᠶ ᠮᠡᠷᠭᠡᠵᠢᠯ᠎ᠤᠨ ᠮᠡᠳᠡᠯᠭᠡ᠎ᠪᠠᠨ ᠪᠦᠬᠦᠶ᠋ᠢᠯᠡ ᠵᠦᠴᠦᠭᠡ᠎ᠳᠤ ᠠᠭᠤᠰᠬᠠᠵᠤ᠂ ᠴᠢᠩ ᠦᠨᠡᠨᠴᠢ ᠰᠡᠳᠬᠢᠯᠭᠡ᠎ᠪᠠᠷ ᠠᠮᠢᠳᠤ ᠰᠣᠷᠭᠣᠭ ᠦᠭᠡ ᠬᠡᠯᠡ᠂ ᠪᠣᠷᠣᠭᠵᠢᠭᠤᠨ ᠲᠣᠭᠯᠠᠯᠲᠠ᠂ ᠤᠷᠠᠨ ᠰᠡᠳᠬᠢᠮᠵᠢ᠎ᠨᠢ ᠤᠳᠤ ᠦᠶ᠎ᠡ ᠵᠢᠨ ᠬᠥᠮᠦᠰ᠎ᠤᠨ   ᠪᠤᠳᠠᠳᠤ ᠠᠮᠢᠳᠤᠷᠠᠯ᠎ᠤᠨ ᠲᠤᠬᠠᠢ ᠭᠦᠨᠵᠡᠭᠡᠢ ᠪᠣᠳᠣᠯᠬᠢᠯᠠᠯ᠎ᠢ ᠢᠯᠡᠷᠡᠭᠦᠯᠵᠦ᠂ ᠡᠷᠴᠢ ᠳᠦᠭᠦᠷᠡᠩ ᠡᠶᠡᠷᠭᠦ ᠡᠨᠧᠷᠭᠢ ᠵᠢ ᠤᠯᠠᠮᠵᠢᠯᠠᠭᠰᠠᠨ ᠪᠠᠢ᠌ᠨ᠎ᠠ᠃ 26 ᠂ 27᠎ᠤ ᠡᠳᠦᠷ ᠵᠠᠯᠭ᠋ᠠᠭ᠎ᠠ᠎ᠪᠠᠷ ᠬᠣᠶᠠᠷ ᠲᠠᠯᠠᠪᠤᠷ ᠲᠣᠭᠯᠠᠯᠲᠠ ᠭᠠᠷᠭ᠋ᠠᠵᠤ᠂ ᠰᠤᠷᠤᠯᠭ᠋ᠠᠲᠠᠳ ᠪᠦᠬᠦ ᠰᠡᠳᠬᠢᠯ ᠵᠶ᠋ᠠᠷ ᠵᠶ᠋ᠠᠨ ᠣᠷᠣᠯᠴᠠᠵᠤ᠂ ᠭᠤᠢ᠌ᠲᠠ ᠰᠠᠢ᠌ᠬᠠᠨ   ᠲᠣᠭᠯᠠᠯᠲᠠ᠎ᠪᠠᠷ ᠵᠶ᠋ᠠᠨ ᠦᠵᠡᠭᠴᠢᠳ᠎ᠤᠨ ᠮᠠᠭᠲᠠᠭ᠋ᠠᠯ᠎ᠢ ᠣᠯᠪᠠ᠃



      ᠡᠶ᠋ᠢᠮᠦᠷᠬᠦᠦ ᠲᠥᠪᠯᠡᠷᠡᠭᠦᠯᠬᠦ᠂ ᠰᠢᠯᠢᠳᠡᠭᠵᠢᠭᠦᠯᠬᠦ᠂ ᠳᠡᠭᠡᠭᠰᠢᠯᠡᠭᠦᠯᠬᠦ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠢᠭᠡ ᠲᠠᠯ᠎ᠠ᠎ᠪᠠᠷ ᠰᠤᠷᠤᠯᠭ᠋ᠠᠲᠠᠳ ᠪᠣᠯᠤᠨ ᠵᠢᠯᠤᠭᠤᠳᠤᠭᠴᠢ ᠪᠠᠭᠰᠢ ᠨᠠᠷ᠎ᠲᠤ 《ᠵᠢᠭ᠋ᠠᠨ ᠰᠤᠷᠭ᠋ᠠᠯᠲᠠ ᠵᠢ ᠬᠠᠷᠢᠯᠴᠠᠨ ᠳᠡᠭᠡᠭᠰᠢᠯᠡᠭᠦᠯᠬᠦ》 ᠰᠤᠷᠤᠯᠴᠠᠯᠭ᠎ᠠ ᠵᠢᠨ ᠲᠠᠪᠴᠠᠩ᠎ᠢ ᠪᠠᠶ᠋ᠢᠭᠤᠯᠵᠤ ᠥᠭᠪᠡ; ᠨᠥᠭᠥᠭᠡ ᠲᠠᠯ᠎ᠠ᠎ᠪᠠᠷ 《ᠵᠦᠴᠦᠭᠡᠯᠡᠯ ᠵᠶ᠋ᠠᠷ ᠪᠤᠯᠪᠠᠰᠤᠷᠠᠭᠤᠯᠬᠤ》 ᠰᠢᠨ᠎ᠡ ᠵᠢ ᠡᠭᠦᠳᠬᠦ ᠬᠡᠪ ᠵᠠᠭᠪᠤᠷ᠎ᠲᠤ ᠲᠦᠰᠢᠭᠯᠡᠨ ᠰᠤᠷᠤᠯᠭ᠋ᠠᠲᠠᠳ᠎ᠲᠤ ᠬᠣᠶ᠋ᠢᠰᠢᠳᠠ ᠵᠢᠨ ᠠᠵᠢᠯ᠎ᠤᠨ ᠳᠤᠮᠳᠠ ᠴᠠᠭ ᠦᠶ᠎ᠡ ᠵᠢᠨ ᠭᠣᠤᠯ ᠬᠥᠭ ᠠᠶᠠᠰ᠎ᠲᠠᠢ ᠨᠢᠭᠲᠠ ᠤᠶᠠᠯᠳᠤᠵᠤ᠂ ᠨᠡᠶ᠋ᠢᠭᠡᠮ ᠵᠢᠷᠤᠮ᠎ᠤᠨ ᠭᠣᠤᠯᠯᠠᠬᠤ ᠥᠷᠲᠡᠭ᠎ᠤᠨ ᠦᠵᠡᠯᠲᠡ ᠵᠢ ᠦᠢ᠍ᠯᠡᠳᠦᠯᠭᠡᠵᠢᠭᠦᠯᠵᠦ᠂ ᠦᠨᠡᠨ ᠰᠡᠳᠬᠢᠯᠭᠡ᠎ᠪᠠᠷ ᠶᠠᠰᠤ ᠰᠢᠷᠪᠥᠰᠥ᠎ᠲᠠᠢ᠂ ᠰᠦᠭ ᠰᠦᠨᠡᠰᠦ᠎ᠲᠠᠢ᠂ ᠢᠯᠴᠢ ᠳᠤᠯᠠᠭ᠋ᠠᠴᠠ᠎ᠲᠠᠢ ᠰᠢᠯᠢᠳᠡᠭ ᠵᠦᠴᠦᠭᠡ ᠵᠢ ᠵᠣᠬᠢᠶᠠᠨ ᠪᠦᠲᠦᠭᠡᠬᠦ ᠰᠠᠭᠤᠷᠢ ᠵᠢ ᠲᠠᠯᠪᠢᠵᠤ ᠦᠭᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠯᠢᠭ ᠰᠣᠳᠣᠯᠣᠯ᠎ᠤᠨ ᠬᠦᠷᠢᠶᠡᠯᠡᠩ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠤᠳᠬ᠎ᠠ ᠤᠷᠠᠯᠢᠭ᠎ᠤᠨ ᠵᠣᠬᠢᠶᠠᠨ ᠪᠥᠲᠦᠭᠡᠯᠭᠡ ᠵᠢᠨ ᠰᠠᠭᠤᠳᠠᠯ᠎ᠤᠨ ᠬᠤᠷᠠᠯ ᠬᠤᠷᠠᠯᠳᠤᠭᠤᠯᠪᠠ
《ᠬᠠᠷᠠᠮᠥ᠋ᠷᠡᠨ ᠭᠢᠷᠢᠨ ᠯᠢᠶᠣᠣᠨᠢᠩ ᠥᠪᠥᠷ ᠮᠣᠩᠭᠣᠯ》 ᠳᠥᠷᠪᠡᠨ ᠮᠤᠵᠢ (ᠣᠷᠣᠨ) ᠵᠢᠨ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠢᠲᠡᠭᠡᠮᠵᠢ ᠵᠢᠨ ᠰᠢᠰᠲ᠋ᠧᠮ᠎ᠢ ᠪᠥᠲᠥᠭᠡᠨ ᠪᠠᠶ᠋ᠢᠭᠤᠯᠬᠤ — ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠵᠦᠪᠯᠡᠯᠴᠡᠭᠡᠷ ᠲᠤᠭᠲᠠᠵᠠᠢ
ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ 《12.4》 ᠤᠯᠤᠰ᠎ᠤᠨ ᠦᠨᠳᠦᠰᠦᠨ ᠬᠠᠤᠯᠢ ᠵᠢᠨ ᠡᠳᠦᠷ ᠵᠢᠴᠢ ᠪᠥᠬᠥ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠬᠠᠤᠯᠢ ᠲᠦᠷᠢᠮ᠎ᠤᠨ ᠤᠬᠠᠭᠤᠯᠭ᠎ᠠ ᠵᠢᠨ ᠡᠳᠦᠷ᠎ᠤᠨ ᠰᠣᠶᠣᠯ ᠪᠠ ᠵᠢᠭᠤᠯᠴᠢᠯᠠᠯ᠎ᠤᠨ ᠬᠠᠤᠯᠢ ᠲᠦᠷᠢᠮ᠎ᠤᠨ ᠤᠬᠠᠭᠤᠯᠭ᠎ᠠ ᠵᠢᠨ ᠠᠵᠢᠯᠯᠠᠭ᠎ᠠ ᠬᠢᠪᠠ
2020 ᠤᠨ᠎ᠤ 《ᠵᠢᠷᠤᠭ ᠰᠢᠭ᠋ ᠥᠪᠥᠷ ᠮᠣᠩᠭᠣᠯ》 ᠤᠷᠠᠨ ᠵᠢᠷᠤᠭ᠎ᠤᠨ ᠪᠥᠲᠥᠭᠡᠯ᠎ᠤᠨ ᠦᠵᠡᠰᠬᠦᠯᠡᠩ ᠶᠠᠪᠤᠭᠳᠠᠪᠠ
ᠠᠷᠪᠠᠨ ᠬᠣᠶᠠᠳᠤᠭ᠋ᠠᠷ ᠬᠤᠭᠤᠴᠠᠭ᠋ᠠᠨ᠎ᠤ 《ᠶᠡᠬᠡ ᠭᠣᠤᠯ᠎ᠤᠨ ᠤᠷᠤᠰᠬᠠᠯ》 ᠬᠠᠲᠤᠨ ᠭᠣᠤᠯ᠎ᠤᠨ ᠰᠠᠪᠠ ᠭᠠᠵᠠᠷ᠎ᠤᠨ ᠶᠢᠰᠦᠨ ᠮᠤᠵᠢ ᠣᠷᠣᠨ᠎ᠤ ᠱᠠᠩᠨᠠᠯ ᠬᠦᠷᠲᠡᠭᠰᠡᠨ ᠬᠡᠷᠡᠯ ᠵᠢᠷᠤᠭ᠎ᠤᠨ ᠪᠦᠲᠦᠭᠡᠯ᠎ᠤᠨ ᠦᠵᠡᠰᠬᠦᠯᠡᠩ ᠶᠠᠪᠤᠭᠳᠠᠪᠠ
 
            