11 ᠳ᠋ᠦ᠍ᠭᠡᠷ ᠰᠠᠷ᠎ᠠ ᠵᠢᠨ 26᠎ᠤ ᠡᠳᠦᠷ᠂ ᠬᠠᠲᠤᠨ ᠭᠣᠤᠯ᠎ᠤᠨ ᠰᠣᠶᠣᠯ᠎ᠢ ᠬᠠᠮᠠᠭ᠋ᠠᠯᠠᠨ ᠤᠯᠠᠮᠵᠢᠯᠠᠨ ᠬᠦᠭᠵᠢᠭᠦᠯᠬᠦ ᠰᠠᠭᠤᠳᠠᠯ᠎ᠤᠨ ᠬᠤᠷᠠᠯ ᠱᠠᠨ ᠰᠢ ᠮᠤᠵᠢ ᠵᠢᠨ ᠲᠠᠶ᠋ᠢᠶᠤᠸᠠᠨ ᠬᠣᠲᠠ᠎ᠳᠤ ᠬᠤᠷᠠᠯᠳᠤᠪᠠ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠶᠠᠮᠤᠨ᠎ᠤ ᠰᠠᠶ᠋ᠢᠳ ᠬᠤ᠌ ᠾᠧ ᠫᠢᠩ᠂ ᠱᠠᠨ ᠰᠢ ᠮᠤᠵᠢ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠮᠤᠵᠢ ᠵᠢᠨ ᠳᠠᠷᠤᠭ᠎ᠠ ᠯᠢᠨ ᠦ᠋ ᠬᠤᠷᠠᠯ᠎ᠳᠤ ᠤᠷᠤᠯᠴᠠᠵᠤ ᠶᠠᠷᠢᠶ᠎ᠠ ᠲᠠᠯᠪᠢᠪᠠ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠯᠢ ᠴᠢᠶᠦ᠋ᠨ᠂ ᠱᠠᠨ ᠰᠢ ᠮᠤᠵᠢ ᠵᠢᠨ ᠳᠡᠳ᠋ ᠳᠠᠷᠤᠭ᠎ᠠ ᠵᠠᠩ ᠹᠦ᠋ ᠮᠢᠩ᠂ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠤᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠦᠩ ᠰᠢᠨ ᠴᠤᠤ᠂ ᠤᠰᠤᠨ ᠠᠰᠢᠭᠯᠠᠯᠲᠠ ᠵᠢᠨ ᠶᠠᠮᠤᠨ᠎ᠤ ᠬᠠᠲᠤᠨ ᠭᠣᠤᠯ᠎ᠤᠨ ᠤᠰᠤᠨ ᠠᠰᠢᠭᠯᠠᠯᠲᠠ ᠵᠢᠨ ᠵᠥᠪᠯᠡᠯ᠎ᠤᠨ ᠳᠡᠳ᠋ ᠡᠷᠬᠢᠯᠡᠭᠴᠢ ᠨᠢᠦ ᠢᠦᠶ ᠭᠦᠸᠧ ᠬᠤᠷᠠᠯ᠎ᠳᠤ ᠣᠷᠣᠯᠴᠠᠵᠠᠶ᠃

ᠬᠤᠷᠠᠯ᠎ᠤᠨ ᠠᠬᠤᠶ ᠲᠠᠯᠠᠪᠠᠢ
ᠬᠤ᠌ ᠾᠧ ᠫᠢᠩ᠂ ᠶᠡᠷᠦᠩᠬᠡᠢ ᠱᠦᠵᠢ ᠰᠢ ᠵᠢᠨ ᠫᠢᠩ᠎ᠤᠨ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠤᠯᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠬᠠᠳᠤᠨ ᠭᠣᠣᠯ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ ᠬᠦᠭᠵᠢᠭᠦᠯᠬᠦ ᠠᠵᠢᠯ᠎ᠢ ᠰᠠᠶ᠋ᠢᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠡᠭᠦᠷᠭᠡᠲᠦ ᠰᠡᠳᠬᠢᠯᠭᠡ ᠲᠤᠯᠭ᠋ᠠᠮ ᠰᠡᠳᠬᠢᠯᠭᠡ᠎ᠪᠠᠨ ᠴᠢᠩᠭ᠋ᠠᠳᠬᠠᠬᠤ ᠬᠡᠷᠡᠭᠲᠡᠢ᠃ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠬᠠᠳᠤᠨ ᠭᠣᠣᠯ᠎ᠤᠨ ᠰᠣᠶᠣᠯ᠎ᠤᠨ 《ᠦᠨᠳᠦᠰᠦ ᠪᠠ ᠰᠦᠭ ᠰᠦᠨᠡᠰᠦ》 ᠵᠢᠨ ᠴᠢᠬᠤᠯᠠ ᠪᠠᠶ᠋ᠢᠷᠢ ᠰᠠᠭᠤᠷᠢ ᠵᠢ ᠭᠦᠨᠵᠡᠭᠡᠢ ᠡᠵᠡᠮᠳᠡᠵᠦ᠂ ᠲᠡᠦᠬᠡ ᠰᠣᠶᠣᠯ᠎ᠤᠨ ᠰᠤᠳᠠᠰᠤ ᠵᠢ ᠦᠷᠭᠦᠯᠵᠢᠯᠡᠭᠦᠯᠵᠦ᠂ ᠳᠤᠮᠳᠠᠳᠤ ᠵᠢᠨ ᠰᠣᠶᠣᠯ᠎ᠤᠨ ᠭ᠋ᠸᠨ᠎ᠢ ᠤᠯᠠᠮᠵᠢᠯᠠᠨ᠂ ᠴᠠᠭ ᠦᠶ᠎ᠡ ᠵᠢᠨ ᠦᠨ᠎ᠡ ᠦᠷᠳᠡᠭ᠎ᠢ ᠠᠭᠤᠳᠠᠯᠤᠨ ᠪᠠᠳᠠᠷᠠᠭᠤᠯᠵᠤ᠂ ᠰᠢᠨ᠎ᠡ ᠴᠠᠭ ᠦᠶ᠎ᠡ ᠵᠢᠨ ᠬᠠᠳᠤᠨ ᠭᠣᠣᠯ᠎ᠤᠨ ᠦᠯᠢᠬᠡᠷ᠎ᠢ ᠰᠠᠶ᠋ᠢᠲᠤᠷ ᠶᠠᠷᠢᠵᠤ᠂ ᠬᠠᠲᠤᠨ ᠭᠣᠤᠯ᠎ᠤᠨ ᠪᠥᠬᠥ ᠰᠠᠪᠠ ᠭᠠᠵᠠᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠠᠷᠠᠳ ᠲᠦᠮᠡᠨ᠎ᠳᠤ ᠪᠤᠶᠠᠨ ᠦᠢ᠍ᠯᠡᠳᠬᠦ ᠵᠣᠯ ᠵᠢᠷᠭ᠋ᠠᠯᠲᠤ ᠭᠣᠤᠯ᠎ᠢ ᠪᠥᠲᠥᠭᠡᠨ ᠪᠠᠢ᠌ᠭᠤᠯᠬᠤ ᠬᠡᠷᠡᠭᠲᠠᠢ ᠭᠡᠵᠦ ᠴᠢᠬᠤᠯᠠᠴᠢᠯᠠᠪᠠ᠃

ᠬᠤ᠌ ᠾᠧ ᠫᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ
ᠬᠤ᠌ ᠾᠧ ᠫᠢᠩ ᠵᠢᠭ᠋ᠠᠵᠤ ᠭᠠᠷᠭ᠋ᠠᠬᠤ᠎ᠳᠤ᠎ᠪᠠᠨ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠰᠢᠰᠲ᠋ᠧᠮ᠎ᠤᠨ᠎ᠬᠢᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ 《ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠥᠯᠥᠪᠵᠢᠭᠦᠯᠭᠡ ᠵᠢᠨ ᠬᠥᠲᠥᠯᠪᠦᠷᠢ》 ᠪᠠ ᠤᠳᠠᠯ ᠥᠬᠡᠶ ᠳᠠᠷᠤᠮᠠᠯᠯᠠᠨ ᠲᠠᠷᠬᠠᠭ᠋ᠠᠬᠤ ᠭᠡᠵᠦ ᠪᠠᠶ᠋ᠢᠭ᠎ᠠ 《ᠬᠠᠲᠤᠨ ᠭᠣᠤᠯ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ ᠬᠦᠭᠵᠢᠭᠦᠯᠬᠦ ᠲᠥᠯᠥᠪᠵᠢᠭᠦᠯᠭᠡ》 ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠲᠤᠨ ᠭᠣᠤᠯ᠎ᠤᠨ ᠰᠣᠶᠣᠯ᠎ᠤᠨ ᠰᠤᠳᠤᠯᠭ᠋ᠠᠨ᠎ᠤ ᠲᠠᠶ᠋ᠢᠯᠪᠤᠷᠢᠯᠠᠯᠲᠠ ᠵᠢ ᠴᠢᠩᠭ᠋ᠠᠳᠬᠠᠬᠤ᠂ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠪᠠ ᠡᠬᠢ ᠪᠠᠶᠠᠯᠢᠭ᠎ᠤᠨ ᠪᠠᠶ᠋ᠢᠴᠠᠭ᠋ᠠᠯᠲᠠ ᠵᠢ ᠦᠷᠨᠢᠭᠦᠯᠬᠦ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠬᠢᠷᠢ ᠬᠡᠮᠵᠢᠶ᠎ᠡ ᠵᠢ ᠲᠡᠭᠡᠭᠰᠢᠯᠡᠬᠦᠯᠬᠦ᠂ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠪᠠ ᠲᠤᠭᠯᠠᠨ ᠤᠯᠠᠮᠵᠢᠯᠠᠬᠤ ᠵᠢ ᠥᠷᠨᠢᠭᠦᠯᠬᠦ᠂ ᠬᠠᠲᠤᠨ ᠭᠣᠤᠯ᠎ᠤᠨ ᠰᠣᠶᠣᠯ ᠵᠢᠭᠤᠯᠴᠢᠯᠠᠯ᠎ᠤᠨ ᠪᠦᠰᠡ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ᠂ ᠬᠠᠲᠤᠨ ᠭᠣᠤᠯ ᠳᠠᠭ᠋ᠠᠤ ᠭᠠᠵᠠᠷ ᠣᠷᠣᠨ᠎ᠤ ᠰᠣᠶᠣᠯ᠎ᠤᠨ ᠠᠵᠤ ᠦᠢ᠍ᠯᠡᠰ᠎ᠢ ᠬᠥᠭᠵᠢᠭᠦᠯᠬᠦ᠂ ᠬᠠᠲᠤᠨ ᠭᠣᠤᠯ᠎ᠤᠨ ᠰᠣᠶᠣᠯ᠎ᠤᠨ ᠳᠡᠯᠡᠬᠡᠶ᠎ᠳᠤ᠎ᠬᠢ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ ᠵᠡᠷᠭᠡ ᠨᠠᠢ᠍ᠮᠠᠨ ᠵᠦᠢ᠍ᠯ᠎ᠤᠨ ᠭᠣᠤᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠬᠠᠲᠤᠨ ᠭᠣᠣᠯ᠎ᠤᠨ ᠰᠣᠶᠣᠯ᠎ᠢ ᠦᠨᠡᠨ ᠬᠦ᠌ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠤᠯᠠᠮᠵᠢᠯᠠᠵᠤ᠂ ᠰᠠᠶ᠋ᠢᠲᠤᠷ ᠬᠦᠭᠵᠢᠭᠦᠯᠵᠦ᠂ ᠰᠢᠨ᠎ᠡ ᠴᠠᠭ ᠦᠶ᠎ᠡ ᠵᠢᠨ ᠬᠠᠳᠤᠨ ᠭᠣᠣᠯ᠎ᠤᠨ ᠨᠠᠶ᠋ᠢᠷᠠᠯ ᠳᠠᠭᠤᠤ ᠵᠢ ᠬᠠᠮᠲᠤ᠎ᠪᠠᠷ ᠡᠭᠦᠲᠦᠨ᠎ᠡ᠃ ᠳᠠᠷᠠᠭ᠎ᠠ ᠠᠯᠬᠤᠮ᠎ᠳᠤ᠂ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠠᠯᠠᠭ᠎ᠠ ᠮᠥᠴᠢᠷ᠎ᠤᠳ ᠵᠣᠬᠢᠶᠠᠨ ᠪᠠᠢ᠌ᠭᠤᠯᠤᠯᠲᠠ ᠪᠠ ᠬᠡᠷᠡᠭᠵᠢᠭᠦᠯᠦᠯᠲᠡ᠎ᠪᠠᠨ ᠴᠢᠩᠭ᠋ᠠᠳᠬᠠᠵᠤ᠂ ᠠᠵᠢᠯ᠎ᠤᠨ ᠬᠠᠷᠢᠭᠤᠴᠠᠯᠭ᠎ᠠ ᠪᠠᠨ ᠨᠠᠢ᠌ᠳᠠᠪᠤᠷᠢᠵᠢᠭᠤᠯᠵᠤ᠂ ᠲᠥᠯᠥᠪᠵᠢᠭᠦᠯᠭᠡ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠭᠣᠣᠯᠳᠠᠯᠭ᠎ᠠ᠎ᠲᠠᠢ ᠲᠥᠷᠥᠯ ᠵᠦᠢ᠍ᠯ᠎ᠢ ᠰᠠᠶ᠋ᠢᠲᠤᠷ ᠠᠳᠬᠤᠵᠤ᠂ ᠶᠠᠮᠤᠨ ᠮᠤᠵᠢ ᠵᠢᠨ ᠬᠠᠮᠲᠤᠷᠠᠯᠴᠠᠭ᠎ᠠ᠂ ᠣᠷᠣᠨ ᠪᠦᠰᠡ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠬᠠᠳᠤᠨ ᠭᠣᠣᠯ᠎ᠤᠨ ᠰᠣᠶᠣᠯ᠎ᠢ ᠬᠠᠮᠠᠭ᠋ᠠᠯᠠᠨ ᠤᠯᠠᠮᠵᠢᠯᠠᠨ ᠬᠦᠭᠵᠢᠭᠦᠯᠬᠦ᠎ᠳᠤ ᠪᠠᠲᠤ ᠴᠢᠩᠭ᠎ᠠ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠠᠢ ᠭᠡᠪᠡ᠃

ᠯᠢᠨ ᠡᠦ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
ᠯᠢᠨ ᠡᠦ᠂ ᠱᠠᠨ ᠰᠢ ᠮᠤᠵᠢ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠤᠵᠢ ᠵᠢᠨ ᠨᠠᠮ᠎ᠤᠨ ᠬᠣᠷᠢᠶ᠎ᠠ᠂ ᠮᠤᠵᠢ ᠵᠢᠨ ᠵᠠᠰᠠᠭ᠎ᠤᠨ ᠣᠷᠳᠣᠨ᠎ᠤ ᠭᠣᠤᠯ ᠤᠳᠤᠷᠢᠳᠤᠯᠭ᠎ᠠ ᠬᠣᠤᠰ ᠳᠤᠭᠤᠶ᠋ᠢᠯᠠᠩ᠎ᠤᠨ ᠳᠠᠷᠤᠭ᠎ᠠ ᠵᠢᠨ ᠡᠭᠦᠷᠭᠡ ᠬᠠᠷᠢᠭᠤᠴᠠᠨ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠢ᠌ᠭᠤᠯᠵᠤ᠂ ᠬᠠᠳᠤᠨ ᠭᠣᠣᠯ᠎ᠤᠨ ᠰᠣᠶᠣᠯ᠎ᠢ ᠬᠠᠮᠠᠭ᠋ᠠᠯᠠᠨ ᠤᠯᠠᠮᠵᠢᠯᠠᠨ ᠵᠠᠯᠭ᠋ᠠᠮᠵᠢᠯᠠᠬᠤ ᠬᠠᠮᠲᠤᠷᠠᠯᠴᠠᠭ᠎ᠠ ᠵᠢ ᠰᠠᠢ᠌ᠲᠤᠷ ᠬᠢᠵᠦ᠂ ᠬᠠᠳᠤᠨ ᠭᠣᠤᠯ᠎ᠤᠨ ᠬᠠᠪᠲᠠᠭ᠋ᠠᠢ ᠬᠡᠰᠡᠭ᠎ᠤᠨ ᠰᠣᠶᠣᠯ ᠪᠠ ᠵᠢᠭᠤᠯᠴᠢᠯᠠᠯ᠎ᠤᠨ ᠭᠦᠨ ᠠᠭᠤᠰᠤᠯᠴᠠᠬᠤ ᠰᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠬᠠᠳᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠠᠲᠠᠭᠤ ᠲᠤᠯᠭ᠋ᠠᠭᠤᠷᠢᠯᠠᠯ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠬᠠᠳᠤᠨ ᠭᠣᠣᠯ᠎ᠤᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ᠂ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠬᠤ᠂ ᠲᠣᠭᠲᠠᠴᠠ ᠵᠢᠨ ᠲᠠᠯ᠎ᠠ᠎ᠪᠠᠷ ᠰᠢᠨ᠎ᠡ ᠵᠢ ᠡᠭᠦᠳᠬᠦ᠂ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠬᠤ ᠲᠠᠯ᠎ᠠ᠎ᠪᠠᠷ ᠢᠳᠡᠪᠬᠢᠲᠡᠢ ᠦᠷ᠎ᠡ ᠪᠦᠲᠦᠮᠵᠢ ᠣᠯᠪᠠ᠃ ᠳᠠᠷᠠᠭ᠎ᠠ ᠠᠯᠬᠤᠮ᠎ᠳᠤ᠂ ᠱᠠᠨ ᠰᠢ ᠮᠤᠵᠢ ᠬᠠᠲᠤᠨ ᠭᠣᠤᠯ ᠳᠠᠭ᠋ᠠᠤ ᠮᠤᠵᠢ᠎ᠲᠠᠢ ᠬᠠᠷᠢᠯᠴᠠᠨ ᠲᠣᠯᠢᠯᠠᠬᠤ᠂ ᠬᠦᠴᠦ᠎ᠪᠠᠨ ᠬᠠᠮᠲᠤᠳᠬᠠᠨ ᠬᠠᠮᠵᠢᠯᠴᠠᠬᠤ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠴᠢᠬᠤᠯᠠ ᠶᠡᠬᠡ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ᠂ ᠣᠷᠴᠢᠨ ᠲᠣᠭᠣᠷᠢᠨ᠎ᠢ ᠬᠠᠮᠲᠤ᠎ᠪᠠᠷ ᠵᠠᠰᠠᠬᠤ᠂ ᠠᠵᠤ ᠦᠢ᠍ᠯᠡᠰ᠎ᠤᠨ ᠬᠠᠮᠵᠢᠯᠴᠠᠭ᠎ᠠ᠂ ᠰᠣᠶᠣᠯ ᠪᠠ ᠵᠢᠭᠤᠯᠴᠢᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠡᠷᠭᠡ ᠲᠠᠯ᠎ᠠ᠎ᠪᠠᠷ ᠬᠠᠮᠵᠢᠯᠴᠠᠭ᠎ᠠ᠎ᠪᠠᠨ ᠬᠦᠨᠵᠡᠭᠡᠢ᠌ᠷᠡᠭᠦᠯᠵᠦ᠂ ᠬᠠᠳᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ ᠵᠢᠭ᠋ᠠᠵᠤ ᠭᠠᠷᠭ᠋ᠠᠪᠠ᠃
ᠬᠤᠷᠠᠯ ᠳᠡᠭᠡᠷ᠎ᠡ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠤᠪᠴᠢᠶ᠎ᠠ᠂ ᠤᠰᠤᠨ ᠠᠰᠢᠭᠯᠠᠯᠲᠠ ᠵᠢᠨ ᠶᠠᠮᠤᠨ᠎ᠤ ᠬᠠᠳᠤᠨ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠶᠠᠷᠢᠶ᠎ᠠ ᠲᠠᠯᠪᠢᠵᠤ᠂ ᠬᠠᠳᠤᠨ ᠭᠣᠣᠯ ᠳᠠᠭ᠋ᠠᠤ ᠵᠢᠨ ᠬᠡᠰᠡᠭ ᠮᠤᠵᠢ ᠤᠷᠤᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠣᠯᠤᠨ ᠬᠠᠳᠤᠨ ᠭᠣᠣᠯ ᠳᠠᠭ᠋ᠠᠤ ᠵᠢᠨ ᠬᠤᠳᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠰᠠᠨᠠᠯ ᠵᠶ᠋ᠠᠨ ᠰᠤᠯᠢᠯᠴᠠᠨ ᠶᠠᠷᠢᠶ᠎ᠠ ᠲᠠᠯᠪᠢᠪᠠ᠃ ᠶᠠᠷᠢᠯᠴᠠᠬᠤ ᠬᠤᠷᠠᠯ᠎ᠳᠤ ᠪᠠᠰᠠ 《ᠬᠠᠲᠤᠨ ᠭᠣᠤᠯ᠎ᠤᠨ ᠰᠣᠶᠣᠯ᠎ᠤᠨ ᠭᠧᠨ᠎ᠢ ᠭᠦᠨᠵᠡᠭᠡᠶ ᠤᠯᠠᠮᠵᠢᠯᠠᠨ ᠵᠠᠯᠭ᠋ᠠᠮᠵᠢᠯᠠᠵᠤ᠂ ᠬᠠᠲᠤᠨ ᠭᠣᠤᠯ᠎ᠤᠨ ᠰᠣᠶᠣᠯ᠎ᠤᠨ ᠴᠠᠭ ᠦᠶ᠎ᠡ ᠵᠢᠨ ᠦᠨ᠎ᠡ ᠥᠷᠲᠡᠭ᠎ᠢ ᠠᠭᠤᠳᠠᠯᠬᠤ》᠂ 《ᠬᠠᠲᠤᠨ ᠭᠣᠤᠯ᠎ᠤᠨ ᠰᠠᠪᠠ ᠭᠠᠵᠠᠷ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠬᠠᠮᠠᠭ᠋ᠠᠯᠠᠯᠲᠠ ᠠᠰᠢᠭᠯᠠᠯᠲᠠ》᠂ 《ᠬᠠᠲᠤᠨ ᠭᠣᠤᠯ᠎ᠤᠨ ᠰᠠᠪᠠ ᠭᠠᠵᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠨ ᠪᠠᠳᠠᠷᠠᠭᠤᠯᠬᠤ》᠂ 《ᠬᠠᠲᠤᠨ ᠭᠣᠤᠯ᠎ᠤᠨ ᠰᠣᠶᠣᠯ ᠪᠠ ᠵᠢᠭᠤᠯᠴᠢᠯᠠᠯ᠎ᠤᠨ ᠪᠦᠰᠡ ᠵᠢᠨ ᠪᠥᠲᠥᠭᠡᠨ ᠪᠠᠶ᠋ᠢᠭᠤᠯᠤᠯᠲᠠ》 ᠭᠡᠬᠦ ᠳᠥᠷᠪᠡᠨ ᠭᠣᠤᠯ ᠰᠡᠲᠦᠪᠲᠦ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠪᠡ᠃ ᠲᠥᠪ᠎ᠤᠨ ᠤᠬᠠᠭᠤᠯᠬᠤ ᠬᠡᠯᠲᠡᠰ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠬᠠᠮᠢᠶ᠎ᠠ ᠪᠦᠬᠦᠢ ᠵᠤᠷᠭ᠋ᠠᠨ ᠲᠣᠪᠴᠢᠶᠠᠨ᠎ᠤ ᠨᠥᠬᠥᠳ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠠᠮᠢᠶ᠎ᠠ ᠪᠦᠬᠦᠢ ᠵᠤᠷᠭ᠋ᠠᠨ ᠲᠣᠪᠴᠢᠶ᠎ᠠ ᠰᠠᠭᠤᠭ᠎ᠠ ᠭᠠᠵᠠᠷ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠳᠤᠭᠤᠶ᠋ᠢᠯᠠᠩ ᠪᠣᠯᠤᠨ ᠰᠢᠭᠤᠳ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠳᠠᠨ ᠨᠥᠬᠥᠳ᠂ ᠬᠠᠲᠤᠨ ᠭᠣᠤᠯ᠎ᠤᠨ ᠰᠠᠪᠠ ᠭᠠᠵᠠᠷ᠎ᠤᠨ ᠤᠯᠤᠰ᠎ᠤᠨ ᠲᠠᠰ᠎ᠤᠨ ᠰᠣᠶᠣᠯ᠎ᠤᠨ ᠠᠮᠢ ᠠᠬᠤᠶ ᠵᠢ ᠬᠠᠮᠠᠭ᠋ᠠᠯᠠᠬᠤ ᠲᠤᠷᠰᠢᠯᠲᠠ ᠵᠢᠨ ᠶᠢᠰᠦᠨ ᠲᠣᠭᠣᠷᠢᠭ᠎ᠤᠨ ᠪᠠᠶ᠋ᠢᠭ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠷᠢᠭᠤᠴᠠᠯᠭ᠋ᠠᠲᠠᠨ ᠨᠥᠬᠥᠳ ᠵᠢᠴᠢ ᠬᠣᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠬᠤᠷᠠᠯ᠎ᠳᠤ ᠣᠷᠣᠯᠴᠠᠪᠠ᠃