ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠠᠩᠬᠠᠳᠤᠭ᠋ᠠᠷ ᠬᠤᠭᠤᠴᠠᠭ᠋ᠠᠨ᠎ᠤ 《ᠰᠠᠶ᠋ᠢᠨ ᠳᠤᠷᠠᠴᠤᠳ᠎ᠤᠨ ᠣᠳᠣᠨ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠠᠶ᠋ᠢᠨ ᠲᠤᠷᠠᠴᠤᠳ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠲᠡᠭᠦᠰ ᠠᠮᠵᠢᠯᠲᠠ᠎ᠲᠠᠢ ᠥᠨᠳᠥᠷᠯᠡᠪᠡ
ᠨᠡᠶᠢᠲᠡᠯᠡᠭᠰᠡᠨ ᠴᠠᠭ᠄ 2020-12-03

     11 ᠳ᠋ᠤᠭᠡᠷ ᠰᠠᠷ᠎ᠠ ᠵᠢᠨ 20᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ ᠳᠠᠭ᠋ᠠᠭ᠋ᠠᠴᠢᠯᠠᠨ ᠡᠷᠭᠢᠯᠡᠵᠦ᠂ ᠬᠥᠬᠡᠬᠣᠲᠠ ᠵᠢᠨ ᠰᠣᠶᠣᠯ᠎ᠤᠨ ᠣᠷᠳᠣᠨ ᠬᠠᠮᠵᠢᠯᠴᠠᠨ ᠡᠷᠭᠢᠯᠡᠭᠰᠡᠨ ᠠᠩᠬᠠᠳᠤᠭ᠋ᠠᠷ ᠬᠤᠭᠤᠴᠠᠭ᠋ᠠᠨ᠎ᠤ 《ᠰᠠᠶ᠋ᠢᠨ ᠳᠤᠷᠠᠴᠤᠳ᠎ᠤᠨ ᠣᠳᠣᠨ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠠᠶ᠋ᠢᠨ ᠳᠤᠷᠠᠴᠤᠳ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ ᠬᠥᠬᠡᠬᠣᠲᠠ ᠵᠢᠨ ᠰᠣᠶᠣᠯ ᠎ᠤᠨ ᠤᠷᠳᠤᠨ᠎ᠤ ᠤᠳᠤᠳ᠎ᠤᠨ ᠲᠢᠶᠠᠲᠷ᠎ᠲᠤ ᠲᠡᠭᠦᠰ ᠠᠮᠵᠢᠯᠲᠠ᠎ᠲᠠᠢ ᠥᠨᠳᠥᠷᠯᠡᠪᠡ᠃    



      ᠰᠢᠢ᠍ᠳᠪᠦᠷᠢᠲᠦ ᠤᠷᠤᠯᠳᠤᠭ᠋ᠠᠨ ᠨᠡᠶ᠋ᠢᠲᠡ ᠭᠤᠷᠪᠠᠨ ᠲᠠᠯᠠᠪᠤᠷ ᠬᠤᠪᠢᠶᠠᠨ ᠶᠠᠪᠤᠭᠳᠠᠵᠤ᠂ 12 ᠠᠶ᠋ᠢᠮᠠᠭ ᠬᠣᠲᠠ᠎ᠠᠴᠠ ᠢᠷᠡᠭᠰᠡᠨ 100 ᠭᠠᠷᠤᠶ ᠤᠷᠤᠯᠴᠠᠭᠰᠠᠳ᠂ 46 ᠪᠦᠲᠦᠭᠡᠯ ᠰᠢᠷᠦᠬᠦᠨ ᠥᠷᠢᠰᠦᠯᠳᠦᠵᠦ᠂ ᠦᠵᠡᠭᠴᠢᠳ᠎ᠤᠨ ᠬᠠᠷᠠᠭ᠎ᠠ ᠵᠢ ᠪᠤᠯᠢᠶᠠᠨ᠂ ᠰᠤᠨᠤᠷ᠎ᠢ ᠪᠠᠶᠠᠰᠬᠠᠭᠰᠠᠨ ᠪᠠᠢ᠌ᠨ᠎ᠠ᠃ ᠤᠷᠤᠯᠳᠤᠭ᠋ᠠᠨ᠎ᠤ ᠪᠦᠬᠦ ᠶᠠᠪᠤᠴᠠ ᠭᠤᠢ᠌ᠲᠠ ᠰᠠᠢ᠌ᠬᠠᠨ᠂ ᠪᠥᠲᠦᠭᠡᠯ᠎ᠤᠨ ᠶᠠᠰᠤ ᠴᠢᠨᠠᠷ ᠥᠨᠳᠥᠷ᠂ ᠲᠥᠷᠥᠯ ᠵᠦᠢ᠍ᠯ ᠣᠯᠠᠨ᠂ ᠣᠨᠴᠠᠯᠢᠭ ᠢᠯᠡ ᠲᠣᠳᠣ᠃    



      ᠤᠷᠤᠯᠳᠤᠭ᠋ᠠᠨ᠎ᠢ ᠨᠠᠩ ᠪᠠᠶᠠᠯᠢᠭᠵᠢᠭᠤᠯᠵᠤ ᠣᠯᠠᠨ ᠡᠰᠢᠵᠢᠭᠦᠯᠬᠦ ᠵᠢᠨ ᠲᠥᠯᠥᠭᠡ᠂ ᠤᠷ᠎ᠠ ᠴᠢᠳᠠᠪᠤᠷᠢ ᠵᠢᠨ ᠦᠵᠡᠬᠦᠯᠦᠯᠭᠡ᠎ᠠᠴᠠ ᠭᠠᠳᠠᠨ᠎ᠠ᠂ ᠲᠤᠬᠠᠶ ᠵᠢᠨ ᠲᠠᠯᠠᠪᠠᠢ᠎ᠳᠤ ᠪᠠᠰᠠ ᠮᠡᠳᠡᠯᠭᠡ ᠵᠢᠨ ᠰᠡᠳᠦᠪ᠎ᠢ ᠥᠷᠢᠰᠦᠯᠳᠦᠨ ᠬᠠᠷᠢᠭᠤᠯᠬᠤ ᠭᠣᠭᠴᠣᠭ᠎ᠠ ᠲᠣᠬᠢᠷᠠᠭᠤᠯᠵᠤ᠂ ᠤᠷᠤᠯᠳᠤᠭ᠋ᠠᠨ᠎ᠢ ᠬᠦᠭᠵᠢᠶᠡᠵᠦ᠂ ᠮᠡᠳᠡᠯᠭᠡ ᠵᠢᠨ ᠴᠢᠨᠠᠷ᠂ ᠰᠣᠨᠢᠷᠬᠠᠯᠲᠤ ᠴᠢᠨᠠᠷ᠎ᠢ ᠨᠡᠮᠡᠭᠳᠡᠭᠦᠯᠬᠦ᠂ ᠰᠠᠶ᠋ᠢᠨ ᠳᠤᠷ᠎ᠠ ᠵᠢᠨ ᠦᠢ᠍ᠯᠡᠴᠢᠯᠡᠬᠡᠨ᠎ᠤ ᠬᠠᠮᠢᠶ᠎ᠠ ᠪᠦᠬᠦᠢ ᠮᠡᠳᠡᠯᠭᠡ ᠵᠢ ᠲᠥᠭᠡᠮᠡᠯᠵᠢᠬᠦᠯᠬᠦ᠎ᠳᠤ ᠠᠬᠢᠭᠤᠯᠬᠤ ᠦᠢ᠍ᠯᠡᠳᠦᠯ ᠦᠵᠡᠭᠦᠯᠪᠡ᠃  


       
      ᠥᠷᠢᠰᠦᠯᠳᠦᠭᠡᠨ ᠵᠶ᠋ᠠᠷ ᠳᠠᠮᠵᠢᠨ ᠪᠤᠭᠤᠲᠤ ᠬᠣᠲᠠ ᠵᠢᠨ ᠰᠣᠶᠣᠯ᠎ᠤᠨ ᠰᠠᠶ᠋ᠢᠨ ᠳᠤᠷᠠᠴᠤᠳ᠎ᠤᠨ 《ᠡᠬᠡ ᠤᠯᠤᠰ ᠮᠠᠨᠳᠤᠲᠤᠭ᠋ᠠᠶ》 ᠵᠡᠷᠭᠡ 4 ᠪᠦᠲᠦᠭᠡᠯ ᠨᠢᠭᠡᠳᠦᠭᠡᠷ ᠳᠡᠰ᠎ᠤᠨ ᠱᠠᠩᠨᠠᠯ ᠭᠥᠷᠳᠡᠵᠦ᠂ ᠬᠥᠯᠥᠨ ᠪᠣᠶ᠋ᠢᠷ ᠬᠣᠲᠠ ᠵᠢᠨ ᠰᠣᠶᠣᠯ᠎ᠤᠨ ᠰᠠᠶ᠋ᠢᠨ ᠳᠤᠷᠠᠴᠤᠳ᠎ᠤᠨ ᠰᠠᠺᠰ᠎ᠤᠨ ᠳᠥᠷᠪᠡᠯᠡᠯ ᠬᠥᠭᠵᠢᠮ 《ᠲᠤᠯᠤᠭ᠋ᠠᠢ ᠵᠢᠨ ᠪᠦᠲᠡᠭᠡᠯᠭᠡ ᠵᠢ ᠴᠢᠨᠢ ᠰᠡᠬᠦᠨᠡᠮ》 ᠵᠡᠷᠭᠡ 6 ᠪᠦᠲᠦᠭᠡᠯ ᠬᠣᠶᠠᠳᠤᠭ᠋ᠠᠷ ᠳᠡᠰ᠎ᠤᠨ ᠱᠠᠩᠨᠠᠯ   ᠬᠦᠷᠲᠡᠵᠦ᠂ ᠣᠷᠳᠣᠰ ᠬᠣᠲᠠ ᠵᠢᠨ ᠰᠣᠶᠣᠯ᠎ᠤᠨ ᠰᠠᠶ᠋ᠢᠨ ᠳᠤᠷᠠᠴᠤᠳ᠎ᠤᠨ 《ᠰᠢᠨ᠎ᠡ ᠴᠠᠭ ᠦᠶ᠎ᠡ》 ᠵᠡᠷᠭᠡ 9 ᠪᠦᠲᠦᠭᠡᠯ ᠭᠤᠷᠪᠠᠳᠤᠭ᠋ᠠᠷ ᠳᠡᠰ᠎ᠤᠨ ᠱᠠᠩᠨᠠᠯ ᠬᠦᠷᠲᠡᠵᠡᠶ᠃ ᠬᠥᠬᠡᠬᠣᠲᠠ ᠵᠢᠨ ᠰᠣᠶᠣᠯ᠎ᠤᠨ ᠰᠠᠢ᠍ᠢ᠍ᠨ ᠳᠤᠷᠠᠴᠤᠳ᠎ᠤᠨ 《ᠴᠠᠰᠤᠲᠤ ᠠᠭᠤᠯᠠ ᠵᠢᠨ ᠬᠠᠪᠤᠷ᠎ᠤᠨ ᠲᠤᠶᠠᠭ᠎ᠠ》 ᠵᠡᠷᠭᠡ 14 ᠪᠦᠲᠦᠭᠡᠯ ᠰᠢᠯᠢᠳᠡᠭ ᠱᠠᠩᠨᠠᠯ ᠲᠤᠰᠴᠠᠢ᠃  


 
      ᠡᠭᠦᠨ᠎ᠠᠴᠠ ᠭᠠᠳᠠᠨ᠎ᠠ᠂ ᠠᠵᠢᠯᠯᠠᠭ᠎ᠠ ᠵᠢᠨ ᠨᠥᠯᠥᠭᠡᠯᠡᠬᠦ ᠬᠦᠴᠦᠨ᠎ᠢ ᠥᠷᠭᠡᠳᠬᠡᠵᠦ᠂ ᠠᠩᠬᠠᠷᠤᠯ᠎ᠤᠨ ᠬᠡᠮᠵᠢᠶ᠎ᠡ ᠵᠢ ᠨᠡᠮᠡᠭᠳᠡᠭᠦᠯᠬᠦ ᠵᠢᠨ ᠲᠥᠯᠥᠭᠡ᠂ ᠤᠷᠤᠯᠳᠤᠭ᠋ᠠᠨ᠎ᠳᠤ ᠪᠠᠰᠠ ᠰᠦᠯᠵᠢᠶᠡᠨ᠎ᠤ ᠬᠦᠷᠢᠶᠡᠯᠡᠯ᠎ᠤᠨ ᠱᠠᠩᠨᠠᠯ ᠲᠤᠬᠢᠷᠠᠭᠤᠯᠪᠠ᠃ ᠨᠢᠭᠡ ᠭᠠᠷᠠᠭ᠎ᠤᠨ ᠬᠤᠭᠤᠴᠠᠭ᠋ᠠᠨ᠎ᠳᠤ ᠨᠡᠶ᠋ᠢᠲᠡ 517275 ᠪᠢᠯᠧᠲ ᠤᠯᠵᠤ᠂ ᠡᠴᠦᠰ᠎ᠲᠤ ᠪᠢᠯᠧᠲ ᠤᠯᠤᠭᠰᠠᠨ ᠨᠣᠷᠮ᠎ᠠ ᠬᠠᠮᠤᠭ᠎ᠤᠨ ᠥᠨᠳᠥᠷ ᠭᠤᠷᠪᠠᠨ ᠤᠷᠤᠯᠴᠠᠭᠴᠢ ᠲᠤᠰ ᠤᠷᠤᠯᠳᠤᠭ᠋ᠠᠨ᠎ᠤ ᠬᠠᠮᠤᠭ᠎ᠤᠨ ᠬᠦᠷᠢᠶᠡᠯᠡᠯᠲᠦ ᠱᠠᠩᠨᠠᠯ᠎ᠢ ᠤᠯᠪᠠ᠃    
      ᠲᠣᠰ ᠤᠳᠠᠭ᠋ᠠᠨ᠎ᠤ ᠤᠷᠤᠯᠳᠤᠭ᠋ᠠᠨ᠎ᠨᠢ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠦᠢ᠍ᠯᠡᠴᠢᠯᠡᠭᠡ ᠰᠣᠯᠢᠯᠴᠠᠭ᠋ᠠᠨ᠎ᠤ ᠲᠠᠪᠴᠠᠩ᠎ᠢ ᠪᠠᠶ᠋ᠢᠭᠤᠯᠬᠤ᠎ᠳᠤ ᠢᠳᠡᠪᠬᠢ ᠦᠢ᠍ᠯᠡᠳᠦᠯ ᠦᠵᠡᠭᠦᠯᠪᠡ᠃ ᠡᠭᠦᠨ᠎ᠤ ᠬᠠᠮᠲᠤ ᠪᠠᠰᠠ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯ᠎ᠳᠤ ᠬᠦᠴᠦᠨ ᠬᠤᠷᠠᠮᠳᠤᠭᠤᠯᠵᠤ᠂ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ᠂ ᠰᠠᠶ᠋ᠢᠨ ᠳᠤᠷ᠎ᠠ ᠵᠢᠨ ᠵᠣᠷᠢᠭ ᠰᠠᠨᠠᠭ᠎ᠠ ᠵᠢ ᠬᠥᠮᠦᠰ᠎ᠤᠨ ᠰᠡᠳᠬᠢᠯ᠎ᠳᠤ ᠭᠦᠨ ᠬᠠᠳᠠᠩᠰᠢᠭᠤᠯᠵᠤ᠂ ᠮᠠᠨ᠎ᠤ ᠣᠷᠣᠨ᠎ᠤ ᠣᠯᠠᠨ ᠨᠡᠶ᠋ᠢᠲᠡ ᠵᠢᠨ ᠰᠣᠶᠣᠯ᠎ᠤᠨ ᠪᠥᠲᠦᠭᠡᠨ ᠪᠠᠶ᠋ᠢᠭᠤᠯᠤᠯᠲᠠ ᠵᠢᠨ ᠴᠡᠴᠡᠭᠯᠡᠯᠲᠡ ᠬᠥᠭᠵᠢᠯᠲᠡ ᠵᠢ ᠠᠬᠢᠭᠤᠯᠬᠤ ᠶᠠᠪᠤᠴᠠ᠎ᠳᠤ ᠨᠡᠩ ᠣᠯᠠᠨ ᠬᠥᠮᠦᠨ ᠎ᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠡᠩᠨᠡᠭᠡ᠎ᠳᠤ ᠤᠷᠤᠯᠴᠠᠵᠤ᠂ ᠬᠠᠮᠲᠤ᠎ᠪᠠᠷ   ᠬᠦᠰᠡᠯ ᠵᠶ᠋ᠠᠨ ᠲᠡᠷᠭᠡᠯᠰᠢᠭᠦᠯᠵᠦ᠂ ᠵᠠᠯᠠᠭᠤ ᠨᠠᠰᠤ᠎ᠪᠠᠨ ᠬᠥᠰᠡᠷᠳᠡᠭᠦᠯᠬᠦ ᠦᠭᠡᠢ ᠵᠢ ᠤᠷᠢᠶᠠᠯᠠᠭᠰᠠᠨ ᠪᠠᠢ᠌ᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠣᠶᠣᠯ ᠪᠠ ᠵᠢᠭᠤᠯᠴᠢᠯᠠᠯ᠎ᠤᠨ ᠶᠠᠮᠤᠨ ᠬᠠᠳᠤᠨ ᠭᠣᠣᠯ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ ᠬᠦᠭᠵᠢᠭᠦᠯᠬᠦ ᠰᠠᠭᠤᠳᠠᠯ᠎ᠤᠨ ᠬᠤᠷᠠᠯ ᠬᠤᠷᠠᠯᠳᠤᠭᠤᠯᠪᠠ
2020 ᠣᠨ᠎ᠤ 《ᠰᠢ ᠵᠦᠴᠦᠭᠡ᠂ ᠪᠣᠯᠪᠠᠰᠣᠷᠠᠯ᠎ᠤᠨ ᠠᠩᠭᠢ》 — ᠵᠦᠴᠦᠭᠡ ᠵᠢᠨ ᠴᠢᠳᠠᠪᠤᠷᠢᠲᠠᠨ᠎ᠢ ᠬᠥᠮᠦᠵᠢᠭᠦᠯᠬᠦ ᠲᠦᠰᠦᠪ᠎ᠤᠨ ᠪᠣᠯᠪᠠᠰᠣᠷᠠᠯ᠎ᠤᠨ ᠠᠩᠭᠢ ᠵᠢᠨ ᠦᠷ᠎ᠡ ᠪᠦᠲᠦᠭᠡᠯ᠎ᠤᠨ ᠬᠠᠷᠢᠭᠤ ᠮᠡᠳᠡᠭᠦᠯᠦᠯᠲᠡ ᠵᠢᠨ ᠲᠣᠭᠯᠠᠯᠲᠠ ᠲᠡᠭᠦᠰ ᠠᠮᠵᠢᠯᠲᠠ᠎ᠲᠠᠢ ᠦᠨᠳᠦᠷᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠤᠳᠬ᠎ᠠ ᠤᠷᠠᠯᠢᠭ᠎ᠤᠨ ᠵᠣᠬᠢᠶᠠᠨ ᠪᠥᠲᠦᠭᠡᠯᠭᠡ ᠵᠢᠨ ᠰᠠᠭᠤᠳᠠᠯ᠎ᠤᠨ ᠬᠤᠷᠠᠯ ᠬᠤᠷᠠᠯᠳᠤᠭᠤᠯᠪᠠ
《ᠬᠠᠷᠠᠮᠥ᠋ᠷᠡᠨ ᠭᠢᠷᠢᠨ ᠯᠢᠶᠣᠣᠨᠢᠩ ᠥᠪᠥᠷ ᠮᠣᠩᠭᠣᠯ》 ᠳᠥᠷᠪᠡᠨ ᠮᠤᠵᠢ (ᠣᠷᠣᠨ) ᠵᠢᠨ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠢᠲᠡᠭᠡᠮᠵᠢ ᠵᠢᠨ ᠰᠢᠰᠲ᠋ᠧᠮ᠎ᠢ ᠪᠥᠲᠥᠭᠡᠨ ᠪᠠᠶ᠋ᠢᠭᠤᠯᠬᠤ — ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠵᠦᠪᠯᠡᠯᠴᠡᠭᠡᠷ ᠲᠤᠭᠲᠠᠵᠠᠢ
ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ 《12.4》 ᠤᠯᠤᠰ᠎ᠤᠨ ᠦᠨᠳᠦᠰᠦᠨ ᠬᠠᠤᠯᠢ ᠵᠢᠨ ᠡᠳᠦᠷ ᠵᠢᠴᠢ ᠪᠥᠬᠥ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠬᠠᠤᠯᠢ ᠲᠦᠷᠢᠮ᠎ᠤᠨ ᠤᠬᠠᠭᠤᠯᠭ᠎ᠠ ᠵᠢᠨ ᠡᠳᠦᠷ᠎ᠤᠨ ᠰᠣᠶᠣᠯ ᠪᠠ ᠵᠢᠭᠤᠯᠴᠢᠯᠠᠯ᠎ᠤᠨ ᠬᠠᠤᠯᠢ ᠲᠦᠷᠢᠮ᠎ᠤᠨ ᠤᠬᠠᠭᠤᠯᠭ᠎ᠠ ᠵᠢᠨ ᠠᠵᠢᠯᠯᠠᠭ᠎ᠠ ᠬᠢᠪᠠ
 
            