ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠭᠣᠤᠯ ᠰᠡᠳᠦᠪᠲᠦ ᠨᠠᠮ᠎ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄ 2020-12-30

     2020 ᠣᠨ᠎ᠤ 12 ᠳ᠋ᠤᠭ᠋ᠠᠷ ᠰᠠᠷ᠎ᠠ ᠵᠢᠨ 25  ᠎ᠤ ᠡᠳᠦᠷ᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ 《ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ᠂ ᠰᠣᠶᠣᠯ ᠪᠠ ᠵᠢᠭᠤᠯᠴᠢᠯᠠᠯ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠶ᠎ᠠ》 ᠭᠡᠬᠦ ᠰᠡᠳᠦᠪ ᠵᠶ᠋ᠡᠷ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ᠂ ᠺᠠᠳ᠋ᠷ᠎ᠲᠤ ᠠᠮᠢᠳᠤᠯᠢᠭ ᠰᠠᠢ᠌ᠬᠠᠨ ᠨᠠᠮ᠎ᠤᠨ ᠬᠢᠴᠢᠶᠡᠯ ᠣᠷᠣᠪᠠ᠃
      ᠵᠧᠩ ᠳ᠋ᠦᠩ ᠪᠥᠸᠧ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ ᠪᠣᠯ ᠨᠢᠭᠡ ᠤᠳᠠᠭ᠋ᠠᠨ᠎ᠤ ᠴᠢᠬᠤᠯᠠ ᠶᠡᠬᠡ ᠠᠴᠢ ᠬᠣᠯᠪᠣᠭᠳᠠᠯ᠎ᠲᠠᠢ ᠭᠤᠤᠯᠳᠠᠯᠭ᠋ᠠᠲᠤ ᠬᠤᠷᠠᠯ ᠪᠣᠯᠤᠨ᠎ᠠ᠂ ᠲᠤᠰ ᠤᠳᠠᠭ᠋ᠠᠨ᠎ᠤ ᠬᠤᠷᠠᠯ᠎ᠨᠢ  《ᠬᠣᠣᠰ ᠵᠠᠭᠤᠨ ᠵᠢᠯ》᠎ᠤᠨ ᠲᠡᠮᠡᠴᠡᠬᠦ ᠬᠠᠷᠠᠯᠲᠠ ᠵᠢᠨ ᠲᠡᠦᠬᠡᠨ ᠠᠭᠤᠯᠵᠠᠷ᠎ᠤᠨ ᠵᠤᠭᠰᠤᠴᠠ᠎ᠠᠴᠠ ᠳᠤᠮᠳᠠᠳᠤ ᠤᠯᠤᠰ᠎ᠤᠨ ᠢᠷᠡᠭᠡᠳᠦᠢ ᠵᠢᠨ ᠲᠠᠪᠤᠨ ᠵᠢᠯ ᠵᠢᠴᠢ ᠠᠷᠪᠠᠨ ᠲᠠᠪᠤᠨ ᠵᠢᠯ᠎ᠤᠨ ᠬᠥᠭᠵᠢᠯᠲᠡ ᠵᠢᠨ ᠠᠤᠭ᠎ᠠ ᠲᠥᠰᠦᠪ᠎ᠢ ᠵᠢᠷᠤᠭᠯᠠᠵᠤ᠂ ᠤᠷᠤᠭᠰᠢᠯᠠᠯᠲᠠ ᠵᠢᠨ ᠴᠢᠭᠯᠡᠯ ᠪᠣᠯᠤᠨ ᠲᠡᠮᠡᠴᠡᠬᠦ ᠬᠠᠷᠠᠯᠲᠠ ᠵᠢ ᠲᠤᠲᠤᠷᠬᠠᠢ᠌ᠯᠠᠭᠰᠠᠨ ᠶᠤᠮ  ᠂ ᠡᠨᠡ᠎ᠨᠢ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠤ ᠠᠷᠠᠳ ᠲᠦᠮᠡᠨ᠎ᠢ ᠵᠣᠷᠢᠭᠵᠢᠭᠤᠯᠤᠨ ᠤᠷᠤᠭᠰᠢᠯᠠᠯᠲᠠ ᠵᠢᠨ ᠵᠠᠮ ᠳᠡᠭᠡᠷᠡᠬᠢ ᠠᠶᠤᠯ ᠲᠦᠭᠰᠢᠭᠦᠷᠢ ᠥᠷᠢᠰᠥᠯᠳᠦᠭᠡᠨ᠎ᠢ ᠢᠯᠠᠨ ᠳᠠᠪᠠᠭᠤᠯᠵᠤ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠰᠠᠢ᠍ᠢ᠍ᠨ ᠰᠠᠢ᠌ᠬᠠᠨ ᠡᠬᠢᠯᠡᠯᠲᠡ᠎ᠲᠠᠢ ᠪᠣᠯᠭ᠋ᠠᠬᠤ᠎ᠳᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠂ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ ᠭᠡᠵᠡᠢ᠃
      ᠵᠧᠩ ᠳ᠋ᠦᠩ ᠪᠥᠸᠧ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠨᠢ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠪᠦᠬᠦ ᠲᠠᠯ᠎ᠠ ᠵᠢᠨ ᠦᠨᠳᠦᠷᠴᠡ᠎ᠠᠴᠠ 2035 ᠣᠨ ᠪᠣᠯᠬᠤ᠎ᠳᠤ ᠰᠣᠶᠣᠯ᠎ᠤᠨ ᠬᠦᠴᠦᠷᠬᠡᠭ ᠤᠯᠤᠰ᠎ᠢ ᠪᠠᠢ᠌ᠭᠤᠯᠤᠨ ᠪᠦᠲᠦᠭᠡᠨ᠎ᠡ ᠭᠡᠵᠦ ᠲᠣᠳᠣᠷᠬᠠᠢ ᠳᠤᠷᠠᠳᠴᠠᠢ᠃ ᠡᠨᠡ ᠪᠣᠯ ᠨᠠᠮ᠎ᠤᠨ ᠠᠷᠪᠠᠨ ᠳᠣᠯᠣᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠨᠡᠢ᠌ᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢ᠌ᠭᠤᠯᠤᠨ᠎ᠠ ᠭᠡᠵᠦ ᠳᠤᠷᠠᠳᠤᠭᠰᠠᠨ᠎ᠠᠴᠠ ᠨᠠᠭ᠋ᠠᠰᠢ᠂ ᠨᠠᠮ᠎ᠤᠨ ᠲᠥᠪ ᠬᠣᠷᠢᠶ᠎ᠠ᠎ᠠᠴᠠ ᠰᠣᠶᠣᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢ᠌ᠭᠤᠯᠤᠨ᠎ᠠ ᠭᠡᠵᠦ ᠠᠩᠬ᠎ᠠ ᠤᠳᠠᠭ᠎ᠠ ᠲᠣᠳᠣᠷᠬᠠᠢ᠌ᠯᠠᠭᠰᠠᠨ ᠪᠣᠳᠠᠲᠠᠶ ᠴᠠᠭ᠎ᠤᠨ ᠬᠦᠰᠦᠨᠦᠭᠲᠦ ᠪᠣᠯᠤᠨ᠎ᠠ᠂ ᠡᠨᠡ᠎ᠨᠢ ᠮᠠᠨ᠎ᠤ ᠨᠠᠮ᠎ᠤᠨ ᠰᠣᠶᠣᠯ᠎ᠤᠨ ᠪᠠᠢ᠌ᠭᠤᠯᠤᠯᠲᠠ ᠵᠢᠨ ᠴᠢᠬᠤᠯᠠ ᠪᠠᠢ᠌ᠷᠢ ᠰᠠᠭᠤᠷᠢ ᠵᠢᠴᠢ ᠲᠡᠭᠦᠨ᠎ᠤ ᠵᠢᠮ᠎ᠡ ᠶᠣᠰᠣᠨ᠎ᠤ ᠲᠤᠬᠠᠶ ᠲᠠᠨᠢᠯᠲᠠ ᠵᠢᠨ ᠭᠦᠨᠵᠡᠭᠡᠢ᠌ᠷᠡᠯ᠎ᠢ ᠬᠠᠷᠠᠭᠤᠯᠵᠤ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠰᠢᠨ᠎ᠡ ᠠᠶᠠᠨ ᠵᠠᠮ᠎ᠳᠤ ᠰᠣᠶᠣᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢ᠌ᠭᠤᠯᠬᠤ ᠵᠢ ᠠᠬᠢᠭᠤᠯᠬᠤ᠎ᠳᠤ ᠠᠵᠢᠯᠯᠠᠭ᠋ᠠᠨ᠎ᠤ ᠵᠦᠭᠯᠡᠭᠦᠷ ᠬᠠᠩᠭ᠋ᠠᠵᠤ᠂ ᠪᠢᠳᠡᠨ᠎ᠤ ᠰᠢᠨ᠎ᠡ ᠴᠠᠭ ᠦᠶ᠎ᠡ ᠵᠢᠨ ᠰᠣᠶᠣᠯ᠎ᠤᠨ ᠪᠠᠢ᠌ᠭᠤᠯᠤᠯᠲᠠ ᠵᠢᠨ ᠰᠢᠨ᠎ᠡ ᠡᠭᠦᠷᠭᠡ ᠵᠢ ᠭᠦᠨᠵᠡᠭᠡᠶ ᠲᠠᠨᠢᠬᠤ᠂ ᠳᠤᠮᠳᠠᠳᠤ ᠵᠢᠨ ᠰᠣᠶᠣᠯ᠎ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠪᠦᠲᠦᠭᠡᠬᠦ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠢ᠌ᠯᠠᠵᠤ ᠥᠭᠴᠡᠶ   ᠭᠡᠵᠦ ᠴᠢᠬᠤᠯᠠᠴᠢᠯᠠᠪᠠ᠃ ᠰᠣᠶᠣᠯ᠎ᠤᠨ ᠬᠦᠴᠦᠷᠬᠡᠭ ᠤᠯᠤᠰ᠎ᠢ ᠪᠠᠢ᠌ᠭᠤᠯᠬᠤ ᠦᠨᠳᠦᠰᠦᠨ ᠵᠢᠷᠤᠮᠯᠠᠯ᠎ᠢ ᠣᠨᠣᠪᠴᠢᠲᠠᠢ ᠡᠵᠡᠮᠳᠡᠵᠦ᠂ 《ᠵᠢᠷᠭᠤᠭ᠎ᠠ ᠵᠢ ᠪᠠᠷᠢᠮᠲᠠᠯᠠᠬᠤ》᠎ᠳᠤ ᠰᠠᠭᠤᠷᠢᠯᠠᠬᠤ ᠬᠡᠷᠡᠭᠲᠡᠢ᠄ ᠮᠠᠷᠺᠰ᠎ᠤᠨ ᠦᠵᠡᠯ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠳᠤ᠎ᠬᠢ ᠵᠢᠯᠣᠭᠣᠳᠬᠤ ᠪᠠᠢ᠌ᠷᠢ ᠰᠠᠭᠤᠷᠢ ᠵᠢ ᠪᠠᠷᠢᠮᠲᠠᠯᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠶᠡᠷᠦᠩᠬᠡᠢ᠌ᠯᠡᠨ ᠵᠢᠯᠤᠭᠤᠳᠤᠭᠤᠯᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ᠎ᠪᠠᠷ ᠰᠣᠶᠣᠯ᠎ᠤᠨ ᠪᠠᠢ᠌ᠭᠤᠯᠤᠯᠲᠠ ᠵᠢ ᠬᠦᠳᠦᠯᠥᠨ ᠳᠠᠭ᠋ᠠᠭᠤᠯᠬᠤ ᠵᠢ ᠪᠠᠷᠢᠮᠲᠠᠯᠠᠵᠤ᠂ ᠰᠣᠶᠣᠯ᠎ᠤᠨ ᠢᠲᠡᠭᠡᠯ᠎ᠢ ᠨᠡᠩ ᠲᠤᠪᠤᠢ᠍ᠢ᠍ᠮ᠎ᠠ ᠪᠠᠢ᠌ᠷᠢᠨ᠎ᠳᠤ ᠲᠠᠯᠪᠢᠬᠤ ᠵᠢ ᠪᠠᠷᠢᠮᠲᠠᠯᠠᠵᠤ᠂ ᠠᠷᠠᠳ ᠲᠦᠮᠡᠨ᠎ᠢ ᠳᠡᠭᠡᠳᠦᠯᠡᠬᠦ ᠠᠵᠢᠯ᠎ᠤᠨ ᠤᠳᠤᠷᠢᠳᠤᠮᠵᠢ ᠵᠢ ᠪᠠᠷᠢᠮᠲᠠᠯᠠᠬᠤ ᠬᠡᠷᠡᠭᠲᠡᠢ  ᠃
      ᠵᠧᠩ ᠳ᠋ᠦᠩ ᠪᠥᠸᠧ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠳᠤ᠂ ᠡᠷᠬᠡᠪᠰᠢ ᠭᠦᠨᠵᠡᠭᠡᠢ ᠰᠤᠷᠤᠯᠴᠠᠵᠤ᠂ ᠰᠢᠨ᠎ᠡ ᠠᠷᠭ᠎ᠠ ᠰᠦᠪᠡᠭᠴᠢᠯᠡᠵᠦ᠂ ᠪᠣᠳᠠᠲᠠᠢ ᠠᠵᠢᠯᠯᠠᠬᠤ ᠬᠡᠷᠡᠭᠲᠡᠢ ᠭᠡᠵᠦ ᠱᠠᠭ᠋ᠠᠷᠳᠠᠪᠠ᠃ ᠰᠢᠨ᠎ᠡ ᠴᠠᠭ ᠦᠶ᠎ᠡ ᠵᠢᠨ ᠰᠣᠶᠣᠯ ᠵᠢᠭᠤᠯᠴᠢᠯᠠᠯ᠎ᠤᠨ ᠠᠵᠢᠯᠲᠠᠨ ᠳᠡᠭᠡᠳᠦ ᠬᠡᠮᠵᠢᠶᠡᠨ᠎ᠤ ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠥᠷᠥ ᠵᠢᠨ ᠤᠬᠠᠮᠰᠠᠷ᠂ ᠦᠢᠯᠡ ᠠᠵᠢᠯᠯᠠᠭ᠎ᠠ ᠵᠢᠨ ᠤᠬᠠᠮᠰᠠᠷ ᠵᠶ᠋ᠠᠷ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠡᠷᠡ ᠶᠣᠰᠣᠭ᠋ᠠᠷ᠎ᠨᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ 《ᠳᠥᠷᠪᠡᠨ ᠲᠠᠯ᠎ᠠ᠎ᠪᠠᠷ ᠬᠦᠴᠦᠯᠡᠬᠦ》 ᠵᠢ ᠪᠡᠶᠡᠯᠡᠭᠦᠯᠬᠦ ᠬᠡᠷᠡᠭᠲᠡᠶ᠄ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠪᠣᠳᠣᠯ ᠵᠶ᠋ᠠᠨ ᠬᠦᠴᠦᠯᠡᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠰᠤᠷᠤᠯᠴᠠᠯᠭ᠎ᠠ ᠰᠤᠳᠤᠯᠭ᠋ᠠᠨ᠎ᠢ ᠬᠦᠴᠦᠯᠡᠨ ᠴᠢᠩᠭ᠋ᠠᠳᠬᠠᠵᠤ᠂ ᠦᠵᠡᠯ ᠰᠠᠨᠠᠭ᠎ᠠ ᠣᠢ᠌ᠯᠠᠭ᠋ᠠᠭᠳᠠᠬᠤᠨ ᠵᠶ᠋ᠠᠨ ᠬᠦᠴᠦᠯᠡᠨ ᠬᠤᠪᠢᠷᠠᠭᠤᠯᠵᠤ᠂ ᠠᠵᠢᠯ᠎ᠤᠨ ᠰᠤᠷᠲᠠᠯ ᠵᠶ᠋ᠠᠨ ᠬᠦᠴᠦᠯᠡᠨ ᠬᠤᠪᠢᠷᠠᠭᠤᠯᠬᠤ ᠬᠡᠷᠡᠭᠲᠡᠶ᠃ ᠨᠠᠮ᠎ᠤᠨ ᠲᠥᠪ ᠬᠣᠷᠢᠶᠠᠨ᠎ᠤ ᠦᠨᠳᠦᠰᠦᠨ ᠪᠣᠳᠣᠯᠭ᠎ᠠ ᠴᠢᠭᠯᠡᠯᠲᠡ ᠪᠠ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠳᠤ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠬᠤ ᠵᠢ ᠡᠷᠡᠰ ᠪᠠᠲᠤᠯᠠᠬᠤ ᠬᠡᠷᠡᠭᠲᠡᠶ᠃
      ᠲᠢᠩᠬᠢᠮ᠎ᠤᠨ ᠪᠠᠢ᠌ᠭᠤᠯᠭ᠎ᠠ ᠵᠢᠨ ᠪᠥᠬᠥ ᠠᠵᠢᠯᠲᠠᠨ᠂ ᠰᠢᠭᠤᠳ ᠬᠠᠷᠢᠶ᠎ᠠ ᠨᠢᠭᠡᠴᠢ ᠵᠢᠨ ᠨᠠᠮ᠎ᠤᠨ ᠡᠭᠦᠷ᠎ᠤᠨ ᠱᠦᠵᠢ᠂ ᠨᠠᠮ᠎ᠤᠨ ᠠᠵᠢᠯ᠎ᠤᠨ 180 ᠭᠠᠷᠤᠶ ᠠᠵᠢᠯᠲᠠᠨ ᠲᠣᠰ ᠤᠳᠠᠭ᠋ᠠᠨ᠎ᠤ ᠰᠤᠷᠤᠯᠴᠠᠯᠭ᠎ᠠ᠎ᠳᠤ ᠣᠷᠣᠯᠴᠠᠪᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2020 ᠣᠨ᠎ᠤ ᠪᠥᠬᠥ ᠣᠷᠣᠨ᠎ᠤ《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠵᠤ ᠂ ᠳᠤᠮᠳᠠᠳᠤ ᠤᠯᠤᠰ᠎ᠤᠨ ᠣᠨᠴᠠᠯᠢᠭ᠎ᠲᠠᠢ ᠳᠤᠮᠳᠠᠳᠤ ᠤᠯᠤᠰ᠎ᠤᠨ ᠬᠡᠪ ᠨᠠᠮᠪᠠ᠎ᠲᠠᠢ ᠳᠤᠮᠳᠠᠳᠤ ᠤᠯᠤᠰ᠎ᠤᠨ ᠣᠮᠣᠭ ᠰᠦᠷ᠎ᠲᠠᠢ ᠬᠠᠭᠤᠴᠢ ᠰᠤᠳᠤᠯᠤᠯ᠎ᠢ ᠪᠥᠲᠥᠭᠡᠨ ᠪᠠᠢ᠌ᠭᠤᠯᠬᠤ》ᠳᠡᠭᠡᠳᠦ ᠵᠡᠷᠭᠡ ᠵᠢᠨ ᠰᠤᠳᠤᠯᠤᠨ ᠰᠤᠷᠤᠯᠴᠠᠬᠤ ᠠᠩᠭᠢ ᠵᠢ ᠬᠥᠬᠡᠬᠣᠲᠠ᠎ᠳᠤ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ 2020 ᠣᠨ᠎ᠤ ᠳᠥᠷᠪᠡᠳᠦᠭᠡᠷ ᠤᠳᠠᠭ᠋ᠠᠨ᠎ᠤ ᠪᠥᠬᠥᠳᠡ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠡᠭᠴᠡᠯᠡᠨ ᠵᠠᠰᠠᠬᠤ ᠲᠧᠯᠸᠢᠰ ᠤᠲᠠᠰᠤᠨ ᠬᠤᠷᠠᠯ ᠬᠤᠷᠠᠯᠳᠤᠭᠤᠯᠪᠠ
ᠨᠡᠢ᠌ᠭᠡᠮ ᠵᠢᠷᠤᠮᠲᠤ ᠰᠣᠶᠣᠯ᠎ᠤᠨ ᠬᠦᠴᠦᠷᠬᠡᠭ ᠤᠯᠤᠰ᠎ᠢ ᠪᠥᠲᠥᠭᠡᠨ ᠪᠠᠢ᠌ᠭᠤᠯᠬᠤ ᠬᠠᠷᠠᠯᠲᠠ ᠵᠦᠭ ᠴᠢᠷᠮᠠᠢ᠌ᠨ ᠲᠡᠮᠡᠤᠯᠵᠤ ᠡᠷᠡᠯᠬᠡᠭᠯᠡᠨ ᠤᠷᠤᠭᠰᠢᠯᠠᠶ᠎ᠠ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠵᠢᠨ 2021 ᠣᠨ᠎ᠤ ᠰᠢᠨ᠎ᠡ ᠤᠨ ᠎ᠤ ᠪᠠᠶᠠᠷ᠎ᠤᠨ ᠦᠭᠡ
2020 ᠣᠨ᠎ᠤ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠠᠷᠪᠠᠨ ᠶᠡᠬᠡ ᠰᠣᠨᠢᠨ ᠮᠡᠳᠡᠭᠡᠨ᠎ᠤ ᠬᠡᠷᠡᠭ᠎ᠤᠨ ᠲᠣᠢ᠌ᠮᠣ
 
            