12 ᠳ᠋ᠤᠭ᠋ᠠᠷ ᠰᠠᠷ᠎ᠠ ᠵᠢᠨ 20᠎ᠤ ᠦᠳᠡ ᠵᠢᠨ ᠬᠣᠢ᠌ᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠥᠲᠥᠯᠪᠦᠷᠢ ᠵᠢᠨ ᠲᠤᠬᠠᠶ ᠰᠠᠨᠠᠯ ᠬᠤᠷᠢᠶᠠᠬᠤ ᠶᠠᠷᠢᠯᠴᠠᠭ᠋ᠠᠨ᠎ᠤ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠢᠤᠢ ᡁᠢ ᠭᠦᠸᠧ ᠬᠤᠷᠠᠯ᠎ᠳᠤ ᠣᠷᠣᠯᠴᠠᠵᠤ᠂ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠤᠨ ᠳᠡᠳ᠋ ᠳᠠᠷᠤᠭ᠎ᠠ᠎ᠪᠠᠨ ᠵᠢᠨ ᠶᠦᠨ ᠬᠤᠷᠠᠯ᠎ᠢ ᠡᠷᠬᠢᠯᠡᠪᠡ᠃ ᠡᠯ᠎ᠡ ᠠᠢ᠌ᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠲᠤᠪᠴᠢᠶᠠᠨ᠎ᠤ ᠭᠣᠤᠯ ᠬᠠᠷᠢᠭᠤᠴᠠᠯᠭ᠋ᠠᠲᠠᠨ ᠵᠢᠴᠢ ᠬᠣᠯᠪᠣᠭᠳᠠᠯ ᠪᠥᠬᠥᠶ ᠲᠤᠬᠠᠢ᠌ᠯᠠᠭᠰᠠᠨ ᠠᠵᠢᠯ᠎ᠤᠨ ᠰᠠᠯᠠᠭ᠎ᠠ ᠲᠠᠰᠤᠭ᠂ ᠲᠢᠩᠬᠢᠮ᠎ᠤᠨ ᠪᠠᠢ᠌ᠭᠤᠯᠭ᠎ᠠ ᠵᠢᠨ ᠬᠠᠮᠢᠶ᠎ᠠ ᠪᠥᠬᠥᠶ ᠲᠤᠬᠠᠢ᠌ᠯᠠᠭᠰᠠᠨ ᠠᠵᠢᠯ᠎ᠤᠨ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠬᠤᠷᠠᠯ᠎ᠳᠤ ᠤᠷᠤᠯᠴᠠᠪᠠ᠃

ᠪᠠᠨ ᠵᠢᠨ ᠶᠦᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ 《ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉 ᠤᠨ ᠲᠥᠯᠥᠪᠵᠢᠭᠦᠯᠭᠡ》 ᠵᠢᠨ ᠬᠥᠲᠥᠯᠪᠦᠷᠢ ᠵᠢ ᠨᠠᠢ᠌ᠷᠠᠭᠤᠯᠤᠨ ᠵᠣᠬᠢᠶᠠᠭᠰᠠᠨ ᠪᠠ ᠰᠠᠨᠠᠯ ᠬᠤᠷᠢᠶᠠᠬᠤ ᠪᠠᠢ᠌ᠳᠠᠯ᠎ᠢ ᠲᠠᠨᠢᠯᠴᠠᠭᠤᠯᠪᠠ᠃ ᠡᠯ᠎ᠡ ᠠᠢ᠌ᠮᠠᠭ ᠬᠣᠲᠠ ᠵᠢᠨ ᠭᠣᠤᠯ ᠬᠠᠷᠢᠭᠤᠴᠠᠯᠭ᠋ᠠᠲᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠥᠲᠥᠯᠪᠦᠷᠢ᠎ᠳᠤ ᠵᠠᠰᠠᠪᠤᠷᠢ ᠣᠷᠣᠭᠤᠯᠬᠤ ᠲᠤᠬᠠᠶ ᠰᠠᠨᠠᠯ ᠵᠶ᠋ᠠᠨ ᠬᠠᠷᠢᠭᠤ ᠮᠡᠳᠡᠭᠦᠯᠦᠭᠰᠡᠨ ᠪᠥᠭᠡᠳ ᠲᠤᠬᠠᠶ ᠵᠢᠨ ᠭᠠᠵᠠᠷ᠎ᠤᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠨᠠᠢ᠌ᠷᠠᠭᠤᠯᠬᠤ ᠰᠡᠳᠬᠢᠴᠡ᠂ ᠣᠷᠣᠨ ᠪᠦᠰᠡ ᠵᠢᠨ ᠪᠠᠢ᠌ᠷᠢ ᠲᠣᠭᠲᠠᠭ᠋ᠠᠯᠲᠠ᠂ ᠭᠣᠤᠯᠳᠠᠯᠭ᠎ᠠ᠎ᠲᠠᠢ ᠲᠥᠷᠥᠯ ᠵᠦᠢᠯ ᠵᠡᠷᠭᠡ ᠵᠢ ᠲᠠᠨᠢᠯᠴᠠᠭᠤᠯᠪᠠ᠃ ᠳᠡᠳ᠋ ᠲᠢᠩᠬᠢᠮ᠎ᠤᠨ ᠳᠠᠷᠤᠭ᠎ᠠ ᠢᠤᠢ ᡁᠢ ᠭᠦᠸᠧ ᠳ᠋ᠦᠩᠨᠡᠯᠲᠡ ᠬᠢᠭᠰᠡᠨ ᠪᠥᠭᠡᠳ ᠪᠣᠳᠠᠲᠠᠶ ᠱᠠᠭ᠋ᠠᠷᠳᠠᠯᠭ᠎ᠠ ᠳᠤᠷᠠᠳᠪᠠ᠃
ᠢᠤᠢ ᡁᠢ ᠭᠦᠸᠧ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠰᠣᠶᠣᠯ ᠪᠠ ᠵᠢᠭᠤᠯᠴᠢᠯᠠᠯ᠎ᠤᠨ ᠲᠥᠯᠥᠪᠵᠢᠭᠦᠯᠭᠡ ᠪᠣᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 《1 + N + X》 ᠤᠨ ᠲᠥᠯᠥᠪᠵᠢᠭᠦᠯᠭᠡ ᠵᠢᠨ ᠰᠢᠰᠲᠸᠮ᠎ᠳᠤ ᠤᠷᠤᠭᠰᠠᠨ ᠲᠤᠰᠬᠠᠶ ᠲᠥᠯᠥᠪᠵᠢᠭᠦᠯᠭᠡ ᠵᠢᠨ ᠨᠢᠭᠡ ᠪᠣᠯᠤᠨ᠎ᠠ᠂ ᠮᠠᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠲᠥᠯᠥᠪᠵᠢᠭᠦᠯᠭᠡ》᠂ 《ᠥᠪᠥᠷ ᠮᠣᠩᠭᠣᠯ᠎ᠤᠨ ᠬᠠᠲᠤᠨ ᠭᠣᠤᠯ᠎ᠤᠨ ᠰᠣᠶᠣᠯ᠎ᠢ ᠬᠠᠮᠠᠭ᠋ᠠᠯᠠᠨ ᠤᠯᠠᠮᠵᠢᠯᠠᠵᠤ ᠳᠡᠯᠭᠡᠷᠡᠬᠦᠯᠬᠦ ᠲᠥᠯᠥᠪᠵᠢᠭᠦᠯᠭᠡ》 ᠪᠠ 《ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠲᠥᠯᠥᠪᠵᠢᠭᠦᠯᠭᠡ》 ᠵᠢᠨ ᠨᠠᠢ᠌ᠷᠠᠭᠤᠯᠤᠨ ᠵᠣᠬᠢᠶᠠᠬᠤ ᠠᠵᠢᠯ ᠢ ᠳᠠᠭ᠋ᠠᠭ᠋ᠠᠨ ᠠᠪᠤᠭᠰᠠᠨ ᠪᠥᠭᠡᠳ 《ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉 ᠤᠨ ᠲᠥᠯᠥᠪᠵᠢᠭᠦᠯᠭᠡ》 ᠵᠢᠴᠢ ᠬᠥᠲᠥᠯᠪᠦᠷᠢ᠎ᠳᠤ ᠵᠠᠰᠠᠪᠤᠷᠢ ᠣᠷᠣᠭᠤᠯᠬᠤ ᠵᠢ ᠬᠠᠷᠢᠭᠤᠴᠠᠨ᠎ᠠ ᠭᠡᠵᠦ ᠵᠢᠭ᠋ᠠᠵᠤ ᠭᠠᠷᠭ᠋ᠠᠪᠠ᠃
ᠲᠡᠷᠡ᠂ ᠤᠯᠠᠨ ᠵᠶ᠋ᠠᠷ ᠵᠶ᠋ᠠᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ᠎ᠳᠤ ᠲᠤᠯᠭ᠋ᠠᠷᠠᠵᠤ ᠪᠠᠢ᠌ᠭ᠎ᠠ ᠰᠢᠨ᠎ᠡ ᠲᠣᠬᠢᠶᠠᠯ᠂ ᠰᠢᠨ᠎ᠡ ᠥᠷᠢᠰᠥᠯᠳᠦᠭᠡᠨ᠎ᠢ ᠭᠦᠨᠵᠡᠭᠡᠢ ᠰᠤᠳᠤᠯᠵᠤ᠂ ᠬᠥᠭᠵᠢᠯᠲᠡ ᠵᠢᠨ ᠰᠡᠳᠬᠢᠴᠡ ᠪᠣᠯᠤᠨ ᠣᠷᠣᠨ ᠪᠦᠰᠡ ᠵᠢᠨ ᠪᠠᠢ᠌ᠷᠢ ᠲᠣᠭᠲᠠᠭ᠋ᠠᠯᠲᠠ ᠵᠢ ᠲᠣᠳᠣᠷᠬᠠᠢ᠌ᠯᠠᠵᠤ᠂ ᠦᠨᠡᠨ᠎ᠠᠴᠠ ᠵᠥᠪ᠎ᠢ ᠡᠷᠢᠵᠦ᠂ ᠯᠠᠪᠳᠠᠭᠤᠨ ᠪᠤᠳᠠᠳᠠᠢ ᠠᠵᠢᠯᠯᠠᠵᠤ᠂ ᠪᠤᠰᠤᠳᠴᠢ ᠵᠢᠮ᠎ᠡ ᠶᠣᠰᠣ ᠵᠢ ᠵᠢᠷᠤᠮᠯᠠᠵᠤ᠂ ᠬᠥᠭᠵᠢᠯᠲᠡ ᠵᠢᠨ ᠬᠠᠷᠠᠯᠲᠠ ᠪᠣᠯᠤᠨ ᠪᠠᠢ᠌ᠷᠢ ᠲᠣᠭᠲᠠᠭ᠋ᠠᠯᠲᠠ᠎ᠪᠠᠨ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠲᠥᠯᠥᠪᠵᠢᠭᠦᠯᠬᠦ ᠬᠡᠷᠡᠭᠲᠡᠢ; ᠭᠣᠤᠯᠳᠠᠯᠭ᠎ᠠ᠂ ᠣᠨᠴᠠᠯᠢᠭ ᠵᠶ᠋ᠠᠨ ᠳᠣᠪᠣᠢ᠌ᠯᠭ᠋ᠠᠵᠤ᠂ ᠣᠷᠣᠨ ᠪᠦᠰᠡ ᠵᠢᠨ ᠥᠪᠡᠷᠮᠢᠴᠡ ᠴᠢᠨᠠᠷ ᠪᠠ ᠵᠥᠷᠢᠶᠡᠲᠦ ᠴᠢᠨᠠᠷ᠎ᠢ ᠭᠦᠨᠵᠡᠭᠡᠶ ᠠᠭᠤᠳᠠᠯᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠡᠯ᠎ᠡ ᠭᠠᠵᠠᠷ ᠣᠷᠣᠨ᠎ᠤ ᠰᠣᠶᠣᠯ ᠪᠠ ᠵᠢᠭᠤᠯᠴᠢᠯᠠᠯ᠎ᠤᠨ ᠦᠢᠯᠡᠰ᠎ᠤᠨ ᠬᠥᠭᠵᠢᠯᠲᠡᠢ ᠡᠯᠪᠡᠭ ᠪᠠᠶᠠᠯᠢᠭ᠂ ᠲᠥᠷᠥᠯ ᠵᠦᠢᠯ ᠪᠦᠷᠢᠨ ᠪᠠᠢ᠌ᠯᠭ᠋ᠠᠵᠤ᠂ ᠵᠥᠷᠢᠶ᠎ᠡ᠎ᠪᠠᠨ ᠬᠠᠷᠢᠯᠴᠠᠨ ᠨᠥᠬᠥᠪᠥᠷᠢᠯᠡᠵᠦ᠂ ᠠᠳᠠᠯᠢ ᠪᠣᠯᠬᠤ᠎ᠠᠴᠠ ᠵᠠᠢ᠌ᠯᠠᠰᠬᠢᠬᠦ ᠬᠡᠷᠡᠭᠲᠡᠶ ᠬᠡᠵᠦ ᠴᠢᠬᠤᠯᠠᠴᠢᠯᠠᠪᠠ᠃
ᠤᠯᠤᠰ᠎ᠤᠨ ᠪᠠᠢ᠌ᠷᠢ ᠲᠣᠭᠲᠠᠭ᠋ᠠᠯᠲᠠ ᠵᠢ ᠣᠨᠣᠪᠴᠢᠲᠠᠶ ᠡᠵᠡᠮᠳᠡᠵᠦ᠂ ᠤᠯᠤᠰ᠎ᠤᠨ ᠲᠠᠯ᠎ᠠ᠎ᠠᠴᠠ ᠲᠣᠭᠲᠠᠭ᠋ᠠᠭᠰᠠᠨ ᠶᠡᠬᠡ ᠲᠥᠷᠥ ᠵᠢᠨ ᠪᠣᠳᠣᠯᠭ᠎ᠠ᠂ ᠶᠡᠬᠡ ᠴᠢᠭᠯᠡᠯᠲᠡ ᠵᠢ ᠴᠠᠭ ᠲᠤᠬᠠᠶ᠎ᠳᠤᠨᠢ ᠡᠵᠡᠮᠰᠢᠵᠦ᠂ ᠤᠯᠤᠰ᠎ᠤᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠴᠢᠬᠤᠯᠠ ᠶᠡᠬᠡ ᠡᠭᠦᠷᠭᠡ᠂ ᠴᠢᠬᠤᠯᠠ ᠶᠡᠬᠡ ᠢᠨᠵᠧᠨᠧᠷᠢᠩ᠂ ᠴᠢᠬᠤᠯᠠ ᠶᠡᠬᠡ ᠠᠷᠭ᠎ᠠ ᠬᠡᠮᠵᠢᠶ᠎ᠡ ᠵᠢ ᠮᠠᠨ᠎ᠤ ᠣᠷᠣᠨ᠎ᠤ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠳᠤ ᠲᠤᠭᠤᠰᠢᠯᠠᠭᠤᠯᠤᠨ ᠨᠠᠢ᠌ᠳᠠᠪᠦᠷᠢᠵᠢᠭᠤᠯᠵᠤ᠂ ᠲᠦᠷᠦᠯ ᠵᠦᠢ᠍ᠯ᠎ᠢ ᠲᠤᠳᠠᠭᠤᠯᠬᠤ ᠦᠭᠡᠢ᠂ ᠲᠦᠷᠦᠯ ᠵᠦᠢ᠍ᠯ᠎ᠢ ᠭᠤᠭᠤᠵᠢᠭᠤᠯᠬᠤ ᠦᠭᠡᠢ᠂ ᠰᠣᠶᠣᠯ ᠪᠠ ᠵᠢᠭᠤᠯᠴᠢᠯᠠᠯ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ᠂ ᠰᠢᠨ᠎ᠡ ᠵᠢ ᠡᠭᠦᠳᠬᠦ ᠬᠥᠭᠵᠢᠯᠲᠡ ᠪᠠ ᠰᠣᠶᠣᠯ᠎ᠤᠨ ᠪᠠᠢ᠌ᠭᠤᠯᠤᠯ᠎ᠤᠨ ᠥᠭᠡᠷᠡᠴᠢᠯᠡᠯᠲᠡ᠎ᠪᠠᠷ ᠭᠣᠣᠯ ᠰᠢᠵᠢᠮ ᠪᠤᠯᠭ᠋ᠠᠬᠤ ᠵᠢᠨ ᠲᠣᠭᠣᠷᠢᠨ᠎ᠳᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠬᠤ᠎ᠪᠠᠷ ᠬᠠᠷᠠᠯᠲᠠ ᠪᠤᠯᠭ᠋ᠠᠵᠤ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ ᠵᠶ᠋ᠠᠷ ᠭᠣᠣᠯ ᠴᠣᠭᠴᠠ ᠪᠤᠯᠭ᠋ᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠪᠴᠢᠯᠡᠨ ᠪᠠᠢ᠌ᠭᠤᠯᠵᠤ᠂ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠲᠤ ᠰᠢᠨ᠎ᠡ ᠬᠥᠳᠡᠯᠭᠡᠬᠦ ᠬᠦᠴᠦᠨ ᠂ ᠰᠢᠨ᠎ᠡ ᠠᠮᠢᠵᠢᠷᠠᠯ᠎ᠤᠨ ᠬᠦᠴᠦᠨ ᠲᠠᠰᠤᠷᠠᠯᠲᠠ ᠦᠭᠡᠢ ᠨᠡᠮᠡᠷᠢᠯᠡᠨ᠎ᠡ᠃
ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠭᠦᠨᠵᠡᠭᠡᠶ ᠠᠬᠢᠭᠤᠯᠵᠤ᠂ ᠰᠣᠶᠣᠯ ᠪᠠ ᠵᠢᠭᠤᠯᠴᠢᠯᠠᠯ᠎ᠤᠨ ᠦᠢᠯᠡᠰ᠎ᠢ ᠬᠥᠭᠵᠢᠭᠦᠯᠬᠦ ᠪᠣᠯ 《ᠨᠢᠭᠡ ᠦᠢᠯᠡᠰ ᠵᠶ᠋ᠡᠷ ᠵᠠᠭᠤᠨ ᠦᠢᠯᠡᠰ᠎ᠢ ᠮᠠᠨᠳᠤᠭᠤᠯᠬᠤ》 ᠦᠨᠳᠦᠰᠦᠨ ᠦᠵᠡᠯ ᠰᠠᠨᠠᠭ᠎ᠠ ᠵᠢ ᠪᠠᠲᠤ ᠪᠣᠶ ᠪᠣᠯᠭ᠋ᠠᠵᠤ᠂ 《ᠰᠣᠶᠣᠯ + ᠵᠢᠭᠤᠯᠴᠢᠯᠠᠯ》 ᠪᠠ 《ᠰᠣᠶᠣᠯ ᠵᠢᠭᠤᠯᠴᠢᠯᠠᠯ +》᠎ᠢ ᠭᠦᠨᠵᠡᠭᠡᠶ ᠠᠬᠢᠭᠤᠯᠵᠤ᠂ ᠰᠣᠶᠣᠯ ᠵᠢᠭᠤᠯᠴᠢᠯᠠᠯ + ᠢᠨᠲᠸᠷ ᠰᠦᠯᠵᠢᠶ᠎ᠡ᠂ ᠰᠣᠶᠣᠯ ᠵᠢᠭᠤᠯᠴᠢᠯᠠᠯ + ᠪᠡᠶ᠎ᠡ ᠵᠢᠨ ᠲᠠᠮᠢᠷ ᠵᠡᠷᠭᠡ ᠰᠣᠶᠣᠯ ᠵᠢᠭᠤᠯᠴᠢᠯᠠᠯ ᠪᠣᠯᠤᠨ ᠪᠤᠰᠤᠳ ᠠᠵᠤ ᠦᠢᠯᠡᠰ᠎ᠤᠨ ᠠᠭᠤᠰᠤᠯᠴᠠᠨ ᠬᠥᠭᠵᠢᠬᠦ ᠵᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠬᠤᠯᠠᠴᠢᠯᠠᠵᠤ᠂ ᠲᠣᠭ᠋ᠠᠴᠢᠯᠠᠭᠰᠠᠨ ᠰᠣᠶᠣᠯ ᠵᠢᠭᠤᠯᠴᠢᠯᠠᠯ᠎ᠢ ᠶᠡᠬᠡ᠎ᠪᠠᠷ ᠬᠥᠭᠵᠢᠭᠦᠯᠬᠦ ᠬᠡᠷᠡᠭᠲᠡᠶ᠃ ᠪᠣᠬᠢᠷᠲᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠭᠦᠨᠵᠡᠭᠡᠶ ᠦᠢ᠍ᠯᠡᠳᠦᠯᠭᠡᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠬᠥᠭᠵᠢᠯᠲᠡ ᠵᠢ ᠪᠡᠶᠡᠯᠡᠭᠦᠯᠬᠦ ᠮᠦᠷᠲᠡᠭᠡᠨ ᠰᠣᠶᠣᠯ ᠵᠢᠭᠤᠯᠴᠢᠯᠠᠯ᠎ᠤᠨ ᠴᠢᠨᠠᠷ ᠰᠠᠢ᠌ᠲᠠᠶ ᠬᠥᠭᠵᠢᠯᠲᠡ ᠵᠢ ᠪᠡᠶᠡᠯᠡᠭᠦᠯᠵᠦ᠂ ᠰᠣᠶᠣᠯ ᠵᠢᠭᠤᠯᠴᠢᠯᠠᠯ᠎ᠤᠨ ᠠᠮᠢ ᠠᠬᠤᠶ ᠵᠢᠨ ᠦᠷ᠎ᠡ ᠠᠰᠢᠭ᠎ᠢ ᠳᠡᠭᠡᠭᠰᠢᠯᠡᠬᠦᠯᠵᠦ᠂ ᠡᠬᠢ ᠪᠠᠶᠠᠯᠢᠭ᠎ᠢ ᠠᠷᠪᠢᠯᠠᠬᠤ᠂ ᠣᠷᠴᠢᠨ ᠠᠬᠤᠶ ᠵᠢ ᠬᠠᠮᠠᠭ᠋ᠠᠯᠠᠬᠤ ᠵᠡᠷᠭᠡ ᠤᠯᠤᠰ᠎ᠤᠨ ᠦᠨᠳᠦᠰᠦᠨ ᠪᠣᠳᠣᠯᠭ᠎ᠠ᠎ᠳᠤ ᠰᠠᠭᠤᠷᠢᠯᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠵᠢᠨ ᠵᠢᠭᠤᠯᠴᠢᠯᠠᠯ᠎ᠤᠨ ᠠᠵᠤ ᠠᠬᠤᠢ ᠵᠢᠨ ᠰᠢᠰᠲ᠋ᠧᠮ᠎ᠢ ᠪᠠᠢ᠌ᠭᠤᠯᠤᠨ ᠪᠦᠷᠢᠨᠰᠢᠭᠦᠯᠵᠦ᠂ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠤ ᠶᠠᠰᠤ ᠴᠢᠨᠠᠷ ᠪᠠ ᠳᠡᠰ ᠳᠠᠪᠬᠤᠷᠭ᠎ᠠ ᠵᠢ ᠳᠡᠭᠡᠭᠰᠢᠯᠡᠭᠦᠯᠦᠨ᠎ᠡ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠮᠠᠭ᠋ᠠᠯᠠᠬᠤ ᠵᠢ ᠲᠦᠷᠦᠬᠦᠨ᠎ᠳᠤ ᠲᠠᠯᠪᠢᠬᠤ᠂ ᠵᠣᠬᠢᠰᠲᠠᠶ ᠠᠰᠢᠭᠯᠠᠬᠤ ᠂ ᠡᠮᠬᠢ ᠵᠢᠷᠤᠮ᠎ᠲᠠᠢ᠎ᠪᠠᠷ ᠨᠡᠭᠡᠭᠡᠨ ᠠᠰᠢᠭᠯᠠᠬᠤ ᠵᠠᠷᠴᠢᠮ ᠢ ᠪᠠᠷᠢᠮᠲᠠᠯᠠᠵᠤ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠳᠠᠯᠠᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠳᠦᠷᠢᠮ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠳᠦᠷᠢᠮ ᠵᠢᠴᠢ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠰᠣᠶᠣᠯ ᠵᠢᠭᠤᠯᠴᠢᠯᠠᠯ᠎ᠢ ᠨᠡᠭᠡᠭᠡᠨ ᠬᠥᠭᠵᠢᠭᠦᠯᠬᠦ ᠨᠡᠷ᠎ᠡ᠎ᠪᠠᠷ ᠲᠡᠦᠬᠡ ᠵᠢᠨ ᠳᠤᠷᠠᠰᠬᠠᠯᠲᠤ ᠵᠦᠢ᠍ᠯ ᠪᠠ ᠠᠮᠢ ᠠᠬᠤᠢ ᠵᠢᠨ ᠣᠷᠴᠢᠨ ᠨᠥᠬᠥᠴᠡᠯ᠎ᠢ ᠡᠪᠳᠡᠬᠦ ᠮᠠᠭᠤ ᠦᠢ᠍ᠯᠡ ᠠᠵᠢᠯᠯᠠᠭ᠎ᠠ᠎ᠳᠤ ᠡᠷᠡᠰ ᠴᠣᠬᠢᠯᠲᠠ ᠥᠭᠬᠦ ᠪᠠ ᠰᠡᠷᠭᠡᠢ᠌ᠯᠡᠨ᠎ᠡ᠃ ᠬᠠᠮᠲᠤ᠎ᠪᠠᠷ ᠡᠳ᠋ᠯᠡᠬᠦ ᠬᠠᠮᠲᠤ᠎ᠪᠠᠷ ᠪᠠᠢ᠌ᠭᠤᠯᠬᠤ ᠵᠢ ᠪᠠᠷᠢᠮᠲᠠᠯᠠᠵᠤ᠂ ᠰᠣᠶᠣᠯ ᠵᠢᠭᠤᠯᠴᠢᠯᠠᠯ ᠬᠢᠭᠡᠳ ᠰᠢᠨᠵᠢᠯᠡᠬᠦ ᠤᠬᠠᠭ᠋ᠠᠨ ᠮᠡᠷᠭᠡᠵᠢᠯ᠂ ᠰᠤᠷᠭ᠋ᠠᠨ ᠬᠥᠮᠦᠵᠢᠯ᠂ ᠪᠡᠶ᠎ᠡ ᠵᠢᠨ ᠲᠠᠮᠢᠷ᠂ ᠡᠮ ᠡᠮᠨᠡᠯᠭᠡ ᠡᠷᠡᠭᠦᠯ ᠬᠠᠮᠠᠭ᠋ᠠᠯᠠᠯ ᠵᠡᠷᠭᠡ ᠪᠤᠰᠤᠳ ᠠᠵᠢᠯ ᠲᠦᠷᠦᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠡᠵᠡᠩᠨᠡᠯᠲᠡ ᠵᠢᠨ ᠬᠡᠯᠪᠡᠷᠢ ᠵᠢ ᠪᠠᠶᠠᠯᠢᠭᠵᠢᠭᠤᠯᠵᠤ᠂ ᠨᠡᠩ ᠤᠯᠠᠨ ᠨᠡᠩ ᠰᠠᠢ᠍ᠢ᠍ᠨ ᠰᠡᠯᠡᠭᠦᠴᠡᠯ᠎ᠤᠨ ᠬᠡᠯᠪᠡᠷᠢ ᠵᠢᠨ᠂ ᠵᠤᠭ᠎ᠠ ᠴᠡᠩᠭᠡᠯ᠎ᠤᠨ ᠬᠡᠯᠪᠡᠷᠢ ᠵᠢᠨ᠂ ᠪᠡᠶᠡᠴᠢᠯᠡᠨ ᠣᠢ᠌ᠯᠠᠭ᠋ᠠᠬᠤ ᠬᠡᠯᠪᠡᠷᠢ ᠵᠢᠨ᠂ ᠠᠮᠠᠷᠠᠯᠲᠠ ᠵᠢᠨ ᠬᠡᠯᠪᠡᠷᠢ ᠵᠢᠨ ᠰᠣᠶᠣᠯ ᠵᠢᠭᠤᠯᠴᠢᠯᠠᠯ᠎ᠤᠨ ᠦᠢ᠍ᠯᠡᠳᠬᠦᠨ᠎ᠢ ᠨᠡᠭᠡᠭᠡᠨ ᠬᠥᠭᠵᠢᠭᠦᠯᠵᠦ᠂ ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠪᠦᠬᠦ ᠲᠠᠯ᠎ᠠ᠎ᠪᠠᠷ ᠡᠭᠦᠳᠦᠨ ᠪᠠᠢ᠌ᠭᠤᠯᠬᠤ ᠬᠡᠷᠡᠭᠲᠡᠢ᠃
