ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
2020 ᠣᠨ᠎ᠤ ᠪᠥᠬᠥ ᠣᠷᠣᠨ᠎ᠤ《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠵᠤ ᠂ ᠳᠤᠮᠳᠠᠳᠤ ᠤᠯᠤᠰ᠎ᠤᠨ ᠣᠨᠴᠠᠯᠢᠭ᠎ᠲᠠᠢ ᠳᠤᠮᠳᠠᠳᠤ ᠤᠯᠤᠰ᠎ᠤᠨ ᠬᠡᠪ ᠨᠠᠮᠪᠠ᠎ᠲᠠᠢ ᠳᠤᠮᠳᠠᠳᠤ ᠤᠯᠤᠰ᠎ᠤᠨ ᠣᠮᠣᠭ ᠰᠦᠷ᠎ᠲᠠᠢ ᠬᠠᠭᠤᠴᠢ ᠰᠤᠳᠤᠯᠤᠯ᠎ᠢ ᠪᠥᠲᠥᠭᠡᠨ ᠪᠠᠢ᠌ᠭᠤᠯᠬᠤ》ᠳᠡᠭᠡᠳᠦ ᠵᠡᠷᠭᠡ ᠵᠢᠨ ᠰᠤᠳᠤᠯᠤᠨ ᠰᠤᠷᠤᠯᠴᠠᠬᠤ ᠠᠩᠭᠢ ᠵᠢ ᠬᠥᠬᠡᠬᠣᠲᠠ᠎ᠳᠤ ᠡᠷᠬᠢᠯᠡᠪᠡ
ᠨᠡᠶᠢᠲᠡᠯᠡᠭᠰᠡᠨ ᠴᠠᠭ᠄ 2020-12-30

     12 ᠳ᠋ᠤᠭ᠋ᠠᠷ ᠰᠠᠷ᠎ᠠ ᠵᠢᠨ 25  ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠪᠣᠯᠤᠨ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠬᠠᠮᠲᠤᠷᠠᠨ ᠡᠷᠭᠢᠯᠡᠭᠰᠡᠨ 2020 ᠣᠨ᠎ᠤ ᠪᠥᠬᠥ ᠣᠷᠣᠨ᠎ᠤ《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠳᠤᠮᠳᠠᠳᠤ ᠤᠯᠤᠰ᠎ᠤᠨ ᠬᠡᠪ ᠨᠠᠮᠪᠠ᠎ᠲᠠᠢ ᠳᠤᠮᠳᠠᠳᠤ ᠤᠯᠤᠰ᠎ᠤᠨ ᠣᠮᠣᠭ ᠰᠦᠷ᠎ᠲᠠᠢ ᠬᠠᠭᠤᠴᠢ ᠰᠤᠳᠤᠯᠤᠯ᠎ᠢ ᠪᠦᠲᠦᠭᠡᠨ ᠪᠠᠢ᠌ᠭᠤᠯᠬᠤ》 ᠳᠡᠭᠡᠳᠦ ᠵᠡᠷᠭᠡ ᠵᠢᠨ ᠰᠤᠳᠤᠯᠤᠨ ᠰᠤᠷᠤᠯᠴᠠᠬᠤ ᠠᠩᠭᠢ ᠬᠥᠬᠡᠬᠣᠲᠠ᠎ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠵᠢᠨ ᠳᠠᠷᠤᠭ᠎ᠠ ᠴᠧᠨ ᠶᠦᠩ ᡁᠢ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠳᠡᠳ᠋ ᠵᠠᠬᠢᠷᠤᠯ ᠵᠠᠩ ᠬᠠᠶ ᠹᠸᠩ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠵᠢᠨ ᠳᠡᠳ᠋ ᠳᠠᠷᠤᠭ᠎ᠠ ᠵᠣᠣ ᠵᠢᠶᠠᠨ ᠬᠤᠸᠠ ᠰᠤᠷᠤᠯᠭ᠎ᠠ ᠡᠬᠢᠯᠡᠬᠦ ᠶᠣᠰᠣᠯᠠᠯ᠎ᠢ ᠡᠷᠭᠢᠯᠡᠪᠡ᠃



      ᠲᠣᠰ ᠤᠳᠠᠭ᠎ᠠ ᠵᠢᠨ ᠰᠤᠳᠤᠯᠤᠨ ᠰᠤᠷᠤᠯᠴᠠᠬᠤ ᠠᠩᠭᠢ ᠵᠢ ᠡᠷᠭᠢᠯᠡᠭᠰᠡᠨ ᠵᠣᠷᠢᠯᠭ᠎ᠠ᠎ᠨᠢ᠂ ᠶᠡᠷᠦᠩᠬᠡᠶ ᠱᠦᠵᠢ ᠰᠢ ᠵᠢᠨ ᠫᠢᠩ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ ᠪᠣᠯᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠣᠷᠢᠨ ᠭᠤᠷᠪᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠨ ᠬᠤᠷᠠᠯᠳᠤᠭᠤᠯᠬᠤ ᠦᠶ᠎ᠡ᠎ᠳᠤ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠦᠯᠦᠭᠡ ᠶᠤᠮ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠣᠳᠠᠲᠠᠶ ᠪᠠᠢ᠌ᠷᠢᠯᠠᠭᠤᠯᠤᠯᠲᠠ ᠶᠤᠰᠤᠭ᠋ᠠᠷ᠂ ᠰᠣᠶᠣᠯ᠎ᠤᠨ ᠢᠲᠡᠭᠡᠯ ᠵᠶ᠋ᠡᠨ ᠪᠠᠲᠤᠳᠬᠠᠵᠤ᠂ ᠳᠤᠮᠳᠠᠳᠤ ᠵᠢᠨ ᠪᠣᠯᠪᠠᠰᠤᠨ᠎ᠢ ᠤᠯᠠᠮᠵᠢᠯᠠᠨ ᠵᠠᠯᠭ᠋ᠠᠮᠵᠢᠯᠠᠬᠤ ᠪᠠᠢ᠌ᠯᠳᠤᠬᠤ ᠪᠣᠳᠣᠯᠭ᠎ᠠ ᠵᠢᠨ ᠦᠨᠳᠦᠷᠴᠡ᠎ᠠᠴᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠴᠢ ᠰᠤᠳᠤᠯᠤᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠡᠷᠴᠢᠮ᠎ᠢ ᠨᠡᠮᠡᠭᠳᠡᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠴᠢ ᠰᠤᠳᠤᠯᠤᠯ᠎ᠤᠨ ᠴᠢᠳᠠᠪᠤᠷᠢᠲᠠᠨ᠎ᠤ ᠤᠯᠤᠰ ᠲᠥᠷᠥ ᠵᠢᠨ ᠣᠨᠣᠯ᠎ᠤᠨ ᠬᠡᠪ ᠪᠣᠯᠪᠠᠰᠤᠷᠠᠯ ᠪᠠ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠵᠦ᠂ ᠪᠦᠬᠦ ᠣᠷᠣᠨ᠎ᠤ ᠲᠡᠦᠬᠡ ᠰᠣᠶᠣᠯ᠎ᠤᠨ ᠥᠪ᠎ᠢ ᠬᠠᠮᠠᠭ᠋ᠠᠯᠠᠬᠤ ᠪᠠ ᠬᠠᠭᠤᠴᠢ ᠰᠤᠳᠤᠯᠤᠯ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠠᠭᠤᠴᠢ ᠰᠤᠳᠤᠯᠤᠯ ᠪᠠ ᠲᠡᠦᠬᠡ ᠵᠢᠨ ᠰᠤᠳᠤᠯᠭ᠋ᠠᠨ᠎ᠤ ᠦᠷ᠎ᠡ ᠪᠦᠲᠦᠭᠡᠯ᠎ᠢ ᠭᠦᠢ᠍ᠴᠡᠳ ᠠᠰᠢᠭᠯᠠᠨ ᠡᠬᠡ ᠣᠷᠣᠨᠴᠢ ᠦᠵᠡᠯ᠎ᠤᠨ ᠬᠥᠮᠦᠵᠢᠯ᠂ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠦᠷᠨᠢᠭᠦᠯᠬᠦ ᠵᠢᠨ ᠲᠦᠯᠦᠭᠡ ᠶᠤᠮ᠃
      ᠠᠩᠭᠢ ᠡᠬᠢᠯᠡᠬᠦ ᠶᠣᠰᠣᠯᠠᠯ ᠳᠠᠭᠤᠰᠤᠭᠰᠠᠨ᠎ᠤ ᠳᠠᠷᠠᠭ᠎ᠠ᠂ ᠪᠠᠰᠠ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠬᠢᠭᠡᠳ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠬᠠᠮᠲᠤᠷᠠᠨ《ᠬᠠᠭᠤᠴᠢ ᠰᠤᠳᠤᠯᠤᠯ᠎ᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ》᠎ᠢ ᠬᠠᠮᠲᠤ᠎ᠪᠠᠷ ᠪᠠᠢ᠌ᠭᠤᠯᠬᠤ ᠭᠠᠷ᠎ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠲᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠬᠠᠭᠤᠴᠢ ᠰᠤᠳᠤᠯᠤᠯ᠎ᠤᠨ ᠪᠠᠭᠰᠢ ᠵᠢᠨ ᠬᠦᠴᠦᠨ ᠪᠠ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠳᠠᠪᠠᠭᠤᠯᠢᠭ᠎ᠢ ᠠᠰᠢᠭᠯᠠᠨ᠂ ᠮᠠᠨ᠎ᠤ ᠣᠷᠣᠨ᠎ᠤ ᠬᠠᠭᠤᠴᠢ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠡᠷᠴᠢᠮ ᠵᠶ᠋ᠡᠨ ᠲᠠᠰᠤᠷᠠᠯᠲᠠ ᠥᠬᠡᠶ ᠴᠢᠩᠭ᠋ᠠᠷᠠᠭᠤᠯᠵᠤ᠂ ᠰᠢᠨ᠎ᠡ ᠴᠠᠭ ᠦᠶ᠎ᠡ ᠵᠢᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠦᠢᠯᠡᠰ᠎ᠤᠨ ᠬᠥᠭᠵᠢᠯᠲᠡ᠎ᠳᠤ ᠵᠣᠬᠢᠴᠠᠭᠰᠠᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠠᠯᠬᠤᠮ ᠠᠯᠬᠤᠮ ᠵᠶ᠋ᠠᠷ ᠪᠠᠢ᠌ᠭᠤᠯᠤᠨ᠎ᠠ᠃
      ᠲᠤᠰ ᠤᠳᠠᠭ᠎ᠠ ᠵᠢᠨ ᠪᠤᠯᠪᠠᠰᠤᠷᠠᠭᠤᠯᠤᠯ᠎ᠨᠢ ᠵᠢᠱ᠌ᠢᠭᠰᠡᠨ ᠦᠷ᠎ᠡ ᠪᠦᠲᠦᠮᠵᠢ᠎ᠳᠤ ᠬᠦᠷᠬᠦ ᠵᠢᠨ ᠲᠥᠯᠥᠭᠡ᠂ ᠪᠡᠭᠡᠵᠢᠩ ᠶᠡᠬᠡ ᠰᠤᠷᠭ᠋ᠠᠭᠤᠯᠢ᠂ ᠬᠢᠷᠢᠨ ᠶᠡᠬᠡ ᠰᠤᠷᠭ᠋ᠠᠭᠤᠯᠢ᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭ᠋ᠠᠭᠤᠯᠢ᠂ ᠪᠠᠷᠠᠭᠤᠨ ᠬᠣᠢ᠌ᠲᠤ ᠵᠢᠨ ᠶᠡᠬᠡ ᠰᠤᠷᠭ᠋ᠠᠭᠤᠯᠢ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠬᠠᠭᠤᠴᠢ ᠰᠤᠳᠤᠯᠬᠤ ᠭᠠᠵᠠᠷ ᠵᠡᠷᠭᠡ ᠣᠷᠣᠨ᠎ᠤ ᠳᠣᠲᠣᠨ᠎ᠠ ᠭᠠᠳᠠᠨᠠᠬᠢ ᠨᠡᠷᠡᠳᠦ ᠰᠣᠶᠣᠯ᠎ᠤᠨ ᠥᠪ᠎ᠢ ᠬᠠᠮᠠᠭ᠋ᠠᠭᠴᠢ ᠪᠤᠯᠤᠨ ᠬᠠᠭᠤᠴᠢ ᠰᠤᠳᠤᠯᠤᠯ᠎ᠤᠨ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ ᠲᠤᠰᠬᠠᠢ ᠮᠡᠷᠭᠡᠵᠢᠯ᠎ᠤᠨ ᠬᠢᠴᠢᠶᠡᠯ ᠤᠷᠤᠭᠤᠯᠪᠠ᠃ ᠤᠷᠢᠭᠳᠠᠭᠰᠠᠨ ᠲᠤᠰᠬᠠᠢ ᠮᠡᠷᠭᠡᠵᠢᠯᠲᠡᠳ ᠶᠡᠷᠦᠩᠬᠡᠢ ᠱᠦᠵᠢ ᠰᠢ ᠵᠢᠨ ᠫᠢᠩ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ ᠬᠠᠭᠤᠴᠢ ᠰᠤᠳᠤᠯᠤᠯ᠎ᠤᠨ ᠲᠤᠬᠠᠢ ᠶᠠᠷᠢᠶᠠᠨ᠎ᠤ ᠵᠣᠷᠢᠭ ᠰᠠᠨᠠᠭ᠎ᠠ ᠵᠢ ᠭᠣᠣᠯᠳᠠᠯᠭ᠎ᠠ᠎ᠲᠠᠢ ᠲᠠᠢ᠌ᠯᠪᠤᠷᠢᠯᠠᠵᠤ᠂ ᠬᠠᠭᠤᠴᠢ ᠰᠤᠳᠤᠯᠤᠯ᠎ᠤᠨ ᠲᠤᠰᠬᠠᠢ ᠮᠡᠷᠭᠡᠵᠢᠯ᠎ᠤᠨ ᠮᠡᠳᠡᠯᠭᠡ ᠪᠣᠯᠤᠨ ᠳᠤᠮᠳᠠᠳᠤ ᠵᠢᠨ ᠪᠣᠯᠪᠠᠰᠤᠨ᠎ᠤ ᠬᠥᠭᠵᠢᠯᠲᠡ ᠵᠢᠨ ᠡᠮᠬᠢ ᠵᠢᠷᠤᠮ᠎ᠢ ᠭᠦᠨᠵᠡᠭᠡᠢ ᠲᠠᠢ᠌ᠯᠪᠤᠷᠢᠯᠠᠪᠠ᠃ ᠡᠭᠦᠨ᠎ᠤ ᠬᠠᠮᠲᠤ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠫᠷᠤᠹᠸᠰᠰᠤᠷ᠎ᠢ ᠤᠷᠢᠵᠤ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠴᠢᠨᠠᠭᠰᠢᠳᠠ ᠪᠠᠲᠤ ᠪᠤᠢ ᠪᠣᠯᠭ᠋ᠠᠬᠤ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠢ ᠲᠠᠢ᠌ᠯᠪᠤᠷᠢᠯᠠᠭᠤᠯᠪᠠ᠃
      ᠪᠥᠬᠥ ᠣᠷᠣᠨ᠎ᠤ ᠬᠠᠭᠤᠴᠢ ᠠᠵᠢᠯ᠎ᠤᠨ ᠰᠢᠰᠲ᠋ᠧᠮ᠎ᠤᠨ ᠬᠠᠮᠢᠶᠠᠷᠤᠯᠲᠠ ᠵᠢᠨ ᠠᠵᠢᠯᠲᠠᠨ ᠵᠢᠴᠢ ᠲᠤᠬᠠᠢ᠌ᠯᠠᠭᠰᠠᠨ ᠠᠵᠢᠯ᠎ᠤᠨ ᠭᠣᠤᠯᠯᠠᠭᠴᠢ 80 ᠭᠠᠷᠤᠶ ᠬᠥᠮᠦᠨ ᠨᠢᠭᠡ ᠭᠠᠷᠠᠭ᠎ᠤᠨ ᠬᠤᠭᠤᠴᠠᠭ᠎ᠠ᠎ᠲᠠᠢ ᠲᠥᠪᠯᠡᠷᠡᠭᠦᠯᠦᠨ ᠪᠣᠯᠪᠠᠰᠤᠷᠠᠭᠤᠯᠬᠤ᠎ᠳᠤ ᠤᠷᠤᠯᠴᠠᠪᠠ᠃ ᠲᠣᠰ ᠤᠳᠠᠭ᠋ᠠᠨ᠎ᠤ ᠪᠣᠯᠪᠠᠰᠤᠷᠠᠭᠤᠯᠤᠯ ᠵᠶ᠋ᠠᠷ ᠳᠡᠮᠵᠢᠨ ᠪᠥᠬᠥ ᠣᠷᠣᠨ᠎ᠤ ᠬᠠᠭᠤᠴᠢ ᠰᠤᠳᠤᠯᠤᠯ᠎ᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠲᠤᠬᠠᠢ᠌ᠯᠠᠭᠰᠠᠨ ᠠᠵᠢᠯ᠎ᠤᠨ ᠴᠢᠳᠠᠪᠤᠷᠢ ᠪᠠ ᠬᠠᠮᠢᠶᠠᠷᠤᠯᠲᠠ ᠵᠢᠨ ᠬᠢᠷᠢ ᠲᠦᠪᠰᠢᠨ᠎ᠤ ᠳᠡᠭᠡᠭᠰᠢᠯᠡᠯᠲᠡ ᠵᠢ ᠪᠦᠲᠦᠮᠵᠢᠲᠡᠶ ᠠᠬᠢᠭᠤᠯᠵᠤ᠂ ᠪᠥᠬᠥ ᠣᠷᠣᠨ᠎ᠤ ᠲᠡᠦᠬᠡ ᠰᠣᠶᠣᠯ᠎ᠤᠨ ᠥᠪ᠎ᠢ ᠬᠠᠮᠠᠭ᠋ᠠᠯᠠᠬᠤ ᠪᠠ ᠬᠠᠭᠤᠴᠢ ᠰᠤᠳᠤᠯᠤᠯ᠎ᠤᠨ ᠠᠭᠤᠳᠠᠯᠬᠤ᠂ ᠰᠤᠳᠤᠯᠬᠤ᠂ ᠲᠠᠢ᠌ᠯᠪᠤᠷᠢᠯᠠᠬᠤ ᠠᠵᠢᠯ᠎ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ᠎ᠨᠢ ᠯᠠᠪᠲᠠᠶ ᠶᠤᠮ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ 2020 ᠣᠨ᠎ᠤ ᠳᠥᠷᠪᠡᠳᠦᠭᠡᠷ ᠤᠳᠠᠭ᠋ᠠᠨ᠎ᠤ ᠪᠥᠬᠥᠳᠡ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠡᠭᠴᠡᠯᠡᠨ ᠵᠠᠰᠠᠬᠤ ᠲᠧᠯᠸᠢᠰ ᠤᠲᠠᠰᠤᠨ ᠬᠤᠷᠠᠯ ᠬᠤᠷᠠᠯᠳᠤᠭᠤᠯᠪᠠ
ᠨᠡᠢ᠌ᠭᠡᠮ ᠵᠢᠷᠤᠮᠲᠤ ᠰᠣᠶᠣᠯ᠎ᠤᠨ ᠬᠦᠴᠦᠷᠬᠡᠭ ᠤᠯᠤᠰ᠎ᠢ ᠪᠥᠲᠥᠭᠡᠨ ᠪᠠᠢ᠌ᠭᠤᠯᠬᠤ ᠬᠠᠷᠠᠯᠲᠠ ᠵᠦᠭ ᠴᠢᠷᠮᠠᠢ᠌ᠨ ᠲᠡᠮᠡᠤᠯᠵᠤ ᠡᠷᠡᠯᠬᠡᠭᠯᠡᠨ ᠤᠷᠤᠭᠰᠢᠯᠠᠶ᠎ᠠ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠵᠢᠨ 2021 ᠣᠨ᠎ᠤ ᠰᠢᠨ᠎ᠡ ᠤᠨ ᠎ᠤ ᠪᠠᠶᠠᠷ᠎ᠤᠨ ᠦᠭᠡ
2020 ᠣᠨ᠎ᠤ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠠᠷᠪᠠᠨ ᠶᠡᠬᠡ ᠰᠣᠨᠢᠨ ᠮᠡᠳᠡᠭᠡᠨ᠎ᠤ ᠬᠡᠷᠡᠭ᠎ᠤᠨ ᠲᠣᠢ᠌ᠮᠣ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠲᠤᠰᠬᠠᠶ ᠲᠥᠯᠥᠪᠵᠢᠭᠦᠯᠭᠡ》ᠵᠢ ᠠᠩᠬ᠎ᠠ ᠤᠳᠠᠭ᠎ᠠ ᠬᠢᠨᠠᠨ ᠲᠣᠭᠲᠠᠭ᠋ᠠᠬᠤ ᠬᠤᠷᠠᠯ ᠬᠤᠷᠠᠯᠳᠤᠭᠤᠯᠪᠠ
 
            