ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠤᠯᠤᠰ ᠲᠥᠷᠥ ᠵᠢᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ 2021 ᠣᠨ᠎ᠤ ᠠᠵᠢᠯ᠎ᠢ ᠲᠥᠯᠥᠪᠵᠢᠭᠦᠯᠦᠨ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2020-12-30

     12 ᠳ᠋ᠤᠭ᠋ᠠᠷ ᠰᠠᠷ᠎ᠠ ᠵᠢᠨ 22 —23᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠤᠯᠤᠰ ᠲᠥᠷᠥ ᠵᠢᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ᠃ ᠬᠤᠷᠠᠯ᠎ᠳᠤ ᠡᠯ᠎ᠡ ᠠᠢ᠌ᠮᠠᠭ ᠬᠣᠲᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠲᠢᠩᠬᠢᠮ᠎ᠤᠨ ᠪᠠᠢ᠌ᠭᠤᠯᠭ᠎ᠠ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠵᠢᠨ ᠡᠯ᠎ᠡ ᠲᠤᠬᠠᠢ᠌ᠯᠠᠭᠰᠠᠨ ᠠᠵᠢᠯ᠎ᠤᠨ ᠭᠠᠵᠠᠷ ᠵᠢᠴᠢ ᠬᠤᠪᠢᠳᠠᠨ ᠬᠠᠮᠢᠶᠠᠷᠬᠤ ᠲᠢᠩᠬᠢᠮ᠎ᠤᠨ ᠤᠳᠤᠷᠢᠳᠤᠯᠭ᠎ᠠ ᠵᠢᠨ 2021 ᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠰᠡᠳᠬᠢᠮᠵᠢ ᠵᠢᠨ ᠲᠤᠬᠠᠶ ᠬᠠᠷᠢᠭᠤ ᠮᠡᠳᠡᠭᠦᠯᠦᠯᠲᠡ ᠵᠢ ᠬᠦᠯᠢᠶᠡᠨ ᠠᠪᠴᠤ ᠰᠣᠨᠤᠰᠤᠨ᠂ 2021 ᠣᠨ ᠵᠢᠴᠢ《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠰᠢᠨ᠎ᠡ ᠬᠠᠷᠠᠯᠲᠠ᠂ ᠰᠢᠨ᠎ᠡ ᠡᠭᠦᠷᠭᠡ ᠵᠢ ᠲᠥᠯᠥᠪᠵᠢᠭᠦᠯᠦᠨ ᠪᠠᠢ᠌ᠷᠢᠯᠠᠭᠤᠯᠪᠠ᠃ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃




      ᠬᠤᠷᠠᠯ᠎ᠳᠤ 2021 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠤᠢ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠰᠢᠨ᠎ᠡ ᠠᠶᠠᠨ᠎ᠢ ᠡᠬᠢᠯᠡᠭᠦᠯᠬᠦ ᠠᠩᠬᠠᠨ᠎ᠤ ᠵᠢᠯ᠂《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠵᠢᠯ᠂ ᠰᠢᠨ᠎ᠡ ᠬᠥᠭᠵᠢᠯᠲᠡ ᠵᠢᠨ ᠪᠠᠢ᠌ᠷᠢᠯᠠᠭᠤᠯᠤᠯᠲᠠ ᠵᠢ ᠬᠦᠴᠦᠯᠡᠨ ᠪᠠᠢ᠌ᠭᠤᠯᠬᠤ ᠠᠩᠬᠠᠨ᠎ᠤ ᠵᠢᠯ ᠪᠣᠯᠤᠨ᠎ᠠ᠂ ᠡᠢ᠌ᠮᠦ᠎ᠠᠴᠠ ᠰᠣᠶᠣᠯ ᠪᠠ ᠵᠢᠭᠤᠯᠴᠢᠯᠠᠯ᠎ᠤᠨ ᠠᠵᠢᠯ᠎ᠢ ᠰᠠᠢ᠌ᠲᠤᠷ ᠬᠢᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠰᠢᠨ᠎ᠡ ᠭᠠᠷᠤᠭ᠎ᠠ᠎ᠳᠤ ᠰᠠᠭᠤᠷᠢᠯᠠᠨ᠂ ᠰᠢᠨ᠎ᠡ ᠠᠶᠠᠨ᠎ᠳᠤ᠎ᠪᠠᠨ ᠡᠷᠡᠯᠬᠡᠭᠯᠡᠨ ᠤᠷᠤᠭᠰᠢᠯᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠲᠤᠬᠠᠶ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠷᠠᠯᠢᠭ᠎ᠤᠨ ᠵᠣᠬᠢᠶᠠᠨ ᠪᠦᠲᠦᠭᠡᠯᠭᠡ᠂ ᠣᠯᠠᠨ ᠨᠡᠢ᠌ᠲᠡ ᠵᠢᠨ ᠦᠢᠯᠡᠴᠢᠯᠡᠭᠡ᠂ ᠠᠵᠤ ᠦᠢᠯᠡᠰ᠎ᠤᠨ ᠬᠥᠭᠵᠢᠯᠲᠡ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠦᠢᠯᠡᠰ᠂ ᠪᠤᠳᠠᠰ᠎ᠤᠨ ᠪᠤᠰᠤ ᠰᠣᠶᠤᠯ᠎ᠤᠨ ᠦᠪ᠎ᠤᠨ ᠤᠯᠠᠮᠵᠢᠯᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠴᠢ ᠭᠠᠳᠠᠭ᠋ᠠᠳᠤ᠎ᠯᠤᠭ᠎ᠠ ᠵᠢᠨ ᠰᠣᠯᠢᠯᠴᠠᠭ᠎ᠠ ᠪᠠ ᠬᠠᠮᠲᠤᠷᠠᠯᠴᠠᠭ᠎ᠠ ᠵᠡᠷᠭᠡ ᠲᠤᠬᠠᠢ᠌ᠯᠠᠭᠰᠠᠨ ᠠᠵᠢᠯ᠎ᠤᠨ ᠬᠦᠷᠢᠶᠡᠨ᠎ᠳᠤ ᠰᠣᠶᠣᠯ ᠪᠠ ᠵᠢᠭᠤᠯᠴᠢᠯᠠᠯ᠎ᠨᠢ ᠰᠢᠨ᠎ᠡ ᠳᠡᠭᠲᠡᠷ᠎ᠲᠤ ᠭᠠᠷᠬᠤ ᠵᠢ ᠢᠳᠡᠪᠬᠢᠲᠡᠶ ᠠᠬᠢᠭᠤᠯᠤᠨ᠂ ᠰᠢᠨ᠎ᠡ ᠨᠢᠭᠡᠨ ᠵᠢᠯ ᠲᠡᠷᠡᠴᠢᠯᠡᠨ ᠬᠣᠢ᠌ᠰᠢᠳᠠ ᠵᠢᠨ ᠨᠢᠭᠡ ᠬᠡᠰᠡᠭ ᠬᠤᠭᠤᠴᠠᠭ᠋ᠠᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠢ ᠰᠠᠢ᠌ᠲᠤᠷ ᠬᠢᠬᠦ᠎ᠳᠤ ᠯᠠᠪᠳᠠᠭᠤᠨ ᠰᠠᠢ᠌ᠨ ᠡᠬᠢᠯᠡᠯᠲᠡ᠎ᠲᠠᠢ ᠪᠠᠢ᠌ᠯᠭ᠋ᠠᠬᠤ ᠬᠡᠷᠡᠭᠲᠡᠶ᠃ ᠨᠢᠭᠡ᠎ᠳᠤ᠂ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢ ᠤᠯᠤᠰ ᠲᠦᠷᠦ ᠵᠢᠨ ᠬᠠᠷᠠᠴᠠ᠎ᠪᠠᠷ ᠠᠵᠢᠭᠯᠠᠬᠤ᠎ᠳᠤ᠎ᠪᠠᠨ ᠴᠢᠳᠠᠮᠠᠭ᠋ᠠᠢ ᠪᠠᠢ᠌ᠵᠤ᠂《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠤᠢ ᠪᠣᠯᠭ᠋ᠠᠬᠤ》ᠭᠣᠣᠯ ᠰᠢᠵᠢᠮ᠎ᠤᠨ ᠲᠣᠭᠣᠷᠢᠨ᠎ᠳᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠭᠦᠨᠵᠡᠭᠡᠢ᠌ᠷᠡᠨ ᠬᠥᠭᠵᠢᠬᠦ ᠵᠢ ᠠᠬᠢᠭᠤᠯᠬᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠪᠤᠳᠤᠯ ᠵᠶ᠋ᠠᠨ ᠴᠢᠨᠭ᠌ᠭ᠋ᠠᠳᠬᠠᠨ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠪᠦᠬᠦ ᠶᠠᠪᠤᠴᠠ᠂ ᠡᠯ᠎ᠡ ᠲᠠᠯ᠎ᠠ᠎ᠳᠤ ᠲᠤᠭᠤᠰᠢᠯᠠᠭᠤᠯᠵᠤ᠂ ᠦᠵᠡᠯ ᠰᠠᠨᠠᠭ᠋ᠠᠨ᠎ᠳᠤ᠎ᠪᠠᠨ ᠰᠢᠨᠭᠭᠡᠭᠡᠨ᠂ ᠦᠢ᠍ᠯᠡ ᠠᠵᠢᠯᠯᠠᠭ᠋ᠠᠨ᠎ᠳᠤ᠎ᠪᠠᠨ ᠤᠯᠠᠷᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ  ᠃ ᠭᠤᠷᠪᠠ᠎ᠳᠤ᠂ ᠵᠢᠭᠤᠯᠴᠢᠯᠠᠯ᠎ᠤᠨ ᠵᠣᠷᠢᠭᠰᠠᠨ ᠭᠠᠵᠠᠷ᠎ᠤᠨ ᠨᠠᠷᠠᠲᠤ ᠲᠡᠮᠳᠡᠭ᠎ᠤᠨ ᠵᠦᠷᠢᠶᠡᠴᠢᠯᠡᠭᠰᠡᠨ ᠪᠠᠢ᠌ᠷᠢ ᠲᠣᠭᠲᠠᠭ᠋ᠠᠯᠲᠠ ᠵᠢᠨ ᠰᠤᠳᠤᠯᠭ᠋ᠠᠨ᠎ᠢ ᠰᠠᠢ᠌ᠲᠤᠷ ᠬᠢᠵᠦ᠂ ᠵᠣᠷᠢᠭᠰᠠᠨ ᠭᠠᠵᠠᠷ᠎ᠲᠤ ᠬᠠᠷᠢᠶᠠᠯᠠᠭᠳᠠᠬᠤ ᠥᠪᠡᠷᠮᠢᠴᠡ ᠨᠠᠷᠠᠲᠤ ᠲᠡᠮᠳᠡᠭ᠎ᠤᠨ ᠤᠨᠴᠠᠯᠢᠭ᠎ᠢ ᠪᠤᠢ ᠪᠤᠯᠭ᠋ᠠᠨ᠂ ᠨᠠᠷᠠᠲᠤ ᠲᠡᠮᠳᠡᠭ᠎ᠤᠨ ᠦᠢᠯᠡᠳᠦᠯ᠎ᠢ ᠪᠠᠳᠠᠷᠠᠭᠤᠯᠵᠤ᠂《ᠱᠠᠩᠨᠠᠯ ᠵᠶ᠋ᠠᠷ ᠨᠥᠬᠥᠪᠥᠷᠢ ᠵᠢ ᠣᠷᠣᠯᠠᠭᠤᠯᠬᠤ》᠂ 《ᠬᠥᠳᠡᠯᠦᠩᠭᠦᠶ ᠬᠠᠮᠢᠶᠠᠷᠤᠯᠲᠠ》ᠵᠢ ᠬᠡᠷᠡᠭᠵᠢᠭᠦᠯᠦᠨ ᠰᠣᠶᠣᠯ ᠪᠠ ᠵᠢᠭᠤᠯᠴᠢᠯᠠᠯ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂   ᠤᠯᠠᠨ ᠵᠶ᠋ᠠᠷ ᠵᠶ᠋ᠠᠨ ᠨᠢᠭᠲᠠ ᠬᠠᠮᠵᠢᠯᠴᠠᠨ᠂ ᠬᠦᠴᠦ᠎ᠪᠠᠨ   ᠬᠠᠮᠲᠤᠳᠬᠠᠵᠤ  ᠂ ᠪᠥᠬᠥ ᠣᠷᠣᠨ ᠵᠶ᠋ᠠᠷ ᠵᠶ᠋ᠠᠨ ᠨᠢᠭᠡ ᠬᠥᠯᠭᠡ ᠰᠢᠲᠠᠷ᠎ᠠ ᠵᠢᠨ ᠠᠵᠢᠯ᠎ᠤᠨ ᠪᠠᠢ᠌ᠷᠢᠰᠢᠯ᠎ᠢ ᠪᠣᠶ ᠪᠣᠯᠭ᠋ᠠᠵᠤ᠂ ᠣᠷᠣᠨ ᠪᠦᠰᠡ ᠵᠢᠨ ᠨᠢᠭᠡ ᠴᠤᠭᠴᠠᠵᠢᠭᠰᠠᠨ ᠬᠥᠭᠵᠢᠯᠲᠡ ᠵᠢ ᠠᠬᠢᠭᠤᠯᠬᠤ ᠬᠡᠷᠡᠭᠲᠡᠶ᠃ ᠲᠦᠷᠪᠡ᠎ᠳᠤ᠂ ᠵᠠᠰᠠᠭ᠎ᠤᠨ ᠣᠷᠳᠣᠨ᠎ᠠᠴᠠ ᠭᠣᠣᠯᠯᠠᠨ ᠤᠳᠤᠷᠢᠳᠴᠤ ᠵᠠᠬ᠎ᠠ ᠳᠡᠯᠭᠡᠭᠦᠷᠴᠢᠯᠡᠨ ᠡᠵᠡᠩᠨᠡᠬᠦ ᠵᠠᠭᠪᠤᠷ᠎ᠢ ᠰᠦᠪᠡᠭᠴᠢᠯᠡᠨ ᠬᠡᠷᠡᠭᠵᠢᠭᠦᠯᠵᠦ᠂ ᠵᠠᠰᠠᠭ᠎ᠤᠨ ᠣᠷᠳᠣᠨ ᠠᠵᠤ ᠠᠬᠤᠢ᠌ᠯᠠᠯ ᠠᠵᠢᠯ ᠬᠤᠪᠢᠶᠠᠷᠢᠯᠠᠨ ᠬᠠᠮᠵᠢᠯᠴᠠᠬᠤ᠂ ᠬᠦᠴᠦ᠎ᠪᠠᠨ ᠬᠠᠮᠲᠤᠳᠬᠠᠨ ᠪᠣᠭᠣᠮᠲᠠ ᠰᠢᠪᠲᠤᠯᠬᠤ᠂ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠬᠠᠮᠲᠤ᠎ᠪᠠᠷ ᠠᠬᠢᠭᠤᠯᠬᠤ ᠰᠠᠢ᠍ᠢ᠍ᠨ ᠰᠠᠢ᠌ᠬᠠᠨ ᠪᠠᠢ᠌ᠳᠠᠯ᠎ᠢ ᠪᠦᠷᠢᠯᠳᠦᠭᠦᠯᠬᠦ ᠬᠡᠷᠡᠭᠲᠡᠢ᠃ ᠲᠠᠪᠤ᠎ᠳᠤ᠂ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ᠂ ᠵᠢᠭᠤᠯᠴᠢᠯᠠᠯ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠵᠦᠢ ᠵᠣᠬᠢᠰᠲᠠᠶ ᠪᠠᠢ᠌ᠷᠢᠯᠠᠭᠤᠯᠵᠤ᠂ ᠰᠣᠶᠣᠯ ᠪᠠ ᠵᠢᠭᠤᠯᠴᠢᠯᠠᠯ᠎ᠤᠨ ᠪᠦᠲᠦᠭᠡᠨ ᠪᠠᠢ᠌ᠭᠤᠯᠤᠯᠲᠠ ᠵᠢᠨ ᠨᠡᠷ᠎ᠡ᠎ᠪᠠᠷ ᠪᠦᠷᠢᠯᠭᠡᠨ ᠰᠦᠢ᠍ᠳᠬᠡᠬᠦ ᠵᠢ ᠬᠥᠭᠡᠭᠡᠴᠡᠯᠳᠦᠵᠦ ᠪᠣᠯᠬᠤ ᠦᠭᠡᠶ᠂ ᠳᠠᠪᠬᠤᠷᠳᠠᠭᠤᠯᠤᠨ ᠪᠦᠲᠦᠭᠡᠨ ᠪᠠᠢ᠌ᠭᠤᠯᠬᠤ ᠮᠠᠭᠤ ᠣᠷᠴᠢᠯ᠎ᠠᠴᠠ ᠵᠠᠢ᠌ᠯᠠᠰᠬᠢᠵᠦ᠂ ᠵᠢᠭᠤᠯᠴᠢᠯᠠᠯ᠎ᠤᠨ ᠵᠠᠮ ᠬᠠᠷᠢᠯᠴᠠᠭ᠋ᠠᠨ᠎ᠤ ᠲᠠᠪᠰᠢᠯᠲᠠ ᠵᠢ ᠲᠦᠷᠭᠡᠳᠬᠡᠨ᠂ ᠭᠣᠣᠯ ᠱᠤᠭᠤᠮ᠎ᠤᠨ ᠵᠠᠰᠠᠮᠠᠯ ᠵᠠᠮ᠎ᠢ ᠦᠵᠡᠮᠵᠢ ᠵᠢᠨ ᠣᠷᠣᠨ᠎ᠲᠠᠢ ᠵᠠᠯᠭ᠋ᠠᠯᠳᠤᠭᠤᠯᠬᠤ ᠵᠢ ᠲᠦᠯᠬᠢᠨ ᠠᠬᠢᠭᠤᠯᠵᠤ᠂ ᠵᠢᠭᠤᠯᠴᠢᠯᠠᠯ᠎ᠤᠨ ᠵᠠᠮ ᠬᠠᠷᠢᠯᠴᠠᠭ᠋ᠠᠨ᠎ᠤ ᠬᠥᠭᠵᠢᠯᠲᠡ ᠵᠢᠨ ᠪᠣᠭᠣᠮᠢ ᠵᠢ ᠪᠦᠬᠦ ᠬᠦᠴᠦᠨ ᠵᠶ᠋ᠡᠷ ᠵᠶ᠋ᠡᠨ ᠠᠷᠢᠯᠭ᠋ᠠᠬᠤ ᠬᠡᠷᠡᠭᠲᠡᠶ᠃ ᠵᠢᠷᠭᠤᠭ᠎ᠠ᠎ᠳᠤ᠂ ᠰᠣᠶᠣᠯ ᠪᠠ ᠵᠢᠭᠤᠯᠴᠢᠯᠠᠯ ᠵᠢᠴᠢ ᠬᠣᠯᠪᠣᠭᠳᠠᠯ ᠪᠦᠬᠦᠢ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠦᠵᠦ ᠲᠥᠯᠥᠪᠯᠡᠭᠡ ᠵᠢ ᠰᠠᠢ᠌ᠲᠤᠷ ᠬᠢᠵᠦ᠂ ᠦᠷᠢᠰᠦᠯᠳᠦᠭᠦᠢ᠌ᠴᠡ ᠪᠦᠲᠦᠭᠡᠭᠳᠡᠭᠦᠨ᠎ᠢ ᠰᠠᠢ᠌ᠲᠤᠷ ᠠᠳᠬᠤᠵᠤ᠂ ᠰᠣᠶᠣᠯ᠎ᠤᠨ ᠵᠣᠬᠢᠶᠠᠨ ᠪᠦᠲᠦᠭᠡᠯᠭᠡ ᠵᠢᠨ  《ᠨᠡᠪᠴᠢᠭᠦᠯᠦᠭᠦᠷ》᠎ᠢ ᠴᠣᠭᠴᠠᠯᠠᠵᠤ᠂ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠲᠣᠭᠯᠠᠯᠲᠠ ᠵᠢ ᠴᠡᠴᠡᠭᠯᠡᠭᠦᠯᠵᠦ᠂ ᠤᠯᠤᠰ᠎ᠤᠨ ᠲᠡᠰ᠎ᠤᠨ ᠰᠣᠶᠣᠯ᠎ᠤᠨ ᠥᠪ᠎ᠤᠨ ᠨᠥᠯᠥᠭᠡᠯᠡᠬᠦ ᠬᠦᠴᠦᠨ᠎ᠢ ᠪᠠᠳᠠᠷᠠᠭᠤᠯᠬᠤ ᠵᠢ ᠴᠢᠬᠤᠯᠠᠴᠢᠯᠠᠨ᠂ ᠠᠳᠠᠯᠢ ᠪᠤᠰᠤ ᠬᠡᠷᠡᠭᠯᠡᠭᠡᠨ᠎ᠤ ᠴᠣᠭᠴᠠ ᠵᠢᠨ ᠬᠡᠷᠡᠭᠴᠡᠭᠡ᠎ᠳᠤ ᠵᠣᠬᠢᠴᠠᠭᠤᠯᠵᠤ᠂ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ ᠵᠶ᠋ᠠᠷ ᠰᠢᠨ᠎ᠡ ᠬᠡᠯᠪᠡᠷᠢ ᠵᠢᠨ ᠬᠡᠷᠡᠭᠯᠡᠭᠡ ᠵᠢ ᠬᠦᠳᠦᠯᠦᠨ ᠳᠠᠭ᠋ᠠᠭᠤᠯᠵᠤ ᠬᠦᠭᠵᠢᠯᠲᠡ ᠵᠢ ᠲᠦᠷᠭᠡᠳᠬᠡᠬᠦ ᠬᠡᠷᠡᠭᠲᠡᠢ᠃ ᠳᠣᠯᠣᠭ᠎ᠠ᠎ᠳᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠎ᠪᠠᠨ ᠴᠢᠩᠭ᠋ᠠᠳᠬᠠᠵᠤ᠂ ᠠᠷᠭ᠋ᠠᠴᠠᠭ᠋ᠠᠬᠤ ᠠᠷᠭ᠎ᠠ ᠬᠡᠮᠵᠢᠶ᠎ᠡ᠎ᠪᠠᠨ ᠴᠢᠩᠭ᠋ᠠᠳᠬᠠᠵᠤ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠮᠤᠷ ᠲᠦᠪᠰᠢᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠨᠠᠢᠮᠠ᠎ᠳᠤ᠂ ᠪᠠᠢ᠌ᠭᠤᠯᠭ᠎ᠠ ᠵᠢᠨ ᠺᠠᠳ᠋ᠷᠴᠤᠳ ᠭᠣᠤᠯᠳᠠᠯᠭ᠎ᠠ᠎ᠲᠠᠢ ᠦᠵᠡᠮᠵᠢ ᠵᠢᠨ ᠣᠷᠣᠨ᠎ᠢ ᠳᠠᠭ᠋ᠠᠭ᠋ᠠᠴᠢᠯᠠᠨ ᠬᠣᠯᠪᠣᠭ᠋ᠠᠯᠠᠬᠤ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠪᠠᠢ᠌ᠭᠤᠯᠭ᠎ᠠ ᠵᠢᠨ ᠺᠠᠳ᠋ᠷᠴᠤᠳ ᠦᠨᠳᠦᠰᠦᠨ ᠱᠠᠲᠤᠨ᠎ᠳᠤ ᠭᠦᠨᠵᠡᠭᠡᠢ᠌ᠷᠡᠨ ᠦᠨᠳᠦᠰᠦᠨ ᠱᠠᠲᠤᠨ᠎ᠤ ᠠᠵᠢᠯ᠎ᠢ ᠵᠢᠯᠣᠭᠣᠳᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠬᠤ ᠬᠡᠷᠡᠭᠲᠡᠶ᠃





      ᠬᠤᠷᠠᠯ᠎ᠠᠴᠠ᠂ ᠲᠢᠩᠬᠢᠮ᠎ᠤᠨ ᠬᠠᠮᠢᠶ᠎ᠠ ᠪᠥᠬᠥᠶ ᠲᠤᠬᠠᠢ᠌ᠯᠠᠭᠰᠠᠨ ᠠᠵᠢᠯ᠎ᠤᠨ ᠭᠠᠵᠠᠷ ᠲᠠᠰᠤᠭ᠎ᠨᠢ ᠡᠯ᠎ᠡ ᠠᠢ᠌ᠮᠠᠭ ᠬᠣᠲᠠ ᠵᠢᠨ ᠬᠠᠷᠢᠭᠤ ᠮᠡᠳᠡᠭᠦᠯᠦᠯᠲᠡ ᠵᠢᠴᠢ ᠳᠤᠷᠠᠳᠤᠭᠰᠠᠨ ᠰᠠᠨᠠᠯ ᠰᠠᠨᠠᠭᠤᠯᠭ᠎ᠠ ᠵᠢ ᠨᠠᠷᠢᠨ ᠬᠢᠨᠠᠮᠠᠭ᠋ᠠᠶ ᠡᠮᠬᠢᠯᠡᠵᠦ᠂ ᠳ᠋ᠦᠩᠨᠡᠬᠦ ᠪᠠ ᠰᠤᠳᠤᠯᠵᠤ᠂ ᠢᠷᠡᠬᠦ ᠵᠢᠯ᠎ᠤᠨ ᠠᠵᠢᠯ᠂ ᠴᠢᠨᠠᠭᠰᠢᠯᠠᠪᠠᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ᠎ᠳᠤ ᠣᠷᠣᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠭᠣᠤᠯ ᠰᠡᠳᠦᠪᠲᠦ ᠨᠠᠮ᠎ᠤᠨ ᠬᠢᠴᠢᠶᠡᠯ ᠤᠷᠤᠪᠠ
2020 ᠣᠨ᠎ᠤ ᠪᠥᠬᠥ ᠣᠷᠣᠨ᠎ᠤ《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠵᠤ ᠂ ᠳᠤᠮᠳᠠᠳᠤ ᠤᠯᠤᠰ᠎ᠤᠨ ᠣᠨᠴᠠᠯᠢᠭ᠎ᠲᠠᠢ ᠳᠤᠮᠳᠠᠳᠤ ᠤᠯᠤᠰ᠎ᠤᠨ ᠬᠡᠪ ᠨᠠᠮᠪᠠ᠎ᠲᠠᠢ ᠳᠤᠮᠳᠠᠳᠤ ᠤᠯᠤᠰ᠎ᠤᠨ ᠣᠮᠣᠭ ᠰᠦᠷ᠎ᠲᠠᠢ ᠬᠠᠭᠤᠴᠢ ᠰᠤᠳᠤᠯᠤᠯ᠎ᠢ ᠪᠥᠲᠥᠭᠡᠨ ᠪᠠᠢ᠌ᠭᠤᠯᠬᠤ》ᠳᠡᠭᠡᠳᠦ ᠵᠡᠷᠭᠡ ᠵᠢᠨ ᠰᠤᠳᠤᠯᠤᠨ ᠰᠤᠷᠤᠯᠴᠠᠬᠤ ᠠᠩᠭᠢ ᠵᠢ ᠬᠥᠬᠡᠬᠣᠲᠠ᠎ᠳᠤ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ 2020 ᠣᠨ᠎ᠤ ᠳᠥᠷᠪᠡᠳᠦᠭᠡᠷ ᠤᠳᠠᠭ᠋ᠠᠨ᠎ᠤ ᠪᠥᠬᠥᠳᠡ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠡᠭᠴᠡᠯᠡᠨ ᠵᠠᠰᠠᠬᠤ ᠲᠧᠯᠸᠢᠰ ᠤᠲᠠᠰᠤᠨ ᠬᠤᠷᠠᠯ ᠬᠤᠷᠠᠯᠳᠤᠭᠤᠯᠪᠠ
ᠨᠡᠢ᠌ᠭᠡᠮ ᠵᠢᠷᠤᠮᠲᠤ ᠰᠣᠶᠣᠯ᠎ᠤᠨ ᠬᠦᠴᠦᠷᠬᠡᠭ ᠤᠯᠤᠰ᠎ᠢ ᠪᠥᠲᠥᠭᠡᠨ ᠪᠠᠢ᠌ᠭᠤᠯᠬᠤ ᠬᠠᠷᠠᠯᠲᠠ ᠵᠦᠭ ᠴᠢᠷᠮᠠᠢ᠌ᠨ ᠲᠡᠮᠡᠤᠯᠵᠤ ᠡᠷᠡᠯᠬᠡᠭᠯᠡᠨ ᠤᠷᠤᠭᠰᠢᠯᠠᠶ᠎ᠠ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠵᠢᠨ 2021 ᠣᠨ᠎ᠤ ᠰᠢᠨ᠎ᠡ ᠤᠨ ᠎ᠤ ᠪᠠᠶᠠᠷ᠎ᠤᠨ ᠦᠭᠡ
 
            