11 ᠳ᠋ᠣᠭᠡᠷ ᠰᠠᠷ᠎ᠠ ᠵᠢᠨ 28᠎ᠤ ᠡᠳᠦᠷ᠂ 《ᠬᠠᠷᠠᠮᠥ᠋ᠷᠡᠨ ᠭᠢᠷᠢᠨ ᠯᠢᠶᠣᠣᠨᠢᠩ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠢᠳᠡᠭᠡᠮᠵᠢ ᠵᠢᠨ ᠰᠢᠰᠲᠸᠮ᠎ᠢ ᠪᠥᠲᠥᠭᠡᠨ ᠪᠠᠢ᠌ᠭᠤᠯᠬᠤ — ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠵᠦᠪᠯᠡᠯᠴᠡᠭᠡᠷ》 ᠲᠣᠭᠲᠠᠬᠤ ᠶᠤᠰᠤᠯᠠᠯ ᠬᠠᠷᠪᠢᠨ᠎ᠳᠤ ᠶᠠᠪᠤᠭᠳᠠᠪᠠ᠃
《ᠬᠠᠮᠲᠤᠷᠠᠯᠴᠠᠭ᠋ᠠᠨ᠎ᠤ ᠬᠡᠯᠡᠯᠴᠡᠭᠡᠷ》᠎ᠢ ᠦᠨᠳᠦᠰᠦᠯᠡᠪᠡᠯ᠂ ᠳᠥᠷᠪᠡᠨ ᠮᠣᠵᠢ (ᠣᠷᠣᠨ) ᠢᠲᠡᠭᠡᠮᠵᠢ ᠵᠢᠨ ᠲᠣᠭᠲᠠᠴᠠ ᠵᠢ ᠬᠠᠮᠲᠤ᠎ᠪᠠᠷ ᠪᠠᠶ᠋ᠢᠭᠤᠯᠬᠤ᠂ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠢᠲᠡᠭᠡᠮᠵᠢ ᠵᠢᠨ ᠨᠡᠷᠡᠲᠦ ᠲᠡᠮᠳᠡᠭᠲᠦ ᠵᠢ ᠬᠠᠮᠲᠤ᠎ᠪᠠᠷ ᠡᠭᠦᠳᠬᠦ᠂ ᠬᠡᠷᠡᠭᠵᠢᠭᠦᠯᠬᠦ ᠲᠠᠪᠴᠠᠩ᠎ᠢ ᠬᠠᠮᠲᠤ᠎ᠪᠠᠷ ᠪᠠᠶ᠋ᠢᠭᠤᠯᠬᠤ᠂ ᠢᠲᠡᠭᠡᠮᠵᠢ ᠵᠢᠨ ᠴᠢᠳᠠᠪᠤᠷᠢᠲᠠᠨ᠎ᠢ ᠬᠠᠮᠲᠤ᠎ᠪᠠᠷ ᠬᠦᠮᠦᠵᠢᠭᠦᠯᠬᠦ᠂ ᠢᠲᠡᠭᠡᠮᠵᠢ ᠵᠢᠨ ᠰᠡᠳᠦᠪ᠎ᠢ ᠬᠠᠮᠲᠤ᠎ᠪᠠᠷ ᠰᠤᠳᠤᠯᠬᠤ᠂ ᠰᠣᠶᠣᠯ᠎ᠤᠨ ᠠᠭᠤᠷ ᠠᠮᠢᠰᠬᠤᠯ᠎ᠢ ᠬᠠᠮᠲᠤ᠎ᠪᠠᠷ ᠪᠠᠢ᠌ᠭᠤᠯᠬᠤ ᠵᠡᠷᠭᠡ ᠳᠣᠯᠣᠭ᠋ᠠᠨ ᠲᠠᠯ᠎ᠠ᠎ᠪᠠᠷ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠬᠣᠯᠪᠣᠭ᠋ᠠᠯᠠᠨ ᠱᠠᠩᠨᠠᠵᠤ ᠲᠣᠷᠭ᠋ᠠᠬᠤ ᠪᠠ ᠢᠲᠡᠭᠡᠮᠵᠢ ᠵᠢ ᠰᠡᠷᠭᠦᠭᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠵᠤ᠂ ᠣᠷᠣᠨ ᠪᠦᠰᠡ ᠵᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠰᠢᠨ᠎ᠡ ᠮᠠᠶᠢᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠢ ᠬᠠᠮᠲᠤ᠎ᠪᠠᠷ ᠰᠦᠪᠡᠭᠴᠢᠯᠡᠵᠦ᠂ ᠪᠠᠶ᠋ᠢᠭᠤᠯᠬᠤ ᠪᠠ ᠰᠢᠨ᠎ᠡ ᠵᠢ ᠡᠭᠦᠳᠴᠦ᠂ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠡᠷᠡᠭᠦᠯ ᠵᠶ᠋ᠠᠷ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠤᠨ᠎ᠠ᠃ ᠳᠥᠷᠪᠡᠨ ᠮᠣᠵᠢ (ᠣᠷᠣᠨ) ᠵᠢᠨ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠬᠠᠷᠢᠭᠤᠴᠠᠯᠭ᠋ᠠᠲᠠᠨ ᠢᠯᠡᠷᠬᠡᠶ᠋ᠢᠯᠡᠭᠰᠡᠨ᠎ᠨᠢ᠂ 《ᠬᠠᠮᠲᠤᠷᠠᠯᠴᠠᠭ᠋ᠠᠨ᠎ᠤ ᠵᠦᠪᠯᠡᠯᠴᠡᠭᠡᠷ》 ᠲᠤᠭᠲᠠᠬᠤ ᠪᠣᠯ ᠲᠦᠷᠪᠡᠨ ᠮᠤᠵᠢ ᠤᠷᠤᠨ᠎ᠤ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠤᠨ ᠪᠣᠷᠣ ᠲᠥᠯᠥᠪ ᠪᠠ ᠳᠥᠷᠪᠡᠨ ᠮᠤᠵᠢ ᠣᠷᠣᠨ᠎ᠤ 《ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠬᠠᠮᠵᠢᠯᠴᠠᠭ᠋ᠠᠨ᠎ᠤ ᠬᠠᠮᠲᠤ᠎ᠪᠠᠷ ᠪᠠᠶ᠋ᠢᠭᠤᠯᠬᠤ ᠪᠣᠷᠣ ᠲᠥᠯᠥᠪ᠎ᠤᠨ ᠵᠦᠪᠯᠡᠯᠴᠡᠭᠡᠷ》᠎ᠢ ᠬᠦᠨᠵᠡᠭᠡᠢ ᠲᠤᠭᠤᠰᠢᠯᠠᠭᠤᠯᠤᠨ ᠨᠠᠢ᠌ᠳᠠᠪᠦᠷᠢᠵᠢᠭᠤᠯᠬᠤ ᠠᠩᠬᠠᠨ᠎ᠤ ᠠᠯᠬᠤᠮ ᠮᠦᠨ᠂ ᠬᠣᠶ᠋ᠢᠰᠢᠳᠠ ᠨᠢᠭᠲᠠ ᠬᠠᠮᠵᠢᠯᠴᠠᠵᠤ᠂ 《 ᠬᠠᠮᠲᠤᠷᠠᠯᠴᠠᠭ᠋ᠠᠨ᠎ᠤ ᠵᠦᠪᠯᠡᠯᠴᠡᠭᠡᠷ》᠎ᠤᠨ ᠲᠣᠭᠲᠠᠭ᠋ᠠᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠦᠷᠭᠦᠯᠵᠢᠯᠡᠨ ᠰᠠᠶ᠋ᠢᠲᠤᠷ ᠠᠳᠬᠤᠵᠤ᠂ ᠳᠥᠷᠪᠡᠨ ᠮᠣᠵᠢ ᠣᠷᠣᠨ᠎ᠤ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠵᠤ᠂ ᠰᠢᠨ᠎ᠡ ᠳᠠᠪᠰᠢᠯᠲᠠ᠎ᠲᠠᠢ ᠪᠣᠯᠭ᠋ᠠᠨ᠎ᠠ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠵᠤᠷᠭ᠋ᠠᠨ᠎ᠤ ᠳᠠᠷᠤᠭ᠎ᠠ ᠯᠢᠦ ᠺᠧ ᡁᠢ ᠶᠣᠰᠣᠯᠠᠯ᠎ᠳᠤ ᠣᠷᠣᠯᠴᠠᠪᠠ᠃

ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠡᠳ᠋ ᠳᠠᠷᠤᠭ᠎ᠠ ᠵᠠᠩ ᠸᠸᠨ ᠵᠢᠶᠦ᠋ᠨ ᠬᠠᠮᠲᠤᠷᠠᠯᠴᠠᠭ᠋ᠠᠨ᠎ᠤ ᠵᠦᠪᠯᠡᠯᠴᠡᠭᠡᠷ ᠲᠤᠭᠲᠠᠬᠤ ᠶᠣᠰᠣᠯᠠᠯ᠎ᠳᠤ ᠪᠠᠶᠠᠷ᠎ᠤᠨ ᠦᠭᠡ ᠬᠡᠯᠡᠬᠦ᠎ᠳᠤ᠎ᠪᠠᠨ᠄ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠬᠤ ᠪᠣᠯ ᠣᠲᠣ ᠦᠶ᠎ᠡ ᠵᠢᠨ ᠵᠠᠬ᠎ᠠ ᠳᠡᠯᠭᠡᠭᠦᠷ᠎ᠤᠨ ᠰᠢᠰᠲ᠋ᠧᠮᠵᠢ ᠵᠢ ᠲᠡᠭᠦᠯᠳᠡᠷᠵᠢᠭᠦᠯᠬᠦ ᠴᠢᠬᠤᠯᠠ ᠰᠠᠭᠤᠷᠢ ᠮᠥᠨ᠃ ᠤᠳᠤ ᠦᠶ᠎ᠡ ᠵᠢᠨ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ᠂ ᠪᠠᠰᠠ ᠴᠤ᠌ ᠠᠷᠠᠳ ᠤᠯᠠᠨ᠎ᠤ ᠲᠤᠯᠭ᠋ᠠᠮ ᠬᠦᠰᠡᠯ ᠡᠷᠡᠮᠡᠯᠵᠡᠯ ᠮᠥᠨ ᠬᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠪᠠᠶ᠋ᠢᠷᠢᠯᠠᠭᠤᠯᠤᠯᠲᠠ ᠶᠤᠰᠤᠭ᠋ᠠᠷ᠂ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠭᠣᠤᠯᠳᠠᠯᠭ᠎ᠠ᠎ᠲᠠᠢ ᠠᠵᠢᠯ ᠪᠤᠯᠭ᠋ᠠᠨ ᠲᠦᠷᠭᠡᠳᠬᠡᠨ ᠠᠬᠢᠭᠤᠯᠬᠤ ᠵᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠦᠷᠢᠶ᠎ᠡ ᠬᠡᠪᠴᠢᠶᠡᠨ᠎ᠳᠤ 《ᠪᠦᠬᠦ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ 〈ᠬᠠᠷ᠎ᠠ ᠳᠠᠩᠰᠠ + ᠰᠠᠨᠠᠭᠤᠯᠤᠮᠵᠢ〉 ᠵᠢᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ》᠎ᠳᠤ ᠲᠦᠰᠢᠭᠯᠡᠨ᠂ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠢᠯᠠᠩᠭᠤᠶ᠎ᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠬᠤ ᠵᠠᠩᠭᠢᠯᠠᠭ᠎ᠠ ᠵᠢᠨ ᠦᠶ᠎ᠡ᠎ᠳᠤ᠂ ᠡᠶ᠋ᠢᠮᠦ ᠨᠢᠭᠡᠨ ᠰᠠᠭᠤᠷᠢ ᠴᠢᠨᠠᠷᠲᠠᠶ ᠠᠵᠢᠯ᠎ᠢ ᠨᠡᠩ ᠰᠠᠶ᠋ᠢᠲᠤᠷ ᠬᠢᠬᠦ ᠴᠢᠬᠤᠯᠠᠲᠠᠶ ᠶᠤᠮ᠃ ᠭᠣᠤᠯᠳᠠᠯᠭ᠎ᠠ᠎ᠲᠠᠢ ᠬᠦᠴᠢᠷ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠲᠣᠭᠲᠠᠭ᠋ᠠᠵᠤ᠂ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠰᠢᠯᠢᠳᠡᠭ ᠰᠠᠶ᠋ᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠪᠣᠶ ᠪᠣᠯᠭ᠋ᠠᠵᠤ᠂ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠰᠠᠶ᠋ᠢᠨ ᠰᠠᠶ᠋ᠢᠬᠠᠨ ᠢᠲᠡᠭᠡᠮᠵᠢ ᠵᠢᠨ ᠣᠷᠴᠢᠨ ᠲᠣᠭᠣᠷᠢᠨ᠎ᠢ ᠪᠣᠶ ᠪᠤᠯᠭ᠋ᠠᠨ᠎ᠠ᠃
ᠵᠠᠩ ᠸᠸᠨ ᠵᠢᠶᠦ᠋ᠨ ᠢᠯᠡᠷᠭᠡᠢ᠌ᠯᠡᠬᠦᠳᠤᠪᠠᠨ᠂ 《ᠬᠠᠮᠲᠤᠷᠠᠯᠴᠠᠭ᠋ᠠᠨ᠎ᠤ ᠬᠡᠯᠡᠯᠴᠡᠭᠡᠷ》᠎ᠢ ᠲᠤᠭᠲᠠᠭ᠋ᠠᠭᠰᠠᠨ᠎ᠨᠢ ᠬᠠᠷᠠᠮᠥ᠋ᠷᠡᠨ ᠭᠢᠷᠢᠨ ᠯᠢᠶᠣᠣᠨᠢᠩ ᠥᠪᠥᠷ ᠮᠣᠩᠭᠣᠯ ᠳᠥᠷᠪᠡᠨ ᠮᠣᠵᠢ (ᠣᠷᠣᠨ) ᠵᠢᠨ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠢᠲᠡᠭᠡᠮᠵᠢ ᠵᠢᠨ ᠰᠢᠰᠲ᠋ᠧᠮ᠎ᠢ ᠬᠠᠮᠲᠤᠷᠠᠨ ᠪᠠᠶ᠋ᠢᠭᠤᠯᠬᠤ᠎ᠳᠤ ᠠᠰᠢᠭᠲᠠᠢ ᠪᠠᠶ᠋ᠢᠵᠤ᠂ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠣᠷᠣ ᠲᠥᠯᠥᠪ ᠲᠤᠲᠤᠷ᠎ᠠ ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠬᠢᠨᠠᠨ ᠬᠠᠮᠢᠶᠠᠷᠤᠯᠲᠠ ᠵᠢᠨ ᠠᠷᠭ᠎ᠠ ᠬᠡᠯᠪᠡᠷᠢ ᠵᠢ ᠬᠠᠮᠲᠤ᠎ᠪᠠᠷ ᠰᠦᠪᠡᠭᠴᠢᠯᠡᠵᠦ᠂ ᠪᠠᠶ᠋ᠢᠭᠤᠯᠵᠤ᠂ ᠰᠢᠨ᠎ᠡ ᠵᠢ ᠡᠭᠦᠳᠬᠦ᠎ᠳᠤ ᠠᠰᠢᠭᠲᠠᠢ ᠪᠠᠢ᠌ᠵᠤ᠂ ᠪᠦᠬᠦ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ ᠵᠢᠴᠢ ᠪᠦᠬᠦ ᠤᠯᠤᠰ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠮᠡᠷᠭᠡᠵᠢᠯ᠎ᠤᠨ ᠬᠢᠨᠠᠯᠲᠠ ᠬᠠᠮᠢᠶᠠᠷᠤᠯᠲᠠ ᠬᠢᠭᠡᠳ ᠦᠢ᠍ᠯᠡᠴᠢᠯᠡᠭᠡᠨ᠎ᠤ ᠲᠠᠪᠴᠠᠩ ᠪᠠ ᠪᠦᠬᠦ ᠤᠯᠤᠰ᠎ᠤᠨ ᠵᠢᠭᠤᠯᠴᠢᠯᠠᠯ᠎ᠤᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ ᠵᠶ᠋ᠠᠷ ᠲᠦᠰᠢᠭ ᠪᠣᠯᠭ᠋ᠠᠵᠤ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠢᠲᠡᠭᠡᠮᠵᠢ ᠵᠢ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠠᠵᠢᠯ᠎ᠢ ᠲᠦᠯᠬᠢᠨ ᠠᠬᠢᠭᠤᠯᠬᠤ᠎ᠳᠤ ᠠᠰᠢᠭᠲᠠᠢ ᠭᠡᠪᠡ᠃