ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠤᠳᠬ᠎ᠠ ᠤᠷᠠᠯᠢᠭ᠎ᠤᠨ ᠵᠣᠬᠢᠶᠠᠨ ᠪᠥᠲᠦᠭᠡᠯᠭᠡ ᠵᠢᠨ ᠰᠠᠭᠤᠳᠠᠯ᠎ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2020-12-04

     11 ᠳ᠋ᠤᠭᠡᠷ ᠰᠠᠷ᠎ᠠ ᠵᠢᠨ 30᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠰᠠᠭᠤᠳᠠᠯ᠎ᠤᠨ ᠬᠤᠷᠠᠯ ᠬᠤᠷᠠᠯᠳᠤᠭᠤᠯᠪᠠ᠃ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠬᠤᠷᠠᠯ᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ ᠨᠢᠭᠡᠴᠢ ᠵᠢᠨ ᠬᠠᠷᠢᠭᠤᠴᠠᠯᠭ᠋ᠠᠲᠠᠨ᠂ ᠡᠯ᠎ᠡ ᠬᠦᠷᠢᠶ᠎ᠡ ᠴᠠᠷᠠᠭ᠋ᠠᠨ᠎ᠤ ᠤᠳᠬ᠎ᠠ ᠤᠷᠠᠯᠢᠭ᠎ᠤᠨ ᠠᠵᠢᠯᠲᠠᠳ᠎ᠤᠨ ᠲᠥᠯᠥᠭᠡᠯᠡᠭᠴᠢᠳ ᠶᠠᠷᠢᠯᠴᠠᠬᠤ ᠬᠤᠷᠠᠯ᠎ᠳᠤ ᠣᠷᠣᠯᠴᠠᠪᠠ᠃  


 
      ᠶᠠᠷᠢᠯᠴᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠬᠤ ᠬᠡᠯᠲᠡᠰ᠂ ᠡᠯ᠎ᠡ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠂ ᠶᠡᠬᠡ ᠳᠡᠭᠡᠳᠦ ᠰᠤᠷᠭ᠋ᠠᠭᠤᠯᠢ ᠵᠢᠨ ᠤᠳᠬ᠎ᠠ ᠤᠷᠠᠯᠢᠭ᠎ᠤᠨ ᠠᠵᠢᠯᠲᠠᠳ 2021 ᠤᠨ᠎ᠤ ᠤᠳᠬ᠎ᠠ ᠤᠷᠠᠯᠢᠭ᠎ᠤᠨ ᠠᠵᠢᠯ᠎ᠤᠨ ᠭᠣᠤᠯᠳᠠᠯᠭ᠎ᠠ ᠪᠣᠯᠤᠨ ᠠᠷᠪᠠᠨ ᠳᠥᠷᠪᠡᠳᠦᠭᠡᠷ ᠲᠠᠪᠤᠨ ᠵᠢᠯ᠎ᠤᠨ ᠬᠤᠭᠤᠴᠠᠭ᠋ᠠᠨ᠎ᠳᠤ᠎ᠬᠢ ᠭᠣᠤᠯᠳᠠᠯᠭ᠎ᠠ᠎ᠲᠠᠢ ᠤᠷᠠᠯᠢᠭ᠎ᠤᠨ ᠵᠣᠬᠢᠶᠠᠨ ᠪᠦᠲᠦᠭᠡᠬᠦ ᠰᠡᠳᠬᠢᠴᠡ ᠵᠢᠨ ᠲᠣᠭᠣᠷᠢᠨ᠎ᠳᠤ ᠢᠳᠡᠪᠬᠢᠲᠡᠶ ᠶᠠᠷᠢᠶ᠎ᠠ ᠲᠠᠯᠪᠢᠵᠤ᠂ ᠤᠳᠬ᠎ᠠ ᠤᠷᠠᠯᠢᠭ᠎ᠤᠨ ᠵᠣᠬᠢᠶᠠᠯ ᠪᠦᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠬᠦᠯᠬᠦ᠂ ᠮᠠᠨ᠎ᠤ ᠣᠷᠣᠨ᠎ᠤ ᠤᠳᠬ᠎ᠠ ᠤᠷᠠᠯᠢᠭ᠎ᠤᠨ ᠦᠢ᠍ᠯᠡᠰ᠎ᠢ ᠴᠡᠴᠡᠭᠯᠡᠭᠦᠯᠦᠨ ᠬᠥᠭᠵᠢᠭᠦᠯᠬᠦ᠂ ᠤᠳᠬ᠎ᠠ ᠤᠷᠠᠯᠢᠭ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠯᠬᠢᠨ ᠠᠬᠢᠭᠤᠯᠬᠤ ᠳᠤᠬᠠᠢ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠵᠠᠭ᠋ᠠᠪᠠ᠃    




      ᠲᠤᠰᠬᠠᠢ ᠮᠡᠷᠭᠡᠵᠢᠯᠲᠡᠨ ᠵᠤᠤ ᠰᠢᠨ ᠮᠢᠨ᠂ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠪᠦᠬᠦᠯᠢ ᠴᠣᠭᠴᠠ ᠵᠢᠨ ᠲᠥᠯᠥᠪᠵᠢᠭᠦᠯᠭᠡ ᠵᠢ ᠲᠤᠭᠲᠠᠭ᠋ᠠᠵᠤ᠂ ᠤᠳᠬ᠎ᠠ ᠤᠷᠠᠯᠢᠭ᠎ᠤᠨ ᠵᠣᠬᠢᠶᠠᠨ ᠪᠦᠲᠦᠭᠡᠬᠦ ᠪᠠᠶ᠋ᠢᠭᠤᠯᠤᠮᠵᠢ ᠲᠣᠭᠲᠠᠴᠠ ᠵᠢ ᠥᠭᠡᠷᠡᠴᠢᠯᠡᠨ ᠰᠢᠨᠡᠴᠢᠯᠡᠵᠦ᠂   ᠲᠠᠢ᠌ᠰᠠᠨ᠎ᠤ ᠤᠷᠠᠯᠢᠭ᠎ᠤᠨ ᠰᠣᠳᠣᠨ ᠪᠦᠲᠦᠭᠡᠯ᠎ᠤᠨ ᠲᠥᠷᠥᠯ ᠵᠦᠢ᠍ᠯ᠎ᠤᠨ ᠬᠥᠮᠥᠷᠭᠡ ᠵᠢ ᠪᠠᠶ᠋ᠢᠭᠤᠯᠵᠤ᠂ ᠣᠨᠴᠠᠯᠢᠭᠲᠤ ᠤᠳᠬ᠎ᠠ ᠤᠷᠠᠯᠢᠭ᠎ᠤᠨ ᠴᠢᠳᠠᠪᠤᠷᠢᠲᠠᠨ᠎ᠤ ᠣᠶᠤᠨ᠎ᠤ ᠬᠥᠮᠥᠷᠭᠡ ᠵᠢ ᠪᠠᠶ᠋ᠢᠭᠤᠯᠵᠤ᠂ ᠭᠠᠳᠠᠭᠰᠢ ᠭᠠᠷᠬᠤ ᠪᠠ ᠣᠷᠣᠭᠤᠯᠵᠤ ᠠᠪᠴᠢᠷᠠᠬᠤ ᠵᠢ ᠤᠶᠠᠯᠳᠤᠭᠤᠯᠬᠤ ᠵᠢ   ᠪᠠᠷᠢᠮᠲᠠᠯᠠᠨ᠂ ᠥᠪᠥᠷ ᠮᠣᠩᠭᠣᠯ᠎ᠤᠨ ᠤᠨᠴᠠᠯᠢᠭ᠎ᠲᠠᠢ ᠤᠳᠬ᠎ᠠ ᠤᠷᠠᠯᠢᠭ᠎ᠤᠨ ᠪᠠᠶᠠᠷ ᠳᠤᠷᠠᠰᠬᠠᠯ᠎ᠤᠨ ᠨᠡᠷᠡᠲᠦ ᠲᠡᠮᠳᠡᠭ᠎ᠢ ᠡᠭᠦᠳᠴᠦ᠂ ᠤᠳᠬ᠎ᠠ ᠤᠷᠠᠯᠢᠭ᠎ᠤᠨ ᠰᠠᠭᠤᠷᠢ ᠮᠥᠩᠭᠥ ᠵᠢ ᠨᠡᠶ᠋ᠢᠲᠡᠯᠡᠨ᠂ ᠰᠣᠶᠣᠯ᠎ᠤᠨ ᠲᠡᠳᠬᠦᠮᠵᠢ ᠵᠢ ᠴᠢᠩᠭ᠋ᠠᠳᠬᠠᠵᠤ᠂ ᠠᠳᠠᠯᠢ ᠪᠤᠰᠤ ᠵᠣᠬᠢᠶᠠᠨ ᠪᠦᠲᠦᠭᠡᠬᠦ ᠪᠡᠶᠡᠴᠢ ᠴᠣᠭᠴᠠ ᠵᠢᠨ ᠣᠯᠠᠨ ᠶᠠᠩᠵᠤᠲᠤ ᠰᠥᠪᠡᠭᠴᠢᠯᠡᠯᠲᠡ ᠵᠢ ᠳᠡᠮᠵᠢᠵᠦ᠂ ᠤᠳᠬ᠎ᠠ ᠤᠷᠠᠯᠢᠭ᠎ᠤᠨ ᠵᠣᠬᠢᠶᠠᠨ ᠪᠦᠲᠦᠭᠡᠬᠦ ᠰᠢᠨ᠎ᠡ ᠵᠢ ᠡᠭᠦᠳᠬᠦ ᠴᠢᠳᠠᠪᠤᠷᠢ ᠵᠢ ᠬᠦᠢ᠍ᠴᠡᠳ ᠬᠥᠭᠵᠢᠭᠡᠵᠦ᠂ ᠴᠢᠳᠠᠪᠤᠷᠢᠲᠠᠨ᠎ᠢ   ᠨᠢᠭᠲᠠᠷᠠᠭᠤᠯᠵᠤ᠂ ᠥᠨᠳᠥᠷ ᠬᠡᠪ ᠴᠢᠨᠠᠷ ᠪᠦᠬᠦᠢ ᠤᠳᠬ᠎ᠠ ᠤᠷᠠᠯᠢᠭ᠎ᠤᠨ ᠵᠣᠬᠢᠶᠠᠨ ᠪᠦᠲᠦᠭᠡᠬᠦ ᠡᠩᠨᠡᠭᠡ ᠵᠢ ᠬᠦᠴᠦᠯᠡᠨ ᠬᠦᠮᠦᠵᠢᠬᠦᠯᠬᠦ ᠬᠡᠷᠡᠭᠲᠡᠢ ᠭᠡᠵᠦ ᠰᠠᠨᠠᠭ᠋ᠠᠴᠢᠯᠠᠪᠠ  ᠃      
      ᠲᠤᠰᠬᠠᠶ ᠮᠡᠷᠭᠡᠵᠢᠯᠲᠡᠨ ᠪᠦᠦ ᠶᠢᠨ ᠱᠠᠨ᠂ ᠵᠣᠬᠢᠶᠠᠨ ᠪᠦᠲᠦᠭᠡᠬᠦ ᠭᠣᠭᠴᠣᠭ᠎ᠠ ᠳᠡᠭᠡᠷ᠎ᠡ ᠰᠠᠢ᠍ᠢ᠍ᠨ ᠦᠯᠢᠭᠡᠷ ᠰᠠᠢ᠌ᠨ ᠵᠦᠴᠦᠭᠡ ᠵᠢᠨ ᠵᠣᠬᠢᠶᠠᠯ᠎ᠠᠴᠠ ᠠᠳᠬᠤᠵᠤ᠂ ᠵᠣᠬᠢᠶᠠᠯ ᠪᠦᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ; ᠵᠠᠬ᠎ᠠ ᠳᠡᠯᠭᠡᠭᠦᠷ᠎ᠤᠨ ᠬᠦᠰᠢᠬᠦᠷᠭᠡ ᠵᠢ ᠠᠰᠢᠭᠯᠠᠨ ᠤᠳᠬ᠎ᠠ ᠤᠷᠠᠯᠢᠭ᠎ᠤᠨ ᠰᠣᠳᠣᠨ ᠪᠦᠲᠦᠭᠡᠯ ᠎ᠤᠨ ᠵᠤᠬᠢᠶᠠᠨ ᠪᠥᠲᠦᠭᠡᠯᠲᠡ ᠪᠠ ᠬᠥᠭᠵᠢᠯᠲᠡ ᠵᠢ ᠠᠬᠢᠭᠤᠯᠬᠤ ᠭᠡᠷᠡᠭᠲᠡᠢ; ᠲᠤᠰᠬᠠᠶ ᠮᠡᠷᠭᠡᠵᠢᠯᠲᠡᠨ᠎ᠤ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠤᠳᠬ᠎ᠠ ᠤᠷᠠᠯᠢᠭ᠎ᠤᠨ   ᠪᠥᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ᠂   ᠲᠤᠯᠠᠭ᠋ᠠᠴᠠ᠎ᠲᠠᠢ᠂ ᠶᠠᠰᠤ ᠰᠢᠷᠪᠥᠰᠥ᠎ᠲᠠᠢ᠂ ᠥᠪᠥᠷ ᠮᠣᠩᠭᠣᠯ᠎ᠤᠨ ᠣᠨᠴᠠᠯᠢᠭ᠎ᠲᠠᠢ ᠰᠣᠶᠣᠯ᠎ᠤᠨ ᠰᠣᠳᠣᠨ ᠪᠦᠲᠦᠭᠡᠯ ᠭᠠᠷᠭ᠋ᠠᠵᠤ᠂ ᠤᠳᠬ᠎ᠠ ᠤᠷᠠᠯᠢᠭ᠎ᠤᠨ᠎ᠬᠢᠨ᠎ᠤ 《ᠵᠢᠵᠢᠭ ᠪᠦᠯᠬᠦᠮ》᠎ᠤᠨ ᠮᠠᠭᠤ ᠬᠡᠪ ᠰᠤᠷᠲᠠᠯ᠎ᠢ ᠲᠠᠶᠠᠭᠳᠠᠵᠤ᠂ ᠬᠦᠴᠦᠷᠬᠡᠭ᠎ᠨᠢ ᠬᠦᠴᠦᠷᠬᠡᠭ᠎ᠲᠠᠢ᠎ᠪᠠᠨ ᠬᠣᠯᠪᠣᠭ᠋ᠠᠯᠠᠬᠤ᠂ ᠬᠠᠷᠢᠯᠴᠠᠨ ᠬᠠᠪᠰᠤᠷᠤᠯᠴᠠᠬᠤ ᠰᠠᠢ᠍ᠢ᠍ᠨ ᠰᠠᠶ᠋ᠢᠬᠠᠨ ᠬᠡᠪ ᠰᠤᠷᠲᠠᠯ᠎ᠢ ᠪᠤᠢ   ᠪᠤᠯᠭ᠋ᠠᠬᠤ ᠬᠡᠷᠡᠭᠲᠡᠢ ᠭᠡᠵᠦ ᠰᠠᠨᠠᠭ᠋ᠠᠴᠢᠯᠠᠪᠠ᠃      
      ᠲᠤᠰᠬᠠᠶ ᠮᠡᠷᠭᠡᠵᠢᠯᠲᠡᠨ ᠥᠯᠵᠡᠶ᠋ᠢᠲᠦ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠥᠨᠳᠥᠷ ᠬᠡᠪ ᠴᠢᠨᠠᠷ ᠪᠦᠬᠦᠢ ᠺᠠᠳ᠋ᠷ᠎ᠤᠨ ᠡᠩᠨᠡᠭᠡ ᠵᠢ ᠪᠠᠶ᠋ᠢᠭᠤᠯᠵᠤ᠂ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠰᠣᠳᠣᠨ ᠪᠦᠲᠦᠭᠡᠯ᠎ᠢ ᠤᠶ᠋ᠢᠯᠠᠭ᠋ᠠᠨ ᠡᠮᠬᠢᠯᠡᠵᠦ᠂ ᠪᠣᠳᠠᠲᠤ   ᠠᠬᠤᠢ ᠵᠢᠨ ᠰᠡᠳᠦᠪᠲᠦ ᠵᠣᠬᠢᠶᠠᠨ ᠪᠥᠲᠥᠭᠡᠯᠭᠡ ᠵᠢ ᠴᠢᠩᠭ᠋ᠠᠳᠬᠠᠵᠤ᠂ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂   ᠬᠠᠮᠲᠤᠷᠠᠯᠴᠠᠭ᠎ᠠ ᠵᠢ ᠴᠢᠩᠭ᠋ᠠᠳᠬᠠᠨ᠂ ᠤᠷᠠᠯᠢᠭ᠎ᠤᠨ ᠵᠣᠬᠢᠶᠠᠨ ᠪᠦᠲᠦᠭᠡᠬᠦ ᠬᠢᠷᠢ ᠲᠦᠪᠰᠢᠨ ᠪᠠ ᠰᠣᠳᠣᠨ ᠪᠦᠲᠦᠭᠡᠯ᠎ᠤᠨ ᠠᠯᠳᠠᠷᠰᠢᠯ᠎ᠢ ᠳᠡᠭᠡᠭᠰᠢᠯᠡᠬᠦᠯᠬᠦ ᠬᠡᠷᠡᠭᠲᠡᠢ ᠭᠡᠵᠦ ᠰᠠᠨᠠᠭ᠋ᠠᠴᠢᠯᠠᠪᠠ᠃      
      ᠲᠤᠰᠬᠠᠶ ᠮᠡᠷᠭᠡᠵᠢᠯᠲᠡᠨ ᠡᠤ ᠯᠢ ᠫᠢᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠦᠲᠦᠭᠡᠬᠦ ᠲᠥᠪ ᠎ᠢ ᠪᠠᠶ᠋ᠢᠭᠤᠯᠵᠤ᠂ ᠣᠷᠣᠨ᠎ᠤ ᠳᠣᠲᠣᠷᠠᠬᠢ ᠠᠬᠠᠮᠠᠳ ᠤᠷᠠᠯᠢᠭᠴᠢᠳ᠎ᠤᠨ ᠮᠠᠲ᠋ᠧᠷᠢᠶᠠᠯ᠎ᠢ ᠴᠤᠭᠯᠠᠭᠤᠯᠤᠨ ᠰᠤᠳᠤᠯᠵᠤ᠂ ᠵᠣᠬᠢᠶᠠᠨ ᠪᠦᠲᠦᠭᠡᠬᠦ ᠪᠦᠯᠬᠦᠮ᠎ᠢ ᠬᠦᠮᠦᠵᠢᠬᠦᠯᠬᠦ  ; ᠡᠯ ᠷᠧᠨ᠎ᠲᠠᠢ ᠤᠷᠠᠯᠢᠭ᠎ᠤᠨ ᠨᠠᠢ᠌ᠷ᠎ᠢ   ᠰᠠᠢ᠌ᠲᠤᠷ ᠡᠷᠬᠢᠯᠡᠵᠦ᠂ ᠪᠦᠬᠦ ᠣᠷᠣᠨ᠎ᠤ ᠠᠷᠠᠳ᠎ᠤᠨ ᠡᠵᠡᠩᠨᠡᠭᠰᠡᠨ ᠵᠦᠴᠦᠭᠡ ᠵᠢᠨ ᠪᠦᠯᠬᠦᠮ᠎ᠤᠨ ᠤᠷᠤᠯᠳᠤᠭ᠋ᠠᠨ᠎ᠢ   ᠡᠷᠬᠢᠯᠡᠬᠦ; ᠤᠯᠠᠭ᠋ᠠᠨᠮᠥ᠋ᠴᠢᠷ ᠣᠷᠣᠨ ᠨᠤᠲᠤᠭ ᠎ᠢ ᠳᠠᠭ᠋ᠠᠭ᠋ᠠᠴᠢᠯᠠᠨ ᠬᠤᠯᠪᠤᠭ᠋ᠠᠯᠠᠬᠤ ᠲᠤᠰᠬᠠᠢ ᠮᠡᠷᠭᠡᠵᠢᠯᠲᠡᠨ᠎ᠤ ᠪᠦᠯᠬᠦᠮ᠎ᠢ   ᠪᠠᠢ᠌ᠭᠤᠯᠵᠤ᠂ ᠣᠷᠣᠨ ᠨᠤᠲᠤᠭ᠎ᠤᠨ ᠣᠨᠴᠠᠯᠢᠭ᠎ᠢ ᠲᠥᠯᠥᠭᠡᠯᠡᠭᠰᠡᠨ ᠤᠯᠠᠭ᠋ᠠᠨᠮᠥ᠋ᠴᠢᠷ᠎ᠢ ᠪᠠᠢ᠌ᠭᠤᠯᠬᠤ ᠵᠢ ᠰᠠᠨᠠᠭ᠋ᠠᠴᠢᠯᠠᠪᠠ᠃      
      ᠲᠤᠰᠬᠠᠶ ᠮᠡᠷᠭᠡᠵᠢᠯᠲᠡᠨ ᠭᠤᠤ ᠮᠢᠩ ᠰᠢᠶᠠ᠂ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠠᠯᠠᠭᠤᠴᠤᠳ᠎ᠤᠨ ᠡᠩᠨᠡᠭᠡ ᠵᠢ ᠬᠥᠮᠦᠵᠢᠭᠦᠯᠬᠦ ᠵᠢ ᠴᠢᠬᠤᠯᠠᠴᠢᠯᠠᠵᠤ᠂ ᠤᠳᠬ᠎ᠠ ᠤᠷᠠᠯᠢᠭ᠎ᠤᠨ ᠰᠢᠭᠦᠮᠵᠢ ᠵᠢᠨ ᠦᠢ᠍ᠯᠡᠰ᠎ᠤᠨ ᠥᠷᠨᠢᠩᠭᠦᠶ ᠬᠥᠭᠵᠢᠬᠦ ᠵᠢ ᠲᠦᠯᠬᠢᠨ ᠠᠬᠢᠭᠤᠯᠵᠤ᠂ ᠤᠳᠬ᠎ᠠ ᠤᠷᠠᠯᠢᠭ᠎ᠤᠨ ᠴᠡᠴᠡᠭᠯᠡᠯ ᠬᠥᠭᠵᠢᠯ᠂   ᠢᠳᠡᠪᠬᠢᠵᠢᠯ ᠡᠷᠴᠢᠯᠡᠯ᠂ ᠠᠭᠤᠵᠢᠭᠤ ᠲᠠᠯᠪᠢᠭᠤ᠂ ᠡᠶ᠎ᠡ ᠵᠣᠬᠢᠴᠠᠯ᠎ᠳᠤ ᠠᠰᠢᠭᠲᠠᠢ ᠰᠠᠶ᠋ᠢᠨ ᠰᠠᠶ᠋ᠢᠬᠠᠨ ᠣᠷᠴᠢᠨ ᠲᠣᠭᠣᠷᠢᠨ᠎ᠢ ᠪᠤᠢ ᠪᠣᠯᠭ᠋ᠠᠬᠤ ᠬᠡᠷᠡᠭᠲᠡᠶ   ᠭᠡᠵᠦ ᠰᠠᠨᠠᠭ᠋ᠠᠴᠢᠯᠠᠪᠠ᠃
      ᠲᠤᠰᠬᠠᠶ ᠮᠡᠷᠭᠡᠵᠢᠯᠲᠡᠨ ᠯᠢᠦ ᠭᠦᠸᠸ ᠴᠢ ᠵᠢᠨ ᠰᠠᠨᠠᠭ᠋ᠠᠴᠢᠯᠠᠭ᠎ᠠ᠄ ᠥᠪᠥᠷ ᠮᠣᠩᠭᠣᠯ᠎ᠤᠨ ᠵᠢᠷᠤᠭ᠎ᠤᠨ ᠬᠦᠷᠢᠶᠡᠯᠡᠩ ᠪᠠᠶ᠋ᠢᠭᠤᠯᠵᠤ᠂ ᠰᠣᠳᠣᠨ ᠪᠦᠲᠦᠭᠡᠯ ᠵᠣᠬᠢᠶᠠᠨ ᠪᠦᠲᠦᠭᠡᠬᠦ ᠵᠢ ᠵᠣᠷᠢᠭᠵᠢᠭᠤᠯᠵᠤ᠂ ᠤᠷᠠᠯᠢᠭ᠎ᠢ ᠨᠡᠶ᠋ᠢᠭᠡᠮ ᠲᠣᠭᠣᠷᠢᠭ᠎ᠲᠤ ᠤᠷᠤᠭᠤᠯᠬᠤ ᠰᠣᠶᠣᠯ᠎ᠤᠨ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠵᠢ ᠦᠷᠨᠢᠭᠦᠯᠬᠦ ᠵᠡᠷᠭᠡ ᠬᠡᠯᠪᠡᠷᠢ᠎ᠪᠠᠷ ᠳᠠᠮᠵᠢᠨ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ᠂ ᠤᠷᠠᠯᠢᠭ᠎ᠤᠨ ᠰᠣᠯᠢᠯᠴᠠᠭ᠎ᠠ ᠵᠢ ᠴᠢᠩᠭ᠋ᠠᠳᠬᠠᠵᠤ᠂ ᠥᠪᠥᠷ ᠮᠤᠩᠭᠤᠯ᠎ᠤᠨ ᠰᠣᠶᠣᠯ ᠤᠷᠠᠯᠢᠭ᠎ᠤᠨ ᠦᠢ᠍ᠯᠡᠰ᠎ᠤᠨ ᠬᠥᠭᠵᠢᠨ ᠮᠠᠨᠳᠤᠬᠤ ᠵᠢ ᠠᠬᠢᠭᠤᠯᠤᠨ᠎ᠠ᠃
      ᠲᠤᠰᠬᠠᠶ ᠮᠡᠷᠭᠡᠵᠢᠯᠲᠡᠨ ᠬᠥᠭᠵᠢᠯᠲᠦ ᠵᠢᠨ ᠰᠠᠨᠠᠭ᠋ᠠᠴᠢᠯᠠᠭ᠎ᠠ᠄ ᠪᠥᠵᠢᠭ᠎ᠤᠨ ᠪᠦᠲᠦᠭᠡᠯ᠎ᠢ ᠵᠠᠯᠭ᠋ᠠᠮᠵᠢᠯᠠᠬᠤ ᠶᠠᠪᠤᠴᠠ᠎ᠳᠤ ᠰᠢᠨ᠎ᠡ ᠵᠢ ᠡᠭᠦᠳᠬᠦ   ᠬᠡᠷᠡᠭᠲᠡᠢ᠂ ᠠᠷᠠᠳ ᠲᠦᠮᠡᠨ᠎ᠤ ᠠᠮᠢᠳᠤᠷᠠᠯ᠎ᠢ ᠲᠤᠰᠬᠠᠵᠤ ᠴᠢᠳᠠᠬᠤ ᠪᠣᠳᠠᠲᠤ ᠠᠴᠢ ᠬᠣᠯᠪᠣᠭᠳᠠᠯ ᠪᠦᠬᠦᠢ ᠪᠦᠲᠦᠭᠡᠯ᠎ᠢ ᠵᠤᠬᠢᠶᠠᠨ ᠪᠦᠲᠦᠭᠡᠵᠦ᠂ ᠥᠪᠡᠷᠮᠢᠴᠡ ᠪᠦᠲᠦᠭᠡᠯᠴᠢ ᠵᠣᠷᠢᠭ ᠰᠠᠨᠠᠭ᠎ᠠ᠎ᠲᠠᠢ ᠪᠦᠲᠦᠭᠡᠯ᠎ᠢ ᠵᠣᠬᠢᠶᠠᠨ ᠪᠦᠲᠦᠭᠡᠵᠦ᠂ ᠴᠠᠭ ᠦᠶ᠎ᠡ ᠵᠢᠨ ᠵᠣᠷᠢᠭ ᠰᠠᠨᠠᠭ᠎ᠠ ᠪᠦᠬᠦᠢ ᠤᠷᠠᠯᠢᠭ᠎ᠤᠨ ᠰᠣᠳᠣᠨ ᠪᠦᠲᠦᠭᠡᠯ᠎ᠢ ᠦᠯᠡᠳᠡᠭᠡᠨ᠎ᠡ᠃
      ᠲᠤᠰᠬᠠᠶ ᠮᠡᠷᠭᠡᠵᠢᠯᠲᠡᠨ ᠳ᠋ᠤᠸᠠᠨ ᠪᠠ ᠸᠠᠩ᠎ᠤᠨ ᠰᠠᠨᠠᠭ᠋ᠠᠴᠢᠯᠠᠭ᠎ᠠ᠄ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠪᠠᠶ᠋ᠢᠷᠢ ᠲᠣᠭᠲᠠᠭ᠋ᠠᠯᠲᠠ ᠵᠢ ᠰᠠᠶ᠋ᠢᠲᠤᠷ ᠬᠢᠵᠦ᠂ ᠰᠢ ᠵᠦᠴᠦᠭᠡ ᠵᠢᠨ ᠲᠥᠷᠥᠯ ᠵᠦᠢ᠍ᠯ᠎ᠢ ᠳᠠᠬᠢᠨ ᠲᠥᠯᠥᠪᠵᠢᠭᠦᠯᠵᠦ᠂ ᠱᠠᠩᠨᠠᠬᠤ ᠲᠣᠭᠲᠠᠴᠠ ᠵᠢ ᠲᠡᠭᠦᠯᠳᠡᠷᠵᠢᠭᠦᠯᠵᠦ᠂ ᠬᠤᠳᠠᠯᠳᠤᠭ᠎ᠠ ᠡᠵᠡᠩᠨᠡᠬᠦ ᠰᠠᠶ᠋ᠢᠨ ᠣᠷᠴᠢᠨ ᠲᠣᠭᠣᠷᠢᠨ᠎ᠢ ᠡᠭᠦᠳᠴᠦ᠂ ᠰᠢᠯᠢᠳᠡᠭ ᠪᠦᠲᠦᠭᠡᠯ ᠪᠣᠯᠤᠨ ᠰᠢᠯᠢᠳᠡᠭ ᠵᠦᠴᠦᠭᠡ ᠵᠢ ᠤᠬᠠᠭᠤᠯᠤᠨ ᠳᠡᠯᠭᠡᠷᠡᠭᠦᠯᠬᠦ ᠵᠢ ᠴᠢᠩᠭ᠋ᠠᠳᠬᠠᠵᠤ᠂ ᠰᠢᠯᠢᠳᠡᠭ ᠪᠦᠲᠦᠭᠡᠯ᠎ᠤᠨ ᠳᠠᠭᠤᠷᠢᠶᠠᠯ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠶ᠃
      ᠲᠤᠰᠬᠠᠶ ᠮᠡᠷᠭᠡᠵᠢᠯᠲᠡᠨ ᠤᠶᠤᠨᠭᠡᠷᠡᠯ᠎ᠤᠨ ᠰᠠᠨᠠᠭ᠋ᠠᠴᠢᠯᠠᠭ᠎ᠠ᠄ ᠵᠢᠷᠭᠤᠭ᠋ᠠᠨ ᠲᠠᠯ᠎ᠠ᠎ᠠᠴᠠ ᠠᠳᠬᠤᠬᠤ ᠬᠡᠷᠡᠭᠲᠡᠶ᠄ ᠠᠭᠤᠯᠵᠠᠷ᠎ᠢ ᠠᠳᠬᠤᠬᠤ᠂ ᠣᠨᠴᠠᠯᠢᠭ᠎ᠢ ᠠᠳᠬᠤᠬᠤ᠂ ᠬᠠᠮᠲᠤᠷᠠᠯᠴᠠᠭ᠎ᠠ ᠵᠢ ᠠᠳᠬᠤᠬᠤ᠂ ᠰᠤᠳᠤᠨ ᠪᠦᠲᠦᠭᠡᠯ᠎ᠢ ᠠᠳᠬᠤᠬᠤ᠂ ᠴᠢᠳᠠᠪᠦᠷᠢᠲᠠᠨ᠎ᠢ ᠠᠳᠬᠤᠬᠤ᠂ ᠤᠬᠠᠭᠤᠯᠤᠨ   ᠳᠡᠯᠭᠡᠷᠡᠭᠦᠯᠬᠦ ᠵᠢ ᠠᠳᠬᠤᠬᠤ᠃ ᠤᠳᠬ᠎ᠠ ᠤᠷᠠᠯᠢᠭ᠎ᠤᠨ ᠦᠢ᠍ᠯᠡᠰ᠎ᠤᠨ ᠴᠡᠴᠡᠭ ᠪᠦᠬᠦᠨ ᠵᠡᠷᠭᠡᠪᠡᠷ ᠲᠡᠯᠭᠡᠷᠡᠭᠰᠡᠨ ᠴᠡᠴᠡᠭᠯᠡᠨ ᠬᠥᠭᠵᠢᠭᠰᠡᠨ ᠪᠠᠢ᠌ᠳᠠᠯ ᠢᠯᠡᠷᠡᠬᠦ ᠵᠢ ᠲᠦᠯᠬᠢᠨ ᠠᠬᠢᠭᠤᠯᠬᠤ ᠬᠡᠷᠡᠭᠲᠡᠶ᠃



      ᠵᠧᠩ ᠳ᠋ᠦᠩ ᠪᠥᠸᠧ ᠵᠢᠭ᠋ᠠᠵᠤ ᠭᠠᠷᠭ᠋ᠠᠭᠰᠠᠨ᠎ᠨᠢ᠂ 《ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠦᠯᠦᠪᠵᠢᠭᠦᠯᠭᠡ》 ᠵᠢᠨ ᠬᠤᠭᠤᠴᠠᠭ᠋ᠠᠨ᠎ᠳᠤ᠂ ᠪᠥᠬᠥ ᠣᠷᠣᠨ᠎ᠤ ᠤᠳᠬ᠎ᠠ ᠤᠷᠠᠯᠢᠭ᠎ᠤᠨ ᠠᠵᠢᠯ ᠢᠯᠡᠳᠲᠡ ᠠᠮᠵᠢᠯᠲᠠ ᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠦᠪᠵᠢᠭᠦᠯᠭᠡ》 ᠵᠢᠨ ᠬᠤᠭᠤᠴᠠᠭ᠋ᠠᠨ᠎ᠳᠤ᠂ ᠪᠦᠬᠦ ᠣᠷᠣᠨ᠎ᠤ ᠤᠳᠬ᠎ᠠ ᠤᠷᠠᠯᠢᠭ᠎ᠤᠨ ᠶᠡᠬᠡ ᠬᠥᠭᠵᠢᠯᠲᠡ ᠶᠡᠬᠡ ᠴᠡᠴᠡᠭᠯᠡᠯᠲᠡ ᠵᠢ ᠠᠬᠢᠭᠤᠯᠬᠤ ᠬᠦᠨᠳᠦ ᠡᠭᠦᠷᠭᠡ ᠵᠢᠨ ᠡᠮᠦᠨ᠎ᠡ᠂ ᠪᠦᠬᠦ ᠣᠷᠣᠨ᠎ᠤ ᠥᠷᠭᠡᠨ ᠣᠯᠠᠨ ᠤᠳᠬ᠎ᠠ ᠤᠷᠠᠯᠢᠭ᠎ᠤᠨ ᠠᠵᠢᠯᠲᠠᠳ ᠨᠠᠮ᠎ᠤᠨ ᠤᠳᠬ᠎ᠠ ᠤᠷᠠᠯᠢᠭ᠎ᠤᠨ ᠠᠵᠢᠯ᠎ᠤᠨ ᠱᠤᠭᠤᠮ ᠴᠢᠭᠯᠡᠯᠲᠡ ᠵᠢ ᠦᠷᠭᠦᠯᠵᠢᠯᠡᠨ ᠭᠤᠶ᠋ᠢᠪᠢᠰᠢ ᠦᠭᠡᠶ ᠲᠤᠭᠤᠰᠢᠯᠠᠭᠤᠯᠵᠤ᠂ ᠤᠳᠬ᠎ᠠ ᠤᠷᠠᠯᠢᠭ᠎ᠤᠨ ᠵᠣᠬᠢᠶᠠᠨ ᠪᠦᠲᠦᠭᠡᠬᠦ ᠲᠣᠭᠲᠠᠴᠠ ᠵᠢ ᠰᠢᠯᠤᠭᠤᠳᠬᠠᠵᠤ᠂ 《ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ》᠂ 《ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ》 ᠵᠡᠷᠭᠡ ᠭᠣᠤᠯ ᠰᠡᠳᠦᠪ᠎ᠲᠠᠢ ᠨᠢᠭᠲᠠ ᠤᠶᠠᠯᠳᠤᠭᠤᠯᠤᠨ᠂ ᠨᠡᠶ᠋ᠢᠭᠡᠮ ᠵᠢᠷᠤᠮ᠎ᠤᠨ ᠭᠣᠤᠯᠯᠠᠬᠤ ᠥᠷᠲᠡᠭ᠎ᠤᠨ ᠦᠵᠡᠯᠲᠡ ᠵᠢ ᠪᠠᠳᠠᠷᠠᠭᠤᠯᠬᠤ᠂ ᠴᠠᠭ ᠦᠶ᠎ᠡ ᠵᠢᠨ ᠭᠣᠤᠯ ᠬᠥᠭ ᠠᠶᠠᠰ᠎ᠢ ᠪᠠᠳᠠᠷᠠᠭᠤᠯᠬᠤ᠂ ᠨᠡᠶ᠋ᠢᠭᠡᠮ᠎ᠤᠨ ᠢᠳᠡᠪᠬᠢ ᠬᠦᠴᠦᠨ᠎ᠢ ᠳᠠᠮᠵᠢᠭᠤᠯᠬᠤ ᠰᠣᠳᠣᠨ ᠪᠦᠲᠦᠭᠡᠯ᠎ᠢ ᠵᠤᠬᠢᠶᠠᠨ ᠪᠦᠲᠦᠭᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ᠃ ᠪᠦᠬᠦ ᠣᠷᠣᠨ᠎ᠤ ᠡᠯ᠎ᠡ ᠱᠠᠲᠤᠨ᠎ᠤ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ᠎ᠬᠢᠨ ᠲᠥᠷᠥ ᠵᠢᠨ ᠪᠣᠳᠣᠯᠭ᠎ᠠ᠎ᠪᠠᠷ ᠲᠡᠳᠬᠦᠬᠦ᠎ᠪᠠᠨ ᠴᠢᠩᠭ᠋ᠠᠳᠬᠠᠵᠤ᠂ ᠴᠢᠳᠠᠪᠤᠷᠢᠲᠠᠨ ᠬᠥᠮᠦᠵᠢᠭᠦᠯᠬᠦ ᠪᠠ ᠰᠣᠳᠣᠨ ᠪᠦᠲᠦᠭᠡᠯ᠎ᠢ ᠲᠡᠳᠬᠦᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠮᠠᠨ᠎ᠤ ᠣᠷᠣᠨ᠎ᠤ ᠤᠳᠬ᠎ᠠ ᠤᠷᠠᠯᠢᠭ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠯᠬᠢᠨ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠶ ᠭᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠬᠠᠷᠠᠮᠥ᠋ᠷᠡᠨ ᠭᠢᠷᠢᠨ ᠯᠢᠶᠣᠣᠨᠢᠩ ᠥᠪᠥᠷ ᠮᠣᠩᠭᠣᠯ》 ᠳᠥᠷᠪᠡᠨ ᠮᠤᠵᠢ (ᠣᠷᠣᠨ) ᠵᠢᠨ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠢᠲᠡᠭᠡᠮᠵᠢ ᠵᠢᠨ ᠰᠢᠰᠲ᠋ᠧᠮ᠎ᠢ ᠪᠥᠲᠥᠭᠡᠨ ᠪᠠᠶ᠋ᠢᠭᠤᠯᠬᠤ — ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠵᠦᠪᠯᠡᠯᠴᠡᠭᠡᠷ ᠲᠤᠭᠲᠠᠵᠠᠢ
ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ 《12.4》 ᠤᠯᠤᠰ᠎ᠤᠨ ᠦᠨᠳᠦᠰᠦᠨ ᠬᠠᠤᠯᠢ ᠵᠢᠨ ᠡᠳᠦᠷ ᠵᠢᠴᠢ ᠪᠥᠬᠥ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠬᠠᠤᠯᠢ ᠲᠦᠷᠢᠮ᠎ᠤᠨ ᠤᠬᠠᠭᠤᠯᠭ᠎ᠠ ᠵᠢᠨ ᠡᠳᠦᠷ᠎ᠤᠨ ᠰᠣᠶᠣᠯ ᠪᠠ ᠵᠢᠭᠤᠯᠴᠢᠯᠠᠯ᠎ᠤᠨ ᠬᠠᠤᠯᠢ ᠲᠦᠷᠢᠮ᠎ᠤᠨ ᠤᠬᠠᠭᠤᠯᠭ᠎ᠠ ᠵᠢᠨ ᠠᠵᠢᠯᠯᠠᠭ᠎ᠠ ᠬᠢᠪᠠ
2020 ᠤᠨ᠎ᠤ 《ᠵᠢᠷᠤᠭ ᠰᠢᠭ᠋ ᠥᠪᠥᠷ ᠮᠣᠩᠭᠣᠯ》 ᠤᠷᠠᠨ ᠵᠢᠷᠤᠭ᠎ᠤᠨ ᠪᠥᠲᠥᠭᠡᠯ᠎ᠤᠨ ᠦᠵᠡᠰᠬᠦᠯᠡᠩ ᠶᠠᠪᠤᠭᠳᠠᠪᠠ
ᠠᠷᠪᠠᠨ ᠬᠣᠶᠠᠳᠤᠭ᠋ᠠᠷ ᠬᠤᠭᠤᠴᠠᠭ᠋ᠠᠨ᠎ᠤ 《ᠶᠡᠬᠡ ᠭᠣᠤᠯ᠎ᠤᠨ ᠤᠷᠤᠰᠬᠠᠯ》 ᠬᠠᠲᠤᠨ ᠭᠣᠤᠯ᠎ᠤᠨ ᠰᠠᠪᠠ ᠭᠠᠵᠠᠷ᠎ᠤᠨ ᠶᠢᠰᠦᠨ ᠮᠤᠵᠢ ᠣᠷᠣᠨ᠎ᠤ ᠱᠠᠩᠨᠠᠯ ᠬᠦᠷᠲᠡᠭᠰᠡᠨ ᠬᠡᠷᠡᠯ ᠵᠢᠷᠤᠭ᠎ᠤᠨ ᠪᠦᠲᠦᠭᠡᠯ᠎ᠤᠨ ᠦᠵᠡᠰᠬᠦᠯᠡᠩ ᠶᠠᠪᠤᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠥᠯᠬᠦᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠣᠯᠪᠠᠰᠤᠷᠠᠯ᠎ᠤᠨ ᠠᠩᠭᠢ ᠬᠤᠷᠠᠯᠳᠤᠪᠠ
 
            