ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
2020 ᠤᠨ᠎ᠤ 《ᠵᠢᠷᠤᠭ ᠰᠢᠭ᠋ ᠥᠪᠥᠷ ᠮᠣᠩᠭᠣᠯ》 ᠤᠷᠠᠨ ᠵᠢᠷᠤᠭ᠎ᠤᠨ ᠪᠥᠲᠥᠭᠡᠯ᠎ᠤᠨ ᠦᠵᠡᠰᠬᠦᠯᠡᠩ ᠶᠠᠪᠤᠭᠳᠠᠪᠠ
ᠨᠡᠶᠢᠲᠡᠯᠡᠭᠰᠡᠨ ᠴᠠᠭ᠄ 2020-12-09

     12 ᠳ᠋ᠤᠭ᠋ᠠᠷ ᠰᠠᠷ᠎ᠠ ᠵᠢᠨ 1᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠣᠤᠯᠯᠠᠨ ᠡᠷᠬᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ ᠳᠠᠭ᠋ᠠᠭ᠋ᠠᠴᠢᠯᠠᠨ ᠡᠷᠭᠢᠯᠡᠵᠦ᠂ ᠥᠪᠥᠷ ᠮᠣᠩᠭᠣᠯ᠎ᠤᠨ ᠣᠲᠣ ᠦᠶ᠎ᠡ ᠵᠢᠨ ᠤᠷᠠᠨ ᠵᠢᠷᠤᠭ᠎ᠤᠨ ᠨᠡᠶ᠋ᠢᠭᠡᠮᠯᠢᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠨᠣᠮ᠎ᠤᠨ ᠰᠠᠩ ᠬᠠᠮᠵᠢᠨ ᠡᠷᠭᠢᠯᠡᠭᠰᠡᠨ 2020 ᠣᠨ᠎ᠤ 《ᠵᠢᠷᠤᠭ ᠰᠢᠭ᠋ ᠥᠪᠥᠷ ᠮᠣᠩᠭᠣᠯ》 ᠤᠷᠠᠨ ᠵᠢᠷᠤᠭ᠎ᠤᠨ ᠪᠥᠲᠥᠭᠡᠯ᠎ᠤᠨ ᠦᠵᠡᠰᠬᠦᠯᠡᠩ ᠬᠥᠬᠡᠬᠣᠲᠠ᠎ᠳᠤ   ᠶᠠᠪᠤᠭᠳᠠᠪᠠ᠃    
     《ᠵᠢᠷᠤᠭ ᠰᠢᠭ᠋ ᠥᠪᠥᠷ ᠮᠣᠩᠭᠣᠯ》 ᠤᠷᠠᠨ ᠵᠢᠷᠤᠭ᠎ᠤᠨ ᠪᠦᠲᠦᠭᠡᠯ᠎ᠤᠨ ᠦᠵᠡᠰᠬᠦᠯᠡᠩ ᠵᠠᠯᠭ᠋ᠠᠭ᠎ᠠ᠎ᠪᠠᠷ ᠳᠥᠷᠪᠡᠨ ᠬᠤᠭᠤᠴᠠᠭ᠎ᠠ ᠶᠠᠪᠤᠭᠳᠠᠵᠤ᠂ ᠨᠠᠩ ᠣᠯᠠᠨ ᠤᠷᠠᠯᠢᠭᠴᠢᠳ᠎ᠤᠨ ᠠᠮᠢᠳᠤᠷᠠᠯ᠎ᠳᠤ ᠣᠢ᠌ᠷᠠᠳᠬᠤ ᠵᠢ ᠵᠣᠷᠢᠭᠵᠢᠭᠤᠯᠵᠤ᠂ ᠣᠷᠣᠨ ᠨᠤᠲᠤᠭ᠎ᠤᠨ ᠰᠣᠶᠣᠯ᠎ᠤᠨ ᠳᠦᠷᠰᠦ ᠪᠠᠶ᠋ᠢᠳᠠᠯ᠎ᠢ ᠲᠤᠰᠬᠠᠭᠰᠠᠨ ᠮᠥᠷᠲᠡᠭᠡᠨ ᠴᠠᠭ ᠦᠶ᠎ᠡ ᠵᠢᠨ ᠣᠨᠴᠠᠯᠢᠭ᠎ᠲᠠᠢ ᠰᠢᠯᠢᠳᠡᠭ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ᠂ ᠮᠠᠨ᠎ᠤ ᠣᠷᠣᠨ᠎ᠤ ᠤᠷᠠᠨ ᠵᠢᠷᠤᠭ᠎ᠤᠨ ᠦᠢ᠍ᠯᠡᠰ᠎ᠤᠨ ᠴᠡᠴᠡᠭᠯᠡᠯ ᠬᠦᠭᠵᠢᠯ᠎ᠢ ᠲᠦᠯᠬᠢᠨ ᠠᠬᠢᠭᠤᠯᠬᠤ ᠲᠠᠯ᠎ᠠ᠎ᠪᠠᠷ ᠢᠳᠡᠪᠬᠢᠲᠡᠶ ᠦᠢ᠍ᠯᠡᠳᠦᠯ ᠦᠵᠡᠭᠦᠯᠵᠡᠶ᠃      
      ᠲᠤᠰ ᠤᠳᠠᠭ᠋ᠠᠨ᠎ᠤ ᠦᠵᠡᠰᠬᠦᠯᠡᠩ ᠪᠦᠬᠦ ᠣᠷᠣᠨ᠎ᠤ ᠡᠯ᠎ᠡ ᠠᠶ᠋ᠢᠮᠠᠭ ᠬᠣᠲᠠ ᠵᠢᠨ ᠲᠤᠰᠬᠠᠶ ᠮᠡᠷᠭᠡᠵᠢᠯ᠎ᠤᠨ ᠪᠠ ᠠᠵᠢᠯ᠎ᠤᠨ ᠴᠢᠯᠥᠭᠡᠨ᠎ᠤ ᠤᠷᠠᠨ ᠵᠢᠷᠤᠭ᠎ᠤᠨ ᠠᠵᠢᠯᠲᠠᠳ᠎ᠤᠨ ᠵᠣᠬᠢᠶᠠᠨ ᠪᠦᠲᠦᠭᠡᠭᠰᠡᠨ 85 ᠪᠦᠲᠦᠭᠡᠯ᠎ᠢ ᠳᠡᠯᠭᠡᠨ ᠦᠵᠡᠬᠦᠯᠪᠡ᠃ ᠡᠭᠦᠨ᠎ᠳᠤ ᠠᠯᠲᠠᠨ ᠱᠠᠩᠨᠠᠯ 3᠂ ᠮᠥᠩᠭᠥᠨ ᠱᠠᠩᠨᠠᠯ 6᠂   ᠬᠦᠷᠡᠯ ᠱᠠᠩᠨᠠᠯ 9᠂ ᠰᠢᠯᠢᠳᠡᠭ ᠱᠠᠩᠨᠠᠯ 12᠂ ᠵᠢᠷᠤᠭ᠎ᠤᠨ ᠲᠥᠷᠥᠯ᠎ᠳᠤ ᠬᠢᠲᠠᠳ ᠵᠢᠷᠤᠭ᠂ ᠲᠣᠰᠣᠨ ᠵᠢᠷᠤᠭ᠂᠎ᠪᠠᠷ ᠵᠢᠷᠤᠭ᠂ ᠤᠰᠤᠨ ᠪᠤᠳᠤᠭ ᠎ᠤᠨ ᠵᠢᠷᠤᠭ᠂ ᠤᠰᠤᠨ ᠤ ᠵᠢᠨ ᠵᠢᠷᠤᠭ ᠵᠡᠷᠭᠡ ᠪᠠᠭᠲᠠᠨ᠎ᠠ᠃ ᠵᠢᠷᠤᠭ᠎ᠤᠨ ᠪᠥᠲᠦᠭᠡᠯ᠎ᠨᠢ ᠮᠠᠨ᠎ᠤ ᠣᠷᠣᠨ᠎ᠤ ᠪᠠᠶ᠋ᠢᠭ᠋ᠠᠯᠢ ᠵᠢᠨ ᠥᠩᠭᠡ ᠦᠵᠡᠮᠵᠢ ᠪᠠ ᠬᠥᠮᠦᠨ ᠨᠡᠶ᠋ᠢᠭᠡᠮ᠎ᠤᠨ ᠵᠠᠩ ᠦᠢ᠍ᠯᠡ ᠵᠢ ᠵᠢᠷᠤᠭᠯᠠᠬᠤ᠎ᠪᠠᠷ ᠭᠣᠣᠯ ᠰᠡᠳᠦᠪ ᠪᠣᠯᠭ᠋ᠠᠵᠤ᠂ ᠰᠡᠳᠦᠪᠯᠡᠬᠦᠨ ᠪᠠᠶᠠᠯᠢᠭ᠂ ᠬᠡᠪ ᠨᠠᠮᠪᠠ ᠣᠯᠠᠨ ᠶᠠᠩᠵᠤ ᠵᠢᠨ ᠪᠠᠢ᠌ᠵᠤ᠂ ᠪᠦᠲᠦᠭᠡᠯᠴᠢ ᠰᠡᠳᠬᠢᠮᠵᠢ ᠪᠠ ᠠᠮᠢᠳᠤᠷᠠᠯ᠂ ᠤᠬᠠᠮᠰᠠᠷ᠂ ᠤᠷ᠎ᠠ ᠮᠡᠷᠭᠡᠵᠢᠯ᠎ᠯᠦᠭᠡ ᠵᠢᠨ ᠪᠦᠷᠢᠨ ᠲᠡᠭᠦᠯᠳᠡᠷ ᠤᠶᠠᠯᠳᠤᠯ᠎ᠢ ᠢᠯᠡᠷᠡᠬᠦᠯᠦᠭᠰᠡᠨ ᠪᠠᠢ᠌ᠨ᠎ᠠ᠃ ᠥᠷᠭᠡᠨ ᠣᠯᠠᠨ ᠤᠷᠠᠨ ᠵᠢᠷᠤᠭ᠎ᠤᠨ ᠠᠵᠢᠯᠲᠠᠨ᠎ᠤ ᠠᠮᠢᠳᠤᠷᠠᠯ᠎ᠳᠤ᠎ᠬᠢ ᠬᠠᠶ᠋ᠢᠷ᠎ᠠ ᠬᠠᠯᠠᠮᠵᠢ᠂ ᠵᠢᠷᠤᠭ᠎ᠤᠨ ᠤᠷᠠᠯᠢᠭ᠎ᠲᠤ᠎ᠬᠢ ᠡᠷᠡᠰ ᠬᠦᠬᠡᠬᠡᠴᠡᠯᠳᠦᠯ᠎ᠢ ᠢᠯᠡᠷᠡᠬᠦᠯᠵᠦ᠂ ᠣᠶ᠋ᠢᠷ᠎ᠠ ᠵᠢᠨ ᠵᠢᠯ᠎ᠤᠳ᠎ᠤᠨ ᠥᠪᠥᠷ ᠮᠣᠩᠭᠣᠯ᠎ᠤᠨ ᠵᠢᠷᠤᠭ᠎ᠤᠨ ᠪᠦᠲᠦᠭᠡᠯ᠎ᠤᠨ ᠬᠠᠮᠤᠭ᠎ᠤᠨ ᠥᠨᠳᠥᠷ ᠲᠦᠪᠰᠢᠨ᠎ᠢ ᠲᠥᠯᠥᠭᠡᠯᠡᠵᠦ ᠴᠢᠳᠠᠭᠰᠠᠨ ᠪᠠᠢ᠌ᠨ᠎ᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠠᠷᠪᠠᠨ ᠬᠣᠶᠠᠳᠤᠭ᠋ᠠᠷ ᠬᠤᠭᠤᠴᠠᠭ᠋ᠠᠨ᠎ᠤ 《ᠶᠡᠬᠡ ᠭᠣᠤᠯ᠎ᠤᠨ ᠤᠷᠤᠰᠬᠠᠯ》 ᠬᠠᠲᠤᠨ ᠭᠣᠤᠯ᠎ᠤᠨ ᠰᠠᠪᠠ ᠭᠠᠵᠠᠷ᠎ᠤᠨ ᠶᠢᠰᠦᠨ ᠮᠤᠵᠢ ᠣᠷᠣᠨ᠎ᠤ ᠱᠠᠩᠨᠠᠯ ᠬᠦᠷᠲᠡᠭᠰᠡᠨ ᠬᠡᠷᠡᠯ ᠵᠢᠷᠤᠭ᠎ᠤᠨ ᠪᠦᠲᠦᠭᠡᠯ᠎ᠤᠨ ᠦᠵᠡᠰᠬᠦᠯᠡᠩ ᠶᠠᠪᠤᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠥᠯᠬᠦᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠣᠯᠪᠠᠰᠤᠷᠠᠯ᠎ᠤᠨ ᠠᠩᠭᠢ ᠬᠤᠷᠠᠯᠳᠤᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠵᠢᠭᠤᠯᠴᠢᠯᠠᠯ᠎ᠤᠨ ᠦᠢ᠍ᠯᠡᠰ᠎ᠤᠨ ᠰᠢᠨ᠎ᠡ ᠵᠢ ᠡᠭᠦᠳᠦᠨ ᠬᠥᠭᠵᠢᠭᠦᠯᠬᠦ ᠰᠠᠭᠤᠳᠠᠯ᠎ᠤᠨ ᠬᠤᠷᠠᠯ ᠬᠢᠪᠠ
ᠰᠢᠨ᠎ᠡ ᠨᠢᠭᠡ ᠬᠤᠭᠤᠴᠠᠭ᠋ᠠᠨ᠎ᠤ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ ᠪᠠᠶ᠋ᠢᠭᠤᠯᠤᠭᠳᠠᠭᠰᠠᠨ ᠵᠢᠴᠢ ᠭᠡᠰᠢᠭᠦᠳ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠤᠨ ᠠᠩᠭᠢ ᠬᠥᠬᠡᠬᠣᠲᠠ᠎ᠳᠤ ᠶᠠᠪᠤᠭᠳᠠᠪᠠ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠠᠯᠢᠭ ᠰᠤᠳᠤᠯᠬᠤ ᠬᠦᠷᠢᠶᠡᠯᠡᠩ᠎ᠤᠨ ᠨᠠᠮ᠎ᠤᠨ ᠶᠡᠷᠦᠩᠬᠡᠶ ᠡᠭᠦᠷ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠲᠥᠪ᠎ᠤᠨ ᠨᠠᠮ᠎ᠤᠨ ᠡᠭᠦᠷ ᠬᠠᠮᠲᠤᠷᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠴᠣᠭᠴᠠᠯᠠᠬᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
 
            