11 ᠳ᠋ᠤᠭᠡᠷ ᠰᠠᠷ᠎ᠠ ᠵᠢᠨ 30᠎ᠤ ᠡᠳᠦᠷ᠂ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠶᠢᠰᠦᠨ ᠮᠤᠵᠢ ᠣᠷᠣᠨ᠎ᠤ ᠱᠠᠩᠨᠠᠯ ᠬᠦᠷᠲᠡᠭᠰᠡᠨ ᠭᠡᠷᠡᠯ ᠵᠢᠷᠤᠭ᠎ᠤᠨ ᠦᠵᠡᠰᠬᠦᠯᠡᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠳᠤ ᠶᠠᠪᠤᠭᠳᠠᠪᠠ᠃ ᠳᠡᠯᠭᠡᠨ ᠦᠵᠡᠬᠦᠯᠦᠭᠰᠡᠨ 72 ᠪᠦᠲᠦᠭᠡᠯ᠎ᠤᠨ ᠠᠭᠤᠯᠭ᠎ᠠ᠎ᠨᠢ ᠥᠩᠭᠡᠷᠡᠭᠰᠡᠨ ᠬᠤᠭᠤᠴᠠᠭ᠋ᠠᠨ᠎ᠤ ᠦᠵᠡᠰᠬᠦᠯᠡᠩ᠎ᠤᠨ 《ᠬᠠᠲᠤᠨ ᠭᠤᠤᠯ᠎ᠤᠨ ᠦᠯᠢᠭᠡᠷ᠎ᠢ ᠰᠠᠢ᠌ᠲᠤᠷ ᠶᠠᠷᠢᠵᠤ᠂ ᠬᠠᠳᠤᠨ ᠭᠣᠤᠯ᠎ᠤᠨ ᠰᠣᠶᠣᠯ᠎ᠢ ᠪᠠᠳᠠᠷᠠᠭᠤᠯᠤᠨ᠎ᠠ》 ᠬᠡᠬᠦ ᠵᠣᠷᠢᠯᠲᠠ ᠵᠢ ᠦᠷᠬᠦᠯᠵᠢᠯᠡᠬᠦᠯᠦᠭᠰᠡᠨ ᠪᠠᠢ᠌ᠨ᠎ᠠ᠃ ᠶᠢᠰᠦᠨ ᠮᠤᠵᠢ ᠣᠷᠣᠨ᠎ᠤ ᠭᠡᠷᠡᠯ ᠵᠢᠷᠤᠭᠴᠢᠳ ᠬᠠᠷᠠᠴᠠ᠎ᠪᠠᠨ ᠡᠵᠢ ᠭᠣᠤᠯ᠎ᠳᠤ ᠬᠠᠨᠳᠤᠭᠤᠯᠤᠨ᠂ ᠳᠦᠷᠰᠦ ᠰᠢᠩᠭᠡᠭᠡᠯᠲᠡ ᠵᠢᠨ ᠬᠡᠯᠪᠡᠷᠢ᠎ᠪᠠᠷ ᠳᠤᠮᠳᠠᠳᠤ ᠵᠢᠨ ᠬᠥᠪᠡᠭᠦᠳ ᠥᠬᠢᠳ᠎ᠤᠨ ᠬᠠᠲᠤᠨ ᠭᠣᠤᠯ᠎ᠤᠨ ᠰᠠᠪᠠ ᠭᠠᠵᠠᠷ᠎ᠤᠨ ᠰᠦᠷᠯᠢᠭ ᠰᠠᠶ᠋ᠢᠬᠠᠨ ᠠᠭᠤᠯᠠ ᠤᠰᠤᠨ᠎ᠳᠤ᠎ᠬᠢ ᠬᠠᠶ᠋ᠢᠷ᠎ᠠ ᠰᠡᠳᠬᠢᠯᠭᠡ᠂ ᠬᠣᠶᠠᠷ ᠡᠷᠭᠢ ᠵᠢᠨ ᠨᠤᠲᠤᠭ ᠤᠰᠤᠨ᠎ᠤ ᠵᠠᠩ ᠦᠢ᠍ᠯᠡᠳᠤᠬᠢ ᠪᠠᠬᠠᠳᠤᠯ᠂ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠬᠥᠭᠵᠢᠯᠲᠡ᠎ᠳᠤ᠎ᠬᠢ ᠲᠠᠭ᠋ᠠᠰᠢᠶᠠᠯ ᠢ ᠵᠢᠷᠤᠭᠯᠠᠵᠤ᠂ ᠬᠠᠲᠤᠨ ᠭᠣᠤᠯ᠎ᠤᠨ ᠰᠣᠶᠣᠯ᠎ᠤᠨ ᠠᠤᠭ᠎ᠠ ᠶᠡᠬᠡ᠂ ᠭᠦᠨ ᠵᠤᠵᠠᠭ᠋ᠠᠨ ᠪᠠ ᠥᠨᠢ ᠤᠳᠠᠭ᠋ᠠᠨ ᠲᠡᠤᠬᠡ ᠵᠢ ᠬᠠᠷᠠᠭᠤᠯᠵᠤ᠂ ᠬᠠᠲᠤᠨ ᠭᠣᠤᠯ᠎ᠤᠨ ᠰᠠᠪᠠ ᠭᠠᠵᠠᠷ᠎ᠤᠨ ᠬᠥᠮᠦᠨ ᠬᠢᠭᠡᠳ ᠪᠠᠶ᠋ᠢᠭ᠋ᠠᠯᠢ ᠵᠢᠨ ᠬᠠᠷᠢᠯᠴᠠᠨ ᠲᠦᠰᠢᠯᠴᠡᠬᠦ᠂ ᠬᠠᠷᠢᠯᠴᠠᠨ ᠨᠥᠯᠥᠭᠡᠯᠡᠬᠦ᠂ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠡᠷᠬᠢᠮ ᠳᠡᠭᠡᠳᠦ ᠠᠮᠢᠳᠤᠷᠠᠯ᠎ᠤᠨ ᠤᠢ᠌ᠯᠠᠭ᠋ᠠᠭᠳᠠᠬᠤᠨ᠎ᠢ ᠢᠯᠡᠳᠬᠡᠭᠰᠡᠨ ᠪᠠᠢ᠌ᠨ᠎ᠠ᠃

ᠲᠤᠰ ᠤᠳᠠᠭ᠋ᠠᠨ᠎ᠤ ᠦᠵᠡᠰᠬᠦᠯᠡᠩ᠎ᠳᠤ ᠮᠠᠰᠢ ᠣᠯᠠᠨ ᠭᠡᠷᠡᠯ ᠵᠢᠷᠤᠭᠴᠢᠳ ᠤᠷᠤᠯᠴᠠᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠰᠣᠶᠣᠯ ᠤᠨ ᠤᠯᠠᠮᠵᠢᠯᠠᠯ ᠂ ᠳᠡᠯᠭᠡᠷᠡᠬᠦᠯᠦᠯᠲᠡ᠂ ᠰᠤᠯᠢᠯᠴᠠᠭ᠎ᠠ ᠵᠢ ᠠᠬᠢᠭᠤᠯᠬᠤ᠂ ᠰᠢᠨ᠎ᠡ ᠴᠠᠭ ᠦᠶ᠎ᠡ ᠵᠢᠨ ᠰᠣᠶᠣᠯ ᠤᠷᠠᠯᠢᠭ᠎ᠤᠨ ᠵᠣᠬᠢᠶᠠᠨ ᠪᠦᠲᠦᠭᠡᠯᠭᠡ ᠵᠢ ᠴᠡᠴᠡᠭᠯᠡᠭᠦᠯᠬᠦ᠎ᠳᠤ ᠢᠳᠡᠪᠬᠢᠲᠡᠢ ᠬᠤᠪᠢ ᠨᠡᠮᠡᠷᠢ ᠦᠵᠡᠬᠦᠯᠦᠭᠰᠡᠨ ᠪᠠᠢ᠌ᠨ᠎ᠠ᠃ ᠦᠵᠡᠰᠬᠦᠯᠡᠩ᠎ᠢ ᠰᠤᠨᠢᠷᠬᠠᠭᠰᠠᠨ ᠣᠯᠠᠨ ᠲᠦᠮᠡᠨ ᠨᠡᠷᠡᠲᠦ ᠬᠥᠮᠦᠰ᠎ᠤᠨ ᠭᠡᠷᠡᠯ ᠵᠢᠷᠤᠭ᠎ᠤᠨ ᠪᠦᠲᠦᠭᠡᠯ ᠵᠶ᠋ᠠᠷ ᠳᠠᠮᠵᠢᠨ ᠬᠠᠲᠤᠨ ᠭᠣᠤᠯ᠎ᠤᠨ ᠰᠦᠷ ᠵᠢᠪᠬᠤᠯᠠᠩᠲᠤ ᠴᠤᠭ ᠵᠢᠪᠬᠤᠭ᠎ᠠ ᠵᠢ ᠣᠯᠵᠤ ᠬᠠᠷᠠᠨ᠂ ᠳᠤᠮᠳᠠᠳᠤ ᠵᠢᠨ ᠬᠠᠲᠤᠨ ᠭᠣᠤᠯ᠎ᠤᠨ ᠰᠣᠶᠣᠯ᠎ᠢ ᠣᠢ᠌ᠯᠠᠭ᠋ᠠᠨ ᠮᠡᠳᠡᠷᠡᠭᠰᠡᠨ ᠪᠠᠢ᠌ᠨ᠎ᠠ᠃