12 ᠳ᠋ᠤᠭ᠋ᠠᠷ ᠰᠠᠷ᠎ᠠ ᠵᠢᠨ 4᠎ᠤ ᠡᠳᠦᠷ ᠪᠣᠯ ᠤᠯᠤᠰ᠎ᠤᠨ ᠦᠨᠳᠦᠰᠦᠨ ᠬᠠᠤᠯᠢ ᠵᠢᠨ ᠡᠳᠦᠷ ᠵᠢᠴᠢ ᠪᠦᠬᠦ ᠤᠯᠤᠰ᠎ᠤᠨ ᠬᠠᠤᠯᠢ ᠳᠦᠷᠢᠮ᠎ᠤᠨ ᠤᠬᠠᠭᠤᠯᠭ᠎ᠠ ᠵᠢᠨ ᠡᠳᠦᠷ ᠪᠣᠯᠤᠨ᠎ᠠ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ᠂ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠵᠤ᠂ ᠦᠨᠳᠦᠰᠦᠨ ᠬᠠᠤᠯᠢ᠂ ᠢᠷᠭᠡᠨ᠎ᠤ ᠬᠠᠤᠯᠢ ᠵᠢᠨ ᠪᠢᠴᠢᠭ ᠪᠣᠯᠤᠨ ᠰᠣᠶᠣᠯ ᠪᠠ ᠵᠢᠭᠤᠯᠴᠢᠯᠠᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ᠎ᠢ ᠤᠬᠠᠭᠤᠯᠤᠨ ᠲᠦᠭᠡᠮᠡᠯᠵᠢᠭᠦᠯᠵᠦ᠂ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠬᠠᠤᠯᠢ ᠬᠡᠷᠡᠭᠵᠢᠭᠦᠯᠬᠦ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠣᠶᠣᠯ ᠵᠢᠭᠤᠯᠴᠢᠯᠠᠯ᠎ᠤᠨ ᠰᠢᠰᠲ᠋ᠧᠮ ᠪᠣᠯᠤᠨ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠠᠤᠯᠢ ᠵᠢ ᠬᠦᠨᠳᠦᠳᠬᠡᠬᠦ᠂ ᠬᠠᠤᠯᠢ ᠵᠢ ᠰᠠᠬᠢᠬᠤ᠂ ᠬᠠᠤᠯᠢ ᠵᠢ ᠰᠤᠷᠬᠤ᠂ ᠬᠠᠤᠯᠢ ᠵᠢ ᠬᠡᠷᠡᠭᠯᠡᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠵᠢ ᠠᠬᠢᠭᠤᠯᠬᠤ ᠵᠢᠨ ᠲᠦᠯᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠣᠷᠳᠣᠨ᠎ᠳᠤ 2020 ᠣᠨ᠎ᠤ 《12.4》 ᠤᠯᠤᠰ᠎ᠤᠨ ᠦᠨᠳᠦᠰᠦᠨ ᠬᠠᠤᠯᠢ ᠵᠢᠨ ᠡᠳᠦᠷ ᠵᠢᠴᠢ ᠪᠥᠬᠥ ᠤᠯᠤᠰ᠎ᠤᠨ ᠬᠠᠤᠯᠢ ᠲᠦᠷᠢᠮ᠎ᠤᠨ ᠤᠬᠠᠭᠤᠯᠭ᠎ᠠ ᠵᠢᠨ ᠡᠳᠦᠷ᠎ᠤᠨ ᠰᠣᠶᠣᠯ ᠪᠠ ᠵᠢᠭᠤᠯᠴᠢᠯᠠᠯ᠎ᠤᠨ ᠬᠠᠤᠯᠢ ᠲᠦᠷᠢᠮ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠢᠦᠢ ᡁᠢ ᠭᠦᠸᠧ ᠠᠵᠢᠯᠯᠠᠭ᠎ᠠ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠵᠦ᠂ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲᠸᠮ᠂ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯᠲᠡᠨ᠂ ᠵᠢᠭᠤᠯᠴᠢᠯᠠᠯ᠎ᠤᠨ ᠣᠷᠣᠨ ᠵᠢᠴᠢ ᠵᠢᠭᠤᠯᠴᠢᠯᠠᠯ᠎ᠤᠨ ᠬᠤᠷᠢᠶ᠎ᠠ ᠵᠢᠨ ᠨᠡᠶ᠋ᠢᠲᠡ 120 ᠭᠠᠷᠤᠶ ᠬᠥᠮᠦᠨ ᠲᠣᠰ ᠤᠳᠠᠭ᠋ᠠᠨ᠎ᠤ ᠠᠵᠢᠯᠯᠠᠭ᠎ᠠ᠎ᠳᠤ ᠣᠷᠤᠯᠴᠠᠪᠠ᠃

ᠠᠵᠢᠯᠯᠠᠭ᠎ᠠ᠎ᠳᠤ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠶᠣᠰᠣᠯᠠᠯ ᠶᠠᠪᠤᠭᠳᠠᠭᠤᠯᠪᠠ᠃ 《ᠪᠢ ᠲᠠᠩᠭ᠋ᠠᠷᠢᠭᠯᠠᠶᠠ᠄ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ᠎ᠳᠤ ᠦᠨᠡᠨᠴᠢ ᠰᠢᠳᠤᠷᠭᠤ ᠪᠠᠶ᠋ᠢᠵᠤ᠂ ᠦᠨᠳᠦᠰᠦᠨ ᠬᠠᠤᠯᠢ ᠵᠢᠨ ᠡᠷᠬᠡ ᠰᠦᠷ᠎ᠢ ᠬᠠᠮᠠᠭ᠋ᠠᠯᠠᠵᠤ᠂ ᠬᠠᠤᠯᠢ᠎ᠳᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠡᠬᠡ ᠣᠷᠣᠨ᠎ᠳᠤ᠎ᠪᠠᠨ ᠦᠨᠡᠨᠴᠢ᠂ ᠠᠷᠠᠳ ᠲᠦᠮᠡᠨ᠎ᠳᠤ᠎ᠪᠠᠨ ᠦᠨᠡᠨᠴᠢ᠂ ᠡᠭᠦᠷᠭᠡ ᠲᠤᠰᠢᠶᠠᠯ ᠵᠶ᠋ᠠᠨ ᠬᠢᠴᠢᠶᠡᠩᠭᠦᠶ᠋ᠢᠯᠡᠨ ᠭᠦᠢ᠍ᠴᠡᠳᠭᠡᠵᠦ᠂ ᠠᠷᠢᠭᠤᠨ ᠴᠢᠬᠡᠴᠢ᠎ᠪᠠᠷ ᠨᠡᠶ᠋ᠢᠲᠡ ᠵᠢᠨ ᠲᠥᠯᠥᠭᠡ ᠵᠢᠳᠬᠦᠵᠦ᠂ ᠠᠷᠠᠳ ᠲᠦᠮᠡᠨ᠎ᠤ ᠬᠢᠨᠠᠯᠲᠠ ᠵᠢ ᠬᠦᠯᠢᠶᠡᠵᠦ᠂ ᠪᠠᠶᠠᠨ ᠬᠦᠴᠦᠷᠬᠡᠭ᠂ ᠠᠷᠠᠳᠴᠢᠯᠠᠭᠰᠠᠨ᠂ ᠪᠣᠯᠪᠠᠰᠤᠨ᠂ ᠡᠶ᠎ᠡ ᠵᠣᠬᠢᠴᠠᠯ᠎ᠲᠠᠢ᠂ ᠦᠵᠡᠰᠬᠦᠯᠡᠩᠲᠦ ᠰᠠᠶ᠋ᠢᠬᠠᠨ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ ᠵᠢᠨ ᠲᠥᠯᠥᠭᠡ ᠴᠢᠷᠮᠠᠶ᠋ᠢᠨ ᠲᠡᠮᠡᠴᠡᠨ᠎ᠡ!》᠃ ᠭᠡᠵᠦ ᠲᠥᠪ ᠴᠢᠩᠭ᠎ᠠ ᠦᠨᠳᠦᠰᠦᠨ ᠬᠠᠤᠯᠢ᠎ᠳᠤ ᠲᠠᠩᠭ᠋ᠠᠷᠢᠭᠯᠠᠭᠰᠠᠨᠨᠢ ᠬᠠᠤᠯᠢ᠎ᠪᠠᠷ ᠵᠠᠰᠠᠬᠤ ᠴᠢᠩᠭ᠎ᠠ ᠲᠠᠭᠤᠨ᠎ᠢ ᠭᠠᠷᠭ᠋ᠠᠭᠰᠠᠨ ᠪᠠᠶ᠋ᠢᠨ᠎ᠠ᠃


ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠭᠦᠸᠧ ᠭᠦᠸᠧ ᠶᠠᠷᠢᠶᠠᠨ᠎ᠳᠤ᠎ᠪᠠᠨ ᠴᠢᠬᠤᠯᠠᠴᠢᠯᠠᠭᠰᠠᠨ᠎ᠨᠢ᠂ ᠪᠦᠬᠦ ᠣᠷᠣᠨ᠎ᠤ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ᠎ᠬᠢᠨ ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠦᠨᠳᠦᠰᠦᠨ ᠬᠠᠤᠯᠢ ᠵᠢᠨ ᠦᠵᠡᠯ ᠤᠬᠠᠮᠰᠠᠷ᠎ᠢ ᠪᠠᠲᠤ ᠪᠡᠬᠢ ᠪᠤᠢ ᠪᠣᠯᠭ᠋ᠠᠵᠤ᠂ ᠦᠨᠳᠦᠰᠦᠨ ᠬᠠᠤᠯᠢ ᠵᠢᠨ ᠦᠵᠡᠯᠲᠡ ᠵᠢ ᠴᠢᠩᠭ᠋ᠠᠳᠬᠠᠵᠤ᠂ ᠦᠨᠳᠦᠰᠦᠨ ᠬᠠᠤᠯᠢ ᠵᠢᠨ ᠨᠡᠷ᠎ᠡ ᠬᠦᠨᠳᠦ ᠵᠢ ᠬᠠᠮᠠᠭ᠋ᠠᠯᠠᠬᠤ ᠵᠢ ᠤᠬᠠᠮᠰᠠᠷ᠎ᠠᠴᠠ᠎ᠪᠠᠨ ᠭᠦᠢ᠍ᠴᠡᠳᠭᠡᠬᠦ ᠬᠡᠷᠡᠭᠲᠡᠶ᠃ 《ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠨ᠎ᠠ; ᠬᠠᠤᠯᠢ ᠶᠣᠰᠣᠭ᠋ᠠᠷ ᠵᠠᠰᠠᠬᠤ ᠵᠢ ᠴᠢᠩᠭ᠋ᠠᠳᠬᠠᠵᠤ᠂ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠎ᠳᠤ ᠬᠦᠴᠦᠨ ᠨᠡᠮᠡᠷᠢᠯᠡᠶ᠎ᠡ!》 ᠭᠡᠬᠦ ᠭᠣᠣᠯ ᠰᠡᠳᠦᠪ᠎ᠲᠠᠢ ᠨᠢᠭᠲᠠ ᠤᠶᠠᠯᠳᠤᠭᠤᠯᠤᠨ ᠲᠤᠰ ᠰᠠᠯᠠᠭ᠎ᠠ ᠮᠥᠴᠢᠷ᠂ ᠲᠤᠰ ᠬᠦᠷᠢᠶ᠎ᠡ ᠬᠡᠪᠴᠢᠶᠡᠨ᠎ᠤ ᠰᠣᠶᠣᠯ ᠵᠢᠭᠤᠯᠴᠢᠯᠠᠯ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠦᠨᠡᠨ ᠬᠦ᠌ ᠬᠡᠷᠡᠭᠵᠢᠭᠦᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ᠎ᠪᠠᠷ ᠭᠠᠷᠳᠠᠴᠠ ᠪᠣᠯᠭ᠋ᠠᠵᠤ᠂ ᠡᠯ᠎ᠡ ᠵᠦᠢ᠍ᠯ᠎ᠤᠨ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠠᠵᠤ ᠦᠢ᠍ᠯᠡᠰ᠎ᠤᠨ ᠭᠦᠨᠵᠡᠭᠡᠶ᠋ᠢᠷᠡᠨ ᠬᠥᠭᠵᠢᠬᠦ ᠵᠢ ᠲᠦᠯᠬᠢᠨ ᠠᠬᠢᠭᠤᠯᠤᠨ᠎ᠠ᠃

ᠳᠠᠷᠠᠭ᠎ᠠ᠎ᠨᠢ᠂ ᠦᠵᠡᠰᠬᠦᠯᠡᠩ᠎ᠤᠨ ᠣᠷᠳᠣᠨ᠎ᠤ ᠲᠣᠮᠣ ᠠᠰᠠᠷ᠎ᠤᠨ ᠳᠤᠮᠳᠠ ᠲᠠᠨᠭ᠌ᠭᠢᠮ᠎ᠳᠤ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠤᠷᠪᠠᠨ ᠲᠦᠷᠢᠮ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠴᠢᠩᠭ᠎ᠠ ᠵᠢᠷᠤᠮᠵᠢᠭᠤᠨ ᠪᠣᠯᠪᠠᠰᠤᠨ ᠭᠣᠤᠯᠴᠢ᠎ᠪᠠᠷ ᠬᠠᠤᠯᠢ ᠬᠡᠷᠡᠭᠵᠢᠭᠦᠯᠬᠦ ᠵᠢ ᠦᠨᠡᠨ ᠬᠦ᠌ ᠪᠠᠲᠤᠯᠠᠬᠤ》 ᠬᠠᠤᠯᠢ᠎ᠪᠠᠷ ᠵᠠᠰᠠᠬᠤ ᠲᠤᠰᠬᠠᠶ ᠰᠡᠳᠦᠪᠲᠦ ᠲᠠᠶ᠋ᠢᠯᠤᠮᠵᠢ ᠵᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠭᠠᠵᠠᠷ᠎ᠤᠨ ᠪᠠᠶ᠋ᠢᠴᠠᠭ᠋ᠠᠨ ᠰᠤᠳᠤᠯᠤᠭᠴᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠶ ᠮᠡᠷᠭᠡᠵᠢᠯᠲᠡᠨ ᠰᠢᠤᠢ ᠴᠢᠩ ᠨᠥᠬᠥᠷ᠎ᠢ ᠤᠷᠢᠵᠤ ᠬᠢᠴᠢᠶᠡᠯᠯᠡᠭᠦᠯᠪᠡ᠃ ᠲᠠᠶ᠋ᠢᠯᠤᠮᠵᠢ᠎ᠨᠢ ᠭᠦᠨᠵᠡᠭᠡᠶ ᠪᠥᠭᠡᠳ ᠣᠶ᠋ᠢᠯᠠᠭ᠋ᠠᠮᠵᠢᠲᠠᠶ᠂ ᠱᠠᠲᠤᠯᠠᠨ ᠠᠬᠢᠵᠤ᠂ ᠣᠯᠠᠨ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠦᠨᠳᠦᠰᠦᠯᠡᠯ ᠵᠢᠴᠢ ᠭᠣᠤᠯ ᠴᠣᠭᠴᠠ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠭᠤᠷᠪᠠᠨ ᠳᠦᠷᠢᠮ ᠪᠣᠯᠤᠨ 《ᠡᠷᠬᠡ ᠬᠠᠷᠢᠭᠤᠴᠠᠯᠭ᠎ᠠ ᠵᠢᠨ ᠨᠠᠷᠢᠨ ᠵᠦᠢ᠍ᠯᠡᠰ᠎ᠤᠨ ᠬᠠᠭᠤᠳᠠᠰᠤ》᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠬᠢᠭᠡᠳ 《ᠬᠣᠶᠠᠷ᠎ᠢ ᠲᠠᠰᠢᠷᠠᠮ ᠵᠶ᠋ᠠᠷ᠎ᠨᠢ᠂ ᠨᠢᠭᠡ ᠵᠢ ᠢᠯᠡ ᠪᠣᠯᠭ᠋ᠠᠬᠤ》 ᠵᠢᠨ ᠬᠠᠷᠢᠴᠠᠭ᠎ᠠ᠂ ᠵᠠᠰᠠᠭ ᠵᠠᠬᠢᠷᠭ᠋ᠠᠨ᠎ᠤ ᠰᠢᠢ᠍ᠳᠭᠡᠯ᠎ᠢ ᠬᠡᠷᠡᠭᠵᠢᠭᠦᠯᠬᠦ ᠵᠡᠷᠭᠡ ᠠᠵᠢᠯ ᠲᠣᠳᠤᠷᠬᠠᠢ᠌ᠯᠠᠭ᠋ᠠᠳ ᠲᠤᠬᠠᠶ᠎ᠶᠢᠨ ᠲᠠᠯᠠᠪᠤᠷ᠎ᠲᠤ ᠪᠠᠶ᠋ᠢᠭᠰᠠᠨ ᠬᠥᠮᠦᠰ᠎ᠤᠨ ᠬᠠᠯᠠᠭᠤᠨ ᠠᠯᠠᠭ᠎ᠠ ᠲᠡᠰᠢᠯᠲᠡ ᠵᠢ ᠬᠦᠷᠲᠡᠪᠡ᠃


ᠲᠤᠬᠠᠢ ᠵᠢᠨ ᠲᠠᠯᠠᠪᠠᠢ᠎ᠳᠤ ᠬᠠᠤᠯᠢ ᠲᠦᠷᠢᠮ᠎ᠤᠨ ᠤᠬᠠᠭᠤᠯᠭ᠎ᠠ ᠵᠢᠨ ᠦᠵᠡᠰᠬᠦᠯᠡᠩ ᠲᠣᠬᠢᠷᠠᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ 《ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ》 ᠲᠤᠬᠠᠢ ᠬᠣᠯᠪᠣᠭᠳᠠᠯ ᠪᠦᠬᠦᠢ ᠴᠢᠬᠤᠯᠠ ᠦᠭᠦᠯᠡᠯᠲᠡ ᠵᠢᠨ ᠵᠣᠷᠢᠭ ᠰᠠᠨᠠᠭ᠎ᠠ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ 《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》᠂ 《ᠢᠷᠭᠡᠨ᠎ᠤ ᠬᠠᠤᠯᠢ ᠵᠢᠨ ᠪᠢᠴᠢᠭ》 ᠪᠣᠯᠤᠨ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠠᠭᠤᠯᠭ᠎ᠠ᠎ᠲᠠᠢ 40 ᠭᠠᠷᠤᠢ ᠦᠵᠡᠭᠦᠯᠦᠯᠲᠡ ᠵᠢᠨ ᠰᠠᠮᠪᠠᠷ᠎ᠠ ᠵᠢ ᠳᠡᠯᠭᠡᠨ ᠦᠵᠡᠭᠦᠯᠵᠡᠢ᠃ ᠪᠠᠰᠠ ᠨᠡᠢ᠍ᠢ᠍ᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠲᠠᠪᠴᠠᠩ ᠪᠠᠢ᠌ᠭᠤᠯᠤᠭ᠋ᠠᠳ ᠲᠢᠩᠬᠢᠮ᠎ᠤᠨ ᠪᠠᠶ᠋ᠢᠭᠤᠯᠭ᠎ᠠ ᠵᠢᠨ ᠬᠠᠤᠯᠢ ᠴᠠᠭ᠋ᠠᠵᠠ ᠵᠢᠨ ᠵᠥᠪᠯᠡᠭᠴᠢ ᠵᠢ ᠲᠤᠬᠠᠶ ᠵᠢᠨ ᠲᠠᠯᠠᠪᠠᠢ᠎ᠳᠤ ᠬᠠᠤᠯᠢ ᠴᠠᠭ᠋ᠠᠵᠠ ᠵᠢᠨ ᠵᠥᠪᠯᠡᠯᠭᠡ ᠦᠭᠬᠦ᠎ᠪᠠᠷ ᠤᠷᠢᠵᠤ᠂ ᠣᠯᠠᠨ ᠲᠦᠮᠡᠨ᠎ᠤ ᠳᠤᠷᠠᠳᠤᠭᠰᠠᠨ ᠬᠠᠤᠯᠢ ᠴᠠᠭ᠋ᠠᠵᠠ ᠵᠢᠨ ᠠᠰᠠᠭᠤᠯᠲᠠ᠎ᠳᠤ 《ᠨᠢᠭᠡ ᠨᠢᠭᠡ᠎ᠪᠠᠷ ᠬᠠᠨᠳᠤᠬᠤ》 ᠮᠠᠶᠢᠭ ᠵᠶ᠋ᠡᠷ ᠬᠠᠷᠢᠭᠤᠯᠤᠨ᠂ ᠵᠥᠷᠢᠴᠡᠯ ᠵᠢᠭᠤᠷᠠᠯᠳᠤᠭ᠋ᠠᠨ᠎ᠢ ᠬᠠᠤᠯᠢ ᠶᠣᠰᠣᠭ᠋ᠠᠷ ᠵᠦᠶ ᠵᠣᠬᠢᠰᠲᠠᠢ ᠰᠢᠢ᠍ᠳᠪᠦᠷᠢᠯᠡᠬᠦ ᠲᠠᠯ᠎ᠠ᠎ᠪᠠᠷ ᠣᠯᠠᠨ ᠲᠦᠮᠡᠨ᠎ᠢ ᠬᠥᠲᠥᠯᠥᠨ ᠵᠢᠯᠤᠭᠤᠳᠴᠠᠢ᠃ ᠪᠠᠰᠠ ᠬᠥᠬᠡᠬᠣᠲᠠ ᠵᠢᠨ ᠬᠡᠳᠦᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠢᠴᠢ ᠵᠢᠭᠤᠯᠴᠢᠯᠠᠯ᠎ᠤᠨ ᠭᠠᠵᠠᠷ᠎ᠤᠨ᠎ᠬᠢᠨ᠎ᠢ ᠤᠷᠢᠭ᠋ᠠᠳ ᠤᠬᠠᠭᠤᠯᠭ᠎ᠠ ᠵᠢᠨ ᠳᠡᠪᠲᠡᠷ ᠪᠠ ᠬᠠᠷᠠᠭ᠋ᠠᠯᠵᠠᠯ᠎ᠤᠨ ᠪᠢᠯᠧᠲ ᠲᠠᠷᠬᠠᠭ᠋ᠠᠯᠭ᠋ᠠᠵᠠᠢ᠃ ᠢᠨᠭᠭᠢᠬᠦᠨᠢ ᠵᠢᠭᠤᠯᠴᠢᠯᠠᠯ᠎ᠤᠨ ᠦᠢ᠍ᠯᠡᠰ᠎ᠤᠨ ᠵᠣᠷᠢᠭ᠎ᠢ ᠪᠠᠳᠠᠷᠠᠭ᠋ᠠᠵᠤ ᠤᠷᠮᠠᠰᠢᠭᠤᠯᠬᠤ ᠪᠣᠯᠤᠨ ᠬᠠᠤᠯᠢ ᠵᠢ ᠲᠦᠭᠡᠮᠡᠯᠵᠢᠭᠦᠯᠦᠨ ᠬᠠᠤᠯᠢ ᠵᠢ ᠰᠤᠷᠤᠯᠴᠠᠬᠤ ᠬᠣᠶᠠᠷ᠎ᠢ ᠣᠷᠭ᠋ᠠᠨᠢᠭ ᠵᠶ᠋ᠠᠷ ᠤᠶᠠᠯᠳᠤᠭᠤᠯᠵᠤ᠂ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠬᠥᠭᠵᠢᠯᠲᠡ ᠵᠢ ᠨᠠᠩ ᠣᠯᠠᠨ ᠬᠥᠮᠦᠨ᠎ᠤ ᠠᠩᠬᠠᠷᠤᠯ᠎ᠳᠤ ᠬᠦᠷᠭᠡᠵᠦ ᠴᠢᠳᠠᠬᠤ ᠪᠣᠯᠤᠨ᠎ᠠ᠃




ᠠᠵᠢᠯᠯᠠᠭ᠎ᠠ ᠵᠢᠨ ᠲᠠᠯᠠᠪᠠᠢ᠎ᠳᠤ 《ᠦᠨᠳᠦᠰᠦᠨ ᠬᠠᠤᠯᠢ》᠂ 《ᠢᠷᠭᠡᠨ᠎ᠤ ᠬᠠᠤᠯᠢ ᠵᠢᠨ ᠪᠢᠴᠢᠭ》᠂ 《ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠵᠠᠰᠠᠬᠤ ᠬᠠᠤᠯᠢ》᠂ 《ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠵᠢ ᠪᠠᠲᠤᠯᠠᠬᠤ ᠬᠠᠤᠯᠢ》᠂ 《ᠵᠢᠭᠤᠯᠴᠢᠯᠠᠯ᠎ᠤᠨ ᠬᠠᠤᠯᠢ》 ᠵᠡᠷᠭᠡ ᠡᠯ᠎ᠡ ᠲᠥᠷᠥᠯ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠤᠨᠭ᠌ᠰᠢᠭᠤ᠂ ᠤᠬᠠᠭᠤᠯᠭ᠎ᠠ ᠵᠢᠨ ᠬᠠᠭᠤᠳᠠᠰᠤ ᠵᠢᠴᠢ ᠤᠬᠠᠭᠤᠯᠭ᠎ᠠ ᠵᠢᠨ ᠪᠥᠰ ᠤᠭᠤᠲᠠ᠎ᠶᠢ ᠨᠡᠶ᠋ᠢᠲᠡ 300 ᠭᠠᠷᠤᠶ ᠲᠠᠷᠬᠠᠭ᠋ᠠᠵᠠᠢ᠃ ᠣᠷᠤᠯᠴᠠᠭᠰᠠᠳ 500 ᠰᠢᠬᠠᠮ ᠬᠥᠮᠦᠨ ᠤᠳᠠᠭ᠎ᠠ᠎ᠳᠤ ᠬᠦᠷᠪᠡ᠃