ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠠᠯᠠᠱ᠌ᠠ ᠵᠢᠨ ᠤᠯᠠᠭ᠋ᠠᠨᠮᠥ᠋ᠴᠢᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠲᠤᠬᠠᠶ᠋ᠢᠯᠠᠭᠰᠠᠨ ᠠᠵᠢᠯ᠎ᠢ ᠬᠣᠶᠠᠷ ᠲᠠᠯ᠎ᠠ᠎ᠪᠠᠷ ᠠᠳᠬᠤᠵᠤ ᠬᠠᠪᠤᠷ᠎ᠤᠨ ᠤᠯᠠᠷᠢᠯ᠎ᠤᠨ ᠪᠤᠯᠪᠠᠰᠤᠷᠠᠭᠤᠯᠤᠯ᠎ᠤᠨ ᠠᠵᠢᠯ᠎ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄ 2020-03-10

      ᠠᠯᠠᠱ᠌ᠠ ᠵᠢᠨ ᠤᠯᠠᠭ᠋ᠠᠨᠮᠥ᠋ᠴᠢᠷ᠎ᠤᠨ ᠪᠥᠵᠢᠭ᠎ᠤᠨ ᠠᠩᠭᠢ ᠵᠢᠨ᠎ᠬᠢᠨ ᠠᠵᠢᠯ ᠵᠶ᠋ᠠᠨ ᠰᠡᠷᠭᠦᠭᠡᠭᠰᠡᠨ᠎ᠠᠴᠠ ᠨᠠᠭ᠋ᠠᠰᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠬᠦ ᠵᠢᠨ ᠬᠠᠮᠲᠤ ᠬᠠᠪᠤᠷ᠎ᠤᠨ ᠤᠯᠠᠷᠢᠯ᠎ᠤᠨ ᠲᠥᠪᠯᠡᠷᠡᠭᠦᠯᠦᠨ ᠪᠤᠯᠪᠠᠰᠤᠷᠠᠭᠤᠯᠬᠤ ᠠᠵᠢᠯ᠎ᠢ ᠢᠳᠡᠪᠬᠢᠲᠡᠶ ᠥᠷᠨᠢᠭᠦᠯᠵᠦ᠂ ᠲᠣᠰ ᠤᠳᠠᠭ᠋ᠠᠨ᠎ᠤ ᠪᠣᠯᠪᠠᠰᠤᠷᠠᠭᠤᠯᠤᠯ᠎ᠳᠤ᠎ᠪᠠᠨ 《ᠤᠯᠠᠮᠵᠢᠯᠠᠬᠤ᠂ ᠬᠠᠪᠰᠤᠷᠬᠤ᠂ ᠳᠠᠭ᠋ᠠᠭᠤᠯᠬᠤ》 ᠪᠠ ᠪᠡᠶ᠎ᠡ᠎ᠪᠠᠨ ᠳᠠᠭ᠋ᠠᠭ᠋ᠠᠵᠤ ᠪᠤᠯᠪᠠᠰᠤᠷᠠᠬᠤ ᠵᠢ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠠᠩᠬᠠᠨ᠎ᠤ ᠬᠤᠭᠤᠴᠠᠭ᠋ᠠᠨ᠎ᠳᠤ᠎ᠪᠠᠨ 40 ᠡᠳᠦᠷ ᠲᠥᠪᠯᠡᠷᠡᠭᠦᠯᠦᠨ ᠪᠣᠯᠪᠠᠰᠤᠷᠠᠭᠤᠯᠬᠤ᠎ᠪᠠᠷ ᠲᠥᠯᠦᠪᠯᠡᠵᠡᠢ᠃ ᠪᠤᠯᠪᠠᠰᠤᠷᠠᠭᠤᠯᠤᠯ᠎ᠤᠨ ᠠᠭᠤᠯᠭ᠎ᠠ   ᠪᠠᠶᠠᠯᠢᠭ᠂ ᠬᠤᠭᠤᠴᠠᠭ᠎ᠠ ᠡᠮᠬᠢ ᠵᠢᠷᠤᠮ᠎ᠲᠠᠢ ᠪᠠᠶ᠋ᠢᠵᠤ᠂ ᠡᠳᠦᠷ ᠪᠦᠷᠢ 6 ᠴᠠᠭ ᠰᠢᠬᠠᠮ᠎ᠤᠨ ᠲᠥᠪᠯᠡᠷᠡᠭᠦᠯᠦᠨ ᠪᠣᠯᠪᠠᠰᠤᠷᠠᠭᠤᠯᠬᠤ ᠬᠢᠴᠢᠶᠡᠯ᠎ᠢ ᠲᠣᠬᠢᠷᠠᠭᠤᠯᠪᠠ᠃ ᠡᠭᠦᠨ᠎ᠤ ᠬᠠᠮᠲᠤ᠂ ᠪᠥᠵᠢᠭ᠎ᠤᠨ ᠠᠩᠭᠢ ᠵᠢᠨ ᠪᠥᠬᠥ ᠭᠡᠰᠢᠭᠦᠳ᠎ᠤᠨ ᠰᠣᠶᠣᠯ ᠣᠨᠣᠯ᠎ᠤᠨ ᠰᠤᠷᠤᠯᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠭᠠᠷᠠᠭ ᠪᠦᠷᠢ ᠵᠢᠨ ᠬᠣᠶᠠᠷ᠂ ᠳᠥᠷᠪᠡᠨ᠎ᠤ ᠦᠳᠡ ᠵᠢᠨ ᠡᠮᠦᠨ᠎ᠡ ᠲᠥᠪᠯᠡᠷᠡᠭᠦᠯᠦᠭᠰᠡᠨ ᠤᠨᠤᠯ᠎ᠤᠨ ᠰᠤᠷᠤᠯᠴᠠᠯᠭ᠎ᠠ ᠵᠢᠨ ᠬᠢᠴᠢᠶᠡᠯ᠎ᠢ ᠨᠡᠮᠡᠵᠦ᠂ ᠭᠣᠤᠯᠳᠠᠭᠤ ᠶᠡᠷᠦᠩᠬᠡᠶ ᠱᠦᠵᠢ ᠰᠢ ᠵᠢᠨ ᠫᠢᠩ᠎ᠤᠨ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠬᠢᠵᠢᠭ᠎ᠢ ᠰᠡᠷᠭᠡᠶ᠋ᠢᠯᠡᠵᠦ ᠬᠢᠵᠢᠭ᠎ᠢ ᠡᠰᠡᠷᠭᠦᠴᠡᠬᠦ ᠮᠡᠳᠡᠯᠭᠡ᠂ ᠲᠤᠬᠠᠶ᠋ᠢᠯᠠᠭᠰᠠᠨ ᠠᠵᠢᠯ ᠎ᠤᠨ ᠰᠢᠨᠵᠢᠨ ᠦᠨᠡᠯᠡᠯᠲᠡ ᠵᠡᠷᠭᠡ ᠬᠠᠮᠢᠶ᠎ᠠ ᠪᠥᠬᠥᠶ ᠮᠡᠳᠡᠯᠭᠡ᠎ᠪᠠᠷ ᠰᠤᠷᠤᠯᠴᠠᠬᠤ ᠠᠭᠤᠯᠭ᠎ᠠ ᠪᠣᠯᠭ᠋ᠠᠵᠤ᠂ 《ᠲᠤᠬᠠᠢ᠌ᠯᠠᠭᠰᠠᠨ ᠠᠵᠢᠯ ᠂ ᠣᠨᠣᠯ᠎ᠢ ᠬᠣᠶᠠᠷ ᠲᠠᠯ᠎ᠠ᠎ᠪᠠᠷ ᠠᠳᠬᠤᠬᠤ》 ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠪᠠ᠃


   


      ᠡᠢ᠌ᠮᠦᠷᠬᠦᠦ ᠲᠥᠷᠥᠯ᠎ᠤᠨ ᠲᠤᠰᠬᠠᠶ ᠮᠡᠷᠭᠡᠵᠢᠯ᠎ᠤᠨ ᠴᠢᠳᠠᠪᠤᠷᠢ ᠵᠢᠨ ᠪᠤᠯᠪᠠᠰᠤᠷᠠᠭᠤᠯᠤᠯ ᠵᠢᠴᠢ ᠬᠢᠨᠠᠨ ᠰᠢᠯᠭ᠋ᠠᠯᠲᠠ ᠵᠢ ᠥᠷᠨᠢᠬᠦᠯᠬᠦ ᠎ᠪᠠᠷ ᠳᠠᠮᠵᠢᠭᠤᠯᠤᠨ᠂ ᠤᠯᠠᠭ᠋ᠠᠨᠮᠥ᠋ᠴᠢᠷ᠎ᠤᠨ ᠲᠣᠭᠯᠠᠭᠴᠢᠳ᠎ᠤᠨ ᠲᠣᠰ ᠪᠡᠶ᠎ᠡ ᠵᠢᠨ ᠲᠤᠰᠬᠠᠶ ᠮᠡᠷᠭᠡᠵᠢᠯ᠎ᠤᠨ ᠬᠡᠪ ᠴᠢᠨᠠᠷ ᠪᠠ ᠶᠡᠷᠦᠩᠬᠡᠶ᠋ᠢᠯᠡᠭᠰᠡᠨ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠭᠯᠠᠭᠴᠢᠳ᠎ᠤᠨ ᠠᠵᠢᠯ᠎ᠤᠨ ᠤᠷᠮ᠎ᠠ ᠵᠤᠷᠢᠭ ᠪᠠ ᠢᠳᠡᠪᠬᠢᠵᠢᠯ᠎ᠢ ᠬᠥᠭᠵᠢᠭᠡᠵᠦ᠂ ᠤᠯᠠᠭ᠋ᠠᠨᠮᠥ᠋ᠴᠢᠷ᠎ᠤᠨ ᠡᠯ᠎ᠡ ᠲᠥᠷᠥᠯ᠎ᠤᠨ ᠲᠤᠰᠬᠠᠶ ᠮᠡᠷᠭᠡᠵᠢᠯ᠎ᠤᠨ ᠡᠷᠡᠭᠦᠯ ᠵᠶ᠋ᠠᠷ ᠬᠦᠭᠵᠢᠬᠦ ᠵᠢ ᠨᠠᠩ ᠰᠠᠶ᠋ᠢᠲᠤᠷ ᠠᠬᠢᠭᠤᠯᠵᠤ᠂ ᠤᠷᠠᠯᠢᠭ᠎ᠤᠨ ᠮᠡᠷᠭᠡᠰᠢᠭᠰᠡᠨ ᠬᠢᠷᠢ ᠬᠡᠮᠵᠢᠶ᠎ᠡ᠎ᠪᠠᠷ ᠤᠯᠠᠨ ᠲᠦᠮᠡᠨ᠎ᠲᠠᠢ   ᠤᠢ᠌ᠷᠠᠳᠤᠭᠰᠠᠨ᠂   ᠤᠯᠠᠮᠵᠢᠯᠠᠭᠳᠠᠮᠠᠷ᠂ ᠦᠯᠡᠳᠡᠭᠳᠡᠮᠡᠷ ᠤᠷᠠᠯᠢᠭ᠎ᠤᠨ ᠪᠦᠲᠦᠭᠡᠯ᠎ᠢ ᠨᠡᠩ ᠤᠯᠠᠨ ᠪᠦᠲᠦᠭᠡᠵᠦ᠂ ᠥᠷᠭᠡᠨ ᠤᠯᠠᠨ ᠠᠷᠠᠳ ᠲᠦᠮᠡᠨ᠎ᠤ ᠤᠶᠤᠨ ᠰᠠᠨᠠᠭ᠎ᠠ᠂ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠰᠢᠨ᠎ᠡ ᠴᠠᠭ ᠦᠶ᠎ᠡ ᠵᠢᠨ ᠭᠤᠤᠯ ᠬᠦᠭ ᠠᠶᠠᠰ᠎ᠢ ᠰᠠᠯᠤᠯ ᠦᠭᠡᠢ ᠳᠠᠭ᠋ᠠᠵᠤ᠂   ᠦᠨᠳᠦᠰᠦᠲᠡᠨ᠎ᠤ ᠰᠢᠯᠢᠳᠡᠭ ᠰᠣᠶᠣᠯ᠎ᠤᠨ ᠷᠢᠳᠢ ᠰᠢᠳᠢ ᠵᠢ ᠤᠯᠠᠮᠵᠢᠯᠠᠨ ᠪᠠᠳᠠᠷᠠᠭᠤᠯᠵᠤ᠂ ᠨᠡᠩ ᠰᠢᠯᠢᠳᠡᠭ ᠦᠢ᠍ᠯᠡᠴᠢᠯᠡᠭᠡ ᠪᠠ ᠤᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠢ   ᠲᠠᠢ᠌ᠰᠠᠨ᠎ᠤ ᠰᠢᠯᠢᠳᠡᠭ ᠤᠷᠠᠯᠢᠭ ᠵᠶ᠋ᠠᠷ ᠦᠨᠳᠦᠰᠦᠨ ᠱᠠᠲᠤᠨ᠎ᠤ ᠮᠠᠯᠴᠢᠨ ᠲᠠᠷᠢᠶᠠᠴᠢᠨ᠎ᠳᠤ ᠨᠠᠩ ᠰᠠᠶ᠋ᠢᠨ ᠦᠢ᠍ᠯᠡᠴᠢᠯᠡᠵᠦ᠂ ᠠᠷᠠᠳ ᠣᠯᠠᠨ᠎ᠤ ᠣᠯᠠᠨ ᠶᠠᠩᠵᠤ ᠵᠢᠨ ᠰᠣᠶᠣᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠤᠯᠠᠭ᠋ᠠᠨᠮᠥ᠋ᠴᠢᠷ᠎ᠤᠨ ᠰᠢᠨ᠎ᠡ   ᠰᠢᠯᠢᠳᠡᠭ ᠠᠮᠵᠢᠯᠲᠠ ᠵᠢ ᠲᠠᠰᠤᠷᠠᠯᠲᠠ ᠥᠬᠡᠶ ᠡᠭᠦᠳᠤᠨ᠎ᠡ᠃

ᠢᠷᠡᠯᠲᠡ᠄ ᠠᠯᠠᠱ᠌ᠠ ᠠᠶ᠋ᠢᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ᠎ᠬᠢᠨ 《ᠬᠢᠵᠢᠭ》᠎ᠢ ᠡᠰᠡᠷᠭᠦᠴᠡᠬᠦ 《ᠡᠭᠦᠳᠡ᠎ᠨᠢ ᠬᠠᠭ᠋ᠠᠭ᠋ᠠᠯᠳᠠᠲᠠᠢ ᠴᠦ᠍ ᠦᠵᠡᠰᠭᠦᠯᠡᠩ᠎ᠨᠢ ᠨᠡᠭᠡᠭᠡᠯᠳᠡᠲᠡᠢ》ᠥᠪᠥᠷ ᠮᠣᠩᠭᠣᠯ᠎ᠤᠨ ᠬᠠᠪᠤᠷ᠎ᠤᠨ ᠵᠢᠭᠤᠯᠴᠢᠯᠠᠯ᠎ᠤᠨ ᠰᠢᠨ᠎ᠡ ᠵᠠᠭᠪᠤᠷ᠎ᠢ ᠡᠬᠢᠯᠡᠭᠦᠯᠪᠡ
《ᠯᠧᠢ ᠹᠧᠩ᠎ᠤᠨ ᠵᠣᠷᠢᠭ ᠰᠠᠨᠠᠭ᠎ᠠ ᠵᠢ ᠦᠯᠡᠳᠦᠯᠭᠡᠵᠢᠬᠦᠯᠵᠦ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠦᠴᠦ᠎ᠪᠠᠨ ᠡᠷᠭᠦᠬᠦ》 ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ 《ᠵᠢᠷᠭᠤᠭ᠋ᠠᠨ ᠨᠢᠭᠡ》 ᠰᠢᠷᠢᠰ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠄ ᠭᠠᠵᠠᠷ ᠣᠷᠣᠨ᠎ᠤ᠎ᠪᠠᠨ ᠪᠠᠶ᠋ᠢᠳᠠᠯ᠎ᠳᠤ ᠳᠣᠭᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠨᠠᠮ᠎ᠤᠨ ᠠᠵᠢᠯ ᠵᠢᠴᠢ ᠨᠠᠮ᠎ᠤᠨ ᠠᠷᠢᠭᠤᠨ ᠴᠢᠬᠡᠴᠢ ᠰᠤᠷᠲᠠᠯ᠎ᠤᠨ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠎ᠢ ᠬᠤᠷᠠᠯᠳᠤᠭᠤᠯᠪᠠ
 
            