ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠥᠬᠡᠬᠣᠲᠠ ᠵᠢᠨ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ᠎ᠬᠢᠨ 《ᠬᠢᠵᠢᠭ》᠎ᠢ ᠡᠰᠡᠷᠭᠦᠴᠡᠬᠦ 《ᠡᠭᠦᠳᠡ᠎ᠨᠢ ᠬᠠᠭ᠋ᠠᠭ᠋ᠠᠯᠳᠠᠲᠠᠢ ᠴᠦ᠍ ᠦᠵᠡᠰᠭᠦᠯᠡᠩ᠎ᠨᠢ ᠨᠡᠭᠡᠭᠡᠯᠳᠡᠲᠡᠢ》ᠥᠪᠥᠷ ᠮᠣᠩᠭᠣᠯ᠎ᠤᠨ ᠬᠠᠪᠤᠷ᠎ᠤᠨ ᠵᠢᠭᠤᠯᠴᠢᠯᠠᠯ᠎ᠤᠨ ᠰᠢᠨ᠎ᠡ ᠵᠠᠭᠪᠤᠷ᠎ᠢ ᠡᠬᠢᠯᠡᠭᠦᠯᠪᠡ
ᠨᠡᠶᠢᠲᠡᠯᠡᠭᠰᠡᠨ ᠴᠠᠭ᠄ 2020-03-17

      ᠬᠥᠬᠡᠬᠣᠲᠠ ᠵᠢᠨ ᠵᠢᠭᠤᠯᠴᠢᠯᠠᠯ᠎ᠤᠨ ᠦᠢ᠍ᠯᠡᠴᠢᠯᠡᠭᠡᠨ᠎ᠤ ᠲᠥᠪ᠂ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠰᠡᠷᠭᠦᠯᠲᠡ ᠪᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠢᠳᠡᠪᠬᠢᠲᠡᠶ ᠦᠢ᠍ᠯᠡᠴᠢᠯᠡᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯ ᠬᠢᠵᠦ᠂ ᠦᠢ᠍ᠯᠡᠴᠢᠯᠡᠭᠡᠨ᠎ᠤ ᠬᠡᠯᠪᠡᠷᠢ ᠪᠠ ᠠᠭᠤᠯᠭ᠎ᠠ ᠵᠢᠨ ᠲᠠᠯ᠎ᠠ᠎ᠪᠠᠷ ᠲᠠᠰᠤᠷᠠᠯᠲᠠ ᠥᠬᠡᠶ ᠰᠢᠨ᠎ᠡ ᠵᠢ ᠡᠭᠦᠳᠴᠦ᠂ ᠳᠤᠮᠳᠠᠳᠤ ᠤᠯᠤᠰ᠎ᠤᠨ ᠨᠢᠭᠡᠲᠦᠮᠡᠯ ᠬᠤᠯᠪᠤᠭ᠎ᠠ ᠵᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ᠎ᠲᠠᠢ ᠬᠣᠯᠪᠣᠭ᠋ᠠᠯᠠᠨ᠂ ᠪᠥᠬᠥ ᠣᠷᠣᠨ᠎ᠳᠤ ᠬᠠᠮᠤᠭ᠎ᠤᠨ ᠲᠡᠷᠢᠭᠦᠨ᠎ᠳᠤ 5G ᠵᠢᠨ ᠮᠡᠷᠭᠡᠵᠢᠯ᠎ᠤᠨ ᠳᠡᠮᠵᠢᠯᠭᠡ ᠦᠵᠡᠭᠦᠯᠵᠦ᠂ ᠰᠣᠶᠣᠯ ᠵᠢᠭᠤᠯᠴᠢᠯᠠᠯ᠎ᠤᠨ ᠨᠢᠭᠡᠴᠢ ᠵᠢᠨ《ᠡᠭᠦᠳᠡ᠎ᠨᠢ ᠬᠠᠭ᠋ᠠᠭ᠋ᠠᠯᠳᠠᠲᠠᠢ ᠴᠦ᠍ ᠦᠵᠡᠰᠭᠦᠯᠡᠩ᠎ᠨᠢ ᠨᠡᠭᠡᠭᠡᠯᠳᠡᠲᠡᠢ》ᠰᠢᠨ᠎ᠡ ᠵᠠᠭᠪᠤᠷ᠎ᠲᠤ ᠦᠢ᠍ᠯᠡᠴᠢᠯᠡᠵᠦ᠂ ᠡᠯ᠎ᠡ ᠲᠣᠮᠣ ᠦᠵᠡᠮᠵᠢ ᠵᠢᠨ ᠣᠷᠣᠨ᠎ᠲᠠᠢ ᠬᠠᠮᠲᠤᠷᠠᠨ ᠥᠷᠭᠡᠨ ᠣᠯᠠᠨ ᠬᠣᠲᠠ ᠵᠢᠨ ᠠᠷᠠᠳ ᠪᠠ ᠪᠥᠬᠥ ᠰᠦᠯᠵᠢᠶᠡᠨ᠎ᠤ ᠵᠢᠭᠤᠯᠴᠢᠯᠠᠭᠴᠢᠳ᠎ᠲᠤ 《ᠰᠦᠯᠵᠢᠶᠡᠨ ᠱᠤᠭᠤᠮ ᠵᠶ᠋ᠠᠷ ᠬᠦᠬᠡᠬᠤᠲᠠ᠎ᠳᠤ ᠵᠢᠭᠤᠯᠴᠢᠯᠠᠬᠤ 5G ᠵᠢᠨ ᠬᠠᠷᠢᠯᠴᠠᠨ ᠦᠢ᠍ᠯᠡᠳᠦᠯᠴᠡᠬᠦ ᠰᠢᠭᠤᠳ ᠨᠡᠪᠲᠡᠷᠡᠭᠦᠯᠭᠡ ᠵᠢᠨ ᠰᠢᠷᠢᠰ ᠠᠵᠢᠯᠯᠠᠭ᠎ᠠ》   ᠦᠷᠨᠢᠭᠦᠯᠵᠦ᠂ ᠥᠷᠭᠡᠨ ᠣᠯᠠᠨ ᠰᠦᠯᠵᠢᠶᠡᠨ ᠠᠷᠠᠳ᠎ᠤᠨ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠪᠠ᠃
     3 ᠳ᠋ᠤᠭ᠋ᠠᠷ ᠰᠠᠷ᠎ᠠ ᠵᠢᠨ 7᠎ᠤ ᠡᠳᠦᠷ᠎ᠤᠨ ᠦᠳᠡ ᠵᠢᠨ ᠡᠮᠦᠨᠡᠬᠢ 10 ᠴᠠᠭ᠎ᠲᠤ᠂ ᠪᠥᠬᠥ ᠣᠷᠣᠨ᠎ᠤ ᠠᠩᠬᠠᠳᠠᠭᠴᠢ 5G ᠵᠢᠨ ᠰᠣᠶᠣᠯ ᠵᠢᠭᠤᠯᠴᠢᠯᠠᠯ᠎ᠤᠨ ᠰᠢᠭᠤᠳ ᠨᠡᠪᠲᠡᠷᠡᠭᠦᠯᠬᠦ ᠠᠵᠢᠯᠯᠠᠭ᠎ᠠ ᠵᠢᠨ ᠨᠢᠭᠡᠳᠦᠭᠡᠷ ᠥᠷᠲᠡᠭᠡ ᠵᠢ ᠬᠥᠬᠡᠬᠣᠲᠠ ᠵᠢᠨ ᠵᠣᠣ ᠵᠢᠶᠦ᠋ᠨ ᠮᠦᠽᠧᠶ᠎ᠳᠤ ᠨᠡᠪᠲᠡᠷᠡᠭᠦᠯᠵᠦ᠂ ᠥᠪᠥᠷ ᠮᠣᠩᠭᠣᠯ᠎ᠤᠨ ᠬᠠᠪᠤᠷ᠎ᠤᠨ ᠵᠢᠭᠤᠯᠴᠢᠯᠠᠯ᠎ᠤᠨ ᠰᠢᠨ᠎ᠡ ᠵᠠᠭᠪᠤᠷ᠎ᠢ ᠨᠡᠭᠡᠭᠡᠪᠡ᠃ ᠥᠷᠭᠡᠨ ᠣᠯᠠᠨ ᠰᠦᠯᠵᠢᠶᠡᠨ ᠠᠨᠳᠠ ᠨᠠᠷ ᠨᠢᠭᠡᠲᠦᠮᠡᠯ ᠬᠤᠯᠪᠤᠭ᠎ᠠ ᠵᠢᠨ ᠸᠤᠳᠢᠤ᠋᠂   ᠴᠠᠬᠢᠮ ᠤᠲᠠᠰᠤ᠂ ᠮᠡᠳᠭᠡᠭᠡ ᠵᠢᠭ᠋ᠠᠰᠤ᠂ ᠪᠠᠷᠰ᠎ᠤᠨ ᠰᠤᠶᠤᠭ᠎ᠠ ᠪᠣᠯᠤᠨ 《ᠰᠣᠶᠣᠯ ᠵᠢᠭᠤᠯᠴᠢᠯᠠᠯ᠎ᠤᠨ ᠬᠥᠬᠡᠬᠣᠲᠠ》 ᠵᠢᠨ ᠠᠯᠪᠠᠨ ᠲᠠᠯ᠎ᠠ ᠵᠢᠨ ᠸᠢᠴᠠᠲ᠂ ᠰᠢᠭᠤᠳ ᠨᠡᠪᠲᠡᠷᠡᠭᠦᠯᠭᠡ᠂ ᠴᠠᠬᠢᠮ ᠤᠲᠠᠰᠤ᠂ ᠳᠤᠷᠭᠢᠶᠠᠨᠲᠤ ᠠᠶᠠᠯᠭᠤ ᠵᠡᠷᠭᠡ ᠲᠠᠪᠴᠠᠩ ᠵᠶ᠋ᠠᠷ ᠳᠠᠮᠵᠢᠭᠤᠯᠤᠨ᠂ ᠰᠡᠳᠬᠢᠯ ᠠᠮᠤᠷ᠂ ᠭᠡᠷ᠎ᠠᠴᠠ᠎ᠪᠠᠨ ᠭᠠᠷᠬᠤ ᠥᠬᠡᠶ᠎ᠪᠠᠷ 《ᠰᠤᠶᠤᠯ ᠵᠢᠭᠤᠯᠴᠢᠯᠠᠯ᠎ᠤᠨ ᠬᠥᠬᠡᠬᠣᠲᠠ》 ᠎ᠪᠠᠷ ᠵᠢᠭᠤᠯᠴᠢᠯᠠᠨ᠎ᠠ᠃ ᠣᠬᠣᠷᠬᠠᠨ 40 ᠮᠢᠨᠦ᠋ᠲ᠎ᠤᠨ ᠰᠢᠭᠤᠳ ᠨᠡᠪᠲᠡᠷᠡᠭᠦᠯᠭᠡ ᠵᠢᠨ ᠠᠵᠢᠯᠯᠠᠭ᠎ᠠ᠎ᠨᠢ ᠥᠷᠭᠡᠨ ᠣᠯᠠᠨ ᠰᠦᠯᠵᠢᠶᠡᠴᠢᠳ᠎ᠤᠨ ᠠᠩᠬᠠᠷᠤᠯ᠎ᠢ ᠲᠠᠲᠠᠵᠤ᠂ ᠵᠥᠪᠬᠡᠨ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ 《ᠰᠤᠶᠤᠯ ᠵᠢᠭᠤᠯᠴᠢᠯᠠᠯ᠎ᠤᠨ ᠬᠥᠬᠡᠬᠣᠲᠠ》 ᠵᠢᠨ ᠠᠯᠪᠠᠨ᠎ᠤ ᠪᠢᠴᠢᠯ ᠪᠯᠤᠭ᠎ᠤᠨ ᠰᠢᠭᠤᠳ ᠨᠡᠪᠲᠡᠷᠡᠭᠦᠯᠭᠡ ᠵᠢᠨ ᠲᠠᠪᠴᠠᠩ ᠎ᠤᠨ ᠦᠵᠡᠭᠴᠢᠳ᠎ᠤᠨ ᠲᠣᠭ᠎ᠠ 23.4 ᠲᠦᠮᠡ᠎ᠳᠤ ᠬᠦᠷᠴᠦ᠂ ᠠᠳᠠᠯᠢ ᠴᠠᠭ᠎ᠲᠤ ᠰᠦᠯᠵᠢᠶᠡᠨ ᠳᠡᠭᠡᠷᠡᠬᠢ ᠬᠥᠮᠦᠨ᠎ᠤ ᠲᠣᠭ᠎ᠠ 4.1 ᠲᠦᠮᠡ᠎ᠳᠤ ᠬᠦᠷᠴᠦ᠂ ᠥᠷᠭᠡᠨ ᠣᠯᠠᠨ ᠰᠦᠯᠵᠢᠶᠡᠴᠢᠨ ᠪᠠ ᠰᠣᠶᠣᠯ ᠵᠢᠭᠤᠯᠴᠢᠯᠠᠯ᠎ᠤᠨ ᠨᠢᠭᠡᠴᠢ ᠵᠢᠨ ᠰᠠᠶ᠋ᠢᠨ ᠦᠨᠡᠯᠡᠯᠲᠡ ᠵᠢ ᠣᠯᠤᠭᠰᠠᠨ ᠪᠠᠶ᠋ᠢᠨ᠎ᠠ᠃ ᠮᠠᠰᠢ ᠣᠯᠠᠨ ᠦᠵᠡᠮᠵᠢ ᠵᠢᠨ ᠣᠷᠣᠨ ᠬᠣᠶ᠋ᠢᠨ᠎ᠠ ᠬᠣᠶ᠋ᠢᠨ᠎ᠠ᠎ᠠᠴᠠ᠎ᠪᠠᠨ ᠬᠠᠷᠢᠯᠴᠠᠵᠤ᠂ 5G ᠵᠢᠨ ᠰᠢᠭᠤᠳ ᠨᠡᠪᠲᠡᠷᠡᠭᠦᠯᠭᠡ ᠵᠢᠨ ᠦᠢ᠍ᠯᠡᠴᠢᠯᠡᠭᠡ ᠥᠷᠨᠢᠭᠦᠯᠵᠦ᠂ ᠰᠦᠯᠵᠢᠶᠡᠨ ᠳᠡᠭᠡᠷᠡᠬᠢ ᠤᠬᠠᠭᠤᠯᠭ᠎ᠠ ᠵᠢᠨ ᠠᠵᠢᠯ᠎ᠢ ᠰᠠᠶ᠋ᠢᠲᠤᠷ ᠬᠢᠵᠦ᠂ ᠲᠡᠳᠡᠨ᠎ᠢ ᠬᠠᠪᠰᠤᠷᠤᠨ ᠠᠯᠬᠤᠮ ᠠᠯᠬᠤᠮ ᠵᠶ᠋ᠠᠷ ᠰᠡᠷᠭᠦᠭᠡᠬᠦ ᠵᠢ ᠬᠦᠰᠡᠭᠰᠡᠨ ᠪᠠᠶ᠋ᠢᠨ᠎ᠠ᠃
      ᠲᠣᠰ ᠤᠳᠠᠭ᠋ᠠᠨ᠎ᠤ ᠰᠢᠭᠤᠳ ᠨᠡᠪᠲᠡᠷᠡᠭᠦᠯᠭᠡ ᠵᠢᠨ ᠠᠵᠢᠯᠯᠠᠭ᠎ᠠ ᠪᠣᠯ ᠬᠥᠬᠡᠬᠣᠲᠠ ᠵᠢᠨ ᠵᠢᠭᠤᠯᠴᠢᠯᠠᠯ᠎ᠤᠨ ᠦᠢ᠍ᠯᠡᠴᠢᠯᠡᠭᠡᠨ᠎ᠤ ᠲᠥᠪ ᠰᠢᠨ᠎ᠡ ᠵᠠᠭᠤᠴᠢᠯᠠᠭᠤᠷ᠎ᠤᠨ ᠬᠠᠮᠤᠷᠬᠤ ᠬᠡᠪᠴᠢᠶ᠎ᠡ ᠥᠷᠭᠡᠨ᠂ ᠲᠤᠶ᠋ᠢᠯ᠎ᠤᠨ ᠣᠨᠣᠪᠴᠢᠲᠠᠶ᠎ᠪᠠᠷ   ᠤᠬᠠᠭᠤᠯᠬᠤ ᠳᠠᠪᠠᠭᠤᠯᠢᠭ᠎ᠢ ᠭᠦᠢ᠍ᠴᠡᠳ ᠠᠰᠢᠭᠯᠠᠨ᠂ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠳᠤ ᠦᠢ᠍ᠯᠡᠴᠢᠯᠡᠬᠦ᠂ ᠵᠢᠭᠤᠯᠴᠢᠯᠠᠭᠴᠢᠳ᠎ᠲᠤ ᠦᠢ᠍ᠯᠡᠴᠢᠯᠡᠬᠦ ᠨᠢᠭᠡ ᠤᠳᠠᠭ᠋ᠠᠨ᠎ᠤ ᠢᠳᠡᠪᠬᠢᠲᠡᠶ ᠬᠠᠶ᠋ᠢᠨ ᠰᠥᠪᠡᠭᠴᠢᠯᠡᠯᠲᠡ ᠪᠠ ᠲᠤᠷᠰᠢᠯᠲᠠ ᠪᠣᠯᠤᠨ᠎ᠠ᠂ ᠬᠣᠶ᠋ᠢᠰᠢᠳᠠ 5G ᠵᠢᠨ ᠰᠢᠭᠤᠳ ᠨᠡᠪᠲᠡᠷᠡᠭᠦᠯᠭᠡ ᠵᠢ ᠡᠩ᠎ᠤᠨ ᠦᠢ᠍ᠯᠡᠴᠢᠯᠡᠭᠡ ᠪᠣᠯᠭ᠋ᠠᠨ ᠨᠠᠩ ᠣᠯᠠᠨ ᠦᠵᠡᠮᠵᠢ ᠵᠢᠨ ᠣᠷᠣᠨ᠂ ᠰᠣᠶᠣᠯ ᠦᠵᠡᠰᠬᠦᠯᠡᠩ᠎ᠤᠨ ᠲᠠᠯᠠᠪᠤᠷ ᠣᠷᠳᠣᠨ᠎ᠳᠤ ᠬᠠᠩᠭ᠋ᠠᠨ᠎ᠠ᠃ ᠬᠥᠬᠡᠬᠣᠲᠠ ᠵᠢᠨ ᠵᠢᠭᠤᠯᠴᠢᠯᠠᠯ᠎ᠤᠨ ᠦᠢ᠍ᠯᠡᠴᠢᠯᠡᠭᠡᠨ᠎ᠤ ᠲᠥᠪ ᠵᠢᠭᠤᠯᠴᠢᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠭᠦᠷᠭᠡ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠵᠤ᠂ ᠥᠷᠭᠡᠨ ᠣᠯᠠᠨ ᠵᠢᠭᠤᠯᠴᠢᠯᠠᠭᠴᠢᠳ ᠪᠤᠯᠤᠨ   ᠬᠣᠲᠠ ᠵᠢᠨ ᠠᠷᠠᠳ᠎ᠲᠠᠢ ᠨᠠᠩ ᠣᠯᠠᠨ ᠨᠠᠩ ᠰᠠᠶ᠋ᠢᠨ ᠰᠢᠨ᠎ᠡ ᠵᠢ ᠡᠭᠦᠳᠬᠦ ᠴᠢᠨᠠᠷᠲᠠᠶ ᠦᠢ᠍ᠯᠡᠴᠢᠯᠡᠭᠡ ᠬᠠᠩᠭ᠋ᠠᠵᠤ᠂ ᠰᠤᠶᠤᠯ ᠵᠢᠭᠤᠯᠴᠢᠯᠠᠯ᠎ᠤᠨ ᠠᠵᠢᠯ ᠲᠥᠷᠥᠯ᠎ᠤᠨ ᠰᠡᠷᠭᠦᠯᠲᠡ᠎ᠳᠤ ᠬᠦᠴᠦᠨ ᠨᠡᠮᠡᠷᠢᠯᠡᠵᠦ᠂ ᠵᠢᠭᠤᠯᠴᠢᠯᠠᠭᠴᠢᠳ᠎ᠢ ᠬᠠᠪᠰᠤᠷᠤᠨ 《ᠰᠣᠶᠣᠯ ᠵᠢᠭᠤᠯᠴᠢᠯᠠᠯ᠎ᠤᠨ ᠬᠦᠬᠡᠬᠤᠲᠠ》᠎ᠪᠠᠷ ᠵᠢᠭᠤᠯᠴᠢᠯᠠᠭᠤᠯᠪᠠ᠃
     3 ᠰᠠᠷ᠎ᠠ ᠵᠢᠨ ᠳᠤᠮᠳᠠᠴᠢ᠎ᠪᠠᠷ᠂ ᠬᠥᠬᠡᠬᠣᠲᠠ ᠵᠢᠨ ᠵᠢᠭᠤᠯᠴᠢᠯᠠᠯ᠎ᠤᠨ ᠦᠢ᠍ᠯᠡᠴᠢᠯᠡᠭᠡᠨ᠎ᠤ ᠲᠥᠪ᠎ᠨᠢ ᠳᠤᠮᠳᠠᠳᠤ ᠤᠯᠤᠰ᠎ᠤᠨ ᠨᠢᠭᠡᠳᠦᠮᠡᠯ ᠬᠣᠯᠪᠣᠭ᠎ᠠ᠎ᠲᠠᠢ ᠬᠣᠯᠪᠣᠭ᠋ᠠᠯᠠᠨ 《ᠬᠦᠬᠡ ᠲᠤᠭᠤᠰᠬᠠᠲᠤ ᠵᠠᠩᠵᠤᠨ᠎ᠤ ᠣᠷᠳᠣᠨ   ᠬᠦᠬᠡᠬᠤᠲᠠ ᠵᠢᠨ ᠬᠠᠭ᠋ᠠᠰ ᠲᠡᠤᠬᠡ — ᠵᠠᠩᠵᠤᠨ᠎ᠤ ᠶᠠᠮᠤᠨ》 (3 ᠰᠠᠷ᠎ᠠ ᠵᠢᠨ 18᠎ᠤ ᠡᠳᠦᠷ 14᠄ 30)᠂ 《ᠬᠤᠪᠢᠰᠬᠠᠯᠲᠤ ᠤᠯᠠ ᠮᠥᠷ᠎ᠢ᠎ᠨᠢ ᠤᠯᠪᠠᠭ᠋ᠠᠯᠠᠵᠤ   ᠬᠤᠪᠢᠷᠠᠰᠢ ᠦᠭᠡᠢ ᠵᠤᠷᠢᠭ᠎ᠢ᠎ᠨᠢ ᠤᠯᠠᠮᠵᠢᠯᠠᠶ᠎ᠠ — ᠤᠯᠠᠭ᠋ᠠᠨᠬᠦᠤ ᠵᠢᠨ ᠬᠡᠷᠡᠯ ᠰᠠᠴᠤᠷᠠᠩᠭᠤᠶ ᠨᠢᠭᠡ ᠨᠠᠰᠤ》᠂ 《ᠨᠡᠶ᠋ᠢᠰᠯᠡᠯ᠎ᠠᠴᠠ ᠪᠠᠷᠠᠭᠤᠨᠰᠢᠬᠢ ᠲᠡᠷᠢᠭᠦᠨ ᠣᠷᠳᠣᠨ — ᠬᠣᠱ᠌ᠣᠶ ᠬᠢᠴᠢᠶᠡᠩᠭᠦᠢ ᠠᠮᠤᠷ ᠭᠦᠩᠵᠦ ᠵᠢᠨ ᠣᠷᠳᠣᠨ》 ᠵᠡᠷᠭᠡ 5G ᠵᠢᠨ ᠰᠢᠭᠤᠳ ᠨᠡᠪᠲᠡᠷᠡᠭᠦᠯᠬᠦ ᠰᠢᠷᠢᠰ ᠠᠵᠢᠯᠯᠠᠭ᠎ᠠ ᠵᠢ ᠦᠷᠭᠦᠯᠵᠢᠯᠡᠨ ᠦᠷᠨᠢᠭᠦᠯᠵᠦ᠂ ᠨᠠᠩ ᠣᠯᠠᠨ ᠰᠢᠭᠤᠳ ᠨᠡᠪᠲᠡᠷᠡᠭᠦᠯᠬᠦ ᠠᠭᠤᠯᠭ᠎ᠠ᠎ᠪᠠᠷ ᠥᠷᠭᠡᠨ ᠣᠯᠠᠨ ᠬᠣᠲᠠ ᠵᠢᠨ ᠠᠷᠠᠳ ᠪᠠ ᠪᠥᠬᠥ ᠤᠯᠤᠰ᠎ᠤᠨ ᠵᠢᠭᠤᠯᠴᠢᠯᠠᠭᠴᠢᠳ᠎ᠢ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠠᠯᠪᠠᠨ ᠲᠠᠯ᠎ᠠ ᠵᠢᠨ ᠸᠢᠴᠠᠲ᠎ᠤᠨ ᠣᠯᠠᠨ ᠨᠡᠶ᠋ᠢᠲᠡ ᠵᠢᠨ ᠲᠠᠪᠴᠠᠩ 《ᠰᠣᠶᠣᠯ ᠵᠢᠭᠤᠯᠴᠢᠯᠠᠯ᠎ᠤᠨ ᠬᠦᠬᠡᠬᠤᠲᠡ》 ᠵᠢ ᠠᠩᠬᠠᠷᠤᠭᠤᠯᠬᠤ᠎ᠪᠠᠷ ᠪᠠᠶ᠋ᠢᠨ᠎ᠠ᠃



   
                                            ᠠᠵᠢᠯᠯᠠᠭ᠎ᠠ ᠵᠢᠨ ᠲᠤᠬᠠᠢ ᠵᠢᠨ ᠲᠠᠯᠠᠪᠠᠢ  


ᠢᠷᠡᠯᠲᠡ᠄ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
《ᠯᠧᠢ ᠹᠧᠩ᠎ᠤᠨ ᠵᠣᠷᠢᠭ ᠰᠠᠨᠠᠭ᠎ᠠ ᠵᠢ ᠦᠯᠡᠳᠦᠯᠭᠡᠵᠢᠬᠦᠯᠵᠦ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠦᠴᠦ᠎ᠪᠠᠨ ᠡᠷᠭᠦᠬᠦ》 ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ 《ᠵᠢᠷᠭᠤᠭ᠋ᠠᠨ ᠨᠢᠭᠡ》 ᠰᠢᠷᠢᠰ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠄ ᠭᠠᠵᠠᠷ ᠣᠷᠣᠨ᠎ᠤ᠎ᠪᠠᠨ ᠪᠠᠶ᠋ᠢᠳᠠᠯ᠎ᠳᠤ ᠳᠣᠭᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠨᠠᠮ᠎ᠤᠨ ᠠᠵᠢᠯ ᠵᠢᠴᠢ ᠨᠠᠮ᠎ᠤᠨ ᠠᠷᠢᠭᠤᠨ ᠴᠢᠬᠡᠴᠢ ᠰᠤᠷᠲᠠᠯ᠎ᠤᠨ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠎ᠢ ᠬᠤᠷᠠᠯᠳᠤᠭᠤᠯᠪᠠ
ᠪᠦ᠋ ᠰᠢᠶᠤᠤ ᠯᠢᠨ ᠦᠪᠦᠷ ᠮᠤᠩᠭᠤᠯ᠎ᠤᠨ ᠤᠷᠠᠨ ᠵᠢᠷᠤᠭ᠎ᠤᠨ ᠤᠷᠳᠤᠨ᠎ᠳᠤ ᠪᠠᠶ᠋ᠢᠴᠠᠭ᠋ᠠᠨ ᠰᠤᠳᠤᠯᠬᠤ᠎ᠳᠤ᠎ᠪᠠᠨ 《ᠬᠤᠪᠢᠰᠬᠠᠯ᠎ᠤᠨ ᠰᠣᠶᠣᠯ᠎ᠠᠴᠠ ᠰᠢᠮ᠎ᠡ ᠬᠦᠷᠲᠡᠵᠦ ᠨᠡᠩ ᠣᠯᠠᠨ ᠤᠳᠬ᠎ᠠ ᠤᠷᠠᠯᠢᠭ᠎ᠤᠨ ᠰᠢᠨ᠎ᠡ ᠪᠦᠲᠦᠭᠡᠯ᠎ᠢ ᠵᠣᠬᠢᠶᠠᠨ ᠪᠦᠲᠦᠭᠡᠬᠦ ᠬᠡᠷᠡᠭᠲᠡᠢ》 ᠭᠡᠵᠦ ᠴᠢᠬᠤᠯᠠᠴᠢᠯᠠᠪᠠ
 
            